ᠤᠶᠢᠷ᠎ᠠ ᠳᠤ᠂ ᠬᠤᠰᠢᠭᠤᠨ ᠤ ᠰᠣᠶᠣᠯ ᠤᠨ ᠣᠷᠳᠣᠨ ᠠᠴᠠ ᠪᠦᠭᠦ ᠬᠤᠰᠢᠭᠤᠨ ᠤ ᠡᠯ᠎ᠡ ᠳᠤᠮᠳᠠᠳᠤ ᠪᠠᠭ᠎ᠠ | ᠰᠤᠷᠭᠠᠭᠤᠯᠢ ᠶᠢᠨ ᠰᠤᠷᠤᠭᠴᠢᠳ ᠲᠤ ᠰᠦᠢᠳᠬᠡᠯ ᠬᠤᠷᠢᠶᠠᠬᠤ ᠦᠭᠡᠢ ᠪᠠᠷ ᠣᠬᠤᠷ ᠬᠤᠭᠤᠴᠠᠭᠠᠨ ᠤ ᠬᠥᠭᠵᠢᠮ᠂ | ᠤᠷᠠᠨ ᠵᠢᠷᠤᠭ ᠤᠨ ᠪᠣᠯᠪᠠᠰᠤᠷᠠᠯ ᠤᠨ ᠠᠩᠭᠢ ᠶᠢ ᠡᠷᠬᠢᠯᠡᠵᠦ᠂ ᠡᠯᠪᠡᠭ ᠪᠠᠶᠠᠯᠢᠭ ᠤᠯᠠᠨ ᠶᠠᠩᠵᠤ ᠶᠢᠨ | ᠪᠣᠯᠪᠠᠰᠤᠷᠠᠯ ᠤᠨ ᠠᠭᠤᠯᠭ᠎ᠠ ᠨᠢ ᠵᠠᠯᠠᠭᠤᠴᠤᠳ ᠪᠠᠭᠠᠴᠤᠳ ᠤᠨ ᠡᠪᠦᠯ ᠤᠨ ᠠᠮᠠᠷᠠᠯᠲᠠ ᠶᠢᠨ ᠠᠮᠢᠳᠤᠷᠠᠯ ᠢ ᠲᠤᠶᠢᠯ ᠤᠨ | ᠶᠡᠭᠡ ᠪᠠᠷ ᠲᠡᠭᠦᠯᠳᠡᠷᠵᠢᠭᠦᠯᠦᠭᠰᠡᠨ ᠪᠠᠶᠢᠨ᠎ᠠ᠃ | ᠬᠥᠭᠵᠢᠮ ᠤᠨ ᠬᠢᠴᠢᠶᠡᠯ ᠳᠤ᠂ ᠨᠠᠶᠢᠵᠠᠮ ᠴᠤᠬᠢᠯᠭ᠎ᠠ ᠬᠥᠩᠭᠡᠨ᠂ ᠬᠠᠩᠭᠢᠨᠠᠮ᠎ᠠ ᠲᠠᠭᠤᠨ ᠲᠠᠢ ᠵᠢᠶᠠᠽᠢ ᠬᠡᠩᠭᠡᠷᠭᠡ | ᠪᠣᠯ ᠰᠤᠷᠤᠭᠴᠢᠳ ᠤᠨ ᠰᠣᠨᠢᠷᠬᠠᠯ ᠢ ᠲᠠᠲᠠᠳᠠᠭ ᠬᠢᠴᠢᠶᠡᠯ ᠤᠨ ᠨᠢᠭᠡ ᠨᠢ ᠶᠤᠮ᠂ ᠬᠡᠦᠬᠡᠳ ᠤᠳ ᠬᠡᠩᠭᠡᠷᠭᠡ ᠶᠢᠨ | ᠰᠢᠳᠠᠮ ᠠᠳᠬᠤᠨ᠂ ᠪᠠᠭᠰᠢ ᠶᠢᠨ ᠢᠶᠠᠨ ᠬᠥᠭᠵᠢᠮ ᠤᠨ ᠬᠠᠪᠰᠤᠷᠤᠯᠭ᠎ᠠ ᠶᠢ ᠳᠠᠭᠠᠵᠤ ᠥᠪᠡᠷ ᠤᠨ ᠲᠠᠭᠤᠤ | ᠬᠥᠭᠵᠢᠮ ᠤᠨ ᠶᠢᠷᠲᠢᠨᠴᠦ ᠳᠡᠭᠡᠨ ᠰᠣᠭᠲᠣᠭᠤᠷᠠᠨ᠎ᠠ᠃ ᠬᠤᠶᠠᠷ ᠤᠲᠠᠰᠤᠲᠤ ᠬᠤᠭᠤᠷ᠂ ᠬᠤᠯᠤᠰᠤᠨ ᠯᠢᠮᠪᠦ ᠪᠠ | ᠳᠤᠮᠳᠠᠳᠤ ᠤᠯᠤᠰ ᠤᠨ ᠬᠡᠩᠭᠡᠷᠭᠡ ᠪᠣᠯ ᠴᠥᠮ ᠳᠤᠮᠳᠠᠳᠤ ᠤᠯᠤᠰ ᠤᠨ ᠤᠯᠠᠮᠵᠢᠯᠠᠯᠲᠤ ᠬᠥᠭᠵᠢᠮ ᠪᠥᠭᠡᠳ ᠥᠨᠢ | ᠤᠳᠠᠭᠠᠨ ᠳᠠᠭᠤᠤ ᠬᠥᠭᠵᠢᠮ ᠤᠨ ᠲᠡᠦᠬᠡ ᠨᠢ ᠴᠦ ᠴᠥᠭᠡᠨ ᠪᠤᠰᠤ ᠰᠤᠷᠤᠭᠴᠢᠳ ᠤᠨ ᠰᠣᠨᠢᠷᠬᠠᠯ ᠢ ᠲᠠᠲᠠᠨ᠎ᠠ᠃ | ᠬᠢᠴᠢᠶᠡᠯᠯᠡᠬᠦ ᠶᠠᠪᠤᠴᠠ ᠳᠤ ᠪᠠᠭᠰᠢ ᠨᠢ ᠬᠤᠶᠠᠷ ᠤᠲᠠᠰᠤᠲᠤ ᠬᠤᠭᠤᠷ ᠪᠠ ᠬᠤᠯᠤᠰᠤᠨ ᠯᠢᠮᠪᠦ ᠶᠢᠨ ᠬᠥᠭᠵᠢᠮᠳᠡᠬᠦ | ᠠᠷᠭ᠎ᠠ ᠶᠢ ᠲᠠᠶᠢᠯᠪᠤᠷᠢᠯᠠᠭᠰᠠᠨ ᠢᠶᠠᠷ ᠪᠠᠷᠠᠬᠤ ᠦᠭᠡᠢ ᠪᠠᠰᠠ ᠰᠤᠷᠤᠭᠴᠢᠳ ᠲᠤ ᠬᠥᠭᠵᠢᠮᠳᠡᠭᠦᠷ ᠤᠨ ᠰᠤᠪᠢᠯᠠᠯᠲᠠ ᠶᠢᠨ | ᠲᠤᠬᠠᠢ ᠮᠡᠳᠡᠯᠭᠡ ᠶᠢ ᠲᠦᠭᠡᠮᠡᠯᠵᠢᠭᠦᠯᠵᠦ᠂ ᠳᠤᠮᠳᠠᠳᠤ ᠤᠯᠤᠰ ᠤᠨ ᠰᠢᠯᠢᠳᠡᠭ ᠤᠯᠠᠮᠵᠢᠯᠠᠯᠲᠤ ᠰᠣᠶᠣᠯ ᠤᠨ ᠮᠡᠳᠡᠯᠭᠡ | ᠶᠢᠨ ᠲᠤᠬᠠᠢ ᠬᠡᠦᠬᠡᠳ ᠤᠨ ᠣᠶᠢᠯᠠᠭᠠᠯᠲᠠ ᠶᠢ ᠨᠡᠮᠡᠭᠳᠡᠭᠦᠯᠵᠡᠢ᠃ | ᠳᠤᠮᠳᠠᠳᠤ ᠤᠯᠤᠰ ᠤᠨ ᠥᠪᠡᠷᠮᠢᠴᠡ ᠠᠶᠠᠰ ᠤᠨ ᠥᠩᠭᠡ ᠪᠠ ᠲᠣᠭᠯᠠᠯᠲᠠ ᠶᠢᠨ ᠬᠡᠯᠪᠡᠷᠢ ᠨᠢ ᠴᠦ ᠬᠡᠦᠬᠡᠳ ᠤᠨ | ᠠᠩᠬᠠᠷᠤᠯ ᠢ ᠲᠠᠲᠠᠵᠤ ᠪᠠᠶᠢᠳᠠᠭ᠃ ᠸᠠᠩ ᠰᠢᠤᠸᠠᠨ ᠪᠣᠯ ᠳᠤᠮᠳᠠᠳᠤ ᠤᠯᠤᠰ ᠤᠨ ᠬᠡᠩᠭᠡᠷᠭᠡ ᠶᠢᠨ ᠦᠨᠡᠨᠴᠢ | ᠰᠢᠳᠤᠷᠭᠤ ᠪᠢᠴᠢᠬᠠᠨ ᠬᠦᠷᠢᠶᠡᠯᠡᠭᠴᠢ ᠮᠥᠨ᠂ ᠳᠥᠷᠪᠡᠨ ᠵᠢᠯ ᠤᠨ ᠰᠤᠷᠤᠯᠴᠠᠯᠭ᠎ᠠ ᠨᠢ ᠲᠡᠭᠦᠨ ᠢ ᠳᠤᠮᠳᠠᠳᠤ | ᠤᠯᠤᠰ ᠤᠨ ᠬᠡᠩᠭᠡᠷᠭᠡ ᠶᠢᠨ ᠲᠣᠭᠯᠠᠯᠲᠠ ᠳᠤ ᠳᠠᠳᠮᠠᠭᠠᠢ ᠪᠣᠯᠭᠠᠵᠤ᠂ ᠢᠳᠡᠷᠡᠭᠦᠨ ᠳᠣᠷᠪᠢᠲᠠᠢ ᠬᠡᠩᠭᠡᠷᠭᠡ ᠶᠢᠨ | ᠳᠣᠬᠢᠶ᠎ᠠ ᠨᠢ ᠳᠡᠷᠭᠡᠳᠡᠬᠢ ᠪᠢᠴᠢᠬᠠᠨ ᠬᠠᠨᠢᠲᠠᠨ ᠢᠶᠠᠨ ᠳᠠᠭᠠᠭᠤᠯᠤᠨ ᠣᠷᠭᠢᠯᠤᠮ᠎ᠠ ᠬᠠᠯᠠᠭᠤᠨ ᠰᠡᠳᠬᠢᠯᠭᠡ ᠲᠠᠢ | ᠪᠣᠯᠭᠠᠵᠠᠢ᠃ | ᠰᠤᠷᠤᠭᠴᠢ ᠸᠠᠩ ᠰᠢᠤᠸᠠᠨ᠄ ︽ᠪᠢ ᠳᠤᠮᠳᠠᠳᠤ ᠤᠯᠤᠰ ᠤᠨ ᠬᠡᠩᠭᠡᠷᠭᠡ ᠶᠢ ᠮᠠᠰᠢ ᠲᠣᠭᠤᠨ᠎ᠠ᠂ ᠵᠢᠯ ᠪᠦᠷᠢ ᠶᠢᠨ | ᠥᠯᠵᠡᠶᠢᠲᠦ ᠡᠳᠦᠷ ᠤᠨ ᠪᠠᠶᠠᠷ ᠲᠤ ᠠᠭᠤᠳᠠᠮ ᠲᠠᠯᠠᠪᠠᠢ ᠳᠤ ᠪᠠᠭᠰᠢ ᠬᠠᠮᠲᠤ ᠰᠤᠷᠤᠯᠭᠠᠲᠠᠨ ᠲᠠᠢ ᠪᠠᠨ ᠬᠠᠮᠲᠤ | ᠳᠤᠮᠳᠠᠳᠤ ᠤᠯᠤᠰ ᠤᠨ ᠬᠡᠩᠭᠡᠷᠭᠡ ᠶᠢ ᠲᠣᠭᠯᠠᠳᠠᠭ᠂ ᠲᠤᠩ ᠪᠠᠶᠠᠷ ᠲᠠᠢ ᠪᠠᠶᠢᠳᠠᠭ︾ ᠭᠡᠪᠡ᠃ | ᠤᠷᠠᠨ ᠵᠢᠷᠤᠭ ᠤᠨ ᠬᠢᠴᠢᠶᠡᠯ ᠳᠡᠭᠡᠷ᠎ᠡ᠂ ᠪᠠᠭᠰᠢ ᠠᠴᠠ ᠪᠦᠲᠦᠭᠡᠯ ᠢᠶᠠᠨ ᠵᠠᠰᠠᠬᠤ ᠪᠠᠷ ᠳᠠᠮᠵᠢᠭᠤᠯᠤᠨ | ᠰᠤᠷᠤᠭᠴᠢᠳ ᠲᠤ ᠵᠢᠷᠤᠭ ᠳᠦᠷᠰᠦ ᠶᠢᠨ ᠬᠠᠷᠠᠩᠭᠤᠶ ᠬᠡᠰᠡᠭ ᠢ ᠰᠢᠢᠳᠪᠦᠷᠢᠯᠡᠬᠦ ᠶᠠᠪᠤᠴᠠ ᠶᠢ ᠵᠢᠭᠠᠵᠤ ᠥᠭᠭᠦᠨ᠎ᠡ᠃ | ᠬᠡᠦᠬᠡᠳ ᠤᠳ ᠵᠢᠷᠤᠭ ᠤᠨ ᠵᠢᠶᠠᠰᠠᠨ ᠤ ᠡᠮᠦᠨ᠎ᠡ ᠭᠡᠴᠢᠶᠡᠩᠭᠦᠶᠢᠯᠡᠨ ᠰᠠᠭᠤᠵᠤ᠂ ᠨᠢᠳᠦᠨ ᠡᠮᠦᠨᠡᠬᠢ ᠵᠢᠱᠢᠶ᠎ᠡ ᠵᠢᠷᠤᠭ ᠢ | ᠠᠵᠢᠭᠯᠠᠨ᠂ ᠶᠡᠭᠡ ᠳᠥᠯᠦᠪ ᠵᠢᠷᠤᠭᠯᠠᠨ ᠪᠣᠳᠤᠭ ᠢᠶᠠᠷ ᠥᠩᠭᠡᠯᠡᠵᠦ᠂ ᠪᠠᠭᠰᠢ ᠶᠢᠨ ᠲᠠᠶᠢᠯᠪᠤᠷᠢᠯᠠᠭᠰᠠᠨ ᠤᠷᠠᠨ | ᠵᠢᠷᠤᠭ ᠤᠨ ᠮᠡᠳᠡᠯᠭᠡ ᠶᠢ ᠥᠪᠡᠷ ᠤᠨ ᠪᠦᠲᠦᠭᠡᠯ ᠳᠡᠭᠡᠨ ᠪᠣᠳᠠᠳᠠᠢ ᠭᠡᠷᠡᠭᠯᠡᠨ᠎ᠡ᠃ | ᠣᠶᠢᠯᠠᠭᠠᠭᠰᠠᠨ ᠢᠶᠠᠷ᠂ ᠬᠤᠰᠢᠭᠤᠨ ᠤ ᠰᠣᠶᠣᠯ ᠤᠨ ᠣᠷᠳᠣᠨ ᠳᠤ ᠨᠡᠭᠡᠭᠡᠭᠰᠡᠨ ᠲᠦᠭᠡᠮᠡᠯ ᠬᠠᠷᠠᠭᠠᠯᠵᠠᠯ ᠤᠨ | ᠴᠢᠨᠠᠷᠲᠠᠶ ᠤᠷᠠᠯᠢᠭ ᠤᠨ ᠪᠣᠯᠪᠠᠰᠤᠷᠠᠯ ᠪᠣᠯ ᠨᠡᠶᠢᠭᠡᠮ ᠤᠨ ᠳᠠᠭᠤᠤ ᠬᠥᠭᠵᠢᠮ᠂ ᠤᠷᠠᠨ ᠵᠢᠷᠤᠭ ᠢ ᠲᠦᠭᠡᠮᠡᠯᠵᠢᠭᠦᠯᠬᠦ | ᠬᠥᠮᠦᠵᠢᠯ ᠳᠤ ᠴᠢᠭᠯᠡᠭᠦᠯᠦᠨ ᠥᠷᠨᠢᠭᠦᠯᠦᠭᠰᠡᠨ ᠨᠢᠭᠡ ᠵᠦᠢᠯ ᠤᠨ ᠭᠤᠤᠯᠳᠠᠯᠭ᠎ᠠ ᠲᠠᠢ ᠪᠣᠯᠪᠠᠰᠤᠷᠠᠯ ᠤᠨ ᠲᠥᠷᠥᠯ | ᠵᠦᠢᠯ ᠪᠣᠯᠤᠨ᠎ᠠ᠂ ᠪᠥᠬᠦ ᠬᠤᠰᠢᠭᠤᠨ ᠤ ᠡᠯ᠎ᠡ ᠳᠤᠮᠳᠠᠳᠤ ᠪᠠᠭ᠎ᠠ ᠰᠤᠷᠭᠠᠭᠤᠯᠢ ᠳᠤ ᠬᠠᠨᠳᠤᠭᠤᠯᠤᠨ ᠰᠦᠢᠳᠬᠡᠯ | ᠬᠤᠷᠢᠶᠠᠬᠤ ᠥᠬᠡᠶ ᠪᠠᠷ ᠬᠤᠯᠤᠰᠤᠨ ᠯᠢᠮᠪᠦ᠂ ᠬᠤᠶᠠᠷ ᠤᠲᠠᠰᠤᠲᠤ ᠬᠤᠭᠤᠷ᠂ ᠶᠠᠲᠤᠭ᠎ᠠ᠂ ᠭᠢᠲ᠋ᠠᠷ᠂ ᠵᠢᠶᠠᠰᠠ | ᠬᠡᠩᠭᠡᠷᠭᠡ᠂ ᠤᠷᠠᠨ ᠵᠢᠷᠤᠭ ᠤᠨ ᠥᠩᠭᠡ ᠪᠤᠳᠤᠭ ᠵᠡᠷᠭᠡ ᠪᠣᠯᠪᠠᠰᠤᠷᠠᠯ ᠤᠨ ᠬᠢᠴᠢᠶᠡᠯ ᠨᠡᠭᠡᠭᠡᠵᠦ᠂ ᠠᠩᠭᠢ | ᠡᠬᠢᠯᠡᠭᠰᠡᠨ ᠠᠴᠠ ᠨᠠᠰᠢ ᠨᠡᠶᠢᠲᠡ 60 ᠭᠠᠷᠤᠶ ᠰᠣᠷᠣᠭᠴᠢ ᠳᠤ ᠪᠣᠯᠪᠠᠰᠤᠷᠠᠯ ᠬᠦᠷᠲᠡᠭᠡᠵᠡᠢ᠃ | ᠬᠤᠰᠢᠭᠤᠨ ᠤ ᠰᠣᠶᠣᠯ ᠤᠨ ᠣᠷᠳᠣᠨ ᠤ ᠬᠥᠭᠵᠢᠮ ᠤᠨ ᠪᠠᠭᠰᠢ ᠯᠢ ᠹᠧᠩ ᠴᠦᠨ᠄ ︽ᠡᠲᠡᠭᠡᠷ ᠬᠡᠦᠬᠡᠳ ᠤᠳ | ᠢᠷᠡᠭᠰᠡᠨ ᠤ ᠳᠠᠷᠠᠭ᠎ᠠ᠂ ᠪᠢᠳᠡ ᠬᠥᠭᠵᠢᠮ ᠪᠣᠯᠣᠨ ᠲᠠᠯᠠᠪᠤᠷ ᠢ ᠬᠠᠩᠭᠠᠵᠤ᠂ ᠨᠥᠬᠦᠴᠡᠯ ᠥᠬᠡᠶ ᠪᠠᠷ ᠤᠷᠠᠯᠢᠭ ᠤᠨ | ᠲᠥᠷᠥᠯ ᠤᠨ ᠮᠡᠳᠡᠯᠭᠡ ᠰᠤᠷᠴᠤ ᠪᠣᠯᠤᠨ᠎ᠠ᠃ ᠰᠣᠶᠣᠯ ᠤᠨ ᠣᠷᠳᠣᠨ ᠤ ᠵᠠᠷᠢᠮ ᠲᠥᠬᠦᠭᠡᠷᠦᠮᠵᠢ ᠪᠠ ᠴᠢᠳᠠᠪᠤᠷᠢᠲᠠᠨ ᠤ | ᠡᠬᠢ ᠪᠠᠶᠠᠯᠢᠭ ᠢ ᠠᠰᠢᠭᠯᠠᠨ᠂ ᠡᠨᠡ ᠬᠦ ᠵᠠᠯᠠᠭᠤ ᠪᠠᠭᠠᠴᠤᠳ ᠲᠤ ᠴᠢᠭᠯᠡᠭᠦᠯᠦᠨ ᠤᠷᠠᠯᠢᠭ ᠤᠨ ᠪᠣᠯᠪᠠᠰᠤᠷᠠᠯ ᠬᠢᠵᠦ᠂ | ᠨᠡᠶᠢᠭᠡᠮ ᠤᠨ ᠤᠷᠠᠯᠢᠭ ᠤᠨ ᠬᠡᠪ ᠴᠢᠨᠠᠷ ᠢ ᠲᠦᠭᠡᠮᠡᠯᠵᠢᠭᠦᠯᠬᠦ ᠵᠣᠷᠢᠯᠭ᠎ᠠ ᠳᠠᠭᠠᠨ ᠬᠦᠷᠴᠦ᠂ ᠠᠷᠠᠳ ᠢᠷᠭᠡᠳ ᠤᠨ ᠬᠡᠪ | ᠴᠢᠨᠠᠷ ᠤᠨ ᠴᠢᠳᠠᠪᠤᠷᠢ ᠶᠢ ᠶᠡᠷᠦᠩᠬᠡᠶᠢᠯᠡᠨ ᠳᠡᠭᠡᠭᠰᠢᠯᠡᠭᠦᠯᠦᠨ᠎ᠡ︾ ᠭᠡᠪᠡ᠃ |