ᠳᠠᠯᠠᠶᠢᠬᠦ᠋ᠪ ᠪᠠᠯᠭᠠᠰᠤ ᠪᠠᠶᠠᠷ ᠤᠨ ᠡᠳᠦᠷ ᠤᠨ ᠳᠠᠷᠠᠭ᠎ᠠ ᠰᠡᠳᠬᠢᠯ ᠰᠠᠨᠠᠭ᠎ᠠ ᠪᠠᠨ ᠲᠦᠪᠯᠡᠷᠡᠭᠦᠯᠦᠨ ᠠᠵᠢᠯᠯᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/2/10
    ᠨᠢᠭᠡ ᠵᠢᠯ ᠤᠨ ᠬᠠᠪᠤᠷ ᠤᠨ ᠠᠵᠢᠯ ᠢ ᠲᠡᠷᠢᠭᠦᠨ ᠪᠠᠶᠢᠷᠢᠨ ᠳᠤ ᠲᠠᠯᠪᠢᠵᠤ᠂ ᠲᠦᠮᠡᠨ ᠶᠠᠪᠤᠳᠠᠯ ᠤᠨ ᠦᠢᠯᠡ ᠠᠵᠢᠯᠯᠠᠭ᠎ᠠ ᠶᠢ ᠤᠷᠢᠳ ᠢᠶᠠᠷ ᠶᠠᠪᠤᠭᠳᠠᠭᠤᠯᠬᠤ ᠶᠢᠨ ᠲᠤᠯᠠᠳᠠ 2 ᠰᠠᠷ᠎ᠠ ᠶᠢᠨ 5 ᠤ ᠡᠳᠦᠷ᠂ ᠳᠠᠯᠠᠶᠢᠬᠦ᠋ᠪ ᠪᠠᠯᠭᠠᠰᠤ ᠪᠠᠶᠠᠷ ᠤᠨ ᠡᠳᠦᠷ ᠤᠨ ᠳᠠᠷᠠᠭᠠᠬᠢ ᠰᠡᠳᠬᠢᠯ ᠰᠠᠨᠠᠭ᠎ᠠ ᠪᠠᠨ ᠲᠦᠪᠯᠡᠷᠡᠭᠦᠯᠦᠨ ᠠᠵᠢᠯᠯᠠᠬᠤ ᠬᠤᠷᠠᠯ ᠬᠤᠷᠠᠯᠳᠤᠭᠤᠯᠵᠤ᠂ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠳᠠᠪᠰᠢᠯᠲᠤ ᠬᠤᠷᠠᠯ ᠡᠷᠭᠢᠯᠡᠵᠦ᠂ ᠪᠥᠬᠦ ᠪᠠᠯᠭᠠᠰᠤᠨ ᠤ ᠺᠠᠳ᠋ᠷ ᠠᠵᠢᠯᠲᠠᠨ ᠠᠵᠢᠯᠴᠢᠨ᠂ ᠨᠡᠶᠢᠭᠡᠮ ᠲᠣᠭᠤᠷᠢᠭ ︵ᠭᠠᠴᠠᠭ᠎ᠠ︶ ᠤᠨ ᠭᠤᠤᠯ ᠬᠠᠷᠢᠭᠤᠴᠠᠯᠭᠠᠲᠠᠨ ᠨᠥᠬᠦᠳ ᠣᠷᠣᠯᠴᠠᠵᠠᠶ᠃    ᠬᠤᠷᠠᠯ ᠠᠴᠠ ᠴᠢᠬᠤᠯᠠᠴᠢᠯᠠᠭᠰᠠᠨ ᠨᠢ᠂ ᠪᠥᠬᠦ ᠪᠠᠯᠭᠠᠰᠤᠨ ᠤ ᠺᠠᠳ᠋ᠷ ᠠᠵᠢᠯᠲᠠᠨ ᠠᠵᠢᠯᠴᠢᠨ ᠦᠳᠲᠡᠷ ᠲᠦᠷᠭᠡᠨ ᠰᠡᠳᠬᠢᠯ ᠢᠶᠠᠨ ᠬᠤᠷᠢᠶᠠᠵᠤ᠂ ᠡᠷᠴᠢ ᠵᠣᠷᠢᠭ ᠢᠶᠠᠨ ᠬᠥᠪᠴᠢᠯᠡᠨ᠂ ᠨᠠᠩ ᠣᠷᠭᠢᠯᠤᠮ᠎ᠠ ᠬᠠᠯᠠᠭᠤᠨ ᠰᠡᠳᠬᠢᠯᠭᠡ᠂ ᠨᠠᠩ ᠴᠤᠭ ᠪᠠᠳᠠᠷᠠᠩᠭᠤᠶ ᠲᠡᠮᠡᠴᠡᠯ ᠤᠨ ᠵᠣᠷᠢᠭ ᠢᠶᠠᠷ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠰᠢᠨ᠎ᠡ ᠨᠢᠭᠡ ᠵᠢᠯ ᠤᠨ ᠠᠵᠢᠯ ᠳᠤ ᠣᠷᠣᠯᠴᠠᠵᠤ᠂ ᠳᠠᠯᠠᠶᠢᠬᠦ᠋ᠪ ᠪᠠᠯᠭᠠᠰᠤᠨ ᠤ ᠴᠢᠨᠠᠷ ᠰᠠᠶᠢᠲᠠᠢ ᠬᠥᠭᠵᠢᠯᠲᠡ ᠶᠢᠨ ᠡᠯ᠎ᠡ ᠵᠦᠢᠯ ᠤᠨ ᠬᠠᠷᠠᠯᠲᠠ ᠡᠭᠦᠷᠭᠡ ᠶᠢ ᠪᠡᠶᠡᠯᠡᠭᠦᠯᠬᠦ ᠳᠤ ᠰᠠᠶᠢᠨ ᠡᠬᠢᠯᠡᠯᠲᠡ ᠲᠠᠢ ᠪᠣᠯᠭᠠᠵᠤ᠂ ᠡᠨᠡ ᠵᠢᠯ ᠤᠨ ᠨᠢᠭᠡᠳᠦᠭᠡᠷ ᠤᠯᠠᠷᠢᠯ ᠤᠨ ᠠᠵᠢᠯ ᠤᠨ ︽ᠰᠠᠶᠢᠨ ᠡᠬᠢᠯᠡᠯᠲᠡ︾ ᠶᠢ ᠪᠡᠶᠡᠯᠡᠭᠦᠯᠬᠦ ᠬᠡᠷᠡᠭᠲᠡᠢ ᠭᠡᠪᠡ᠃    ᠬᠤᠷᠠᠯ ᠠᠴᠠ᠂ ᠨᠢᠭᠡ ᠳᠤ᠂ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠵᠤ᠂ ᠰᠡᠳᠬᠢᠯ ᠰᠠᠨᠠᠭ᠎ᠠ ᠪᠠᠨ       ᠬᠤᠷᠢᠶᠠᠵᠦ᠂ ᠠᠵᠢᠯ ᠤᠨ ᠪᠠᠶᠢᠳᠠᠯ ᠳᠠᠭᠠᠨ ᠲᠦᠷᠭᠡᠨ ᠣᠷᠣᠬᠤ ᠬᠡᠷᠡᠭᠲᠡᠢ᠃ ᠪᠥᠬᠦ ᠪᠠᠯᠭᠠᠰᠤᠨ ᠤ ᠳᠡᠭᠡᠳᠦ ᠳᠣᠤᠷᠠᠳᠤ ᠱᠠᠲᠤᠨ ᠤ ᠬᠢᠨ ᠪᠥᠬᠦ ᠣᠷᠣᠨ ᠤ ᠬᠤᠶᠠᠷ ᠬᠤᠷᠠᠯ ᠤᠨ ᠵᠣᠷᠢᠭ ᠰᠠᠨᠠᠭ᠎ᠠ᠂ ᠠᠶᠢᠮᠠᠭ ᠤᠨ ᠨᠠᠮ ᠤᠨ ᠬᠤᠷᠢᠶ᠎ᠠ ᠶᠢᠨ       ︵ᠥᠷᠭᠡᠳᠬᠡᠭᠰᠡᠨ︶ ᠬᠤᠷᠠᠯ ᠵᠢᠴᠢ ᠪᠥᠬᠦ ᠠᠶᠢᠮᠠᠭ ᠤᠨ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ     ᠰᠠᠨᠠᠭ᠎ᠠ᠂ ᠪᠥᠬᠦ ᠬᠤᠰᠢᠭᠤᠨ ᠤ ︽ᠭᠤᠷᠪᠠᠨ ᠬᠤᠷᠠᠯ︾ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠦᠵᠡᠯ ᠰᠠᠨᠠᠭ᠎ᠠ ᠪᠠᠨ ᠦᠳᠲᠡᠷ ᠲᠦᠷᠭᠡᠨ ᠲᠥᠪᠯᠡᠷᠡᠭᠦᠯᠦᠨ᠂ ᠳᠠᠷᠤᠶ ᠲᠦᠷᠭᠡᠨ ᠡᠮᠬᠢ ᠳᠢᠭᠯᠢᠮ ᠢ ᠰᠡᠷᠭᠦᠭᠡᠵᠦ᠂ ᠴᠢᠩᠭ᠎ᠠ ᠠᠳᠬᠤᠨ ᠲᠦᠷᠭᠡᠨ ᠠᠵᠢᠯᠯᠠᠬᠤ᠂ ᠵᠣᠭᠰᠣᠯ ᠥᠬᠡᠶ ᠤᠷᠤᠭᠰᠢᠯᠠᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠵᠤ᠂ ᠪᠥᠬᠦ ᠵᠢᠯ ᠤᠨ ᠬᠠᠷᠠᠯᠲᠠ ᠡᠭᠦᠷᠭᠡ ᠪᠠᠨ ᠪᠡᠶᠡᠯᠡᠭᠦᠯᠬᠦ ᠳᠤ ᠰᠠᠶᠢᠨ ᠰᠠᠭᠤᠷᠢ ᠲᠠᠯᠪᠢᠬᠤ ᠬᠡᠷᠡᠭᠲᠡᠶ᠃ ᠬᠤᠶᠠᠷ ᠲᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠡᠷᠴᠢ ᠵᠣᠷᠢᠭ ᠢᠶᠠᠨ ᠭᠦᠢᠴᠡᠳ        ᠪᠠᠳᠠᠷᠠᠭᠤᠯᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠪᠠᠭ ᠤᠨ ᠪᠦᠷᠢᠯᠳᠦᠬᠦᠨ ᠨᠡᠷ ᠨᠡᠶᠢᠭᠡᠮ ᠲᠣᠭᠤᠷᠢᠭ ︵ᠭᠠᠴᠠᠭ᠎ᠠ︶ ᠳᠤ ᠢᠳᠡᠪᠬᠢᠲᠡᠶ ᠭᠦᠨᠵᠡᠭᠡᠶᠢᠷᠡᠨ ᠠᠵᠢᠯ ᠢ ᠵᠢᠯᠣᠭᠤᠳᠴᠤ᠂ ᠠᠵᠢᠯᠲᠠᠨ ᠤ ᠲᠣᠬᠢᠷᠠᠭᠤᠯᠤᠯᠲᠠ ᠶᠢ ᠪᠣᠳᠠᠲᠠᠶᠢᠵᠢᠭᠤᠯᠵᠤ᠂ ᠡᠭᠦᠷᠭᠡ ᠶᠢ ᠬᠥᠮᠦᠨ ᠳᠤᠨᠢ ᠬᠦᠷᠲᠡᠯ᠎ᠡ ᠲᠣᠳᠣᠷᠬᠠᠶᠢᠯᠠᠵᠤ᠂ ᠠᠵᠢᠯ ᠢ ᠡᠮᠬᠢ ᠵᠢᠷᠤᠮ ᠲᠠᠢ ᠥᠷᠨᠢᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃ ᠡᠯ᠎ᠡ ᠰᠠᠯᠠᠭ᠎ᠠ ᠲᠠᠰᠤᠭ᠂ ᠬᠤᠶᠠᠳᠤᠭᠠᠷ ᠳᠡᠰ ᠤᠨ ᠨᠢᠭᠡᠴᠡ ᠨᠦᠭᠦᠳ ᠠᠵᠢᠯ ᠢᠶᠠᠨ ᠨᠠᠷᠢᠨ ᠬᠢᠨᠠᠮᠠᠭᠠᠶ ᠡᠮᠬᠢᠯᠡᠵᠦ᠂ ᠪᠠᠶᠠᠷ ᠤᠨ ᠡᠳᠦᠷ ᠠᠴᠠ ᠡᠮᠦᠨ᠎ᠡ ᠳᠠᠭᠤᠰᠤᠭᠠᠳᠤᠶ ᠤᠴᠢᠷ ᠶᠠᠪᠤᠳᠠᠯ ᠢ ᠲᠦᠷᠭᠡᠬᠡᠨ ᠰᠢᠢᠳᠪᠦᠷᠢᠯᠡᠵᠦ ᠳᠠᠭᠤᠰᠬᠠᠨ᠂ ᠡᠬᠢᠯᠡᠯᠲᠡ ᠲᠠᠢ ᠪᠣᠯᠭᠠᠨ᠎ᠠ︔ ᠪᠥᠬᠦ ᠵᠢᠯ ᠤᠨ ᠬᠠᠷᠠᠯᠲᠠ ᠡᠭᠦᠷᠭᠡ ᠶᠢᠨ ᠲᠤᠬᠠᠶ ᠳᠠᠬᠢᠨ ᠳᠠᠪᠲᠠᠨ ᠰᠤᠳᠤᠯᠵᠤ᠂ ᠯᠠᠪᠳᠠᠭᠤᠨ ᠪᠠᠲᠤᠲᠠᠶ ᠨᠠᠶᠢᠳᠠᠪᠤᠷᠢᠵᠢᠭᠤᠯᠵᠤ᠂ ᠪᠥᠬᠦ ᠪᠠᠯᠭᠠᠰᠤᠨ ᠤ ᠳᠡᠭᠡᠳᠦ ᠳᠣᠤᠷᠠᠳᠤ ᠱᠠᠲᠤᠨ ᠤ ᠠᠵᠢᠯ ᠤᠨ ᠡᠮᠬᠢ ᠵᠢᠷᠤᠮ ᠲᠠᠢ ᠶᠠᠪᠤᠭᠳᠠᠬᠤ ᠶᠢ ᠦᠨᠡᠨᠬᠦ ᠪᠠᠲᠤᠯᠠᠬᠤ ᠬᠡᠷᠡᠭᠲᠡᠶ᠃ ᠭᠤᠷᠪᠠ ᠳᠤ᠂ ᠰᠠᠬᠢᠯᠭ᠎ᠠ ᠪᠠᠲᠤ ᠶᠢ ᠴᠢᠩᠳᠠᠯᠠᠵᠤ᠂ ᠰᠤᠷᠲᠠᠯ ᠢᠶᠠᠨ ᠬᠤᠪᠢᠷᠠᠭᠤᠯᠵᠤ᠂ ᠰᠠᠶᠢᠨ ᠰᠠᠶᠢᠬᠠᠨ ᠠᠵᠢᠯ ᠬᠢᠬᠦ ᠠᠭᠤᠷ ᠠᠮᠢᠰᠬᠤᠯ ᠢ ᠪᠤᠢ ᠪᠣᠯᠭᠠᠬᠤ ᠭᠡᠷᠡᠭᠳᠡᠢ᠃ ᠠᠵᠢᠯ ᠤᠨ ᠡᠮᠬᠢ ᠳᠢᠭᠯᠢᠮ ᠢ ᠪᠥᠬᠦ ᠲᠠᠯ᠎ᠠ ᠪᠠᠷ ᠰᠡᠷᠭᠦᠭᠡᠵᠦ᠂ ᠠᠵᠢᠯ ᠤᠨ ᠰᠠᠬᠢᠯᠭ᠎ᠠ ᠪᠠᠲᠤ ᠶᠢ ᠲᠥᠪ ᠴᠢᠩᠭ᠎ᠠ ᠬᠡᠷᠡᠭᠵᠢᠭᠦᠯᠵᠦ᠂ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠴᠥᠬᠦᠷᠡᠰᠢ ᠥᠬᠡᠶ ᠰᠠᠶᠢᠲᠤᠷ ᠨᠠᠶᠢᠳᠠᠪᠤᠷᠢᠵᠢᠭᠤᠯᠵᠤ᠂ ᠭᠠᠳᠠᠭᠰᠢ ᠭᠠᠷᠴᠤ ᠮᠡᠳᠡᠭᠦᠯᠦᠨ ᠳᠠᠩᠰᠠᠯᠠᠭᠤᠯᠬᠤ᠂ ᠴᠢᠯᠥᠭᠡ ᠭᠤᠶᠤᠬᠤ ᠲᠦᠷᠢᠮ ᠢ ᠴᠢᠩᠭ᠎ᠠ ᠠᠳᠬᠤᠨ ᠪᠣᠳᠠᠲᠠᠶ ᠠᠳᠬᠤᠵᠤ᠂ ᠬᠤᠵᠢᠮᠳᠠᠭᠤ᠂ ᠡᠷᠲᠡ ᠤᠬᠤᠷᠢᠨ ᠭᠠᠷᠬᠤ᠂ ᠠᠵᠢᠯ ᠰᠠᠭᠠᠲᠠᠭᠤᠯᠬᠤ ᠵᠡᠷᠭᠡ ᠦᠵᠡᠭᠳᠡᠯ ᠢ ᠡᠷᠡᠰ ᠬᠤᠷᠢᠭᠯᠠᠵᠤ᠂ ᠠᠵᠢᠯ ᠤᠨ ᠰᠤᠷᠲᠠᠯ ᠢᠶᠠᠷ ᠢᠳᠡᠪᠬᠢᠲᠡᠶ ᠥᠭᠡᠳᠡᠯᠡᠨ ᠲᠠᠪᠰᠢᠬᠤ᠂ ᠰᠤᠷᠲᠠᠯ ᠴᠢᠬᠡᠴᠢ ᠣᠪᠣᠷ ᠲᠥᠪ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ᠃
 
ᠢᠷᠡᠯᠲᠡ᠄ ᠡᠵᠡᠨ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号