ᠡᠵᠡᠨ᠎ᠡ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠬᠤᠷᠢᠳᠤᠭᠠᠷ ᠤᠳᠠᠭᠠᠨ ᠤ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/1/24
    1 ᠰᠠᠷ᠎ᠠ ᠶᠢᠨ 17᠎ ᠤ ᠡᠳᠦᠷ᠂ ᠡᠵᠡᠨ᠎ᠡ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠬᠤᠷᠢᠳᠤᠭᠠᠷ ᠤᠳᠠᠭᠠᠨ ᠤ ᠬᠤᠷᠠᠯ ᠢ ᠬᠤᠷᠠᠯᠳᠤᠭᠤᠯᠵᠤ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠪᠦᠳᠦᠭᠡᠯᠴᠢ ᠬᠤᠷᠠᠯ ᠡᠷᠭᠢᠯᠡᠵᠦ᠂ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠦᠷᠢᠯᠳᠦᠬᠦᠨ ᠨᠡᠷ ᠬᠤᠷᠠᠯ ᠳᠤ ᠣᠷᠣᠯᠴᠠᠨ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ᠂ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠤᠳᠤᠷᠢᠳᠤᠯᠭ᠎ᠠ ᠬᠤᠷᠠᠯ ᠳᠤ ᠰᠤᠯᠠ ᠣᠷᠣᠯᠴᠠᠪᠠ᠃    ᠬᠤᠷᠠᠯ ᠳᠤ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠶᠢᠨ ᠬᠢᠭᠰᠡᠨ ᠬᠠᠤᠯᠢ ᠶᠢᠨ ᠮᠡᠳᠡᠭᠦᠯᠦᠯᠲᠡ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠠᠤᠯᠢ ᠲᠦᠷᠢᠮ ᠤᠨ ᠠᠵᠢᠯ ᠤᠨ ᠵᠥᠪᠯᠡᠯ ᠤᠨ 2024 ᠣᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠳᠡᠩᠰᠡᠯᠡᠵᠦ ᠬᠢᠨᠠᠨ ᠪᠠᠶᠢᠴᠠᠭᠠᠭᠰᠠᠨ ᠠᠵᠢᠯ ᠤᠨ ᠪᠠᠶᠢᠳᠠᠯ ᠤᠨ ᠲᠤᠬᠠᠶ ᠮᠡᠳᠡᠭᠦᠯᠦᠯᠲᠡ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ 2024 ᠣᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠳᠡᠩᠰᠡᠯᠡᠵᠦ ᠬᠢᠨᠠᠨ ᠪᠠᠶᠢᠴᠠᠭᠠᠭᠰᠠᠨ ᠠᠵᠢᠯ ᠤᠨ ᠪᠠᠶᠢᠳᠠᠯ ᠤᠨ ᠲᠤᠬᠠᠶ ᠮᠡᠳᠡᠭᠦᠯᠦᠯᠲᠡ᠂ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠨᠥᠬᠦᠨ ᠰᠣᠩᠭᠤᠭᠰᠠᠨ ᠲᠥᠯᠥᠭᠡᠯᠡᠭᠴᠢ ᠶᠢᠨ ᠬᠢᠷᠢ ᠬᠡᠮ ᠢ ᠬᠢᠨᠠᠨ ᠪᠠᠶᠢᠴᠠᠭᠠᠭᠰᠠᠨ ᠲᠤᠬᠠᠶ ᠲᠥᠯᠥᠭᠡᠯᠡᠭᠴᠢ ᠶᠢᠨ ᠬᠢᠷᠢ ᠬᠡᠮ ᠢ ᠬᠢᠨᠠᠨ ᠪᠠᠶᠢᠴᠠᠭᠠᠬᠤ ᠵᠥᠪᠯᠡᠯ ᠤᠨ ᠮᠡᠳᠡᠭᠦᠯᠦᠯᠲᠡ᠂ ᠬᠡᠰᠡᠭ ᠲᠥᠯᠥᠭᠡᠯᠡᠭᠴᠢ ᠶᠢᠨ ᠬᠢᠷᠢ ᠬᠡᠮ ᠢ ᠵᠣᠭᠰᠣᠭᠠᠬᠤ ᠶᠢᠨ ᠬᠠᠮᠲᠤ ᠨᠥᠬᠦᠨ ᠰᠣᠩᠭᠤᠭᠰᠠᠨ ᠲᠥᠯᠥᠭᠡᠯᠡᠭᠴᠢ ᠶᠢ ᠶᠡᠭᠡ ᠬᠤᠷᠠᠯ ᠳᠤ ᠳᠡᠪᠰᠢᠭᠦᠯᠵᠦ ᠳᠠᠩᠰᠠᠯᠠᠭᠤᠯᠬᠤ ᠲᠤᠬᠠᠶ ᠮᠡᠳᠡᠭᠦᠯᠦᠯᠲᠡ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ 2025 ᠣᠨ ᠳᠤ ᠬᠡᠷᠡᠭᠵᠢᠭᠦᠯᠬᠦ ᠪᠠᠷ ᠪᠠᠶᠢᠭ᠎ᠠ ᠠᠷᠠᠳ ᠤᠨ ᠠᠮᠢᠳᠤᠷᠠᠯ ᠤᠨ ᠪᠣᠳᠠᠲᠤ ᠬᠡᠷᠡᠭ ᠤᠨ ᠲᠤᠬᠠᠶ ᠰᠠᠨᠠᠯ ᠵᠥᠪᠯᠡᠯᠭᠡ ᠶᠢ ᠰᠣᠨᠣᠰᠪᠠ︔ ᠡᠵᠡᠨ᠎ᠡ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠤᠳᠠᠭᠠᠨ ᠤ ᠬᠤᠷᠠᠯ ᠢ ᠬᠤᠷᠠᠯᠳᠤᠭᠤᠯᠬᠤ ᠲᠤᠬᠠᠶ ᠵᠥᠪᠯᠡᠯᠭᠡ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠮᠡᠳᠡᠭᠦᠯᠦᠯᠲᠡ᠂ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠤᠳᠠᠭᠠᠨ ᠤ ᠬᠤᠷᠠᠯ ᠤᠨ ᠵᠥᠪᠯᠡᠬᠦ ᠵᠦᠢᠯ᠂ ᠡᠳᠦᠷ ᠤᠨ ᠳᠠᠷᠠᠭᠠᠯᠠᠯ ᠵᠡᠷᠭᠡ ᠠᠭᠤᠯᠭ᠎ᠠ ᠶᠢ ᠬᠢᠨᠠᠨ ᠵᠥᠪᠯᠡᠵᠦ ᠪᠠᠲᠤᠯᠠᠪᠠ᠃    ᠬᠤᠷᠠᠯ ᠳᠤ ᠤᠯᠠᠭᠠᠨᠪᠠᠭᠠᠲᠤᠷ ᠨᠥᠬᠦᠷ ᠢ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠯᠪᠠᠨ ᠬᠡᠷ ᠤᠨ ᠡᠷᠬᠢᠯᠡᠭᠴᠢ ᠪᠠᠷ ᠲᠣᠮᠢᠯᠠᠵᠤ᠂ ᠠᠵᠢᠯ ᠤᠨ ᠪᠠᠶᠢᠷᠢ ᠶᠢᠨ ᠲᠣᠬᠢᠷᠠᠭᠤᠯᠤᠯᠲᠠ ᠠᠴᠠ ᠪᠣᠯᠵᠣ᠂ ᠴᠡᠭᠴᠡᠤᠬᠡᠢ ᠨᠥᠬᠦᠷ ᠤᠨ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠯᠪᠠᠨ ᠬᠡᠷ ᠤᠨ ᠡᠷᠬᠢᠯᠡᠭᠴᠢ ᠶᠢᠨ ᠲᠤᠰᠢᠶᠠᠯ ᠠᠴᠠ ᠪᠠᠭᠤᠯᠭᠠᠪᠠ᠃ ᠬᠤᠷᠠᠯ ᠠᠴᠠ ᠺᠠᠩ ᠳ᠋ᠦᠩ ᠨᠥᠬᠦᠷ ᠤᠨ ᠡᠵᠡᠨ᠎ᠡ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠶᠢᠨ ᠲᠤᠰᠢᠶᠠᠯ ᠠᠴᠠ ᠪᠠᠨ ᠪᠠᠭᠤᠬᠤ ᠶᠢ ᠵᠥᠪᠰᠢᠶᠡᠷᠡᠪᠡ᠃ ᠳ᠋ᠦ᠋ ᠶᠦᠩ ᠭᠠᠩ᠂ ᠺᠠᠩ ᠳ᠋ᠦᠩ᠂ ᠴᠡᠭᠴᠡᠤᠬᠡᠢ᠂ ᠨᠠᠮᠤᠭ᠎ᠠ᠂ ᠸᠠᠩ ᠶᠤᠸᠠᠨ ᠨᠠᠷ ᠡᠵᠡᠨ᠎ᠡ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠡᠰᠢᠭᠦᠨ ᠤ ᠲᠤᠰᠢᠶᠠᠯ ᠠᠴᠠ ᠪᠠᠨ ᠪᠠᠭᠤᠪᠠ᠃    ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠠᠴᠠ ᠰᠢᠨ᠎ᠡ ᠪᠠᠷ ᠲᠤᠰᠢᠶᠠᠯ ᠡᠭᠦᠷᠭᠡᠯᠡᠭᠰᠡᠨ ᠨᠥᠬᠦᠳ ᠲᠤ ᠲᠤᠰᠢᠶᠠᠯ ᠳᠤ ᠲᠣᠮᠢᠯᠠᠬᠤ ᠪᠢᠴᠢᠭ ᠣᠯᠭᠤᠵᠤ᠂ ᠰᠢᠨ᠎ᠡ ᠪᠠᠷ ᠲᠤᠰᠢᠶᠠᠯ ᠡᠭᠦᠷᠭᠡᠯᠡᠭᠰᠡᠨ ᠨᠥᠬᠦᠳ ᠲᠤᠰᠢᠶᠠᠯ ᠳᠤ ᠲᠣᠮᠢᠯᠠᠬᠤ ᠠᠴᠠ ᠡᠮᠦᠨᠡᠬᠢ ᠬᠠᠤᠯᠢ ᠴᠠᠭᠠᠵᠠ ᠶᠢᠨ ᠰᠢᠯᠭᠠᠯᠲᠠ ᠬᠢᠭᠰᠡᠨ ᠪᠥᠭᠡᠳ ᠬᠤᠷᠠᠯ ᠳᠡᠭᠡᠷ᠎ᠡ ᠲᠤᠰᠢᠶᠠᠯ ᠡᠭᠦᠷᠭᠡᠯᠡᠬᠦ ᠶᠠᠷᠢᠶ᠎ᠠ ᠲᠠᠯᠪᠢᠵᠤ᠂ ᠦᠨᠳᠦᠰᠦᠨ ᠬᠠᠤᠯᠢ ᠳᠤ ᠲᠠᠩᠭᠠᠷᠢᠭᠯᠠᠪᠠ᠃
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号