ᠮᠠᠨ ᠤ ᠬᠤᠰᠢᠭᠤ ︽ᠴᠠᠭᠠᠨ ᠰᠠᠷ᠎ᠠ ᠶᠢᠨ ᠠᠩᠬᠠᠳᠠᠭᠴᠢ ᠬᠤᠷᠠᠯ︾᠎ ᠢᠶᠠᠷ ︽ᠵᠢᠷᠭᠤᠭᠠᠨ ᠠᠵᠢᠯᠯᠠᠭ᠎ᠠ︾᠎ ᠶᠢ ᠬᠦᠴᠦ ᠪᠠᠨ ᠲᠥᠪᠯᠡᠷᠡᠭᠦᠯᠦᠨ ᠠᠬᠢᠭᠤᠯᠤᠨ᠎ᠠ
ᠨᠡᠶᠢᠲᠡᠯᠡᠭᠰᠡᠨ ᠴᠠᠭ᠄
2025/2/12
      2 ᠰᠠᠷ᠎ᠠ ᠶᠢᠨ 7᠎ ᠤ ᠡᠳᠦᠷ᠂ ᠡᠵᠡᠨ᠎ᠡ ᠬᠤᠰᠢᠭᠤ ︽ᠵᠢᠷᠭᠤᠭᠠᠨ ᠠᠵᠢᠯᠯᠠᠭ᠎ᠠ︾᠎ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠶᠢ ᠠᠬᠢᠭᠤᠯᠬᠤ ᠬᠤᠷᠠᠯ ᠬᠤᠷᠠᠯᠳᠤᠭᠤᠯᠵᠤ᠂ ᠪᠥᠬᠦ ᠬᠤᠰᠢᠭᠤ ᠳᠡᠭᠡᠳᠦ ᠳᠤᠤᠷᠠᠳᠤ ᠱᠠᠲᠤ ᠪᠠᠷ ᠢᠶᠠᠨ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠵᠤ᠂ ᠪᠥᠬᠦ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢ ᠠᠬᠢᠭᠤᠯᠬᠤ  ᠪᠠᠶᠢᠷᠢᠯᠠᠭᠤᠯᠤᠯᠲᠠ ᠶᠢᠨ ᠬᠤᠷᠠᠯ ᠪᠣᠯᠤᠨ ᠪᠥᠬᠦ ᠠᠶᠢᠮᠠᠭ ᠤᠨ ︽ᠵᠢᠷᠭᠤᠭᠠᠨ ᠠᠵᠢᠯᠯᠠᠭ᠎ᠠ︾᠎ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠶᠢ ᠠᠬᠢᠭᠤᠯᠬᠤ ᠬᠤᠷᠠᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠤᠨ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠤᠷᠢᠳᠠᠪᠠᠷ ᠰᠢᠨ᠎ᠡ ᠵᠢᠯ ᠤᠨ ᠠᠩᠬᠠᠨ ᠤ ᠠᠯᠬᠤᠮ ᠢ ᠰᠠᠶᠢᠲᠤᠷ ᠠᠳᠬᠤᠨ᠂ ᠡᠷᠴᠢ ᠵᠣᠷᠢᠭ ᠢᠶᠠᠨ ᠬᠥᠪᠴᠢᠯᠡᠨ ᠬᠥᠭᠵᠢᠯᠲᠡ ᠶᠢᠨ ᠬᠠᠨᠤᠮᠵᠢᠲᠠᠢ ᠲᠤᠰᠢᠶᠠᠬᠤ ᠬᠡᠷᠡᠭᠲᠡᠶ ᠭᠡᠵᠦ ᠱᠠᠭᠠᠷᠳᠠᠪᠠ᠃ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠯᠢ ᠵᠢᠶᠦ᠋ᠨ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ᠂ ᠴᠡᠭᠡ ᠪᠣᠭᠤᠮᠲᠠ ᠶᠢᠨ ᠠᠵᠤ ᠠᠬᠤᠶ ᠶᠢᠨ ᠨᠡᠭᠡᠭᠡᠯᠲᠡ ᠶᠢᠨ ᠣᠷᠣᠨ ᠤ ᠨᠠᠮ ᠤᠨ ᠠᠵᠢᠯᠯᠠᠬᠤ ᠬᠤᠷᠢᠶᠠᠨ ᠤ ᠱᠦᠵᠢ ᠪᠥᠬᠡ ᠬᠤᠷᠠᠯ ᠢ ᠡᠷᠬᠢᠯᠡᠨ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠲᠠᠩ ᠰᠢᠤᠸᠠᠢ ᠪᠢᠨ ᠬᠤᠷᠠᠯ ᠳᠤ ᠣᠷᠣᠯᠴᠠᠪᠠ᠃      ᠬᠤᠷᠠᠯ ᠠᠴᠠ᠂ ︽ᠵᠢᠷᠭᠤᠭᠠᠨ ᠠᠵᠢᠯᠯᠠᠭ᠎ᠠ︾᠎ ᠶᠢ ᠥᠷᠨᠢᠭᠦᠯᠬᠦ ᠪᠣᠯ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ︽ᠵᠢᠷᠭᠤᠭᠠᠨ ᠢᠨᠵᠧᠨᠧᠷᠢᠩ︾᠎ ᠢ ᠦᠷᠭᠦᠯᠵᠢᠯᠡᠨ ᠬᠡᠷᠡᠭᠵᠢᠭᠦᠯᠵᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠴᠢᠬᠤᠯᠠ ᠭᠠᠷᠳᠠᠴᠠ ᠮᠥᠨ᠂ ᠡᠷᠬᠡᠪᠰᠢ ᠰᠠᠶᠢᠲᠤᠷ ᠠᠳᠬᠤᠬᠤ ᠤᠯᠤᠰ ᠲᠦᠷᠦ ᠶᠢᠨ ᠡᠭᠦᠷᠭᠡ᠂ ᠬᠥᠭᠵᠢᠯᠲᠡ ᠶᠢᠨ ᠶᠡᠭᠡ ᠶᠠᠪᠤᠳᠠᠯ ᠪᠣᠯᠤᠨ ᠠᠷᠠᠳ ᠤᠨ ᠠᠮᠢᠳᠤᠷᠠᠯ ᠤᠨ ᠢᠨᠵᠧᠨᠧᠷᠢᠩ ᠮᠥᠨ᠃ ᠪᠦᠬᠦ ᠬᠤᠰᠢᠭᠤ ᠪᠠᠷ ᠢᠶᠠᠨ ᠪᠣᠳᠠᠲᠤ ᠠᠵᠢᠯᠯᠠᠭ᠎ᠠ ᠪᠠᠷ ᠢᠶᠠᠨ ᠡᠯ᠎ᠡ ᠵᠦᠢᠯ ᠤᠨ ᠡᠭᠦᠷᠭᠡ ᠶᠢ ᠪᠣᠳᠠᠲᠠᠢ  ᠨᠠᠶᠢᠳᠠᠪᠤᠷᠢᠵᠢᠭᠤᠯᠬᠤ ᠶᠢ ᠠᠬᠢᠭᠤᠯᠵᠤ᠂ ᠥᠪᠡᠷ ᠤᠨ ᠪᠡᠶ᠎ᠡ ᠳᠡᠭᠡᠨ ᠰᠠᠭᠤᠷᠢᠯᠠᠨ᠂ ᠪᠦᠬᠦ ᠣᠷᠣᠨ ᠢ ᠪᠤᠳᠤᠯᠬᠢᠯᠠᠵᠤ᠂ ᠡᠷᠬᠢᠨ ᠲᠣᠭᠤᠷᠢᠨ ᠤ ᠪᠠᠨ ᠪᠠᠶᠢᠳᠠᠯ ᠢ ᠠᠵᠢᠭᠯᠠᠨ ᠵᠥᠷᠢᠶ᠎ᠡ ᠪᠠᠨ ᠲᠣᠳᠣᠷᠬᠠᠶᠢᠯᠠᠵᠤ᠂ ᠰᠡᠳᠬᠢᠴᠡ᠂ ᠡᠷᠴᠢ ᠵᠣᠷᠢᠭ᠂ ᠬᠠᠷᠢᠭᠤᠴᠠᠯᠭᠠᠲᠤ ᠰᠡᠳᠬᠢᠯᠭᠡ ᠶᠢᠨ ᠲᠣᠭᠤᠷᠢᠨ ᠳᠤ ᠬᠦᠷᠦᠯᠴᠡᠬᠦ ᠦᠭᠡᠢ ᠲᠠᠯ᠎ᠠ ᠪᠠᠨ ᠮᠡᠳᠡᠵᠦ ᠵᠠᠩᠭᠢᠯᠠᠭ᠎ᠠ ᠪᠠᠨ ᠡᠷᠢᠵᠦ᠂ ᠵᠣᠷᠢᠭᠲᠠᠢ ᠰᠡᠳᠬᠢᠵᠦ ᠵᠣᠷᠢᠭᠲᠠᠢ ᠠᠵᠢᠯᠯᠠᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠪᠡ᠃      ᠬᠤᠷᠠᠯ ᠠᠴᠠ ᠴᠢᠬᠤᠯᠠᠴᠢᠯᠠᠬᠤ ᠳᠠᠭᠠᠨ᠂ ᠴᠢᠬᠤᠯᠠ ᠶᠡᠭᠡ ᠲᠦᠷᠦᠯ ᠵᠦᠢᠯ ᠢ ᠲᠥᠯᠥᠪᠵᠢᠭᠦᠯᠬᠦ ᠠᠵᠢᠯᠯᠠᠭ᠎ᠠ ᠪᠠᠷ ᠠᠵᠤ ᠠᠬᠤᠢ ᠶᠢᠨ ᠨᠡᠮᠡᠭᠳᠡᠯ ᠤᠨ ᠬᠥᠳᠡᠯᠭᠡᠬᠦ ᠬᠦᠴᠦᠨ ᠢ ᠴᠢᠩᠭᠠᠳᠬᠠᠵᠤ᠂ ᠲᠦᠷᠦ ᠶᠢᠨ ᠪᠤᠳᠤᠯᠭ᠎ᠠ ᠶᠢᠨ ᠤᠳᠤᠷᠢᠳᠤᠮᠵᠢ ᠪᠣᠯᠤᠨ ᠪᠡᠯᠡ ᠣᠷᠣᠭᠤᠯᠤᠯᠲᠠ ᠶᠢᠨ ᠬᠠᠨᠳᠤᠰᠢ ᠶᠢ ᠴᠢᠩᠭ᠎ᠠ ᠠᠩᠬᠠᠷᠴᠤ᠂ ᠡᠵᠡᠨ᠎ᠡ ᠶᠢᠨ ᠡᠬᠢ ᠪᠠᠶᠠᠯᠢᠭ ᠤᠨ ᠳᠠᠪᠠᠭᠤᠯᠢᠭ᠂ ᠠᠵᠤ ᠦᠢᠯᠡᠰ ᠤᠨ ᠰᠠᠭᠤᠷᠢ ᠪᠣᠯᠤᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠳᠤ ᠰᠠᠭᠤᠷᠢᠯᠠᠵᠤ᠂ ᠨᠢᠭᠡ ᠪᠦᠯᠦᠭ ᠬᠦᠳᠦᠯᠥᠨ ᠳᠠᠭᠠᠭᠤᠯᠬᠤ ᠴᠢᠨᠠᠷᠲᠠᠢ᠂ ᠳᠠᠶᠢᠴᠢᠯᠠᠬᠤ ᠴᠢᠨᠠᠷ ᠢᠶᠠᠷ ᠴᠢᠩᠭ᠎ᠠ ᠴᠢᠬᠤᠯᠠ ᠶᠡᠭᠡ ᠲᠦᠷᠦᠯ ᠵᠦᠢᠯ ᠢ ᠲᠥᠯᠥᠪᠵᠢᠭᠦᠯᠦᠨ ᠬᠡᠷᠡᠭᠵᠢᠭᠦᠯᠵᠦ᠂ ᠰᠢᠨ᠎ᠡ ᠡᠨᠧᠷᠭᠢ ᠶᠢ ᠨᠡᠭᠡᠭᠡᠨ ᠬᠥᠭᠵᠢᠭᠦᠯᠬᠦ᠂ ᠵᠠᠮ ᠬᠠᠷᠢᠯᠴᠠᠭᠠᠨ ᠤ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠬᠦ ᠵᠡᠷᠭᠡ ᠭᠤᠣᠯᠳᠠᠯᠭ᠎ᠠ ᠲᠠᠢ ᠢᠨᠵᠧᠨᠧᠷᠢᠩ ᠢ ᠲᠦᠷᠭᠡᠳᠬᠡᠨ ᠠᠬᠢᠭᠤᠯᠵᠤ᠂ ᠠᠵᠤ ᠦᠢᠯᠡᠰ ᠤᠨ ᠪᠠᠶᠢᠷᠢᠰᠢᠭᠤᠯᠤᠯᠲᠠ ᠨᠡᠩ ᠵᠦᠢ ᠵᠣᠬᠢᠰᠲᠠᠢ᠂ ᠬᠥᠭᠵᠢᠯᠲᠡ ᠶᠢᠨ ᠬᠥᠳᠡᠯᠭᠡᠬᠦ ᠡᠨᠧᠷᠭᠢ ᠨᠡᠩ ᠡᠷᠴᠢᠮᠲᠡᠢ ᠪᠠᠶᠢᠬᠤ ᠶᠢ ᠪᠠᠲᠤᠯᠠᠬᠤ ᠬᠡᠷᠡᠭᠲᠡᠢ᠃ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠪᠠᠷ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠶᠡᠭᠡ ᠪᠠᠷ ᠠᠬᠢᠭᠤᠯᠤᠨ᠂ ᠵᠠᠰᠠᠭ ᠠᠵᠤ ᠠᠬᠤᠶᠢᠯᠠᠯ ᠤᠨ ᠨᠡᠪᠲᠡᠷᠡᠯᠴᠡᠭᠡ ᠶᠢᠨ ᠠᠷᠭ᠎ᠠ ᠵᠠᠮ ᠢ ᠤᠯᠠᠮ ᠴᠢᠨᠠᠭᠰᠢᠳᠠ ᠰᠢᠯᠤᠭᠤᠳᠬᠠᠵᠤ᠂ ᠠᠵᠤ ᠠᠬᠤᠶᠢᠯᠠᠯ ᠢ ᠲᠤᠰᠠᠯᠠᠵᠤ ᠠᠵᠤ ᠠᠬᠤᠶᠢᠯᠠᠯ ᠳᠤ ᠠᠰᠢᠭ ᠬᠦᠷᠲᠡᠭᠡᠬᠦ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠶᠢᠨ ᠡᠷᠴᠢᠮ ᠢᠶᠠᠨ ᠴᠢᠩᠭᠠᠳᠬᠠᠵᠤ᠂ ᠬᠢᠨᠠᠨ ᠵᠥᠪᠰᠢᠶᠡᠷᠡᠬᠦ ᠦᠢᠯᠡᠴᠢᠯᠡᠭᠡ ᠶᠢ ᠰᠢᠯᠢᠳᠡᠭᠵᠢᠭᠦᠯᠦᠨ᠂ ᠠᠵᠤ ᠠᠬᠤᠶᠢᠯᠠᠯ ᠤᠨ ᠳᠠᠷᠤᠭᠠᠰᠤ ᠶᠢ ᠦᠨᠡᠨ ᠬᠦ ᠬᠥᠩᠭᠡᠷᠡᠭᠦᠯᠵᠦ᠂ ᠲᠤᠰ ᠭᠠᠵᠠᠷ ᠤᠨ ᠠᠵᠤ ᠠᠬᠤᠶᠢᠯᠠᠯ ᠪᠣᠯᠤᠨ ᠠᠷᠠᠳ ᠤᠨ ᠡᠵᠡᠩᠨᠡᠯᠲᠡ ᠶᠢᠨ ᠳᠠᠪᠠᠭᠤᠯᠢᠭ ᠠᠵᠤ ᠠᠬᠤᠶᠢᠯᠠᠯ ᠤᠨ ᠡᠯᠡᠰᠦᠷᠬᠡᠭᠵᠢᠯ ᠢ ᠰᠡᠷᠭᠡᠶᠢᠯᠡᠵᠦ ᠡᠯᠡᠰᠦᠷᠬᠡᠭᠵᠢᠯ ᠢ ᠵᠠᠰᠠᠬᠤ᠂ ᠠᠮᠢ ᠠᠬᠤᠢ ᠶᠢᠨ ᠡᠯᠡᠰᠦᠨ ᠤ ᠠᠵᠤ ᠦᠢᠯᠡᠰ᠂ ᠰᠢᠨ᠎ᠡ ᠡᠨᠧᠷᠭᠢ ᠶᠢ ᠨᠡᠭᠡᠭᠡᠨ ᠬᠥᠭᠵᠢᠭᠦᠯᠬᠦ ᠵᠡᠷᠭᠡ ᠭᠤᠣᠯᠳᠠᠯᠭ᠎ᠠ ᠲᠠᠢ ᠬᠦᠷᠢᠶᠡᠨ ᠳᠤ ᠡᠮᠬᠢ ᠵᠢᠷᠤᠮ ᠲᠠᠢ ᠪᠠᠷ ᠣᠷᠣᠯᠴᠠᠬᠤ ᠶᠢ ᠵᠣᠷᠢᠭᠵᠢᠭᠤᠯᠵᠤ᠂ ᠤᠯᠠᠨ ᠲᠦᠮᠡᠨ ᠤ ᠠᠵᠢᠯ ᠤᠯᠬᠤ᠂ ᠠᠵᠤ ᠠᠬᠤᠶᠢᠯᠠᠯ ᠤᠨ ᠣᠷᠣᠯᠭ᠎ᠠ ᠤᠯᠬᠤ ᠶᠢ ᠪᠡᠶᠡᠯᠡᠭᠦᠯᠵᠦ᠂ ᠣᠷᠣᠨ ᠨᠤᠲᠤᠭ ᠤᠨ ᠠᠵᠤ ᠠᠬᠤᠢ ᠶᠢᠨ ᠲᠣᠭᠲᠠᠭᠤᠨ ᠢᠶᠠᠷ ᠨᠡᠮᠡᠭᠳᠡᠬᠦ ᠳᠤ ᠬᠦᠴᠦᠨ ᠨᠡᠮᠡᠷᠢᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠪᠠᠷ ᠨᠡᠶᠢᠭᠡᠮ ᠤᠨ ᠲᠣᠭᠲᠠᠭᠤᠨ ᠤ ᠰᠠᠭᠤᠷᠢ ᠶᠢ ᠪᠠᠬᠢᠵᠢᠭᠦᠯᠵᠦ᠂ ᠠᠵᠢᠯ ᠣᠯᠭᠤᠯᠲᠠ ᠶᠢᠨ ᠦᠢᠯᠡᠴᠢᠯᠡᠭᠡ ᠶᠢ ᠲᠠᠰᠤᠷᠠᠯᠲᠠ ᠥᠬᠡᠶ ᠰᠢᠯᠢᠳᠡᠭᠵᠢᠭᠦᠯᠦᠨ᠂ ᠭᠤᠤᠯᠳᠠᠯᠭ᠎ᠠ ᠲᠠᠢ ᠬᠥᠮᠦᠰ ᠲᠤ ᠠᠩᠬᠠᠷᠤᠯ ᠢᠶᠠᠨ ᠲᠥᠪᠯᠡᠷᠡᠭᠦᠯᠵᠦ᠂ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠢ ᠴᠢᠩᠭᠠᠳᠬᠠᠵᠤ᠂ ᠠᠵᠢᠯ ᠣᠯᠭᠤᠯᠲᠠ ᠶᠢᠨ ᠠᠷᠭ᠎ᠠ ᠵᠠᠮ ᠢ ᠦᠷᠭᠡᠳᠭᠡᠨ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠲᠦᠪᠰᠢᠨ ᠢ ᠲᠣᠭᠲᠠᠭᠤᠨ ᠢᠶᠠᠷ ᠳᠡᠭᠡᠭᠰᠢᠯᠡᠭᠦᠯᠵᠦ᠂ ︽ᠬᠠᠪᠤᠷ ᠤᠨ ᠠᠵᠢᠯᠯᠠᠭ᠎ᠠ︾ ᠵᠡᠷᠭᠡ ᠲᠤᠰᠬᠠᠶ ᠤᠷᠢᠵᠤ ᠡᠯᠰᠡᠬᠦ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠠᠵᠤ ᠠᠬᠤᠶᠢᠯᠠᠯ ᠤᠨ ᠣᠶᠢᠷ᠎ᠠ ᠬᠠᠪᠢ ᠪᠠ ᠲᠤᠬᠠᠶ ᠶᠢᠨ ᠭᠠᠵᠠᠷ ᠲᠠᠭᠠᠨ ᠠᠵᠢᠯᠴᠢᠨ ᠬᠡᠷᠡᠭᠯᠡᠬᠦ ᠶᠢ ᠵᠣᠷᠢᠭᠵᠢᠭᠤᠯᠵᠤ᠂ ᠶᠡᠭᠡ ᠳᠡᠭᠡᠳᠦ ᠰᠤᠷᠭᠠᠭᠤᠯᠢ ᠠᠴᠠ ᠲᠡᠭᠦᠰᠦᠭᠰᠡᠳ᠂ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠵᠡᠷᠭᠡ ᠭᠤᠤᠯᠳᠠᠯᠭ᠎ᠠ ᠲᠠᠢ ᠬᠥᠮᠦᠰ ᠤᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠵᠤ ᠠᠵᠢᠯ ᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠤᠰᠤ ᠠᠷᠪᠢᠯᠠᠬᠤ ᠠᠵᠢᠯᠯᠠᠭ᠎ᠠ᠂ ᠦᠷᠭᠦᠯᠵᠢᠯᠡᠬᠦ ᠬᠥᠭᠵᠢᠯᠲᠡ ᠶᠢ ᠦᠨᠡᠨ ᠬᠦ ᠪᠠᠲᠤᠯᠠᠵᠤ᠂ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠴᠢᠩᠭ᠎ᠠ ᠪᠤᠳᠠᠲᠠᠶᠢᠵᠢᠭᠤᠯᠤᠨ᠂ ᠤᠰᠤᠨ ᠤ ᠬᠡᠮᠵᠢᠶ᠎ᠡ ᠶᠢ ᠲᠣᠬᠢᠷᠠᠭᠤᠯᠬᠤ ᠠᠵᠢᠯ ᠤᠨ ᠲᠥᠰᠦᠯ ᠢ ᠲᠡᠭᠦᠯᠳᠡᠷᠵᠢᠭᠦᠯᠵᠦ᠂ ᠭᠤᠤᠯ ᠤᠨ ᠵᠠᠮ ᠢ ᠬᠠᠮᠢᠶᠠᠷᠤᠨ ᠡᠵᠡᠮᠳᠡᠬᠦ ᠡᠷᠴᠢᠮ ᠢᠶᠠᠨ ᠴᠢᠩᠭᠠᠷᠠᠭᠤᠯᠵᠤ᠂ ᠲᠠᠷᠢᠶᠠᠯᠠᠩ ᠤᠨ ᠤᠰᠤ ᠠᠷᠪᠢᠯᠠᠵᠤ ᠤᠨᠠᠯᠲᠠ ᠶᠢ ᠨᠡᠮᠡᠭᠳᠡᠭᠦᠯᠬᠦ ᠠᠵᠢᠯᠯᠠᠭ᠎ᠠ ᠶᠢ ᠲᠦᠷᠭᠡᠳᠬᠡᠨ ᠬᠡᠷᠡᠭᠵᠢᠭᠦᠯᠵᠦ᠂ ᠤᠰᠤ ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ᠂ ᠠᠮᠢ ᠠᠬᠤᠶ ᠶᠢᠨ ᠥᠷᠲᠡᠭ ᠨᠡᠮᠡᠭᠳᠡᠬᠦ᠂ ᠠᠵᠤ ᠦᠢᠯᠡᠰ ᠤᠨ ᠲᠠᠰ ᠳᠡᠪᠰᠢᠬᠦ ᠶᠢ ᠬᠠᠮᠵᠢᠯᠴᠠᠨ ᠠᠬᠢᠭᠤᠯᠬᠤ ᠶᠢ ᠪᠡᠶᠡᠯᠡᠭᠦᠯᠬᠦ ᠬᠡᠷᠡᠭᠲᠡᠶ᠃ ᠣᠷᠣᠨ ᠪᠦᠰᠡ ᠶᠢᠨ ᠬᠠᠮᠲᠤᠷᠠᠯᠴᠠᠭ᠎ᠠ ᠪᠠᠷ ᠳᠣᠲᠣᠭᠠᠳᠤ ᠭᠠᠳᠠᠭᠠᠳᠤ ᠨᠡᠬᠡᠬᠡᠯᠳᠡ ᠶᠢ ᠭᠦᠨᠵᠡᠭᠡᠶᠢᠷᠡᠭᠦᠯᠵᠦ᠂ ᠪᠦᠬᠦ ᠠᠶᠢᠮᠠᠭ ᠤᠨ ᠠᠵᠤ ᠦᠢᠯᠡᠰ ᠤᠨ ᠪᠠᠶᠢᠷᠢᠰᠢᠭᠤᠯᠤᠯᠲᠠ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ︽ᠠᠵᠤ ᠦᠢᠯᠡᠰ + ᠡᠯᠧᠮᠧᠨ᠋ᠲ + ᠲᠦᠷᠦ ᠶᠢᠨ ᠪᠤᠳᠤᠯᠭ᠎ᠠ︾᠎ ᠶᠢᠨ ᠠᠷᠠᠯᠵᠢᠶᠠᠴᠢᠨ ᠤᠷᠢᠬᠤ ᠵᠢᠷᠤᠭ ᠤᠨ ᠵᠢᠭᠰᠠᠯ ᠢ ᠰᠠᠶᠢᠲᠤᠷ ᠠᠰᠢᠭᠯᠠᠵᠤ᠂ ︽ᠣᠷᠣᠨ ᠠᠯᠤᠰᠯᠠᠭᠰᠠᠨ︾ ᠠᠵᠤ ᠠᠬᠤᠢ ᠶᠢᠨ ᠬᠥᠭᠵᠢᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠣᠷᠣᠨ ᠪᠦᠰᠡ ᠠᠯᠤᠰᠯᠠᠭᠰᠠᠨ ᠬᠠᠮᠵᠢᠯᠴᠠᠭ᠎ᠠ ᠶᠢ ᠴᠢᠩᠭᠠᠳᠬᠠᠨ᠂ ᠭᠠᠳᠠᠭᠠᠳᠤ ᠠᠵᠤ ᠠᠬᠤᠢ ᠠᠷᠠᠯᠵᠢᠶᠠᠨ ᠤ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠴᠡᠭᠡ ᠪᠣᠭᠤᠮᠲᠠ ᠶᠢᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠲᠦᠪᠰᠢᠨ ᠢᠶᠠᠨ ᠳᠡᠭᠡᠭᠰᠢᠯᠡᠭᠦᠯᠬᠦ ᠶᠢ ᠪᠦᠬᠦ ᠬᠦᠴᠦᠨ ᠢᠶᠠᠷ ᠳᠡᠮᠵᠢᠵᠦ᠂ ᠡᠬᠢ ᠪᠠᠶᠠᠯᠢᠭ ᠢ ᠬᠠᠮᠲᠤ ᠪᠠᠷ ᠡᠳ᠋ᠯᠡᠬᠦ᠂ ᠴᠢᠬᠤᠯᠠ ᠡᠯᠧᠮᠧᠨ᠋ᠲ ᠬᠠᠷᠢᠯᠴᠠᠨ ᠨᠥᠬᠦᠪᠥᠷᠢᠯᠡᠬᠦ᠂ ᠳᠠᠪᠠᠭᠤᠯᠢᠭ ᠢᠶᠠᠷ ᠳᠠᠪᠬᠤᠴᠠᠬᠤ ᠶᠢ ᠠᠬᠢᠭᠤᠯᠬᠤ ᠬᠡᠷᠡᠭᠲᠡᠢ᠃ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠪᠠᠷ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ ᠴᠣᠭᠴᠠᠯᠠᠵᠤ᠂ ᠣᠷᠣᠨ ᠨᠤᠲᠤᠭ ᠤᠨ ᠰᠣᠶᠣᠯ ᠤᠨ ᠡᠬᠢ ᠪᠠᠶᠠᠯᠢᠭ ᠢ ᠭᠦᠨᠵᠡᠭᠡᠢ ᠠᠭᠤᠳᠠᠯᠤᠨ᠂ ᠰᠣᠶᠣᠯ ᠬᠢᠭᠡᠳ ᠵᠢᠭᠤᠯᠴᠢᠯᠠᠯ ᠤᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠣᠨᠴᠠᠯᠢᠭᠲᠤ ᠰᠣᠶᠣᠯ ᠤᠨ ᠲᠦᠷᠦᠯ ᠲᠡᠮᠳᠡᠭ ᠢ ᠡᠭᠦᠳᠴᠦ᠂ ᠰᠣᠶᠣᠯ ᠤᠨ ᠤᠯᠠᠮᠵᠢᠯᠠᠨ ᠲᠠᠷᠬᠠᠭᠠᠬᠤ ᠬᠦᠴᠦᠨ ᠪᠠ ᠨᠥᠯᠥᠭᠡᠯᠡᠬᠦ ᠬᠦᠴᠦᠨ ᠢ ᠴᠢᠩᠭᠠᠳᠬᠠᠵᠤ᠂ ᠠᠯᠳᠠᠨ ᠨᠠᠮᠤᠷ ᠤᠨ ᠲᠣᠣᠷᠠᠢ ᠶᠢᠨ ᠨᠠᠶᠢᠷ᠂ ᠰᠠᠨᠰᠠᠷ ᠤᠨ ᠬᠠᠷᠪᠤᠯᠲᠠ ᠶᠢᠨ ᠶᠣᠰᠣᠯᠠᠯ ᠵᠡᠷᠭᠡ ᠲᠦᠷᠦᠯ ᠲᠡᠮᠳᠡᠭ ᠤᠨ ᠠᠵᠢᠯᠯᠠᠭ᠎ᠠ ᠶᠢ ᠦᠷᠭᠦᠯᠵᠢᠯᠡᠨ ᠰᠠᠶᠢᠲᠤᠷ ᠡᠷᠬᠢᠯᠡᠵᠦ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠶᠡᠷᠦᠩᠬᠡᠶᠢᠯᠡᠭᠰᠡᠨ ᠦᠷ᠎ᠡ ᠠᠰᠢᠭ ᠢ ᠳᠡᠭᠡᠭᠰᠢᠯᠡᠭᠦᠯᠵᠦ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠷᠬᠡᠭ ᠶᠡᠭᠡ ᠤᠶᠤᠨ ᠰᠠᠨᠠᠭᠠᠨ ᠤ ᠬᠥᠳᠡᠯᠭᠡᠬᠦ ᠬᠦᠴᠦᠨ ᠬᠠᠩᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃       ᠬᠤᠷᠠᠯ ᠠᠴᠠ᠂ ᠪᠦᠬᠦ ᠬᠤᠰᠢᠭᠤ ᠪᠠᠷ ᠢᠶᠠᠨ ᠬᠥᠳᠡᠯᠦᠯᠴᠡᠵᠦ᠂ ᠠᠯᠬᠤᠮ ᠨᠢᠭᠡᠲᠡᠢ ᠪᠠᠷ ︽ᠵᠢᠷᠭᠤᠭᠠᠨ ᠠᠵᠢᠯᠯᠠᠭ᠎ᠠ︾᠎ ᠶᠢ ᠥᠷᠨᠢᠭᠦᠯᠵᠦ᠂ ︽ᠤᠳᠠᠭᠠᠰᠢᠷᠠᠭᠤᠯᠵᠤ ᠪᠣᠯᠬᠤ ᠦᠭᠡᠢ︾ ᠲᠤᠯᠭᠠᠮ ᠰᠡᠳᠬᠢᠯᠭᠡ ᠪᠣᠯᠤᠨ       ︽ᠰᠠᠭᠤᠵᠤ ᠳᠡᠶᠢᠯᠬᠦ ᠦᠭᠡᠢ︾ ᠬᠠᠷᠢᠭᠤᠴᠠᠯᠭᠠᠲᠤ ᠰᠡᠳᠬᠢᠯᠭᠡ ᠪᠠᠨ ᠴᠢᠩᠭᠠᠳᠬᠠᠵᠤ᠂ ᠡᠷᠴᠢ ᠵᠣᠷᠢᠭ ᠢᠶᠠᠨ ᠬᠥᠪᠴᠢᠯᠡᠨ᠂ ᠰᠠᠶᠢᠨ ᠲᠠᠯ᠎ᠠ ᠪᠠᠨ ᠳᠠᠪᠲᠠᠨ ᠪᠣᠯᠪᠠᠰᠤᠷᠠᠭᠤᠯᠵᠤ ᠳᠤᠲᠠᠭᠳᠠᠯ ᠲᠠᠢ ᠲᠠᠯ᠎ᠠ ᠪᠠᠨ ᠨᠦᠬᠦᠪᠦᠷᠢᠯᠡᠨ᠂ ᠮᠣᠩᠭᠤᠯ ᠮᠤᠷᠢᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠪᠦᠬᠦ ᠬᠦᠴᠦᠨ ᠢᠶᠠᠷ ᠢᠶᠠᠨ ᠬᠥᠭᠵᠢᠯᠲᠡ ᠶᠢ ᠡᠷᠢᠯᠬᠢᠯᠡᠨ ᠬᠥᠭᠵᠢᠯᠲᠡ ᠶᠢ ᠠᠳᠬᠤᠵᠤ᠂ ᠳᠦᠭᠦᠷᠡᠩ ᠬᠡᠪ ᠪᠠᠶᠢᠳᠠᠯ ᠢᠶᠠᠷ ᠵᠢᠯ ᠤᠨ ᠡᠬᠢᠨ ᠠᠴᠠ ᠵᠢᠯ ᠤᠨ ᠡᠴᠦᠰ ᠪᠣᠯᠲᠠᠯ᠎ᠠ ᠠᠵᠢᠯᠯᠠᠵᠤ᠂ ᠢᠯᠠᠯᠲᠠ ᠶᠢᠨ ᠡᠷᠴᠢᠨ ᠳᠡᠭᠡᠷ᠎ᠡ ᠪᠠᠨ ᠡᠵᠡᠨ᠎ᠡ ᠶᠢᠨ ᠡᠯ᠎ᠡ ᠵᠦᠢᠯ ᠤᠨ ᠠᠵᠢᠯ ᠦᠢᠯᠡᠰ ᠨᠡᠩ ᠶᠡᠭᠡ ᠰᠢᠨ᠎ᠡ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠬᠤᠷᠠᠯ ᠠᠴᠠ 2025 ᠣᠨ ᠤ ᠭᠤᠤᠯᠳᠠᠯᠭ᠎ᠠ ᠲᠠᠢ ᠠᠵᠢᠯ ᠤᠨ ᠵᠠᠳᠠᠯᠤᠯᠲᠠ ᠶᠢᠨ ᠪᠠᠶᠢᠳᠠᠯ ᠢ ᠵᠠᠷᠯᠠᠨ ᠮᠡᠳᠡᠭᠳᠡᠪᠡ᠃       ᠬᠤᠰᠢᠭᠤᠨ ᠤ ᠨᠠᠮ ᠤᠨ ᠬᠤᠷᠢᠶᠠᠨ ᠤ ᠡᠯ᠎ᠡ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠡᠯ᠎ᠡ ᠬᠤᠰᠢᠭᠤᠨ ᠤ ᠳᠡᠳ᠋ ᠳᠠᠷᠤᠭ᠎ᠠ᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠶ᠃ 
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号