ᠤᠯᠤᠰ ᠤᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠶᠠᠮᠤᠨ ᠤ ᠠᠯᠪᠠᠨ ᠲᠢᠩᠬᠢᠮ ᠤᠨ ᠪᠠᠶᠢᠴᠠᠭᠠᠨ ᠰᠤᠳᠤᠯᠬᠤ ᠳᠤᠭᠤᠶᠢᠯᠠᠩ ᠮᠠᠨ ᠤ ᠬᠤᠰᠢᠭᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2025/1/24
    ᠶᠡᠷᠦᠩᠬᠡᠶ ᠱᠦᠵᠢ ᠰᠢ ᠶᠢᠨ ᠫᠢᠩ ᠤᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠢᠯᠢ ᠬᠢᠵᠠᠭᠠᠷ ᠣᠷᠣᠨ ᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ ᠲᠤᠰᠠᠲᠠ᠂ ᠣᠶᠢᠷ᠎ᠠ ᠶᠢᠨ ᠡᠳᠦᠷ᠂ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠶᠠᠮᠤᠨ ᠤ ᠠᠯᠪᠠᠨ ᠲᠢᠩᠬᠢᠮ ᠤᠨ ᠳᠡᠳ᠋ ᠡᠷᠬᠢᠯᠡᠭᠴᠢ ᠵᠠᠨ ᠨᠢᠩ ᠵᠡᠷᠭᠡ ᠬᠦᠮᠦᠰ ᠮᠠᠨ ᠤ ᠬᠤᠰᠢᠭᠤᠨ ᠳᠤ ᠭᠦᠨᠵᠡᠭᠡᠶᠢᠷᠡᠨ᠂ ᠴᠡᠷᠢᠭ ᠠᠴᠠ ᠬᠠᠯᠠᠭᠳᠠᠭᠰᠠᠳ ᠤᠨ ᠬᠢᠯᠢ ᠬᠢᠵᠠᠭᠠᠷ ᠢ ᠲᠣᠭᠲᠠᠪᠤᠷᠢᠵᠢᠭᠤᠯᠬᠤ ᠳᠤ ᠦᠢᠯᠡᠳᠦᠯ ᠦᠵᠡᠭᠦᠯᠦᠭᠰᠡᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠪᠠ᠃ ᠥᠪᠡᠷᠲᠡᠭᠡᠨ ᠵᠠᠰᠠᠬᠤ ᠣᠷᠣᠨ᠂ ᠠᠶᠢᠮᠠᠭ᠂ ᠬᠤᠰᠢᠭᠤᠨ ᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠪᠠᠷ᠎ᠠ ᠪᠣᠯᠪᠠ᠃    ᠵᠠᠨ ᠨᠢᠩ ᠶᠠᠭᠤᠨ ᠤ ᠡᠮᠦᠨ᠎ᠡ ᠲᠤᠶᠢᠭ ᠰᠢᠯᠢ ᠶᠢᠨ ᠬᠢᠯᠢ ᠶᠢᠨ ᠲᠤᠮᠢᠯᠠᠭᠰᠠᠨ ᠰᠠᠯᠪᠤᠷᠢ ᠳᠤ ᠬᠦᠷᠴᠦ᠂ ᠬᠢᠯᠢ ᠶᠢᠨ ᠲᠣᠮᠢᠯᠠᠭᠰᠠᠨ ᠰᠠᠯᠪᠤᠷᠢ ᠶᠢᠨ ᠴᠡᠷᠢᠭ ᠠᠴᠠ ᠬᠠᠯᠠᠭᠳᠠᠭᠰᠠᠳ ᠤᠨ ᠪᠠᠶᠢᠳᠠᠯ ᠵᠢᠴᠢ ᠣᠷᠣᠨ ᠨᠤᠲᠤᠭ ᠤᠨ ᠠᠮᠤᠷ ᠲᠦᠪᠰᠢᠨ ᠢ ᠬᠠᠮᠠᠭᠠᠯᠠᠬᠤ ᠵᠡᠷᠭᠡ ᠲᠠᠯ᠎ᠠ ᠪᠠᠷ ᠦᠵᠡᠭᠦᠯᠦᠭᠰᠡᠨ ᠦᠢᠯᠡᠳᠦᠯ ᠢ ᠲᠤᠬᠠᠶ ᠶᠢᠨ ᠭᠠᠵᠠᠷ ᠲᠤᠨᠢ ᠣᠶᠢᠯᠠᠭᠠᠵᠤ᠂ ᠲᠡᠳᠡᠨ ᠤ ᠬᠢᠯᠢ ᠬᠢᠵᠠᠭᠠᠷ ᠤᠨ ᠠᠮᠤᠷ ᠲᠦᠪᠰᠢᠨ ᠲᠣᠭᠲᠠᠭᠤᠨ ᠢ ᠬᠠᠮᠠᠭᠠᠯᠠᠬᠤ ᠳᠤᠮᠳᠠ ᠦᠵᠡᠭᠦᠯᠦᠭᠰᠡᠨ ᠬᠤᠪᠢ ᠨᠡᠮᠡᠷᠢ ᠶᠢ ᠨᠢ ᠳᠡᠭᠡᠳᠦ ᠬᠡᠮᠵᠢᠶ᠎ᠡ ᠪᠠᠷ ᠦᠨᠡᠯᠡᠪᠡ᠃ ᠪᠤᠰᠤᠳ ᠬᠢᠯᠢ ᠬᠢᠵᠠᠭᠠᠷ ᠣᠷᠣᠨ ᠤ ᠠᠮᠵᠢᠯᠲᠠ ᠲᠠᠢ ᠲᠤᠷᠰᠢᠯᠭ᠎ᠠ ᠶᠢ ᠬᠤᠪᠢᠶᠠᠯᠴᠠᠬᠤ ᠪᠠᠷ ᠳᠡᠮᠵᠢᠨ᠂ ᠴᠡᠷᠢᠭ ᠠᠴᠠ ᠬᠠᠯᠠᠭᠳᠠᠭᠰᠠᠳ ᠤᠨ ᠳᠠᠪᠠᠭᠤᠯᠢᠭ ᠢ ᠠᠭᠤᠳᠠᠯᠬᠤ ᠪᠠ ᠠᠰᠢᠭᠯᠠᠬᠤ ᠰᠢᠨ᠎ᠡ ᠰᠡᠳᠬᠢᠴᠡ ᠶᠢ ᠳᠤᠷᠠᠳᠤᠨ ᠭᠠᠷᠭᠠᠵᠤ᠂ ᠲᠡᠳᠡᠨ ᠤ ᠬᠢᠯᠢ ᠬᠢᠵᠠᠭᠠᠷ ᠢ ᠲᠣᠭᠲᠠᠪᠤᠷᠢᠵᠢᠭᠤᠯᠵᠤ ᠬᠢᠯᠢ ᠬᠢᠵᠠᠭᠠᠷ ᠢ ᠪᠠᠬᠢᠵᠢᠭᠦᠯᠬᠦ ᠳᠤ ᠦᠵᠡᠭᠦᠯᠦᠭᠰᠡᠨ ᠦᠢᠯᠡᠳᠦᠯ ᠢ ᠨᠢ ᠴᠢᠩᠭᠠᠳᠬᠠᠬᠤ ᠪᠠᠷ ᠵᠣᠷᠢᠯᠭ᠎ᠠ ᠪᠠᠨ ᠪᠣᠯᠭᠠᠵᠠᠶ᠃ ᠵᠠᠨ ᠨᠢᠩ ᠪᠠᠰᠠ ᠨᠤᠲᠤᠭ ᠳᠡᠪᠢᠰᠬᠡᠷ ᠢᠶᠠᠨ ᠰᠠᠬᠢᠵᠤ ᠪᠠᠶᠢᠭ᠎ᠠ ᠮᠠᠯᠵᠢᠬᠤ ᠡᠷᠦᠬᠡ ᠬᠠᠰᠴᠢᠯᠠᠭᠤ᠂ ᠯᠢ ᠪᠥᠸᠧ ᠪᠢᠨ ᠪᠣᠯᠤᠨ ᠵᠢᠷᠭᠠᠯ ᠤᠨ ᠬᠡᠷ ᠲᠤ ᠬᠦᠷᠴᠦ ᠪᠣᠯᠭᠤᠭᠠᠨ ᠲᠣᠬᠤᠨᠢᠭᠤᠯᠵᠤ᠂ ᠲᠡᠳᠡᠨ ᠲᠠᠢ ᠳᠣᠲᠣᠨᠣᠰᠤᠭ ᠢᠶᠠᠷ ᠶᠠᠷᠢᠯᠴᠠᠨ᠂ ᠲᠡᠳᠡᠨ ᠤ ᠠᠮᠢᠳᠤᠷᠠᠯ ᠪᠣᠯᠤᠨ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠵᠢᠴᠢ ᠪᠣᠳᠠᠲᠠᠶ ᠬᠦᠴᠢᠷᠳᠡᠯ᠂ ᠬᠡᠷᠡᠭᠴᠡᠭᠡ ᠱᠠᠭᠠᠷᠳᠠᠯᠭ᠎ᠠ ᠶᠢ ᠨᠢ ᠨᠠᠷᠢᠨ ᠣᠶᠢᠯᠠᠭᠠᠭᠰᠠᠨ ᠪᠥᠭᠡᠳ ᠲᠡᠳᠡᠨ ᠤ ᠣᠯᠠᠨ ᠵᠢᠯ ᠤᠨ ᠲᠤᠷᠰᠢᠬᠢ ᠬᠢᠯᠢ ᠬᠢᠵᠠᠭᠠᠷ ᠢ ᠲᠣᠭᠲᠠᠪᠤᠷᠢᠵᠢᠭᠤᠯᠤᠨ ᠪᠠᠬᠢᠵᠢᠭᠦᠯᠬᠦ ᠠᠵᠢᠯ ᠳᠤ ᠦᠵᠡᠭᠦᠯᠦᠭᠰᠡᠨ ᠭᠤᠶᠠᠴᠢ ᠥᠬᠡᠶ ᠬᠤᠪᠢ ᠨᠡᠮᠡᠷᠢ ᠶᠢ ᠨᠢ ᠳᠡᠭᠡᠳᠦ ᠬᠡᠮᠵᠢᠶ᠎ᠡ ᠪᠠᠷ ᠮᠠᠭᠲᠠᠨ ᠰᠠᠶᠢᠰᠢᠶᠠᠵᠤ ᠪᠠᠶᠢᠬᠤ ᠪᠠᠨ ᠢᠯᠡᠳᠬᠡᠪᠡ᠃    ᠬᠠᠷ᠎ᠠ ᠪᠦᠷᠭᠦᠳ ᠤᠨ ᠠᠭᠤᠯᠠ ᠪᠠᠯᠭᠠᠰᠤᠨ ᠳᠤ ᠵᠠᠩ ᠨᠢᠩ ᠨᠠᠷ ᠪᠦᠬᠦ ᠪᠠᠯᠭᠠᠰᠤᠨ ᠤ ᠲᠦᠢᠮᠣ ᠪᠠᠶᠢᠳᠠᠯ᠂ ᠬᠢᠯᠢ ᠶᠢᠨ ᠠᠷᠠᠳ ᠤᠨ ᠠᠮᠢᠳᠤᠷᠠᠯ᠂ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠵᠢᠴᠢ ᠴᠡᠷᠢᠭ ᠠᠴᠠ ᠬᠠᠯᠠᠭᠳᠠᠭᠰᠠᠳ ᠤᠨ ᠦᠨᠳᠦᠰᠦᠨ ᠱᠠᠲᠤᠨ ᠤ ᠵᠠᠰᠠᠯᠲᠠ ᠳᠤ ᠣᠷᠣᠯᠴᠠᠵᠤ ᠢᠳᠡᠪᠬᠢᠲᠡᠢ ᠦᠢᠯᠡᠳᠦᠯ ᠦᠵᠡᠭᠦᠯᠦᠭᠰᠡᠨ ᠲᠤᠬᠠᠢ ᠰᠤᠨᠤᠰᠴᠦ ᠦᠢᠯᠡᠭᠠᠪᠠ᠃ ᠬᠠᠷ᠎ᠠ ᠪᠦᠷᠭᠦᠳ ᠤᠨ ᠠᠭᠤᠯᠠ ᠪᠠᠯᠭᠠᠰᠤᠨ ᠤ ᠵᠠᠰᠠᠭ ᠤᠨ ᠣᠷᠳᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠵᠥᠷᠢᠴᠡᠯ ᠢ ᠡᠶᠡᠳᠡᠭᠦᠯᠬᠦ᠂ ᠠᠵᠤ ᠦᠢᠯᠡᠰ ᠤᠨ ᠬᠥᠭᠵᠢᠯᠲᠡ ᠵᠡᠷᠭᠡ ᠲᠠᠯ᠎ᠠ ᠶᠢᠨ ᠰᠥᠪᠡᠭᠴᠢᠯᠡᠯᠲᠡ ᠶᠢ ᠨᠤᠲᠠᠯᠠᠵᠤ᠂ ᠬᠤᠶᠠᠷ ᠲᠠᠯ᠎ᠠ ᠪᠠᠷ ᠢᠶᠠᠨ ᠴᠡᠷᠢᠭ ᠠᠴᠠ ᠬᠠᠯᠠᠭᠳᠠᠭᠰᠠᠳ ᠢ ᠠᠵᠢᠯ ᠣᠯᠭᠤᠵᠤ ᠲᠥᠪᠬᠢᠨᠡᠭᠦᠯᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ᠂ ᠦᠵᠡᠯ ᠰᠠᠨᠠᠭ᠎ᠠ ᠤᠯᠤᠰ ᠲᠥᠷᠥ ᠶᠢᠨ ᠵᠢᠯᠣᠭᠤᠳᠣᠯᠭ᠎ᠠ ᠶᠢ ᠴᠢᠩᠭᠠᠳᠬᠠᠬᠤ ᠵᠡᠷᠭᠡ ᠲᠣᠭᠤᠷᠢᠨ ᠳᠤ ᠰᠠᠨᠠᠯ ᠢᠶᠠᠨ ᠭᠦᠨᠵᠡᠭᠡᠶ ᠰᠣᠯᠢᠯᠴᠠᠪᠠ᠃ ᠠᠵᠢᠯ ᠣᠯᠭᠤᠵᠤ ᠲᠥᠪᠬᠢᠨᠡᠭᠦᠯᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢᠨ ᠴᠢᠬᠤᠯᠠ ᠴᠢᠨᠠᠷ ᠢ ᠴᠢᠬᠤᠯᠠᠴᠢᠯᠠᠬᠤ ᠶᠢᠨ ᠬᠠᠮᠲᠤ ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ ᠦᠢᠯᠡᠴᠢᠯᠡᠭᠡ ᠪᠠᠲᠤᠯᠠᠭ᠎ᠠ ᠶᠢᠨ ᠰᠢᠰᠲ᠋ᠧᠮ ᠤᠨ ᠪᠠᠶᠢᠭᠤᠯᠤᠯᠲᠠ ᠶᠢᠨ ᠬᠢᠷᠢ ᠲᠦᠪᠰᠢᠨ ᠢ ᠬᠡᠷᠬᠢᠨ ᠳᠡᠭᠡᠭᠰᠢᠯᠡᠭᠦᠯᠬᠦ ᠲᠤᠬᠠᠶ ᠵᠢᠯᠣᠭᠤᠳᠬᠤ ᠰᠠᠨᠠᠯ ᠳᠤᠷᠠᠳᠪᠠ᠃ ᠡᠭᠦᠨ ᠠᠴᠠ ᠭᠠᠳᠠᠨ᠎ᠠ᠂ ᠪᠠᠶᠢᠴᠠᠭᠠᠨ ᠰᠤᠳᠤᠯᠬᠤ ᠳᠤᠭᠤᠶᠢᠯᠠᠩ ᠪᠠᠰᠠ ᠡᠵᠡᠨ᠎ᠡ ᠶᠢᠨ ᠴᠡᠷᠢᠭ ᠤᠨ ᠬᠠᠩᠭᠠᠯᠭ᠎ᠠ ᠶᠢᠨ ᠥᠷᠲᠡᠭᠡ ᠳᠤ ᠬᠦᠷᠴᠦ᠂ ᠴᠡᠷᠢᠭ ᠤᠨ ᠬᠠᠩᠭᠠᠯᠭ᠎ᠠ ᠶᠢᠨ ᠦᠢᠯᠡᠴᠢᠯᠡᠭᠡᠨ ᠤ ᠪᠠᠲᠤᠯᠠᠭ᠎ᠠ ᠶᠢᠨ ᠪᠠᠶᠢᠳᠠᠯ ᠢ ᠲᠤᠬᠠᠶ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠵᠤ᠂ ᠴᠡᠷᠢᠭ ᠤᠨ ᠬᠠᠩᠭᠠᠯᠭ᠎ᠠ ᠶᠢᠨ ᠦᠢᠯᠡᠴᠢᠯᠡᠭᠡᠨ ᠤ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠴᠡᠷᠢᠭ ᠠᠩᠭᠢ ᠳᠤ ᠬᠦᠴᠦᠲᠡᠶ ᠪᠠᠲᠤᠯᠠᠭ᠎ᠠ ᠬᠠᠩᠭᠠᠬᠤ ᠬᠡᠷᠡᠭᠲᠡᠶ ᠭᠡᠵᠦ ᠴᠢᠬᠤᠯᠠᠴᠢᠯᠠᠪᠠ᠃    ᠵᠠᠨ ᠨᠢᠩ ᠨᠡᠷ ᠪᠠᠰᠠ ᠴᠡᠭᠡ ᠪᠣᠭᠤᠮᠲᠠ ᠶᠢᠨ ᠬᠢᠯᠢ ᠶᠢᠨ ᠪᠠᠶᠢᠴᠠᠭᠠᠬᠤ ᠦᠷᠲᠡᠭᠡᠨ ᠳᠤ ᠭᠦᠨᠵᠡᠭᠡᠶᠢᠷᠡᠵᠦ᠂ ᠲᠤᠬᠠᠶ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠬᠤ ᠪᠠᠷ ᠳᠡᠮᠵᠢᠨ᠂ ᠪᠣᠭᠤᠮᠲᠠ ᠶᠢᠨ ᠡᠵᠡᠩᠨᠡᠯᠲᠡ ᠬᠢᠭᠡᠳ ᠬᠠᠮᠢᠶᠠᠷᠤᠯᠲᠠ ᠶᠢᠨ ᠣᠳᠣᠬᠢ ᠪᠠᠶᠢᠳᠠᠯ ᠢ ᠨᠠᠷᠢᠨ ᠣᠶᠢᠯᠠᠭᠠᠵᠤ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠪᠣᠭᠤᠮᠲᠠ ᠶᠢᠨ ᠠᠮᠤᠷ ᠲᠦᠪᠰᠢᠨ ᠢ ᠬᠠᠮᠠᠭᠠᠯᠠᠬᠤ᠂ ᠡᠮᠬᠢ ᠳᠢᠭᠯᠢᠮ ᠢ ᠬᠠᠮᠢᠶᠠᠷᠤᠨ ᠡᠵᠡᠮᠳᠡᠬᠦ ᠵᠡᠷᠭᠡ ᠲᠠᠯ᠎ᠠ ᠪᠠᠷ ᠢᠯᠡᠷᠡᠭᠦᠯᠦᠭᠰᠡᠨ ᠲᠤᠰᠬᠠᠶ ᠮᠡᠷᠭᠡᠵᠢᠯ ᠤᠨ ᠬᠡᠪ ᠪᠣᠯᠪᠠᠰᠤᠷᠠᠯ ᠪᠣᠯᠤᠨ ᠢᠯᠡᠳᠲᠡ ᠦᠷ᠎ᠡ ᠪᠦᠲᠦᠮᠵᠢ ᠶᠢ ᠳᠡᠭᠡᠳᠦ ᠬᠡᠮᠵᠢᠶ᠎ᠡ ᠪᠠᠷ ᠦᠨᠡᠯᠡᠪᠡ᠃ ᠲᠡᠷᠡ ᠬᠡᠯᠡᠬᠦ ᠳᠡᠭᠡᠨ᠂ ᠴᠡᠷᠢᠭ ᠠᠴᠠ ᠬᠠᠯᠠᠭᠳᠠᠭᠰᠠᠳ ᠪᠣᠯ ᠨᠠᠮ ᠪᠠ ᠤᠯᠤᠰ ᠤᠨ ᠡᠷᠬᠢᠮ ᠨᠠᠨᠳᠢᠨ ᠥᠪ ᠬᠥᠷᠥᠩᠭᠡ ᠪᠤᠯᠤᠨ᠎ᠠ᠂ ᠣᠳᠣᠬᠠᠨ ᠳᠤ ᠴᠡᠭᠡ ᠪᠣᠭᠤᠮᠲᠠ ᠶᠢᠨ ᠬᠠᠮᠢᠶᠠᠷᠤᠯᠲᠠ ᠶᠢᠨ ᠵᠥᠪᠯᠡᠯ 17 ᠴᠡᠷᠢᠭ ᠠᠴᠠ ᠬᠠᠯᠠᠭᠳᠠᠭᠰᠠᠳ ᠢ ᠴᠤᠭᠯᠠᠭᠤᠯᠵᠤ᠂ ᠲᠠᠳᠠ ᠪᠠᠴᠢᠮ ᠪᠠᠶᠢᠳᠠᠯ ᠢ ᠠᠷᠭᠠᠴᠠᠭᠠᠬᠤ᠂ ᠡᠮᠬᠢ ᠳᠢᠭᠯᠢᠮ ᠢ ᠬᠠᠮᠠᠭᠠᠯᠠᠬᠤ ᠵᠡᠷᠭᠡ ᠬᠦᠷᠢᠶᠡᠨ ᠳᠤ ᠪᠣᠭᠤᠮᠲᠠ ᠶᠢᠨ ᠠᠵᠢᠯ ᠤᠨ ᠲᠣᠭᠲᠠᠭᠤᠨ ᠢᠶᠠᠷ ᠶᠠᠪᠤᠭᠳᠠᠬᠤ ᠶᠢ ᠪᠦᠲᠦᠮᠵᠢᠲᠡᠶ ᠪᠠᠲᠤᠯᠠᠪᠠ᠃ ᠲᠡᠳᠡᠨ ᠤ ᠳᠠᠪᠠᠭᠤᠯᠢᠭ ᠦᠢᠯᠡᠳᠦᠯ ᠢ ᠭᠦᠢᠴᠡᠳ ᠪᠠᠳᠠᠷᠠᠭᠤᠯᠵᠤ᠂ ᠬᠢᠯᠢ ᠬᠢᠵᠠᠭᠠᠷ ᠣᠷᠣᠨ ᠤ ᠬᠥᠭᠵᠢᠯ ᠴᠡᠴᠡᠭᠯᠡᠯ ᠪᠠ ᠲᠣᠭᠲᠠᠭᠤᠨ ᠪᠠᠶᠢᠳᠠᠯ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠪᠡ᠃    ᠶᠠᠷᠢᠯᠴᠠᠬᠤ ᠬᠤᠷᠠᠯ ᠳᠡᠭᠡᠷ᠎ᠡ᠂ ᠵᠠᠨ ᠨᠢᠩ ᠬᠤᠰᠢᠭᠤᠨ ᠤ ᠰᠢᠭᠤᠳ ᠬᠠᠷᠢᠶ᠎ᠠ᠂ ᠰᠤᠮᠤ ︵ᠪᠠᠯᠭᠠᠰᠤ︶᠎ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ᠂ ᠰᠠᠭᠤᠭ᠎ᠠ ᠭᠠᠵᠠᠷ ᠤᠨ ᠴᠡᠷᠢᠭ ᠠᠩᠭᠢ ᠪᠣᠯᠤᠨ ᠴᠡᠷᠢᠭ ᠠᠴᠠ ᠬᠠᠯᠠᠭᠳᠠᠭᠰᠠᠳ ᠤᠨ ᠲᠥᠯᠥᠭᠡᠯᠡᠭᠴᠢ ᠲᠠᠢ ᠰᠠᠨᠠᠯ ᠢᠶᠠᠨ ᠭᠦᠨᠵᠡᠭᠡᠶ ᠰᠣᠯᠢᠯᠴᠠᠵᠤ᠂ ᠴᠡᠷᠢᠭ ᠠᠴᠠ ᠬᠠᠯᠠᠭᠳᠠᠭᠰᠠᠳ ᠤᠨ ᠠᠵᠢᠯ ᠳᠤ ᠣᠷᠣᠰᠢᠵᠤ ᠪᠠᠶᠢᠭ᠎ᠠ ᠠᠰᠠᠭᠤᠳᠠᠯ ᠢ ᠬᠠᠮᠲᠤ ᠪᠠᠷ ᠰᠤᠳᠤᠯᠤᠨ ᠶᠠᠷᠢᠯᠴᠠᠬᠤ ᠶᠢᠨ ᠬᠠᠮᠲᠤ ᠰᠠᠨᠠᠭᠤᠯᠭ᠎ᠠ ᠳᠤᠷᠠᠳᠴᠠᠶ᠃ ᠲᠡᠷᠡ ᠬᠡᠯᠡᠬᠦ ᠳᠡᠭᠡᠨ᠂ ᠶᠡᠷᠦᠩᠬᠡᠶ ᠱᠦᠵᠢ ᠰᠢ ᠶᠢᠨ ᠫᠢᠩ ᠤᠨ ᠴᠡᠷᠢᠭ ᠤᠨ ᠠᠯᠪᠠ ᠠᠴᠠ ᠬᠠᠯᠠᠭᠳᠠᠭᠰᠠᠳ ᠵᠢᠴᠢ ᠬᠤᠶᠠᠷ ᠢ ᠬᠦᠷᠢᠶᠡᠯᠡᠬᠦ ᠠᠵᠢᠯ ᠤᠨ ᠲᠤᠬᠠᠶ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠦᠨᠳᠦᠰᠦᠨ ᠱᠠᠲᠤᠨ ᠤ ᠦᠢᠯᠡᠴᠢᠯᠡᠭᠡᠨ ᠤ ᠥᠷᠲᠡᠭᠡ ᠶᠢ ᠥᠨᠳᠥᠷ ᠪᠠᠷᠢᠮᠵᠢᠶ᠎ᠠ ᠪᠠᠷ ᠪᠠᠶᠢᠭᠤᠯᠤᠨ᠂ ᠦᠢᠯᠡᠴᠢᠯᠡᠭᠡᠨ ᠤ ᠶᠠᠰᠤ ᠴᠢᠨᠠᠷ ᠪᠠ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠶ᠃ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠠᠵᠢᠯ ᠮᠡᠷᠭᠡᠵᠢᠯ ᠤᠨ ᠰᠢᠰᠲ᠋ᠧᠮ ᠤᠨ ᠪᠠᠶᠢᠭᠤᠯᠤᠯᠲᠠ ᠶᠢ ᠲᠠᠰᠤᠷᠠᠯᠲᠠ ᠦᠭᠡᠢ ᠠᠬᠢᠭᠤᠯᠵᠤ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠢ ᠴᠢᠩᠭᠠᠳᠬᠠᠨ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠠᠵᠢᠯ ᠤᠯᠬᠤ ᠦᠷᠢᠰᠦᠯᠳᠦᠬᠦ ᠬᠦᠴᠦᠨ ᠢ ᠳᠡᠭᠡᠭᠰᠢᠯᠡᠭᠦᠯᠵᠦ᠂ ᠦᠵᠡᠯ ᠰᠠᠨᠠᠭ᠎ᠠ ᠤᠯᠤᠰ ᠲᠦᠷᠦ ᠶᠢᠨ ᠠᠵᠢᠯ ᠤᠨ ᠪᠣᠳᠠᠲᠤ ᠦᠷ᠎ᠡ ᠪᠦᠲᠦᠮᠵᠢ ᠶᠢ ᠴᠢᠩᠭᠠᠳᠬᠠᠨ᠂ ᠠᠰᠠᠷᠠᠮᠵᠢ ᠬᠠᠷᠠᠭᠠᠯᠵᠠᠯ ᠪᠠ ᠬᠦᠴᠢᠷᠳᠡᠯ ᠢ ᠬᠠᠪᠰᠤᠷᠤᠨ ᠲᠡᠳᠬᠦᠬᠦ ᠶᠢ ᠴᠢᠩᠭᠠᠳᠬᠠᠵᠤ᠂ ᠬᠤᠶᠠᠷ ᠢ ᠬᠦᠷᠢᠶᠡᠯᠡᠵᠦ ᠬᠠᠮᠲᠤ ᠪᠠᠷ ᠪᠠᠶᠢᠭᠤᠯᠬᠤ ᠰᠢᠯᠢᠳᠡᠭ ᠤᠯᠠᠮᠵᠢᠯᠠᠯ ᠢ ᠦᠷᠭᠦᠯᠵᠢᠯᠡᠨ ᠪᠠᠬᠢᠵᠢᠭᠦᠯᠦᠨ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠢ ᠭᠡᠪᠡ᠃
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号