ᠴᠠᠭᠠᠨ ᠰᠠᠷ᠎ᠠ ᠶᠢᠨ ᠰᠤᠷᠭᠤᠭ ᠴᠡᠴᠡᠭ ᠤᠨ ᠵᠠᠬ᠎ᠠ ᠳᠡᠯᠭᠡᠭᠦᠷ ᠬᠦᠷ ᠨᠠᠷᠬᠢᠶᠠᠨ ᠢᠶᠠᠷ ᠪᠢᠯᠬᠠᠷᠠᠨ᠎ᠠ
ᠨᠡᠶᠢᠲᠡᠯᠡᠭᠰᠡᠨ ᠴᠠᠭ᠄
2025/1/24
    ᠰᠢᠨ᠎ᠠ ᠵᠢᠯ ᠴᠠᠭᠠᠨ ᠰᠠᠷ᠎ᠠ ᠣᠶᠢᠷᠠᠳᠬᠤ ᠶᠢ ᠲᠠᠭᠠᠯᠳᠤᠨ ᠬᠤᠰᠢᠭᠤᠨ ᠤ ᠬᠤᠸᠠᠷ ᠴᠡᠴᠡᠭ ᠤᠨ ᠵᠠᠬ᠎ᠠ ᠳᠡᠯᠭᠡᠭᠦᠷ ᠶᠡᠭᠡ ᠬᠦᠷ ᠨᠠᠷᠬᠢᠶᠠᠨ ᠲᠠᠢ ᠪᠤᠯᠵᠤ᠂ ᠮᠢᠷᠠᠯᠵᠠᠨ ᠳᠡᠯᠭᠡᠷᠡᠭᠰᠡᠨ ᠬᠤᠸᠠᠷ ᠴᠡᠴᠡᠭ ᠵᠠᠬ᠎ᠠ ᠳᠡᠯᠭᠡᠭᠦᠷ ᠲᠤ ᠭᠠᠷᠴᠤ᠂ ᠮᠠᠰᠢ ᠤᠯᠠᠨ ᠭᠡᠷ ᠪᠦᠯᠢ ᠶᠢᠨ ᠬᠢᠨ ᠪᠠᠶᠠᠷ ᠤᠨ ᠡᠳᠦᠷ ᠢᠶᠠᠨ ᠥᠩᠭᠡᠷᠡᠭᠦᠯᠬᠦ ᠲᠠᠷᠢᠬᠦᠨ ᠰᠣᠩᠭᠤᠯᠲᠠ ᠪᠤᠯᠤᠭᠰᠠᠨ ᠪᠠᠶᠢᠨ᠎ᠠ᠃     ᠤᠶᠢᠷ᠎ᠠ ᠶᠢᠨ ᠡᠳᠦᠷ᠂  ᠬᠤᠰᠢᠭᠤᠨ ᠤ ᠬᠤᠸᠠᠷ ᠴᠡᠴᠡᠭ ᠤᠨ ᠵᠠᠬ᠎ᠠ ᠲᠡᠯᠬᠡᠬᠦᠷ ᠢᠶᠠᠷ ᠬᠦᠷᠬᠦ ᠳᠤ ᠦᠩᠬᠡ ᠢᠯᠭᠠᠷᠠᠮ᠎ᠠ ᠬᠤᠸᠠᠷ ᠴᠡᠴᠡᠭ ᠦᠢ ᠤᠯᠠᠨ ᠬᠦᠮᠦᠰ ᠤᠨ ᠠᠩᠬᠠᠷᠤᠯ ᠢ ᠲᠠᠳᠠᠵᠤ᠂ ᠥᠩᠭᠡ ᠪᠤᠳᠤᠭ ᠨᠢ ᠭᠤᠶᠣ ᠰᠠᠶᠢᠬᠠᠨ ᠲᠦᠷᠦᠯ ᠵᠦᠢᠯ ᠨᠢ ᠡᠯᠪᠡᠭ ᠪᠠᠶᠠᠯᠢᠭ ᠬᠤᠸᠠᠷ ᠴᠡᠴᠡᠭ ᠨᠢ ᠬᠡᠷᠡᠭᠯᠡᠭᠴᠢᠳ ᠤᠨ ᠳᠤᠷ᠎ᠠ ᠪᠠᠬ᠎ᠠ ᠶᠢ ᠶᠡᠬᠡᠳᠡ ᠲᠠᠳᠠᠨ᠂ ᠬᠡᠷᠡᠭᠯᠡᠭᠴᠢᠳ ᠦᠪᠡᠷ ᠲᠡᠭᠡᠨ ᠲᠠᠭᠠᠯᠠᠭᠳᠠᠭᠰᠠᠨ ᠫᠧᠩᠰᠡᠲᠦ ᠤᠷᠭᠤᠮᠠᠯ ᠢ ᠨᠠᠷᠢᠨ ᠨᠢᠮᠪᠠᠢ ᠰᠣᠩᠭᠤᠵᠤ ᠠᠪᠤᠨ᠎ᠠ᠃    ᠴᠡᠴᠡᠭ ᠤᠨ ᠳᠡᠯᠭᠡᠭᠦᠷ ᠤᠨ ᠡᠵᠡᠨ ᠰᠢᠦᠢ ᠱᠧᠩ ᠯᠦᠩ᠄ ︽ᠰᠢᠨ᠎ᠡ ᠵᠢᠯ ᠤᠳᠠᠯ ᠦᠭᠡᠢ ᠬᠦᠷᠴᠦ ᠢᠷᠡᠬᠦ ᠭᠡᠵᠦ ᠪᠠᠶᠢᠨ᠎ᠠ᠂ ᠴᠡᠴᠡᠭ ᠬᠤᠳᠠᠯᠳᠤᠨ ᠠᠪᠬᠤ ᠵᠣᠴᠢᠳ ᠴᠤ ᠮᠠᠰᠢ ᠣᠯᠠᠨ ᠪᠠᠶᠢᠨ᠎ᠠ᠂ ᠪᠣᠷᠤᠯᠠᠭᠤᠯᠭ᠎ᠠ ᠰᠠᠶᠢᠲᠠᠢ ᠴᠡᠴᠡᠭ ᠤᠨ ᠲᠦᠷᠦᠯ ᠪᠣᠯ ᠴᠠᠭᠠᠨ ᠰᠠᠷ᠎ᠠ ᠶᠢᠨ ᠠᠷᠪᠠᠨ ᠲᠠᠪᠤᠨ ᠤ ᠴᠡᠴᠡᠭ ᠢᠶᠠᠷ ᠭᠤᠣᠯᠯᠠᠵᠤ᠂ ᠴᠡᠴᠡᠭ ᠨᠢ ᠬᠥᠮᠥᠰ ᠤᠨ ᠬᠦᠷᠢᠶᠡᠯᠡᠯ ᠢ ᠶᠡᠬᠡᠳᠡ ᠣᠯᠵᠤ᠂ ᠦᠯᠵᠠᠢ ᠪᠡᠯᠬᠡ ᠲᠠᠢ ᠮᠠᠰᠢ ᠰᠠᠶᠢᠨ ᠪᠠᠶᠢᠳᠠᠭ᠂ ᠥᠩᠭᠡ ᠢᠯᠭᠠᠷᠠᠭᠰᠠᠨ ᠴᠡᠴᠡᠭ ᠨᠢ ᠰᠠᠶᠢᠬᠠᠨ ᠮᠥᠷᠲᠡᠭᠡᠨ ᠰᠢᠨ᠎ᠡ ᠵᠢᠯ ᠳᠤ ᠴᠦ ᠮᠠᠰᠢ ᠣᠯᠠᠨ ᠰᠢᠨ᠎ᠡ ᠵᠢᠯ ᠤᠨ ᠦᠨᠦᠷ ᠠᠮᠲᠠ ᠎ ᠶᠢ ᠨᠡᠮᠡᠷᠢᠯᠡᠭᠰᠡᠨ ᠪᠠᠶᠢᠨ᠎ᠠ︾ ᠭᠡᠪᠡ᠃    ᠡᠭᠦᠨ ᠠᠴᠠ ᠭᠠᠳᠠᠨ᠎ᠠ᠂ ᠴᠠᠩ ᠴᠢᠩ ᠴᠡᠴᠡᠭ ᠤᠨ ᠲᠡᠯᠬᠡᠬᠦᠷ᠂ ᠠᠢ ᠭᠧ ᠰᠣᠷᠭᠤᠭ ᠴᠡᠴᠡᠭ ᠤᠨ ᠲᠡᠯᠬᠡᠬᠦᠷ ᠎ ᠢᠶᠠᠷ ᠰᠠᠷᠭᠠᠢ ᠴᠡᠴᠡᠭ᠂ ᠬᠡᠯᠡᠭᠡᠢ ᠰᠠᠷᠠᠨ᠎ᠠ ᠴᠡᠴᠡᠭ᠂ ᠨᠡᠷᠡᠨ ᠭᠦᠦᠷ ᠵᠡᠷᠭᠡ ᠤᠯᠠᠨ ᠲᠦᠷᠦᠯ ᠤᠨ ᠴᠡᠴᠡᠭ ᠬᠤᠸᠠᠷ ᠪᠠᠶᠢᠨ᠎ᠠ᠂  ᠥᠪᠡᠷᠮᠢᠴᠡ ᠭᠠᠳᠠᠷ ᠪᠠᠶᠢᠳᠠᠯ ᠪᠠ ᠠᠩᠬᠢᠯᠤᠮ᠎ᠠ ᠰᠠᠶᠢᠬᠠᠨ ᠦᠨᠦᠷ ᠢᠶᠠᠷ ᠢᠶᠠᠨ ᠴᠥᠭᠡᠨ ᠪᠤᠰᠤ ᠵᠣᠴᠢᠳ ᠤᠨ ᠠᠩᠬᠠᠷᠤᠯ ᠢ ᠲᠠᠲᠠᠵᠤ ᠪᠣᠶ ᠃    ᠵᠣᠴᠢᠨ ᠵᠠᠩ ᠵᠢᠦ ᠴᠢᠶᠠᠩ᠄ ︽ᠴᠠᠭᠠᠨ ᠰᠠᠷ᠎ᠠ ᠪᠣᠯᠣᠯ᠎ᠠ᠂ ᠪᠢ ᠫᠧᠩᠰᠡᠲᠦ ᠴᠡᠴᠡᠭ ᠠᠪᠬᠤ ᠪᠠᠷ ᠢᠷᠡᠵᠡᠢ᠂ ᠡᠨᠡ ᠭᠡᠷ ᠤᠨ ᠴᠡᠴᠡᠭ ᠶᠡᠭᠡ ᠰᠠᠢᠨ᠂ ᠭᠡᠷ ᠲᠡᠭᠡᠨ ᠫᠧᠩᠰᠡᠲᠦ ᠴᠡᠴᠡᠭ ᠬᠤᠳᠠᠯᠳᠤᠵᠤ ᠠᠪᠤᠭᠠᠳ ᠬᠦᠷ ᠬᠥᠭᠵᠢᠶᠡᠨ ᠲᠠᠢ ᠰᠢᠨᠠᠯᠠᠨ᠎ᠠ︾ ᠭᠡᠪᠡ᠃    ᠴᠠᠭᠠᠨ ᠰᠠᠷ᠎ᠠ ᠶᠢᠨ ᠬᠤᠸᠠᠷ ᠴᠡᠴᠡᠭ ᠨᠢ ᠵᠠᠰᠠᠯ ᠴᠢᠮᠡᠭᠯᠡᠯ ᠲᠡᠳᠦᠢ ᠪᠢᠰᠢ᠂ ᠨᠠᠩ ᠴᠤ ᠰᠣᠶᠣᠯ ᠪᠠ ᠬᠠᠶᠢᠷ᠎ᠠ ᠰᠡᠳᠬᠢᠯᠭᠡ ᠶᠢ ᠠᠴᠢᠶᠠᠯᠠᠵᠤ ᠪᠠᠶᠢᠳᠠᠭ᠃ ᠬᠥᠮᠥᠰ ᠲᠡᠭᠦᠨ ᠢᠶᠠᠷ ᠭᠡᠷ ᠤᠷᠤᠨ ᠢᠶᠠᠨ ᠴᠢᠮᠡᠭᠯᠡᠨ᠂ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠢᠶᠠᠨ ᠲᠠᠮᠵᠢᠭᠤᠯᠳᠠᠭ᠂ ᠡᠨᠡᠬᠦ ︽ᠴᠡᠴᠡᠭ ᠤᠨ ᠤᠷᠤᠰᠬᠠᠯ︾᠎ ᠨᠢ ᠴᠠᠭᠠᠨ ᠰᠠᠷ᠎ᠠ ᠶᠢᠨ ᠠᠭᠤᠷ ᠠᠮᠢᠰᠬᠤᠯ ᠢ ᠨᠠᠩ ᠥᠳᠬᠡᠨ ᠪᠣᠯᠭᠠᠵᠤ᠂ ᠪᠠᠰᠠ ᠣᠯᠠᠨ ᠳᠤ ᠬᠠᠪᠤᠷ ᠤᠨ ᠰᠠᠶᠢᠨ ᠰᠠᠶᠢᠬᠠᠨ ᠢ ᠤᠷᠢᠳᠴᠢᠯᠠᠨ ᠮᠡᠳᠡᠷᠡᠭᠦᠯᠵᠦ ᠪᠠᠶᠢᠨ᠎ᠠ᠃
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号