ᠡᠵᠡᠨ᠎ᠡ ᠬᠤᠰᠢᠭᠤ᠄ ᠪᠠᠶᠠᠯᠢᠭ ᠠᠭᠤᠯᠭ᠎ᠠ ᠪᠦᠬᠦᠢ ᠠᠵᠢᠯᠯᠠᠭ᠎ᠠ ᠪᠠᠷ ᠰᠢᠨ᠎ᠡ ᠣᠨ ᠤ ᠪᠠᠶᠠᠷ ᠢᠶᠠᠨ ᠣᠭᠳᠤᠨ ᠪᠡᠯᠭᠡᠯᠡᠨ᠎ᠡ
ᠨᠡᠶᠢᠲᠡᠯᠡᠭᠰᠡᠨ ᠴᠠᠭ᠄
2025/1/2
    ᠰᠢᠨ᠎ᠡ ᠣᠨ ᠬᠦᠷᠴᠦ ᠢᠷᠡᠬᠦ ᠳᠠᠰᠢᠷᠠᠮ ᠢᠶᠠᠷ᠂ ᠣᠶᠢᠷ᠎ᠠ ᠶᠢᠨ ᠡᠳᠦᠷ᠂ ᠡᠵᠡᠨ᠎ᠡ ᠬᠤᠰᠢᠭᠤᠨ ᠤ ᠣᠯᠠᠨ ᠭᠠᠵᠠᠷ ᠢᠶᠠᠷ ᠡᠯᠪᠡᠭ ᠪᠠᠶᠠᠯᠢᠭ ᠠᠭᠤᠯᠭ᠎ᠠ ᠪᠦᠬᠦᠢ ᠰᠢᠨ᠎ᠡ ᠵᠢᠯ ᠢᠶᠠᠨ ᠤᠭᠲᠤᠬᠤ ᠰᠢᠷᠢᠰ ᠠᠵᠢᠯᠯᠠᠭ᠎ᠠ ᠥᠷᠨᠢᠭᠦᠯᠵᠦ᠂ ᠪᠠᠶᠠᠷ ᠬᠥᠷ ᠲᠠᠢ᠂ ᠪᠣᠯᠪᠠᠰᠤᠨ᠂ ᠡᠶ᠎ᠡ ᠵᠣᠬᠢᠶᠠᠯ ᠲᠠᠢ ᠠᠭᠤᠷ ᠠᠮᠢᠰᠬᠤᠯ ᠢᠶᠠᠷ ᠰᠢᠨ᠎ᠡ ᠣᠨ ᠤ ᠪᠠᠶᠠᠷ ᠢᠶᠠᠨ ᠣᠭᠳᠤᠨ ᠪᠡᠯᠭᠡᠯᠡᠨ᠎ᠡ᠃    12 ᠰᠠᠷ᠎ᠠ ᠶᠢᠨ 25᠎ ᠤ ᠡᠳᠦᠷ᠂ ᠡᠵᠡᠨ᠎ᠡ ᠬᠤᠰᠢᠭᠤᠨ ᠤ ᠳᠠᠯᠠᠶᠢᠬᠦᠪ ᠪᠠᠯᠭᠠᠰᠣᠨ ᠤ ᠵᠢᠤᠢ ᠶᠠᠨ ᠨᠡᠶᠢᠭᠡᠮ ᠲᠣᠭᠤᠷᠢᠭ ᠤᠨ ᠬᠢᠨ ︽ᠰᠢᠨ᠎ᠡ ᠣᠨ ᠢᠶᠠᠨ ᠪᠠᠶᠠᠷᠯᠠᠨ ᠤᠭᠲᠤᠵᠤ᠂ 2025 ᠣᠨ ᠤ ᠦᠵᠡᠰᠬᠦᠯᠡᠩᠲᠦ ᠰᠠᠶᠢᠬᠠᠨ ᠭᠡᠷ ᠣᠷᠣᠨ ᠪᠠᠨ ᠬᠠᠮᠲᠤᠪᠠᠷ ᠵᠢᠷᠣᠭᠯᠠᠶ᠎ᠠ︾ ᠭᠡᠬᠦ ᠰᠢᠨ᠎ᠡ ᠣᠨ ᠤ ᠪᠠᠶᠠᠷ ᠢᠶᠠᠨ ᠪᠡᠯᠭᠡᠯᠡᠬᠦ ᠠᠵᠢᠯᠯᠠᠭ᠎ᠠ ᠥᠷᠨᠢᠭᠦᠯᠵᠦ᠂ ᠬᠠᠷᠢᠶ᠎ᠠ ᠣᠷᠣᠨ ᠤ ᠰᠠᠭᠤᠭᠠᠯᠢ ᠠᠷᠠᠳ ᠤᠳ ᠥᠪᠡᠷ ᠤᠨ ᠨᠠᠶᠢᠷᠠᠭᠤᠯᠤᠨ ᠵᠣᠬᠢᠶᠠᠭᠰᠠᠨ ᠳᠠᠭᠤᠤ᠂ ᠪᠦᠵᠢᠭ᠂ ᠬᠦᠭᠵᠢᠮ ᠢᠶᠠᠨ ᠵᠠᠯᠭᠠᠪᠠᠷ ᠳᠣᠭᠯᠠᠵᠤ᠂ ᠦᠵᠡᠭᠴᠢᠳ ᠤᠨ ᠬᠠᠯᠠᠭᠤᠨ ᠠᠯᠠᠭ᠎ᠠ ᠲᠠᠰᠢᠯᠳᠠ ᠪᠠ ᠮᠠᠭᠲᠠᠭᠠᠯ ᠰᠠᠶᠢᠰᠢᠶᠠᠯ ᠢ ᠤᠯᠪᠠ᠃ ᠠᠵᠢᠯᠯᠠᠭ᠎ᠠ ᠳᠤ ᠪᠠᠰᠠ ᠲᠤᠰ ᠣᠨ ᠤ ᠰᠢᠯᠢᠳᠡᠭ ᠢᠯᠡᠷᠡᠯ ᠲᠠᠢ ᠨᠡᠶᠢᠭᠡᠮ ᠲᠣᠭᠤᠷᠢᠭ ᠤᠨ ᠰᠠᠭᠤᠭᠠᠯᠢ ᠠᠷᠠᠳ᠂ ᠰᠠᠶᠢᠨ ᠲᠤᠷᠠᠴᠤᠳ᠂ ᠨᠠᠮ ᠤᠨ ᠭᠡᠰᠢᠭᠦᠨ ᠵᠡᠷᠭᠡ ᠬᠥᠮᠦᠰ ᠢ ᠲᠣᠬᠤᠨᠢᠭᠤᠯᠵᠤ᠂ ᠳᠡᠳᠡᠨᠡᠷ ᠤᠨ ᠨᠠᠶᠢᠬᠡᠮ ᠤᠨ ᠠᠵᠢᠯᠯᠠᠭ᠎ᠠ ᠳᠤ ᠬᠠᠷᠠᠮ ᠦᠭᠡᠢ ᠵᠢᠳᠬᠦᠯ ᠥᠵᠡᠬᠦᠯᠦᠭᠰᠡᠨ ᠳᠤ ᠪᠠᠶᠠᠷᠯᠠᠨ ᠳᠠᠯᠠᠷᠬᠠᠪᠠ᠃    ᠵᠢᠤᠢ ᠶᠠᠨ ᠨᠡᠶᠢᠭᠡᠮ ᠲᠣᠭᠤᠷᠢᠭ ᠤᠨ ᠨᠠᠮ ᠤᠨ ᠡᠭᠦᠷ ᠤᠨ ᠱᠦᠵᠢ᠂ ᠡᠷᠬᠢᠯᠡᠭᠴᠢ ᠴᠧᠩ ᠵᠢᠶᠠᠨ             ᠹᠠᠩ᠄ ︽ᠲᠣᠰ ᠤᠳᠠᠭᠠᠨ ᠤ ᠠᠵᠢᠯᠯᠠᠭ᠎ᠠ ᠨᠢ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠭᠰᠠᠨ ᠢᠶᠠᠷ ᠪᠠᠷᠠᠬᠤ ᠥᠬᠡᠶ᠂ ᠬᠥᠷᠰᠢ ᠵᠡᠷᠭᠡᠯᠡᠳᠡᠭᠡ ᠶᠢᠨ ᠬᠤᠭᠤᠷᠣᠨᠳᠣᠬᠢ ᠬᠠᠶᠢᠷ᠎ᠠ ᠰᠡᠳᠬᠢᠯᠭᠡ ᠶᠢ ᠤᠯᠠᠮ ᠨᠢᠭᠡ ᠠᠯᠬᠤᠮ ᠨᠡᠮᠡᠭᠳᠡᠭᠦᠯᠵᠦ᠂ ᠨᠡᠶᠢᠭᠡᠮ ᠲᠣᠭᠤᠷᠢᠭ ᠤᠨ ᠡᠶ᠎ᠡ ᠵᠣᠬᠢᠴᠠᠩᠭᠤᠶ ᠬᠥᠭᠵᠢᠯᠲᠡ ᠶᠢ ᠠᠬᠢᠭᠤᠯᠪᠠ︾ ᠭᠡᠪᠡ᠃    12 ᠰᠠᠷ᠎ᠠ ᠶᠢᠨ 31᠎ ᠤ ᠡᠳᠦᠷ᠂ ᠡᠵᠡᠨ᠎ᠡ ᠬᠤᠰᠢᠭᠤᠨ ᠤ ᠪᠠᠭ᠎ᠠ ᠰᠤᠷᠭᠠᠭᠤᠯᠢ ᠶᠢᠨ ᠡᠯ᠎ᠡ ᠬᠢᠴᠢᠶᠡᠯ ᠤᠨ ᠭᠡᠷ ᠲᠤ ᠥᠩᠭᠡᠲᠦ ᠳ᠋ᠧᠩ ᠡᠯᠬᠦᠵᠦ᠂ ᠵᠠᠷᠢᠮ ᠠᠩᠭᠢ ᠨᠢ ᠰᠢᠨ᠎ᠡ ᠣᠨ ᠤ ᠪᠡᠯᠡᠭ ᠢᠶᠠᠨ ᠬᠠᠷᠢᠯᠴᠠᠨ ᠬᠤᠪᠢᠶᠠᠯᠴᠠᠵᠤ᠂ ᠰᠢᠨ᠎ᠡ ᠣᠨ ᠤ ᠢᠶᠠᠨ ᠤᠭᠲᠤᠬᠤ ᠠᠵᠢᠯᠯᠠᠭ᠎ᠠ ᠳᠤ ᠪᠠᠶᠠᠷ ᠪᠠᠭ᠋ᠠᠳᠤᠯ ᠨᠡᠮᠡᠷᠢᠯᠡᠭᠰᠡᠨ ᠪᠠᠶᠢᠨ᠎ᠠ︔ ᠵᠠᠷᠢᠮ ᠠᠩᠭᠢ ᠨᠢ ᠳᠠᠭᠤᠤ ᠪᠥᠵᠢᠭ ᠢᠶᠠᠷ ᠢᠶᠠᠨ ᠰᠢᠨ᠎ᠡ ᠴᠠᠭ ᠦᠶ᠎ᠡ ᠶᠢᠨ ᠪᠠᠭᠠᠴᠤᠳ ᠤᠨ ᠴᠤᠭ ᠪᠠᠳᠠᠷᠠᠩᠭᠤᠢ ᠪᠠ ᠬᠢᠵᠠᠭᠠᠯᠠᠰᠢ ᠦᠭᠡᠢ ᠠᠮᠢᠵᠢᠷᠠᠯ ᠤᠨ ᠬᠦᠴᠦᠨ ᠢ ᠢᠯᠡᠷᠡᠭᠦᠯᠵᠦ᠂ ᠬᠢᠴᠢᠶᠠᠯ ᠤᠨ ᠭᠡᠷ ᠪᠠᠶᠠᠷ ᠬᠦᠷ ᠢᠶᠠᠷ ᠪᠢᠯᠬᠠᠨ᠎ᠠ︔ ᠰᠤᠷᠤᠭᠴᠢᠳ ᠪᠠᠰᠠ ᠥᠪᠡᠷ ᠤᠨ ᠭᠠᠷ ᠢᠶᠠᠷ ᠢᠶᠠᠨ ᠰᠢᠬᠢᠷᠲᠦ ᠬᠤᠯᠤ᠂ ᠲᠠᠩ ᠶᠤᠸᠠᠨ ᠵᠡᠷᠭᠡ ᠠᠮᠲᠠᠲᠤ ᠢᠳᠡᠭᠡᠨ ᠬᠢᠵᠦ᠂ ᠥᠪᠡᠷ ᠥᠪᠡᠷ ᠤᠨ ᠭᠠᠷ ᠬᠥᠳᠡᠯᠬᠦ ᠴᠢᠳᠠᠪᠤᠷᠢ ᠶᠢ ᠪᠣᠯᠪᠠᠰᠤᠷᠠᠭᠤᠯᠤᠭᠰᠠᠨ ᠢᠶᠠᠷ ᠪᠠᠷᠠᠬᠤ ᠥᠬᠡᠶ᠂ ᠪᠠᠰᠠ ᠬᠥᠳᠡᠯᠮᠦᠷᠢ ᠶᠢᠨ ᠤᠬᠠᠮᠰᠠᠷ ᠪᠠ ᠬᠠᠮᠲᠤ ᠨᠡᠶᠢᠲᠡ ᠶᠢᠨ ᠬᠠᠮᠲᠤᠷᠠᠨ ᠠᠵᠢᠯᠯᠠᠬᠤ ᠵᠣᠷᠢᠭ ᠰᠠᠨᠠᠭ᠎ᠠ ᠶᠢ ᠬᠦᠮᠦᠵᠢᠬᠦᠯᠵᠦ᠂ ᠬᠥᠮᠦᠨ ᠪᠣᠯᠭᠠᠨ ᠬᠤᠪᠢᠶᠠᠯᠴᠠᠬᠤ ᠪᠠ ᠠᠮᠲᠠᠯᠠᠬᠤ ᠳᠤᠮᠳᠠ᠂ ᠰᠢᠨ᠎ᠡ ᠣᠨ ᠤ ᠦᠨᠦᠷ ᠠᠮᠲᠠ ᠪᠠ ᠬᠠᠮᠲᠤ ᠶᠢᠨ ᠬᠠᠯᠠᠭᠤᠨ ᠳᠤᠯᠠᠭᠠᠨ ᠢ ᠮᠡᠳᠡᠷᠡᠪᠡ᠃    ᠡᠵᠡᠨ᠎ᠡ ᠬᠤᠰᠢᠭᠤᠨ ᠤ ᠪᠠᠭ᠎ᠠ ᠰᠤᠷᠭᠠᠭᠤᠯᠢ ᠶᠢᠨ ᠵᠢᠷᠭᠤᠳᠤᠭᠠᠷ ᠣᠨ ᠤ ᠳᠠᠪᠣᠳᠤᠭᠠᠷ ᠠᠩᠭᠢ ᠶᠢᠨ ᠰᠣᠷᠣᠭᠴᠢ ᠵᠠᠩ ᠵᠣᠣ ᠶᠢᠦ᠄ ︽ᠲᠣᠰ ᠤᠳᠠᠭᠠᠨ ᠤ ᠰᠢᠨ᠎ᠡ ᠣᠨ ᠤ ᠦᠳᠡᠰᠢᠯᠡᠭᠡ ᠳᠤ ᠮᠠᠰᠢ ᠣᠯᠠᠨ ᠲᠣᠭᠯᠠᠭᠠᠮ ᠳᠣᠬᠢᠷᠠᠭᠤᠯᠤᠭᠰᠠᠨ ᠪᠠᠶᠢᠨ᠎ᠠ᠃ ᠡᠳᠡᠭᠡᠷ ᠰᠣᠨᠢᠷᠬᠠᠯᠲᠠᠢ ᠳᠣᠭᠯᠠᠭᠠᠮ ᠢ ᠨᠠᠭᠠᠳᠤᠭᠠᠳ ᠪᠢ ᠮᠠᠰᠢ ᠪᠠᠶᠠᠷᠲᠠᠢ ᠪᠠᠶᠢᠨ᠎ᠠ᠃ ᠪᠢᠳᠠᠨᠠᠷ ᠠᠩᠭᠢ ᠳᠠᠭᠠᠨ ᠪᠠᠰᠠ ᠲᠠᠨᠩ ᠶᠤᠸᠠᠨ ᠴᠢᠨᠠᠬᠤ᠂ ᠰᠢᠬᠢᠷᠲᠦ ᠬᠤᠯᠤ ᠬᠢᠬᠦ ᠭᠡᠬᠦ ᠮᠡᠲᠦ ᠶᠢᠨ ᠣᠶᠢᠯᠡ ᠠᠵᠢᠯᠯᠠᠭ᠎ᠠ ᠳᠤ ᠣᠷᠣᠯᠴᠠᠵᠤ᠂ ᠪᠦᠬᠦᠶᠢᠯᠡ ᠶᠠᠪᠣᠴᠠ ᠨᠢ ᠥᠨᠡᠭᠡᠷ ᠰᠢᠨ᠎ᠡ  ᠣᠨ ᠢᠶᠠᠨ ᠣᠭᠳᠤᠵᠤ ᠪᠠᠶᠢᠭ᠎ᠠ ᠮᠡᠳᠡᠷᠡᠮᠵᠢ ᠶᠢ ᠳᠦᠷᠦᠭᠳᠡᠬᠦᠯᠦᠭᠰᠡᠨ ᠪᠠᠶᠢᠨ᠎ᠠ︾ ᠭᠡᠪᠡ᠃     12 ᠰᠠᠷ᠎ᠠ ᠶᠢᠨ 31᠎ ᠤ ᠡᠳᠤᠷ ᠤᠨ ᠦᠳᠠ ᠶᠢᠨ ᠡᠮᠣᠨ᠎ᠠ᠂ ᠪᠠᠶᠠᠷ ᠪᠠᠶᠠᠰᠬᠤᠯᠠᠩᠲᠤ ᠬᠥᠭ ᠠᠶᠠᠰ ᠪᠣᠯᠤᠨ ᠬᠡᠦᠬᠡᠳ ᠤᠳ ᠤᠨ ᠪᠠᠶᠠᠷ ᠬᠥᠷ ᠲᠠᠢ ᠢᠨᠢᠶᠡᠯᠳᠦᠬᠦ ᠲᠠᠭᠤᠨ ᠢ ᠳᠠᠭᠠᠯᠳᠤᠨ᠂ ᠡᠵᠡᠨ᠎ᠡ ᠬᠤᠰᠢᠭᠤᠨ ᠤ ᠮᠣᠩᠭᠤᠯ ᠦᠨᠳᠦᠰᠦᠲᠡᠨ ᠤ ᠬᠡᠦᠬᠡᠳ ᠤᠨ ᠴᠡᠴᠡᠷᠯᠢᠭ ᠤᠨ ︽ᠵᠢᠷᠣᠭᠡᠨ ᠳᠤ ᠬᠤᠨᠣᠭᠰᠢᠬᠤ ᠡᠭᠡᠰᠢᠭ︾ ᠠᠶ᠎ᠠ ᠳᠠᠭᠤᠨ ᠤ ᠴᠡᠩᠭᠡᠬᠦᠨ ᠵᠢᠩᠬᠢᠨᠢ ᠪᠠᠷ ᠡᠬᠢᠯᠡᠵᠦ᠂ ᠬᠡᠣᠬᠡᠳ ᠤᠳ ᠤᠨ ︽ᠰᠠᠪᠬᠠᠨ ᠪᠥᠵᠢᠭ︾ ︽ᠬᠡᠯᠬᠢᠶᠡᠲᠦ ᠪᠥᠵᠢᠭ︾ ︽ᠰᠠᠪᠠᠷᠳᠠᠩ︾ ᠪᠣᠯᠣᠨ ᠬᠠᠮᠳᠤ ᠶᠢᠨ ᠳᠠᠭᠤᠤ ︽ᠰᠢᠨ᠎ᠡ ᠵᠢᠯ ᠰᠠᠶᠢᠨ︾ ︽ᠰᠢᠨ᠎ᠡ ᠶᠢᠨ ᠪᠠᠶᠠᠷ ᠬᠦᠷᠭᠡᠶ᠎ᠡ︾ ᠵᠡᠷᠭᠡ ᠲᠣᠭᠯᠠᠯᠲᠠ ᠨᠢ ᠠᠮᠢᠵᠢᠷᠠᠯ ᠤᠨ ᠬᠦᠴᠦᠨ ᠢᠶᠠᠷ ᠪᠢᠯᠬᠠᠵᠤ᠂ ᠬᠡᠣᠬᠡᠳ ᠤᠳ ᠤᠨ ᠬᠦᠭᠡᠷᠦᠬᠦᠨ ᠴᠤᠪᠤᠭᠤ ᠵᠠᠩ ᠠᠭᠠᠰᠢ ᠪᠠ ᠤᠷᠠᠯᠢᠭ ᠤᠨ ᠥᠵᠡᠬᠦᠯᠦᠯᠭᠡ ᠨᠢ ᠠᠬᠤᠢ ᠳᠠᠯᠠᠪᠠᠢ ᠶᠢᠨ ᠬᠦᠮᠦᠰ ᠤᠨ ᠬᠠᠯᠠᠭᠤᠨ ᠬᠠᠶᠢᠷ᠎ᠠ ᠶᠢ ᠳᠠᠳᠠᠵᠤ᠂ ᠪᠦᠬᠦ᠋ᠢᠯᠡ ᠲᠣᠭᠯᠠᠯᠲᠠ ᠨᠢ ᠮᠠᠰᠢ ᠬᠥᠷ ᠬᠥᠭᠵᠢᠶᠡᠨ ᠲᠠᠢ ᠶᠠᠪᠣᠭᠳᠠᠪᠠ᠃ ᠮᠥᠨᠴᠦ ᠲᠣᠰ ᠤᠳᠠᠭᠠᠨ ᠤ ᠳᠣᠭᠯᠠᠯᠳᠠ ᠎ ᠨᠢ ᠬᠡᠣᠬᠡᠳ ᠤᠳ ᠤᠨ ᠤᠯᠠᠮᠵᠢᠯᠠᠯᠲᠤ ᠰᠣᠶᠣᠯ ᠣᠷᠠᠯᠢᠭ ᠢᠶᠠᠷ ᠰᠢᠨ᠎ᠡ ᠣᠨ ᠤ ᠰᠠᠶᠢᠨ ᠰᠠᠶᠢᠬᠠᠨ ᠢᠷᠦᠬᠡᠯ ᠪᠡᠯᠭᠡᠳᠡᠯ ᠢ ᠵᠥᠩᠨᠡᠵᠦ᠂ ᠡᠵᠡᠨ᠎ᠡ ᠬᠤᠰᠢᠭᠤᠨ ᠤ ᠮᠣᠩᠭᠤᠯ ᠦᠨᠳᠦᠰᠦᠲᠡᠨ ᠤ ᠬᠡᠦᠬᠡᠳ ᠤᠨ ᠴᠡᠴᠡᠷᠯᠢᠭ ᠤᠨ ᠲᠠᠩᠰᠤᠭ ᠰᠣᠶᠣᠯ ᠢ ᠬᠦᠢᠴᠡᠳ ᠢᠯᠡᠷᠡᠬᠦᠯᠪᠡ᠃
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号