ᠡᠵᠠᠨ᠎ᠠ ᠬᠤᠰᠢᠭᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ 2024 ᠣᠨ ᠤ ᠨᠠᠮ ᠤᠨ ᠬᠤᠷᠢᠶᠠᠨ ᠤ ︵ᠥᠷᠭᠡᠳᠬᠡᠭᠰᠡᠨ︶ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/1/24
    1 ᠰᠠᠷ᠎ᠠ ᠶᠢᠨ 17᠎ ᠤ ᠡᠳᠤᠷ᠂ ᠬᠤᠰᠢᠭᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ 2024 ᠣᠨ ᠤ ᠨᠠᠮ ᠤᠨ ᠬᠤᠷᠢᠶᠠᠨ ᠤ ︵ᠥᠷᠭᠡᠳᠬᠡᠭᠰᠡᠨ︶ ᠬᠤᠷᠠᠯ ᠬᠤᠷᠠᠯᠳᠤᠭᠤᠯᠵᠤ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠬᠡᠰᠢᠬᠦᠨ ᠪᠦ᠋ ᠴᠧᠩ ᠭᠤᠸᠠᠩ ᠬᠤᠷᠠᠯ ᠡᠷᠭᠢᠯᠡᠵᠦ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ ᠾᠧ ᠲᠤᠤ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠷᠧᠨ ᠰᠢᠨ ᠹᠦ᠋ ᠬᠤᠷᠠᠯ ᠳᠤ ᠣᠷᠣᠯᠴᠠᠵᠠᠢ᠃    ᠬᠤᠷᠠᠯ ᠠᠴᠠ ᠥᠪᠥᠷ ᠮᠣᠩᠭᠤᠯ ᠤᠨ ᠴᠡᠷᠢᠭ ᠤᠨ ᠲᠣᠭᠤᠷᠢᠭ ᠤᠨ ᠨᠠᠮ ᠤᠨ ᠬᠤᠷᠢᠶ᠎ᠠ᠂ ᠴᠡᠷᠢᠭ ᠤᠨ ᠬᠤᠪᠢᠶᠠᠷᠢ ᠲᠣᠭᠤᠷᠢᠭ ᠤᠨ ᠨᠠᠮ ᠤᠨ ᠬᠤᠷᠢᠶ᠎ᠠ ︵ᠥᠷᠭᠡᠳᠬᠡᠭᠰᠡᠨ︶᠎ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠭᠰᠠᠨ ᠪᠥᠭᠡᠳ 2024 ᠣᠨ ᠤ ᠠᠵᠢᠯ ᠤᠨ ᠪᠣᠳᠠᠲᠤ ᠠᠮᠵᠢᠯᠲᠠ ᠪᠠᠷ ᠲᠣᠪᠣᠶᠢᠮ᠎ᠠ ᠲᠡᠷᠢᠭᠦᠨ ᠤ ᠨᠢᠭᠡᠴᠡ ᠪᠣᠯᠣᠨ ᠬᠤᠪᠢ ᠬᠥᠮᠥᠨ ᠢ ᠬᠥᠬᠢᠭᠦᠯᠦᠨ ᠰᠠᠶᠢᠰᠢᠶᠠᠪᠠ᠃    ᠬᠤᠷᠠᠯ ᠠᠴᠠ ᠵᠢᠭᠠᠵᠤ ᠭᠠᠷᠭᠠᠭᠰᠠᠨ ᠨᠢ᠂ 2024 ᠣᠨ ᠳᠤ᠂ ᠬᠤᠰᠢᠭᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠨᠠᠮ ᠤᠨ ᠬᠤᠷᠢᠶ᠎ᠠ ᠨᠠᠮ ᠤᠨ ᠬᠤᠷᠢᠳᠤᠭᠠᠷ ᠶᠡᠭᠡ ᠬᠤᠷᠠᠯ᠂ ᠬᠤᠷᠢᠳᠤᠭᠠᠷ ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠤᠯᠤᠰ ᠲᠥᠷᠥ ᠶᠢᠨ ᠠᠵᠢᠯ ᠤᠨ ᠬᠤᠷᠠᠯ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠣᠨ ᠰᠢ ᠶᠢᠨ ᠫᠢᠩ ᠤᠨ ᠴᠡᠷᠢᠭ ᠢᠶᠠᠨ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠠᠵᠢᠯ ᠢ ᠭᠦᠨᠵᠡᠭᠡᠢ ᠥᠷᠨᠢᠭᠦᠯᠵᠦ᠂ ᠳᠡᠭᠡᠳᠦ ᠱᠠᠲᠤᠨ ᠤ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠲᠣᠣᠱᠯᠠᠭᠤᠯᠤᠨ ᠨᠠᠶᠢᠳᠠᠪᠤᠷᠢᠵᠢᠭᠤᠯᠵᠤ᠂ ᠡᠳᠦᠷ ᠲᠤᠲᠤᠮ ᠤᠨ ᠲᠡᠶᠢᠨ ᠤ ᠪᠡᠯᠡᠳᠬᠡᠯ ᠤᠨ ᠳᠦᠷᠢᠮ ᠪᠠ ᠴᠡᠷᠢᠭ ᠤᠨ ᠶᠠᠪᠤᠳᠠᠯ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠯᠠᠪᠳᠠᠭᠤᠨ ᠪᠠᠲᠤᠲᠠᠢ ᠲᠦᠯᠬᠢᠨ ᠠᠬᠢᠭᠤᠯᠵᠤ᠂ ᠴᠡᠷᠢᠭ ᠠᠩᠭᠢ ᠪᠠ ᠣᠷᠣᠨ ᠨᠤᠲᠤᠭ ᠤᠨ ᠬᠤᠭᠤᠷᠣᠨᠳᠤ ᠪᠠᠨ ᠨᠢᠭᠲᠠ ᠬᠠᠮᠵᠢᠯᠴᠠᠨ᠂ ︽ᠬᠤᠪᠢᠯᠭᠠᠨ ᠣᠩᠭᠤᠴᠠ ᠠᠷᠪᠠᠨ ᠳᠣᠯᠣᠳᠤᠭᠠᠷ︾᠎ ᠠᠴᠠ ︽ᠬᠤᠪᠢᠯᠭᠠᠨ ᠣᠩᠭᠤᠴᠠ ᠠᠷᠪᠠ ᠶᠢᠰᠦᠳᠦᠭᠡᠷ︾ ᠬᠦᠷᠲᠡᠯᠡᠬᠢ ᠴᠡᠷᠢᠭ ᠠᠩᠭᠢ ᠪᠠ ᠣᠷᠣᠨ ᠨᠤᠲᠤᠭ ᠤᠨ ᠬᠠᠮᠲᠤᠷᠠᠭᠰᠠᠨ ᠡᠷᠢᠵᠦ ᠠᠪᠤᠷᠠᠬᠤ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠶᠡᠷᠦᠩᠬᠡᠶᠢᠯᠡᠭᠰᠡᠨ ᠪᠠᠲᠤᠯᠠᠭ᠎ᠠ ᠶᠢᠨ ᠦᠢᠯᠡᠳᠦᠯ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠪᠡ᠃    ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠰᠤᠮᠤ ᠪᠠᠯᠭᠠᠰᠤᠨ ᠤ ᠨᠠᠮ ᠤᠨ ᠬᠤᠷᠢᠶ᠎ᠠ᠂ ᠡᠷᠦᠬᠡ ᠶᠢᠨ ᠴᠡᠷᠢᠭ ᠤᠨ ᠰᠠᠯᠠᠭ᠎ᠠ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠴᠢᠳᠠᠮᠵᠢ ᠵᠢᠴᠢ ᠨᠠᠮ ᠤᠨ ᠭᠡᠰᠢᠭᠦᠨ ᠤ ᠵᠢᠱᠢᠶᠡᠴᠢ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠦᠵᠡᠯ ᠰᠠᠨᠠᠭ᠎ᠠ ᠪᠠ ᠦᠶᠯᠡ ᠠᠵᠢᠯᠯᠠᠭ᠎ᠠ ᠪᠠᠨ ᠨᠠᠮ ᠤᠨ ᠲᠥᠪ ᠬᠤᠷᠢᠶ᠎ᠠ ᠪᠠ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠬᠦ ᠬᠡᠷᠡᠭᠲᠡᠢ᠃ ᠡᠯ᠎ᠡ ᠱᠠᠲᠤᠨ ᠤ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠪᠠ ᠠᠷᠢᠭᠤᠨ ᠴᠢᠬᠡᠴᠢ ᠪᠠᠷ ᠴᠡᠷᠢᠭ ᠡᠯᠰᠡᠬᠦ᠂ ᠵᠠᠷᠤᠳᠠᠯ ᠵᠠᠷᠤᠯᠭ᠎ᠠ ᠵᠡᠷᠭᠡ ᠭᠤᠣᠯᠳᠠᠯᠭ᠎ᠠ ᠲᠠᠢ ᠬᠦᠷᠢᠶ᠎ᠡ ᠶᠢ ᠴᠢᠩᠭ᠎ᠠ ᠠᠩᠬᠠᠷᠴᠤ᠂ ᠬᠢᠨᠠᠯᠲᠠ ᠲᠠᠯᠪᠢᠵᠤ ᠪᠠᠶᠢᠴᠠᠭᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠬᠤ ᠬᠡᠷᠡᠭᠲᠡᠢ᠃ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠰᠦᠪᠡᠭᠴᠢᠯᠡᠨ ᠪᠠᠶᠢᠭᠤᠯᠵᠤ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ᠂ ᠲᠠᠶᠢᠨ ᠤ ᠪᠡᠯᠡᠳᠬᠡᠯ ᠤᠨ ᠳᠦᠷᠢᠮ ᠲᠣᠭᠲᠠᠭᠠᠯ ᠢ ᠴᠢᠩᠭ᠎ᠠ ᠨᠠᠶᠢᠳᠠᠪᠤᠷᠢᠵᠢᠭᠤᠯᠵᠤ᠂ ᠰᠣᠷᠢᠯᠲᠠ ᠳᠤ ᠰᠠᠭᠤᠬᠤ ᠪᠣᠯᠪᠠᠰᠤᠷᠠᠯ ᠤᠨ ᠣᠷᠣᠨ ᠪᠦᠰᠡ ᠶᠢᠨ ᠠᠮᠤᠷ ᠲᠦᠪᠰᠢᠨ ᠢ ᠬᠠᠮᠢᠶᠠᠷᠤᠨ ᠡᠵᠡᠮᠳᠡᠬᠦ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠬᠢᠯᠢ ᠬᠢᠵᠠᠭᠠᠷ ᠤᠨ ᠬᠤᠯᠪᠤᠭᠠᠯᠠᠨ ᠬᠠᠮᠢᠶᠠᠷᠤᠨ ᠡᠵᠡᠮᠳᠡᠬᠦ᠂ ᠤᠢ ᠰᠢᠭᠤᠢ ᠶᠢᠨ ᠭᠠᠯ ᠰᠡᠷᠭᠡᠶᠢᠯᠡᠬᠦ ᠵᠡᠷᠭᠡ ᠪᠠᠴᠢᠮ ᠪᠠᠶᠢᠳᠠᠯ ᠢ ᠠᠷᠭᠠᠴᠠᠬᠤ ᠭᠡᠨᠡᠳᠲᠡ ᠶᠢᠨ ᠪᠠᠶᠢᠳᠠᠯ ᠢ ᠰᠢᠢᠳᠪᠦᠷᠢᠯᠡᠬᠦ ᠶᠢ ᠦᠷᠭᠦᠯᠵᠢᠯᠡᠨ ᠴᠢᠩᠭᠠᠳᠬᠠᠬᠤ ᠬᠡᠷᠡᠭᠲᠡᠢ᠃ ︽  ᠬᠤᠪᠢᠯᠭᠠᠨ ᠣᠩᠭᠤᠴᠠ ᠶᠢ ᠬᠠᠮᠠᠭᠠᠯᠠᠬᠤ︾ ᠡᠷᠦᠬᠡ ᠶᠢᠨ ᠴᠡᠷᠢᠭ ᠤᠨ ᠬᠤᠪᠢᠶᠠᠷᠢ ᠠᠩᠭᠢ ᠶᠢᠨ ᠨᠠᠷᠠᠲᠤ ᠲᠡᠮᠳᠡᠭᠲᠦ ᠶᠢ ᠬᠦᠴᠦᠯᠡᠨ ᠪᠣᠶ ᠪᠣᠯᠭᠠᠵᠤ᠂ ︽ᠨᠢᠭᠡ ᠳᠤ ᠮᠡᠷᠭᠡᠰᠢᠵᠦ ᠣᠯᠠᠨ ᠴᠢᠳᠠᠪᠤᠷᠢ ᠲᠠᠢ ᠪᠠᠶᠢᠬᠤ︾ ᠦᠢᠯᠡᠳᠦᠯ ᠢ ᠭᠦᠢᠴᠡᠳ ᠪᠠᠳᠠᠷᠠᠭᠤᠯᠤᠨ᠂ ᠪᠠᠶᠢᠯᠳᠤᠭᠠᠨ ᠤ ᠲᠣᠭᠤᠷᠢᠭ ᠤᠨ ᠡᠷᠦᠬᠡ ᠶᠢᠨ ᠴᠡᠷᠢᠭ ᠢ ᠤᠭᠲᠤᠬᠤ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠦᠪᠵᠢᠭᠦᠯᠭᠡ ᠶᠢᠨ ᠴᠢᠳᠠᠪᠤᠷᠢ ᠶᠢᠨ ᠪᠠᠷᠢᠮᠵᠢᠶ᠎ᠠ ᠳᠤ ᠬᠦᠷᠦᠭᠰᠡᠨ ᠪᠠᠶᠢᠳᠠᠯ ᠢ ᠪᠠᠶᠢᠴᠠᠭᠠᠵᠤ ᠦᠨᠡᠯᠡᠨ ᠵᠢᠱᠢᠬᠦ ᠪᠡᠯᠡᠳᠬᠡᠯ ᠢ ᠰᠠᠶᠢᠲᠤᠷ ᠬᠢᠬᠦ ᠬᠡᠷᠡᠭᠲᠡᠢ᠃ ︽ᠭᠤᠷᠪᠠᠨ ᠥᠷᠥᠭᠡ ᠨᠢᠭᠡ ᠬᠥᠮᠥᠷᠭᠡ︾᠎ ᠶᠢᠨ ᠵᠢᠩᠬᠢᠨᠢᠴᠢᠯᠡᠬᠦ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠵᠤ᠂ ᠣᠲᠣ ᠶᠢᠨ ᠪᠠᠶᠢᠭ᠎ᠠ ᠡᠬᠢ ᠪᠠᠶᠠᠯᠢᠭ ᠢ ᠭᠦᠢᠴᠡᠳ ᠠᠰᠢᠭᠯᠠᠨ᠂ ᠲᠣᠰ ᠲᠣᠰ ᠤᠨ ᠣᠨᠴᠠᠯᠢᠭ ᠲᠠᠢ ᠦᠨᠳᠦᠰᠦᠨ ᠱᠠᠲᠤᠨ ᠤ ᠵᠡᠪᠰᠡᠭᠲᠦ ᠬᠦᠴᠦᠨ ᠤ ᠬᠡᠯᠲᠡᠰ ᠢ ᠪᠠᠶᠢᠭᠤᠯᠵᠤ᠂ ᠦᠨᠳᠦᠰᠦᠨ ᠱᠠᠲᠤᠨ ᠤ ᠵᠡᠪᠰᠡᠭᠲᠦ ᠬᠦᠴᠦᠨ ᠤ ᠬᠡᠯᠲᠡᠰ ᠤᠨ ᠠᠵᠢᠯ ᠢ ᠲᠠᠰᠤᠷᠠᠯᠲᠠ ᠦᠭᠡᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠬᠦᠴᠦᠲᠡᠢ ᠠᠷᠭ᠎ᠠ ᠬᠡᠮᠵᠢᠶ᠎ᠡ ᠪᠠᠷ ᠮᠠᠨ ᠤ ᠬᠤᠰᠢᠭᠤᠨ ᠤ ᠵᠡᠪᠰᠡᠭᠲᠦ ᠬᠦᠴᠦᠨ ᠤ ᠠᠵᠢᠯ ᠤᠨ ᠰᠢᠨ᠎ᠡ ᠬᠥᠭᠵᠢᠯᠲᠡ ᠰᠢᠨ᠎ᠡ ᠰᠢᠪᠲᠤᠯᠤᠯᠲᠠ ᠲᠠᠢ ᠪᠣᠯᠬᠤ ᠶᠢ ᠲᠦᠯᠬᠢᠨ ᠠᠬᠢᠭᠤᠯᠬᠤ ᠬᠡᠷᠡᠭᠲᠡᠢ᠃    ᠡᠯ᠎ᠡ ᠰᠤᠮᠤ ᠪᠠᠯᠭᠠᠰᠤᠨ ᠤ ᠨᠠᠮ ᠤᠨ ᠬᠤᠷᠢᠶᠠᠨ ᠤ ᠱᠦᠵᠢ᠂ ᠪᠠᠯᠭᠠᠰᠤᠨ ᠤ ᠳᠠᠷᠤᠭ᠎ᠠ᠂ ᠦᠨᠳᠦᠰᠦᠨ ᠱᠠᠲᠤᠨ ᠤ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ᠂ ᠠᠵᠢᠯᠯᠠᠭᠴᠢ ᠵᠢᠴᠢ ᠪᠠᠶᠢᠭᠤᠯᠤᠯᠭ᠎ᠠ ᠶᠢᠨ ᠪᠢᠴᠢᠭ ᠤᠨ ᠠᠵᠢᠯᠲᠠᠨ᠂ ᠠᠵᠢᠯᠲᠠᠨ ᠠᠵᠢᠯᠴᠢᠨ ᠬᠤᠷᠠᠯ ᠳᠤ ᠣᠷᠣᠯᠴᠠᠪᠠ᠃
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号