ᠬᠤᠰᠢᠭᠤᠨ ᠤ ᠠᠵᠢᠯᠴᠢᠨ ᠤ ᠶᠡᠷᠦᠩᠬᠡᠶ ᠡᠪᠯᠡᠯ ︽ᠬᠤᠶᠠᠷ ᠪᠠᠶᠠᠷ︾᠎ ᠤᠨ ᠬᠠᠶᠢᠷ᠎ᠠ ᠬᠠᠯᠠᠮᠵᠢ ᠬᠦᠷᠭᠡᠬᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/1/24
    ᠤᠶᠢᠷ᠎ᠠ ᠶᠢᠨ ᠡᠳᠤᠷ᠂ ᠬᠤᠰᠢᠭᠤᠨ ᠤ ᠠᠵᠢᠯᠴᠢᠨ ᠤ ᠶᠡᠷᠦᠩᠬᠡᠶ ᠡᠪᠯᠡᠯ ᠡᠮᠦᠨ᠎ᠡ ᠹᠷᠣᠨᠲ ᠲᠤ ᠠᠵᠢᠯᠯᠠᠵᠤ ᠪᠠᠶᠢᠭ᠎ᠠ ᠬᠥᠮᠦᠰ ᠲᠤ ᠪᠠᠶᠠᠷ ᠤᠨ ᠡᠳᠦᠷ ᠤᠨ ᠡᠮᠦᠨᠡᠬᠢ ᠮᠡᠨᠳᠦᠴᠢᠯᠡᠯ ᠬᠦᠷᠭᠡᠪᠡ᠃ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠳ᠋ᠦ᠋ ᠶᠦᠩ ᠭᠠᠩ ᠣᠷᠣᠯᠴᠠᠪᠠ᠃     ᠲᠤᠰ ᠡᠳᠦᠷ᠂ ᠳ᠋ᠦ᠋ ᠶᠦᠩ ᠭᠠᠩ ᠨᠠᠷ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠳᠤ ᠬᠦᠷᠴᠦ ᠳᠣᠬᠤᠨᠢᠭᠤᠯᠭ᠎ᠠ ᠬᠢᠵᠦ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠢ ᠲᠥᠯᠥᠭᠡᠯᠡᠨ ᠡᠮᠴᠢ ᠰᠤᠪᠢᠯᠠᠭᠴᠢᠳ ᠲᠤ ᠪᠠᠶᠠᠷ ᠤᠨ ᠡᠳᠦᠷ ᠤᠨ ᠵᠥᠩᠨᠡᠯ ᠪᠠ ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠵᠡᠢ᠃ ᠳᠠᠷᠠᠭ᠎ᠠ ᠪᠠᠷ ᠨᠢ᠂ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ ᠤᠷᠢᠳ ᠬᠤᠵᠢᠳ ᠰᠢᠨ ᠢ ᠠᠳᠠᠯ ᠠᠬᠤᠢ ᠶᠢᠨ ᠬᠢᠵᠠᠭᠠᠷᠲᠤ ᠺᠣᠮᠫᠠᠨᠢ᠂ ᠳᠤᠯᠠᠭᠠᠨ ᠳᠤᠯᠠᠭᠠᠯᠠᠭ᠎ᠠ ᠶᠢᠨ ᠺᠣᠮᠫᠠᠨᠢ᠂ ᠮᠣᠩᠭᠤᠯ ᠡᠮ ᠡᠮᠨᠡᠯᠭᠡ ᠶᠢᠨ ᠬᠤᠷᠢᠶ᠎ᠠ᠂ ᠶᠡᠷᠦᠩᠬᠡᠶᠢᠯᠡᠨ ᠵᠠᠰᠠᠬᠤ ᠦᠢᠯᠡᠴᠢᠯᠡᠭᠡᠨ ᠤ ᠲᠥᠪ᠂ ᠥᠪᠥᠷ ᠮᠣᠩᠭᠤᠯ ᠤᠨ ᠪᠡᠯᠡ ᠣᠷᠣᠭᠤᠯᠤᠯᠲᠠ ᠶᠢᠨ ᠣᠷᠴᠢᠨ ᠲᠣᠭᠤᠷᠢᠨ ᠤ ᠺᠣᠮᠫᠠᠨᠢ ᠳᠤ ᠬᠦᠷᠴᠦ᠂ ᠠᠵᠢᠯ ᠤᠨ ᠪᠠᠶᠢᠷᠢ ᠪᠠᠨ ᠪᠠᠲᠤ ᠰᠠᠬᠢᠵᠤ ᠪᠠᠶᠢᠭ᠎ᠠ ᠠᠵᠢᠯᠳᠠᠨ ᠠᠵᠢᠯᠴᠢᠨ ᠢ ᠲᠣᠬᠤᠨᠢᠭᠤᠯᠪᠠ᠃    ᠬᠤᠰᠢᠭᠤᠨ ᠤ ᠮᠧᠩ ᠲᠸᠦ ᠣᠷᠴᠢᠨ ᠲᠤᠭᠤᠷᠢᠨ ᠤ ᠺᠣᠮᠫᠠᠨᠢ ᠶᠢᠨ ᠣᠷᠴᠢᠨ ᠲᠣᠭᠤᠷᠢᠨ ᠤ ᠴᠡᠪᠡᠷᠯᠡᠭᠴᠢ ᠶᠢᠨ ᠳᠤᠭᠤᠶᠢᠯᠠᠩ ᠤᠨ ᠳᠠᠷᠤᠭ᠎ᠠ ᠳ᠋ᠢᠩ ᠢᠦᠢ ᠹᠧᠨ᠄ ︽ᠤᠳᠠᠯ ᠦᠭᠡᠢ ᠰᠢᠨᠡᠯᠡᠬᠦ ᠪᠣᠯᠤᠯ᠎ᠠ᠂ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ ᠠᠴᠠ ᠪᠢᠳᠠᠨ ᠳᠤ ᠬᠠᠶᠢᠷ᠎ᠠ ᠬᠠᠯᠠᠮᠵᠢ ᠶᠢ ᠬᠦᠷᠭᠡᠭᠰᠡᠨ ᠳᠤ ᠮᠠᠰᠢ ᠪᠠᠶᠠᠷᠯᠠᠵᠤ       ᠪᠠᠶᠢᠨ᠎ᠠ᠂ ᠬᠤᠶᠢᠰᠢᠳᠠ ᠶᠢᠨ ᠠᠵᠢᠯ ᠳᠡᠭᠡᠷ᠎ᠡ ᠪᠠᠨ᠂ ᠪᠢᠳᠡ ᠥᠪᠡᠷ ᠤᠨ ᠬᠤᠪᠢᠳᠠᠭᠰᠠᠨ ᠠᠵᠢᠯ ᠢᠶᠠᠨ ᠨᠡᠩ ᠰᠠᠶᠢᠲᠤᠷ ᠪᠡᠶᠡᠯᠡᠬᠦᠯᠵᠦ᠂ ᠡᠵᠡᠨ᠎ᠡ ᠬᠤᠰᠢᠭᠤ ᠪᠠᠨ ᠤᠯᠠᠮ ᠠᠴᠠ ᠤᠯᠠᠮ ᠴᠡᠪᠡᠷ ᠳᠣᠬᠢᠯᠢᠭ ᠪᠣᠯᠭᠠᠨ᠎ᠠ᠃ ᠮᠥᠨᠴᠦ ᠠᠳᠡ ᠠᠴᠠ ᠤᠯᠠᠨ ᠤ ᠴᠠᠭᠠᠨ ᠰᠠᠷ᠎ᠠ ᠪᠠᠨ ᠰᠠᠶᠢᠨ ᠰᠠᠶᠢᠬᠠᠨ᠂ ᠪᠠᠶᠠᠷ ᠬᠦᠷ ᠲᠠᠢ ᠥᠩᠭᠡᠷᠡᠭᠦᠯᠬᠦ ᠶᠢ ᠬᠦᠰᠡᠵᠦ ᠪᠠᠶᠢᠨ᠎ᠠ︾ ᠭᠡᠪᠡ᠃    ᠠᠵᠢᠯᠴᠢᠨ ᠤ ᠶᠡᠷᠦᠩᠬᠡᠶ ᠡᠪᠯᠡᠯ ᠨᠢ ᠪᠠᠰᠠ ᠬᠦᠴᠢᠷᠳᠡᠯᠲᠡᠶ ᠠᠵᠢᠯᠲᠠᠨ ᠠᠵᠢᠯᠴᠢᠨ ᠪᠠ ᠬᠥᠳᠡᠯᠮᠦᠷᠢ ᠶᠢᠨ ᠵᠢᠱᠢᠶᠡᠴᠢ ᠶᠢᠨ ᠬᠡᠷ ᠢᠶᠠᠷ ᠭᠦᠨᠵᠡᠭᠡᠶᠢᠷᠡᠵᠦ᠂ ᠲᠡᠳᠡᠨ ᠤ ᠠᠮᠢᠳᠤᠷᠠᠯ ᠤᠨ ᠪᠠᠶᠢᠳᠠᠯ᠂ ᠠᠵᠢᠯ ᠤᠨ ᠪᠠᠶᠢᠳᠠᠯ ᠵᠢᠴᠢ ᠲᠤᠯᠭᠠᠷᠠᠵᠤ ᠪᠠᠶᠢᠭ᠎ᠠ ᠪᠣᠳᠠᠲᠠᠶ ᠬᠦᠴᠢᠷᠳᠡᠯ ᠢ ᠨᠢ ᠨᠠᠷᠢᠨ ᠤᠶᠢᠯᠠᠭᠠᠬᠤ ᠶᠢᠨ ᠬᠠᠮᠳᠤ ᠲᠡᠳᠡᠨ ᠳᠤ ᠪᠠᠰᠠ ᠲᠣᠬᠤᠨᠢᠭᠤᠯᠬᠤ ᠮᠥᠩᠭᠦ ᠪᠠ ᠪᠣᠳᠠᠰ ᠬᠦᠷᠭᠡᠵᠦ᠂ ᠳᠡᠳᠡᠨᠡᠷ ᠤᠨ ᠲᠣᠰ ᠲᠤᠰ ᠤᠨ ᠠᠵᠢᠯ ᠤᠨ ᠪᠠᠶᠢᠷᠢ ᠳᠠᠬᠢ ᠰᠢᠷᠭᠠᠭᠤ ᠬᠥᠳᠡᠯᠮᠦᠷᠢ ᠪᠠ ᠭᠠᠷᠮᠠᠭᠠᠶ ᠬᠤᠪᠢ ᠨᠡᠮᠡᠷᠢ ᠦᠵᠡᠭᠦᠯᠦᠭᠰᠡᠨ ᠳᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠬᠤ ᠪᠠᠨ ᠢᠯᠡᠳᠬᠡᠵᠦ᠂ ᠲᠡᠳᠡᠨ ᠢ ᠵᠢᠱᠢᠶᠡᠴᠢ ᠳᠠᠭᠠᠭᠤᠯᠤᠭᠴᠢ ᠦᠢᠯᠡᠳᠦᠯ ᠢᠶᠠᠨ ᠦᠷᠭᠦᠯᠵᠢᠯᠡᠨ ᠪᠠᠳᠠᠷᠠᠭᠤᠯᠵᠤ᠂ ᠡᠵᠡᠨ᠎ᠡ ᠶᠢᠨ ᠬᠥᠭᠵᠢᠯᠲᠡ ᠳᠤ ᠳᠠᠬᠢᠨ ᠰᠢᠨ᠎ᠡ ᠭᠠᠪᠢᠶ᠎ᠠ ᠪᠠᠶᠢᠭᠤᠯᠬᠤ ᠶᠢ ᠵᠣᠷᠢᠭᠵᠢᠭᠤᠯᠪᠠ᠃    ᠥᠪᠡᠷᠲᠡᠭᠡᠨ ᠵᠠᠰᠠᠬᠤ ᠣᠷᠣᠨ ᠤ ᠲᠠᠰ ᠤᠨ ᠬᠥᠳᠡᠯᠮᠦᠷᠢ ᠶᠢᠨ ᠵᠢᠱᠢᠶᠠᠴᠢ ᠳ᠋ᠦ᠋ᠸᠧ ᠬᠤᠩ ᠰᠢᠶᠠ᠄           ︽ᠠᠵᠢᠯᠴᠢᠨ ᠤ ᠡᠪᠯᠡᠯ ᠶᠡᠷᠦ ᠠᠴᠠ ᠨᠠᠮᠠᠶᠢ ᠬᠠᠯᠠᠮᠵᠢᠯᠠᠨ ᠳᠡᠮᠵᠢᠭᠰᠡᠭᠡᠷ ᠢᠷᠡᠭᠰᠡᠨ᠂ ᠬᠥᠳᠡᠯᠮᠦᠷᠢ ᠶᠢᠨ ᠵᠢᠱᠢᠶᠡᠴᠢ ᠪᠣᠯᠤᠭᠰᠠᠨ ᠤ ᠬᠤᠪᠢ ᠳᠤ᠂ ᠡᠨᠡ ᠬᠦ ᠢᠷᠠᠭᠤ ᠠᠯᠳᠠᠷ ᠨᠢ ᠠᠵᠢᠯᠴᠢᠨ ᠤ ᠡᠪᠯᠡᠯ ᠤᠨ ᠰᠢᠷᠭᠠᠭᠤ ᠬᠥᠳᠡᠯᠮᠦᠷᠢ ᠪᠠ ᠬᠠᠷᠠᠮ ᠥᠬᠡᠶ ᠬᠠᠪᠰᠤᠷᠤᠯᠭ᠎ᠠ ᠠᠴᠠ ᠰᠠᠯᠵᠤ ᠴᠢᠳᠠᠬᠤ ᠥᠬᠡᠶ ᠭᠡᠳᠡᠭ ᠢ ᠭᠦᠨ ᠤᠶᠢᠯᠠᠭᠠᠵᠤ ᠮᠡᠳᠡᠷᠡᠵᠦ ᠪᠠᠶᠢᠨ᠎ᠠ᠃ ᠬᠤᠶᠢᠰᠢᠳᠠ ᠶᠢᠨ ᠠᠵᠢᠯ ᠠᠮᠢᠳᠤᠷᠠᠯ ᠳᠤᠮᠳᠠ᠂ ᠪᠢ ᠬᠥᠳᠡᠯᠮᠦᠷᠢ ᠶᠢᠨ ᠵᠢᠱᠢᠶᠡᠴᠢ ᠶᠢᠨ ᠵᠣᠷᠢᠭ ᠰᠠᠨᠠᠭ᠎ᠠ ᠶᠢ ᠡᠷᠡᠰ ᠪᠠᠷᠢᠮᠲᠠᠯᠠᠨ᠂ ᠤᠷᠠᠨ ᠳᠠᠷᠬᠠᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠡᠵᠡᠨ᠎ᠡ ᠬᠤᠰᠢᠭᠤᠨ ᠳᠤ ᠥᠪᠡᠷ ᠤᠨ ᠬᠦᠴᠦᠨ ᠴᠢᠳᠠᠯ ᠢᠶᠠᠨ ᠡᠷᠭᠦᠨ᠎ᠡ︾ ᠭᠡᠪᠡ᠃    ᠡᠨᠡ ᠤᠳᠠᠭᠠᠨ ᠤ ᠲᠣᠬᠤᠨᠢᠭᠤᠯᠬᠤ ᠠᠵᠢᠯᠯᠠᠭ᠎ᠠ ᠨᠢ ᠥᠷᠭᠡᠨ ᠤᠯᠠᠨ ᠠᠵᠢᠯᠳᠠᠨ ᠠᠵᠢᠯᠴᠢᠨ ᠲᠦᠮᠡᠨ ᠳᠤ ᠪᠠᠶᠠᠷ ᠤᠨ ᠡᠳᠦᠷ ᠤᠨ ᠡᠮᠦᠨᠡᠬᠢ ᠪᠠᠶᠠᠷ ᠪᠠ ᠬᠠᠯᠠᠭᠤᠨ ᠳᠤᠯᠠᠭᠠᠨ ᠢ ᠨᠡᠮᠡᠷᠢᠯᠡᠵᠦ᠂ ᠲᠡᠳᠡᠨ ᠤ ᠬᠠᠷᠢᠶᠠᠯᠠᠭᠳᠠᠬᠤ ᠲᠦᠷᠦᠭᠳᠡᠯ ᠢ ᠥᠨᠡᠨᠬᠦ ᠨᠡᠮᠡᠭᠳᠡᠭᠦᠯᠪᠡ᠃ ᠣᠶᠢᠯᠠᠭᠠᠭᠰᠠᠨ ᠢᠶᠠᠷ᠂ ᠲᠣᠰ ᠤᠳᠠᠭᠠᠨ ᠤ ᠬᠠᠶᠢᠷ᠎ᠠ ᠬᠠᠯᠠᠮᠵᠢ ᠬᠦᠷᠭᠡᠵᠦ ᠲᠣᠬᠤᠨᠢᠭᠤᠯᠬᠤ ᠠᠵᠢᠯᠯᠠᠭ᠎ᠠ ᠳᠤ ᠨᠡᠶᠢᠲᠡ 27.53 ᠲᠦᠮᠡᠨ ᠲᠥᠭᠦᠷᠢᠭ ᠤᠨ ᠪᠠᠯᠠ ᠮᠥᠩᠭᠦ ᠣᠷᠣᠭᠤᠯᠵᠤ᠂ 126 ᠠᠵᠢᠯᠲᠠᠨ ᠳᠤ ᠠᠰᠢᠭ ᠬᠦᠷᠲᠡᠭᠡᠪᠡ᠃    ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ ᠤᠨ ᠲᠡᠷᠢᠭᠦᠯᠡᠭᠴᠢ ᠯᠢᠦ ᠵᠢᠶᠦ᠋ᠨ᠄ ︽ᠬᠤᠶᠢᠰᠢᠳᠠ ᠶᠢᠨ ᠠᠵᠢᠯ ᠳᠤᠮᠳᠠ᠂ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ ᠦᠷᠭᠦᠯᠵᠢᠯᠡᠨ ᠦᠨᠳᠦᠰᠦᠨ ᠱᠠᠲᠤ᠂ ᠠᠵᠤ ᠠᠬᠤᠶᠢᠯᠠᠯ ᠳᠤ ᠭᠦᠨᠵᠡᠭᠡᠶᠢᠷᠡᠨ᠂ ᠠᠵᠢᠯᠲᠠᠳ ᠤᠨ ᠬᠦᠰᠡᠯ ᠱᠠᠭᠠᠷᠳᠠᠯᠭ᠎ᠠ ᠶᠢ ᠰᠣᠨᠣᠰᠴᠤ᠂ ᠠᠵᠢᠯᠲᠠᠳ ᠤᠨ ᠵᠣᠪᠠᠭᠤᠷᠢ ᠵᠦᠳᠡᠭᠦᠷᠢ ᠶᠢ ᠠᠩᠬᠠᠷᠤᠨ ᠬᠠᠯᠠᠮᠵᠢᠯᠠᠵᠤ᠂ ᠠᠵᠢᠯᠲᠠᠳ ᠲᠠᠭᠠᠨ ᠰᠠᠶᠢᠨ ᠶᠠᠪᠤᠳᠠᠯ ᠬᠢᠨ᠂ ᠬᠦᠴᠢᠷ ᠠᠰᠠᠭᠤᠳᠠᠯ ᠢ ᠨᠢ ᠰᠢᠢᠳᠪᠦᠷᠢᠯᠡᠵᠦ ᠥᠭᠭᠦᠨ᠎ᠡ᠃ ᠬᠠᠶᠢᠷ᠎ᠠ ᠬᠠᠯᠠᠮᠵᠢ ᠬᠦᠷᠭᠡᠬᠦ ᠠᠵᠢᠯᠯᠠᠭ᠎ᠠ ᠳᠤᠮᠳᠠ᠂ ᠠᠵᠢᠯᠴᠢᠨ ᠤ ᠡᠪᠯᠡᠯ ᠤᠨ ᠠᠵᠢᠯ ᠤᠨ ᠬᠤᠪᠢ ᠨᠡᠮᠡᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠠᠵᠢᠯᠲᠠᠨ ᠠᠵᠢᠯᠴᠢᠨ ᠲᠦᠮᠡᠨ ᠤ ᠲᠥᠷᠬᠦᠮ ᠤᠨ ᠬᠢᠨ᠂ ᠳᠣᠲᠣᠨᠣ ᠬᠥᠮᠦᠨ ᠪᠣᠯᠬᠤ ᠪᠠᠷ ᠴᠢᠷᠮᠠᠶᠢᠵᠤ᠂ ᠠᠷᠠᠳ ᠤᠨ ᠠᠮᠢᠳᠤᠷᠠᠯ ᠢ ᠪᠠᠲᠤ ᠰᠠᠬᠢᠵᠤ ᠠᠮᠤᠷ ᠲᠦᠪᠰᠢᠨ ᠤ ᠬᠤᠷᠢᠭ᠎ᠠ ᠱᠤᠭᠤᠮ᠂ ᠨᠡᠶᠢᠭᠡᠮ ᠤᠨ ᠡᠶ᠎ᠡ ᠵᠣᠬᠢᠴᠠᠯ ᠲᠣᠭᠲᠠᠭᠤᠨ ᠪᠠᠶᠢᠳᠠᠯ ᠢ ᠠᠬᠢᠭᠤᠯᠬᠤ ᠲᠠᠯ᠎ᠠ ᠪᠠᠷ ᠬᠢ ᠠᠵᠢᠯᠴᠢᠨ ᠤ ᠡᠪᠯᠡᠯ ᠤᠨ ᠢᠳᠡᠪᠬᠢ ᠦᠢᠯᠡᠳᠦᠯ ᠢ ᠦᠨᠡᠨ ᠬᠦ ᠪᠠᠳᠠᠷᠠᠭᠤᠯᠵᠤ᠂ ᠠᠵᠢᠯᠲᠠᠨ ᠠᠵᠢᠯᠴᠢᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠨᠠᠩ ᠰᠠᠶᠢᠲᠤᠷ ᠨᠡᠮᠡᠭᠳᠡᠭᠦᠯᠦᠨ᠎ᠡ︾ ᠭᠡᠪᠡ᠃
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号