ᠳᠤᠮᠳᠠᠳᠤ ᠶᠢᠨ ᠦᠨᠳᠦᠰᠦᠲᠡᠨ ᠤ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠵᠤ᠂ ᠰᠢᠯᠢᠳᠡᠭ | ᠰᠣᠶᠣᠯ ᠢ ᠤᠯᠠᠮᠵᠢᠯᠠᠨ ᠵᠠᠯᠭᠠᠮᠵᠢᠯᠠᠬᠤ ᠵᠢᠨᠲ᠋ᠣᠰᠠᠳᠠ᠂ ᠣᠶᠢᠷ᠎ᠠ ᠶᠢᠨ ᠡᠳᠤᠷ᠂ ᠡᠵᠡᠨ᠎ᠡ ᠬᠤᠰᠢᠭᠤᠨ ᠤ | ᠠᠵᠢᠯᠴᠢᠨ ᠤ ᠶᠡᠷᠦᠩᠬᠡᠶ ᠡᠪᠯᠡᠯ ᠡᠵᠡᠨ᠎ᠡ ᠬᠤᠰᠢᠭᠤᠨ ᠤ ᠨᠠᠮ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ | ᠬᠠᠮᠳᠤᠷᠠᠭᠰᠠᠨ ᠨᠠᠮ ᠤᠨ ᠠᠵᠢᠯᠯᠠᠬᠤ ᠬᠤᠷᠢᠶᠠᠨ ᠤ ᠡᠯ᠎ᠡ ᠨᠠᠮ ᠤᠨ ᠡᠭᠦᠷ᠂ ᠬᠤᠰᠢᠭᠤᠨ ᠤ ᠨᠠᠮ ᠤᠨ ᠬᠤᠷᠢᠶᠠᠨ ᠤ | ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠬᠡᠷ ᠤᠨ ᠨᠠᠮ ᠤᠨ ᠡᠭᠦᠷ᠂ ᠬᠤᠰᠢᠭᠤᠨ ᠤ ᠬᠢᠨᠠᠨ | ᠪᠣᠳᠣᠯᠳᠠ ᠶᠢᠨ ᠳᠣᠪᠴᠢᠶᠠᠨ ᠤ ᠨᠠᠮ ᠤᠨ ᠡᠭᠦᠷ᠂ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ | ᠬᠤᠷᠢᠶᠠᠨ ᠤ ᠨᠠᠮ ᠤᠨ ᠡᠭᠦᠷ ᠲᠠᠢ ᠬᠤᠯᠪᠣᠭᠠᠯᠠᠨ᠂ ᠳᠠᠯᠠᠶᠢᠬᠥ᠋ᠪ ᠪᠠᠯᠭᠠᠰᠤᠨ ᠤ ᠨᠠᠷᠢᠨᠭᠤᠤᠯ ᠨᠡᠶᠢᠭᠡᠮ ᠲᠣᠭᠤᠷᠢᠭ ᠲᠤ | ᠬᠦᠷᠴᠦ᠂《ᠣᠨᠴᠠᠯᠢᠭᠳᠤ ᠠᠷᠠᠳ ᠤᠨ ᠵᠠᠩ ᠣᠶᠢᠯᠡ ᠪᠠ ᠰᠣᠶᠣᠯ ᠢ ᠬᠠᠮᠳᠤᠪᠠᠷ ᠠᠭᠤᠰᠤᠯᠴᠠᠭᠤᠯᠤᠨ | ᠬᠦᠭᠵᠢᠬᠦᠯᠦᠶ᠎ᠡ︾ ᠬᠡᠮᠡᠬᠦ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ᠃ | ᠠᠵᠢᠯᠯᠠᠭ᠎ᠠ ᠶᠢᠨ ᠠᠬᠤᠶ ᠲᠠᠯᠠᠪᠠᠶ ᠬᠥᠷ ᠬᠥᠭᠵᠢᠶᠡᠨ ᠢᠶᠠᠷ ᠪᠢᠯᠬᠠᠵᠤ᠂ ᠤᠷᠠᠨ ᠪᠢᠴᠢᠯᠭᠡ᠂ ᠴᠠᠭᠠᠨ | ᠰᠠᠷ᠎ᠠ ᠶᠢᠨ ᠬᠤᠤᠰ ᠤᠶᠠᠩᠭ᠎ᠠ ᠵᠡᠷᠭᠡ ᠠᠷᠠᠳ ᠤᠨ ᠵᠠᠩ ᠦᠢᠯᠡ ᠶᠢᠨ ᠰᠣᠶᠣᠯ ᠤᠨ ᠰᠣᠯᠢᠯᠴᠠᠭᠠᠨ ᠤ ᠠᠵᠢᠯᠯᠠᠭ᠎ᠠ ᠨᠢ | ᠲᠣᠰ ᠤᠳᠠᠭᠠᠨ ᠤ ᠠᠵᠢᠯᠯᠠᠭ᠎ᠠ ᠶᠢᠨ ᠬᠢᠯᠠᠰ ᠴᠡᠭ ᠨᠢ ᠪᠣᠯᠪᠠ᠃ ᠤᠷᠳᠤ ᠳᠥᠷᠪᠡᠯᠵᠢᠨ ᠬᠡᠯᠪᠡᠷᠢ ᠶᠢᠨ ᠤᠯᠠᠭᠠᠨ | ᠴᠠᠭᠠᠰᠤᠨ ᠳᠡᠭᠡᠷ᠎ᠡ᠂ ᠨᠠᠮ ᠤᠨ ᠭᠡᠰᠢᠭᠦᠳ ᠬᠤᠰᠢᠭᠤᠨ ᠤ ᠤᠷᠠᠨ ᠵᠢᠷᠤᠭᠴᠢᠳ ᠤᠨ ᠨᠡᠶᠢᠭᠡᠮᠯᠢᠭ ᠤᠨ ᠭᠡᠰᠢᠭᠦᠳ ᠲᠠᠢ | ᠬᠠᠮᠲᠤ ᠪᠠᠷ ᠥᠯᠵᠡᠢ ᠪᠡᠯᠭᠡ ᠲᠠᠢ ᠴᠠᠭᠠᠨ ᠰᠠᠷ᠎ᠠ ᠶᠢᠨ ᠬᠤᠣᠰ ᠤᠶᠠᠩᠭ᠎ᠠ ᠶᠢ ᠪᠢᠴᠢᠵᠦ᠂ ᠴᠠᠭᠠᠨ ᠰᠠᠷ᠎ᠠ ᠶᠢᠨ ᠰᠠᠶᠢᠨ | ᠰᠠᠶᠢᠬᠠᠨ ᠤ ᠵᠥᠩᠨᠡᠯ ᠢ ᠥᠷᠭᠡᠨ ᠤᠯᠠᠨ ᠠᠵᠢᠯᠳᠠᠨ ᠠᠵᠢᠯᠴᠢᠨ᠂ ᠰᠠᠭᠤᠭᠠᠯᠢ ᠠᠷᠠᠳ ᠵᠢᠴᠢ ᠰᠢᠨ᠎ᠡ ᠠᠵᠢᠯ | ᠣᠯᠤᠭᠰᠠᠨ ᠤᠯᠠᠨ ᠲᠦᠮᠡᠨ ᠤ ᠬᠥᠳᠡᠯᠮᠦᠷᠢᠴᠢᠳ ᠲᠤ ᠪᠡᠯᠡᠭ ᠪᠠᠷᠢᠨ ᠬᠦᠷᠭᠡᠵᠦ᠂ ᠡᠨᠡ ᠨᠢ ᠤᠷᠠᠨ ᠪᠢᠴᠢᠯᠭᠡ ᠶᠢᠨ | ᠥᠪᠡᠷᠮᠢᠴᠡ ᠷᠢᠳᠢ ᠰᠢᠳᠢ ᠶᠢ ᠬᠠᠷᠠᠭᠤᠯᠤᠭᠰᠠᠨ ᠢᠶᠠᠷ ᠪᠠᠷᠠᠬᠤ ᠦᠭᠡᠢ᠂ ᠨᠡᠩ ᠴᠤ ᠳᠤᠮᠳᠠᠳᠤ ᠶᠢᠨ ᠦᠨᠳᠦᠰᠦᠲᠡᠨ ᠤ | ᠤᠯᠠᠮᠵᠢᠯᠠᠯᠲᠤ ᠰᠣᠶᠣᠯ ᠤᠨ ᠭᠦᠨ ᠵᠤᠵᠠᠭᠠᠨ ᠠᠭᠤᠯᠤᠭᠳᠠᠬᠤᠨ ᠢ ᠤᠯᠠᠮᠵᠢᠯᠠᠨ ᠳᠠᠮᠵᠢᠭᠤᠯᠤᠭᠰᠠᠨ ᠪᠠᠶᠢᠨ᠎ᠠ᠃ | ᠰᠠᠭᠤᠭᠠᠯᠢ ᠠᠷᠠᠳ ᠰᠢᠤᠢ ᠱᠤ᠋ ᠫᠢᠩ ᠄ ︽ᠴᠠᠭᠠᠨ ᠰᠠᠷ᠎ᠠ ᠶᠢᠨ ᠬᠤᠣᠰ ᠤᠶᠠᠩᠭ᠎ᠠ ᠨᠠᠭᠠᠬᠤ ᠪᠣᠯ ᠮᠠᠨ ᠤ | ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠵᠠᠩ ᠳᠠᠳᠬᠠᠯ ᠪᠣᠯᠤᠨ᠎ᠠ᠂ ᠤᠷᠠᠨ ᠪᠢᠴᠢᠯᠭᠡ ᠶᠢᠨ ᠪᠠᠭᠰᠢ ᠨᠠᠷ ᠤᠨ | ᠪᠢᠴᠢᠭᠰᠡᠨ ᠬᠤᠣᠰ ᠤᠶᠠᠩᠭ᠎ᠠ ᠨᠢ ᠠᠮᠢᠳᠤᠯᠢᠭ ᠮᠥᠷᠲᠡᠭᠡᠨ ᠮᠠᠰᠢ ᠤᠷᠠᠨ᠂ ᠰᠦᠯᠵᠢᠶᠡᠨ ᠳᠡᠭᠡᠷ᠎ᠡ ᠠᠴᠠ ᠬᠤᠳᠠᠯᠳᠤᠨ | ᠠᠪᠤᠭᠰᠠᠨ ᠪᠦᠲᠦᠭᠡᠭᠳᠡᠬᠦᠨ ᠠᠴᠠ ᠨᠡᠩ ᠢᠯᠡᠬᠦᠤ ᠰᠢᠨ᠎ᠡ ᠵᠢᠯ ᠤᠨ ᠠᠭᠤᠷ ᠠᠮᠢᠰᠬᠤᠯ ᠲᠠᠢ᠂ ᠮᠥᠨᠴᠦ ᠨᠠᠮ ᠪᠣᠯᠤᠨ | ᠵᠠᠰᠠᠭ ᠤᠨ ᠣᠷᠳᠣᠨ ᠠᠴᠠ ᠠᠷᠠᠳ ᠲᠦᠮᠡᠨ ᠢ ᠬᠠᠶᠢᠷᠠᠯᠠᠨᠬᠠᠯᠠᠮᠵᠢᠯᠠᠵᠤ ᠪᠠᠶᠢᠭ᠎ᠠ ᠬᠠᠶᠢᠷ᠎ᠠ ᠰᠡᠳᠬᠢᠯᠬᠡ ᠶᠢ | ᠠᠭᠤᠰᠤᠯᠴᠠᠭᠤᠯᠤᠭᠰᠠᠨ ᠪᠠᠶᠢᠳᠠᠭ᠃ ᠮᠢᠨᠦ ᠰᠡᠳᠬᠢᠯ ᠳᠤ ᠮᠠᠰᠢ ᠲᠠᠭᠠᠯᠠᠮᠵᠢᠲᠠᠢ ᠰᠠᠨᠠᠭᠳᠠᠵᠤ ᠪᠠᠶᠢᠨ᠎ᠠ︾ ᠭᠡᠪᠡ᠃ | ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠬᠦ ᠪᠠᠷ ᠳᠡᠮᠵᠢᠨ᠂ ᠥᠷᠭᠡᠨ ᠣᠯᠠᠨ ᠨᠠᠮ ᠤᠨ | ᠭᠡᠰᠢᠭᠦᠨ ᠨᠠᠷ ᠤᠷᠠᠨ ᠪᠢᠴᠢᠯᠭᠡ᠂ ᠴᠠᠭᠠᠨ ᠰᠠᠷ᠎ᠠ ᠶᠢᠨ ᠠᠷᠠᠳ ᠤᠨ ᠵᠠᠩ ᠦᠢᠯᠡ ᠶᠢᠨ ᠰᠣᠶᠣᠯ ᠢ ᠬᠤᠪᠢᠶᠠᠯᠴᠠᠨ᠂ | ᠰᠢᠨ᠎ᠡ ᠴᠠᠭ ᠦᠶ᠎ᠡ ᠶᠢᠨ ᠠᠷᠠᠳ ᠤᠨ ᠵᠠᠩ ᠦᠢᠯᠡ ᠶᠢᠨ ᠰᠣᠶᠣᠯ ᠬᠢᠭᠡᠳ ᠣᠲᠣ ᠦᠶ᠎ᠡ ᠶᠢᠨ ᠬᠥᠭᠵᠢᠯᠲᠡ ᠶᠢ | ᠤᠶᠠᠯᠳᠤᠭᠤᠯᠬᠤ ᠵᠠᠮ ᠢ ᠰᠤᠳᠤᠯᠤᠨ ᠶᠠᠷᠢᠯᠴᠠᠵᠤ᠂ ᠨᠠᠮ ᠤᠨ ᠭᠡᠰᠢᠭᠦᠨ ᠤ ᠤᠯᠠᠮᠵᠢᠯᠠᠯᠲᠤ ᠰᠣᠶᠣᠯ ᠢ ᠤᠯᠠᠮᠵᠢᠯᠠᠨ | ᠵᠠᠯᠭᠠᠮᠵᠢᠯᠠᠬᠤ ᠤᠬᠠᠮᠰᠠᠷ ᠢ ᠴᠢᠩᠭᠠᠷᠠᠭᠤᠯᠵᠤ᠂ ᠰᠣᠶᠣᠯ ᠤᠨ ᠢᠲᠡᠭᠡᠯ ᠢ ᠳᠡᠭᠡᠭᠰᠢᠯᠡᠭᠦᠯᠦᠭᠰᠡᠨ ᠢᠶᠠᠷ ᠪᠠᠷᠠᠬᠤ ᠥᠬᠡᠶ᠂ | ᠪᠠᠰᠠ ᠡᠯ᠎ᠡ ᠨᠠᠮ ᠤᠨᠡᠭᠦᠷ ᠤᠨ ᠨᠠᠮ ᠤᠨ ᠭᠡᠰᠢᠭᠦᠳ ᠤᠨ ᠬᠤᠭᠤᠷᠣᠨᠳᠣᠬᠢ ᠰᠣᠯᠢᠯᠴᠠᠭ᠎ᠠ ᠬᠠᠮᠲᠤᠷᠠᠯᠴᠠᠭ᠎ᠠ ᠶᠢ | ᠠᠬᠢᠭᠤᠯᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠨᠢᠭᠲᠠᠷᠠᠯ ᠤᠨ ᠬᠦᠴᠦᠨ᠂ ᠳᠠᠶᠢᠴᠢᠨ ᠬᠦᠴᠦᠨ ᠢ | ᠴᠢᠩᠭᠠᠷᠠᠭᠤᠯᠵᠤ᠂ ᠨᠠᠮ ᠤᠨ ᠭᠡᠰᠢᠭᠦᠨ ᠤ ᠣᠯᠠᠨ ᠡᠰᠢᠲᠦ ᠰᠣᠶᠣᠯ ᠤᠨ ᠣᠷᠴᠢᠨ ᠳᠤ ᠬᠤᠰᠢᠭᠤᠴᠢ ᠵᠢᠱᠢᠶᠡᠴᠢ | ᠦᠢᠯᠡᠳᠦᠯ ᠢᠶᠠᠨ ᠨᠠᠩ ᠰᠠᠶᠢᠲᠤᠷ ᠪᠠᠳᠠᠷᠠᠭᠤᠯᠬᠤ ᠶᠢ ᠠᠬᠢᠭᠤᠯᠪᠠ᠃ | ᠬᠤᠰᠢᠭᠤᠨ ᠤ ᠠᠵᠢᠯᠴᠢᠨ ᠤ ᠶᠡᠷᠦᠩᠬᠡᠶ ᠡᠪᠯᠡᠯ ᠤᠨ ᠲᠡᠷᠢᠭᠦᠯᠡᠭᠴᠢ ᠯᠢᠦ ᠵᠢᠶᠦ᠋ᠨ᠄ ︽ᠬᠤᠰᠢᠭᠤᠨ ᠤ | ᠠᠵᠢᠯᠴᠢᠨ ᠤ ᠶᠡᠷᠦᠩᠬᠡᠶ ᠡᠪᠯᠡᠯ ᠲᠣᠰ ᠤᠳᠠᠭᠠᠨ ᠤ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠨᠠᠮ ᠤᠨ | ᠵᠣᠬᠢᠶᠠᠨ ᠪᠠᠶᠢᠭᠤᠯᠤᠯᠲᠠ ᠶᠢᠨ ᠨᠢᠭᠲᠠᠷᠠᠯ ᠤᠨ ᠬᠦᠴᠦᠨ᠂ ᠳᠠᠶᠢᠴᠢᠨ ᠬᠦᠴᠦᠨ ᠢ ᠤᠯᠠᠮ ᠨᠢᠭᠡ ᠠᠯᠬᠤᠮ | ᠴᠢᠩᠭᠠᠳᠬᠠᠵᠤ᠂ ᠡᠯ᠎ᠡ ᠡᠭᠦᠷ ᠤᠨ ᠨᠠᠮ ᠤᠨ ᠭᠡᠰᠢᠭᠦᠳ ᠤᠨ ᠣᠯᠠᠨ ᠡᠰᠢᠲᠦ ᠰᠣᠶᠣᠯ ᠤᠨ ᠣᠷᠴᠢᠨ ᠳᠤ | ᠬᠤᠰᠢᠭᠤᠴᠢ ᠵᠢᠱᠢᠶᠡᠴᠢ ᠦᠢᠯᠡᠳᠦᠯ ᠢᠶᠠᠨ ᠨᠠᠩ ᠰᠠᠶᠢᠲᠤᠷ ᠪᠠᠳᠠᠷᠠᠭᠤᠯᠬᠤ ᠶᠢ ᠳᠥᠯᠭᠢᠨ ᠠᠬᠢᠭᠤᠯᠵᠤ᠂ | ᠬᠦᠴᠦᠨ ᠢᠶᠠᠨ ᠲᠥᠪᠯᠡᠷᠡᠭᠦᠯᠦᠨ ᠶᠡᠭᠡ ᠲᠠᠯ᠎ᠠ ᠶᠢ ᠬᠦᠭᠵᠢᠬᠦᠯᠵᠦ᠂ ᠠᠵᠢᠯᠲᠠᠨ ᠠᠵᠢᠯᠴᠢᠨ ᠳᠤ ᠦᠨᠡᠨ | ᠰᠡᠳᠬᠢᠯ ᠠᠴᠠ ᠪᠠᠨ ᠤᠶᠢᠯᠡᠴᠢᠯᠡᠨ᠂ ᠰᠢᠯᠢᠳᠡᠭ ᠤᠯᠠᠮᠵᠢᠯᠠᠯᠲᠤ ᠰᠣᠶᠣᠯ ᠤᠨ ᠬᠥᠲᠥᠯᠦᠨ ᠳᠠᠭᠠᠭᠤᠯᠬᠤ ᠦᠢᠯᠡᠳᠦᠯ ᠢ | ᠭᠦᠢᠴᠡᠳ ᠪᠠᠳᠠᠷᠠᠭᠤᠯᠵᠤ᠂ ᠣᠯᠠᠨ ᠲᠦᠮᠡᠨ ᠲᠠᠢ ᠣᠶᠢᠷᠠᠲᠤᠭᠰᠠᠨ᠂ ᠠᠮᠢᠵᠢᠷᠠᠯ ᠤᠨ ᠬᠦᠴᠦᠨ ᠲᠠᠢ ᠰᠣᠶᠣᠯ ᠢᠶᠠᠷ | ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠠᠵᠢᠯᠲᠠᠨ ᠠᠵᠢᠯᠴᠢᠨ ᠣᠯᠠᠨ | ᠲᠦᠮᠡᠨ ᠤ ᠰᠣᠶᠣᠯ ᠤᠨ ᠠᠮᠢᠳᠤᠷᠠᠯ ᠢ ᠲᠠᠰᠤᠷᠠᠯᠲᠠ ᠥᠬᠡᠶ ᠪᠠᠶᠠᠯᠢᠭᠵᠢᠭᠤᠯᠤᠨ᠎ᠠ︾ ᠭᠡᠪᠡ᠃ | | | |