ᠡᠵᠠᠨ᠎ᠠ ᠬᠤᠰᠢᠭᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ 2024 ᠣᠨ ᠤ ᠨᠠᠮ ᠤᠨ ᠬᠤᠷᠢᠶᠠᠨ ᠤ ︵ᠥᠷᠭᠡᠳᠬᠡᠭᠰᠡᠨ︶ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/1/24
    1 ᠰᠠᠷ᠎ᠠ ᠶᠢᠨ 17 ᠤ ᠡᠳᠤᠷ᠂ ᠬᠤᠰᠢᠭᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ 2024 ᠣᠨ ᠤ ᠨᠠᠮ ᠤᠨ ᠬᠤᠷᠢᠶᠠᠨ ᠤ ︵ᠥᠷᠭᠡᠳᠬᠡᠭᠰᠡᠨ︶ ᠬᠤᠷᠠᠯ ᠬᠤᠷᠠᠯᠳᠤᠭᠤᠯᠵᠤ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠬᠡᠰᠢᠬᠦᠨ ᠪᠦ᠋ ᠴᠧᠩ ᠭᠤᠸᠠᠩ ᠬᠤᠷᠠᠯ ᠡᠷᠭᠢᠯᠡᠵᠦ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ ᠾᠧ ᠲᠤᠤ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠷᠧᠨ ᠰᠢᠨ ᠹᠦ᠋ ᠬᠤᠷᠠᠯ ᠳᠤ ᠣᠷᠣᠯᠴᠠᠵᠠᠢ᠃    ᠬᠤᠷᠠᠯ ᠠᠴᠠ ᠥᠪᠥᠷ ᠮᠣᠩᠭᠤᠯ ᠤᠨ ᠴᠡᠷᠢᠭ ᠤᠨ ᠲᠣᠭᠤᠷᠢᠭ ᠤᠨ ᠨᠠᠮ ᠤᠨ ᠬᠤᠷᠢᠶ᠎ᠠ᠂ ᠴᠡᠷᠢᠭ ᠤᠨ ᠬᠤᠪᠢᠶᠠᠷᠢ ᠲᠣᠭᠤᠷᠢᠭ ᠤᠨ ᠨᠠᠮ ᠤᠨ ᠬᠤᠷᠢᠶ᠎ᠠ ︵ᠥᠷᠭᠡᠳᠬᠡᠭᠰᠡᠨ︶ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠭᠰᠠᠨ ᠪᠥᠭᠡᠳ 2024 ᠣᠨ ᠤ ᠠᠵᠢᠯ ᠤᠨ ᠪᠣᠳᠠᠲᠤ ᠠᠮᠵᠢᠯᠲᠠ ᠪᠠᠷ ᠲᠣᠪᠣᠶᠢᠮ᠎ᠠ ᠲᠡᠷᠢᠭᠦᠨ ᠤ ᠨᠢᠭᠡᠴᠡ ᠪᠣᠯᠣᠨ ᠬᠤᠪᠢ ᠬᠥᠮᠥᠨ ᠢ ᠬᠥᠬᠢᠭᠦᠯᠦᠨ ᠰᠠᠶᠢᠰᠢᠶᠠᠪᠠ᠃    ᠬᠤᠷᠠᠯ ᠠᠴᠠ ᠵᠢᠭᠠᠵᠤ ᠭᠠᠷᠭᠠᠭᠰᠠᠨ ᠨᠢ᠂ 2024 ᠣᠨ ᠳᠤ᠂ ᠬᠤᠰᠢᠭᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠨᠠᠮ ᠤᠨ ᠬᠤᠷᠢᠶ᠎ᠠ ᠨᠠᠮ ᠤᠨ ᠬᠤᠷᠢᠳᠤᠭᠠᠷ ᠶᠡᠭᠡ ᠬᠤᠷᠠᠯ᠂ ᠬᠤᠷᠢᠳᠤᠭᠠᠷ ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠤᠯᠤᠰ ᠲᠥᠷᠥ ᠶᠢᠨ ᠠᠵᠢᠯ ᠤᠨ ᠬᠤᠷᠠᠯ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠣᠨ ᠰᠢ ᠶᠢᠨ ᠫᠢᠩ ᠤᠨ ᠴᠡᠷᠢᠭ ᠢᠶᠠᠨ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠠᠵᠢᠯ ᠢ ᠭᠦᠨᠵᠡᠭᠡᠢ ᠥᠷᠨᠢᠭᠦᠯᠵᠦ᠂ ᠳᠡᠭᠡᠳᠦ ᠱᠠᠲᠤᠨ ᠤ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠲᠣᠣᠱᠯᠠᠭᠤᠯᠤᠨ ᠨᠠᠶᠢᠳᠠᠪᠤᠷᠢᠵᠢᠭᠤᠯᠵᠤ᠂ ᠡᠳᠦᠷ ᠲᠤᠲᠤᠮ ᠤᠨ ᠲᠡᠶᠢᠨ ᠤ ᠪᠡᠯᠡᠳᠬᠡᠯ ᠤᠨ ᠳᠦᠷᠢᠮ ᠪᠠ ᠴᠡᠷᠢᠭ ᠤᠨ ᠶᠠᠪᠤᠳᠠᠯ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠯᠠᠪᠳᠠᠭᠤᠨ ᠪᠠᠲᠤᠲᠠᠢ ᠲᠦᠯᠬᠢᠨ ᠠᠬᠢᠭᠤᠯᠵᠤ᠂ ᠴᠡᠷᠢᠭ ᠠᠩᠭᠢ ᠪᠠ ᠣᠷᠣᠨ ᠨᠤᠲᠤᠭ ᠤᠨ ᠬᠤᠭᠤᠷᠣᠨᠳᠤ ᠪᠠᠨ ᠨᠢᠭᠲᠠ ᠬᠠᠮᠵᠢᠯᠴᠠᠨ᠂ ︽ᠬᠤᠪᠢᠯᠭᠠᠨ ᠣᠩᠭᠤᠴᠠ ᠠᠷᠪᠠᠨ ᠳᠣᠯᠣᠳᠤᠭᠠᠷ︾ ᠠᠴᠠ ︽ᠬᠤᠪᠢᠯᠭᠠᠨ ᠣᠩᠭᠤᠴᠠ ᠠᠷᠪᠠ ᠶᠢᠰᠦᠳᠦᠭᠡᠷ︾ ᠬᠦᠷᠲᠡᠯᠡᠬᠢ ᠴᠡᠷᠢᠭ ᠠᠩᠭᠢ ᠪᠠ ᠣᠷᠣᠨ ᠨᠤᠲᠤᠭ ᠤᠨ ᠬᠠᠮᠲᠤᠷᠠᠭᠰᠠᠨ ᠡᠷᠢᠵᠦ ᠠᠪᠤᠷᠠᠬᠤ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠶᠡᠷᠦᠩᠬᠡᠶᠢᠯᠡᠭᠰᠡᠨ ᠪᠠᠲᠤᠯᠠᠭ᠎ᠠ ᠶᠢᠨ ᠦᠢᠯᠡᠳᠦᠯ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠪᠡ᠃    ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠰᠤᠮᠤ ᠪᠠᠯᠭᠠᠰᠤᠨ ᠤ ᠨᠠᠮ ᠤᠨ ᠬᠤᠷᠢᠶ᠎ᠠ᠂ ᠡᠷᠦᠬᠡ ᠶᠢᠨ ᠴᠡᠷᠢᠭ ᠤᠨ ᠰᠠᠯᠠᠭ᠎ᠠ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠴᠢᠳᠠᠮᠵᠢ ᠵᠢᠴᠢ ᠨᠠᠮ ᠤᠨ ᠭᠡᠰᠢᠭᠦᠨ ᠤ ᠵᠢᠱᠢᠶᠡᠴᠢ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠦᠵᠡᠯ ᠰᠠᠨᠠᠭ᠎ᠠ ᠪᠠ ᠦᠶᠯᠡ ᠠᠵᠢᠯᠯᠠᠭ᠎ᠠ ᠪᠠᠨ ᠨᠠᠮ ᠤᠨ ᠲᠥᠪ ᠬᠤᠷᠢᠶ᠎ᠠ ᠪᠠ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠬᠦ ᠬᠡᠷᠡᠭᠲᠡᠢ᠃ ᠡᠯ᠎ᠡ ᠱᠠᠲᠤᠨ ᠤ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠪᠠ ᠠᠷᠢᠭᠤᠨ ᠴᠢᠬᠡᠴᠢ ᠪᠠᠷ ᠴᠡᠷᠢᠭ ᠡᠯᠰᠡᠬᠦ᠂ ᠵᠠᠷᠤᠳᠠᠯ ᠵᠠᠷᠤᠯᠭ᠎ᠠ ᠵᠡᠷᠭᠡ ᠭᠤᠣᠯᠳᠠᠯᠭ᠎ᠠ ᠲᠠᠢ ᠬᠦᠷᠢᠶ᠎ᠡ ᠶᠢ ᠴᠢᠩᠭ᠎ᠠ ᠠᠩᠬᠠᠷᠴᠤ᠂ ᠬᠢᠨᠠᠯᠲᠠ ᠲᠠᠯᠪᠢᠵᠤ ᠪᠠᠶᠢᠴᠠᠭᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠬᠤ ᠬᠡᠷᠡᠭᠲᠡᠢ᠃ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠰᠦᠪᠡᠭᠴᠢᠯᠡᠨ ᠪᠠᠶᠢᠭᠤᠯᠵᠤ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ᠂ ᠲᠠᠶᠢᠨ ᠤ ᠪᠡᠯᠡᠳᠬᠡᠯ ᠤᠨ ᠳᠦᠷᠢᠮ ᠲᠣᠭᠲᠠᠭᠠᠯ ᠢ ᠴᠢᠩᠭ᠎ᠠ ᠨᠠᠶᠢᠳᠠᠪᠤᠷᠢᠵᠢᠭᠤᠯᠵᠤ᠂ ᠰᠣᠷᠢᠯᠲᠠ ᠳᠤ ᠰᠠᠭᠤᠬᠤ ᠪᠣᠯᠪᠠᠰᠤᠷᠠᠯ ᠤᠨ ᠣᠷᠣᠨ ᠪᠦᠰᠡ ᠶᠢᠨ ᠠᠮᠤᠷ ᠲᠦᠪᠰᠢᠨ ᠢ ᠬᠠᠮᠢᠶᠠᠷᠤᠨ ᠡᠵᠡᠮᠳᠡᠬᠦ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠬᠢᠯᠢ ᠬᠢᠵᠠᠭᠠᠷ ᠤᠨ ᠬᠤᠯᠪᠤᠭᠠᠯᠠᠨ ᠬᠠᠮᠢᠶᠠᠷᠤᠨ ᠡᠵᠡᠮᠳᠡᠬᠦ᠂ ᠤᠢ ᠰᠢᠭᠤᠢ ᠶᠢᠨ ᠭᠠᠯ ᠰᠡᠷᠭᠡᠶᠢᠯᠡᠬᠦ ᠵᠡᠷᠭᠡ ᠪᠠᠴᠢᠮ ᠪᠠᠶᠢᠳᠠᠯ ᠢ ᠠᠷᠭᠠᠴᠠᠬᠤ ᠭᠡᠨᠡᠳᠲᠡ ᠶᠢᠨ ᠪᠠᠶᠢᠳᠠᠯ ᠢ ᠰᠢᠢᠳᠪᠦᠷᠢᠯᠡᠬᠦ ᠶᠢ ᠦᠷᠭᠦᠯᠵᠢᠯᠡᠨ ᠴᠢᠩᠭᠠᠳᠬᠠᠬᠤ ᠬᠡᠷᠡᠭᠲᠡᠢ᠃ ︽  ᠬᠤᠪᠢᠯᠭᠠᠨ ᠣᠩᠭᠤᠴᠠ ᠶᠢ ᠬᠠᠮᠠᠭᠠᠯᠠᠬᠤ︾ ᠡᠷᠦᠬᠡ ᠶᠢᠨ ᠴᠡᠷᠢᠭ ᠤᠨ ᠬᠤᠪᠢᠶᠠᠷᠢ ᠠᠩᠭᠢ ᠶᠢᠨ ᠨᠠᠷᠠᠲᠤ ᠲᠡᠮᠳᠡᠭᠲᠦ ᠶᠢ ᠬᠦᠴᠦᠯᠡᠨ ᠪᠣᠶ ᠪᠣᠯᠭᠠᠵᠤ᠂ ︽ᠨᠢᠭᠡ ᠳᠤ ᠮᠡᠷᠭᠡᠰᠢᠵᠦ ᠣᠯᠠᠨ ᠴᠢᠳᠠᠪᠤᠷᠢ ᠲᠠᠢ ᠪᠠᠶᠢᠬᠤ︾ ᠦᠢᠯᠡᠳᠦᠯ ᠢ ᠭᠦᠢᠴᠡᠳ ᠪᠠᠳᠠᠷᠠᠭᠤᠯᠤᠨ᠂ ᠪᠠᠶᠢᠯᠳᠤᠭᠠᠨ ᠤ ᠲᠣᠭᠤᠷᠢᠭ ᠤᠨ ᠡᠷᠦᠬᠡ ᠶᠢᠨ ᠴᠡᠷᠢᠭ ᠢ ᠤᠭᠲᠤᠬᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠴᠢᠳᠠᠪᠤᠷᠢ ᠶᠢᠨ ᠪᠠᠷᠢᠮᠵᠢᠶ᠎ᠠ ᠳᠤ ᠬᠦᠷᠦᠭᠰᠡᠨ ᠪᠠᠶᠢᠳᠠᠯ ᠢ ᠪᠠᠶᠢᠴᠠᠭᠠᠵᠤ ᠦᠨᠡᠯᠡᠨ ᠵᠢᠱᠢᠬᠦ ᠪᠡᠯᠡᠳᠬᠡᠯ ᠢ ᠰᠠᠶᠢᠲᠤᠷ ᠬᠢᠬᠦ ᠬᠡᠷᠡᠭᠲᠡᠢ᠃ ︽ᠭᠤᠷᠪᠠᠨ ᠥᠷᠥᠭᠡ ᠨᠢᠭᠡ ᠬᠥᠮᠥᠷᠭᠡ︾ ᠶᠢᠨ ᠵᠢᠩᠬᠢᠨᠢᠴᠢᠯᠡᠬᠦ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠵᠤ᠂ ᠣᠲᠣ ᠶᠢᠨ ᠪᠠᠶᠢᠭ᠎ᠠ ᠡᠬᠢ ᠪᠠᠶᠠᠯᠢᠭ ᠢ ᠭᠦᠢᠴᠡᠳ ᠠᠰᠢᠭᠯᠠᠨ᠂ ᠲᠣᠰ ᠲᠣᠰ ᠤᠨ ᠣᠨᠴᠠᠯᠢᠭ ᠲᠠᠢ ᠦᠨᠳᠦᠰᠦᠨ ᠱᠠᠲᠤᠨ ᠤ ᠵᠡᠪᠰᠡᠭᠲᠦ ᠬᠦᠴᠦᠨ ᠤ ᠬᠡᠯᠲᠡᠰ ᠢ ᠪᠠᠶᠢᠭᠤᠯᠵᠤ᠂ ᠦᠨᠳᠦᠰᠦᠨ ᠱᠠᠲᠤᠨ ᠤ ᠵᠡᠪᠰᠡᠭᠲᠦ ᠬᠦᠴᠦᠨ ᠤ ᠬᠡᠯᠲᠡᠰ ᠤᠨ ᠠᠵᠢᠯ ᠢ ᠲᠠᠰᠤᠷᠠᠯᠲᠠ ᠦᠭᠡᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠬᠦᠴᠦᠲᠡᠢ ᠠᠷᠭ᠎ᠠ ᠬᠡᠮᠵᠢᠶ᠎ᠡ ᠪᠠᠷ ᠮᠠᠨ ᠤ ᠬᠤᠰᠢᠭᠤᠨ ᠤ ᠵᠡᠪᠰᠡᠭᠲᠦ ᠬᠦᠴᠦᠨ ᠤ ᠠᠵᠢᠯ ᠤᠨ ᠰᠢᠨ᠎ᠡ ᠬᠥᠭᠵᠢᠯᠲᠡ ᠰᠢᠨ᠎ᠡ ᠰᠢᠪᠲᠤᠯᠤᠯᠲᠠ ᠲᠠᠢ ᠪᠣᠯᠬᠤ ᠶᠢ ᠲᠦᠯᠬᠢᠨ ᠠᠬᠢᠭᠤᠯᠬᠤ ᠬᠡᠷᠡᠭᠲᠡᠢ᠃    ᠡᠯ᠎ᠡ ᠰᠤᠮᠤ ᠪᠠᠯᠭᠠᠰᠤᠨ ᠤ ᠨᠠᠮ ᠤᠨ ᠬᠤᠷᠢᠶᠠᠨ ᠤ ᠱᠦᠵᠢ᠂ ᠪᠠᠯᠭᠠᠰᠤᠨ ᠤ ᠳᠠᠷᠤᠭ᠎ᠠ᠂ ᠦᠨᠳᠦᠰᠦᠨ ᠱᠠᠲᠤᠨ ᠤ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ᠂ ᠠᠵᠢᠯᠯᠠᠭᠴᠢ ᠵᠢᠴᠢ ᠪᠠᠶᠢᠭᠤᠯᠤᠯᠭ᠎ᠠ ᠶᠢᠨ ᠪᠢᠴᠢᠭ ᠤᠨ ᠠᠵᠢᠯᠲᠠᠨ᠂ ᠠᠵᠢᠯᠲᠠᠨ ᠠᠵᠢᠯᠴᠢᠨ ᠬᠤᠷᠠᠯ ᠳᠤ ᠣᠷᠣᠯᠴᠠᠪᠠ᠃
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号