ᠵᠢᠷᠭᠤᠭᠠᠨ ᠠᠵᠢᠯᠯᠠᠭ᠎ᠠ ᠪᠣᠯ ᠨᠢᠳᠤᠨᠤᠨ ᠤ ︽ᠵᠢᠷᠭᠤᠭᠠᠨ ᠢᠨᠵᠧᠨᠧᠷᠢᠩ︾ ᠤᠨ ᠳᠠᠷᠠᠭᠠᠬᠢ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠰᠠ ᠨᠢᠭᠡᠨ ᠴᠢᠬᠤᠯᠠ ᠶᠡᠭᠡ | ᠪᠠᠶᠢᠷᠢᠯᠠᠭᠤᠯᠤᠯᠲᠠ ᠮᠥᠨ᠂ ᠪᠠᠰᠠ ᠴᠤ ︽ᠲᠠᠪᠤᠨ ᠶᠡᠭᠡ ᠡᠭᠦᠷᠭᠡ︾ ᠶᠢ ᠰᠠᠶᠢᠲᠤᠷ ᠪᠡᠶᠡᠯᠡᠭᠦᠯᠬᠦ ᠶᠢᠨ ᠴᠢᠬᠤᠯᠠ | ᠭᠠᠷᠳᠠᠴᠠ ᠮᠥᠨ᠃ 2025 ᠣᠨ ᠳᠤ᠂ ᠡᠵᠡᠨ᠎ᠡ ᠬᠤᠰᠢᠭᠤᠨ ᠤ ᠡᠯ᠎ᠡ ᠰᠠᠯᠠᠭ᠎ᠠ ᠮᠥᠴᠢᠷ ᠤᠨ ᠬᠢᠨ ᠪᠦᠬᠦ | ᠲᠠᠯ᠎ᠠ ᠪᠠᠷ ᠱᠠᠯᠠᠪᠳᠠᠭᠤᠯᠤᠨ ᠬᠥᠳᠡᠯᠦᠯᠴᠡᠵᠦ᠂ ᠬᠠᠷᠠᠯᠲᠠ ᠪᠠᠨ ᠲᠣᠭᠲᠠᠭᠠᠨ ᠬᠥᠭᠵᠢᠯᠲᠡ ᠶᠢ ᠠᠳᠬᠤᠵᠤ᠂ | ᠨᠠᠶᠢᠳᠠᠪᠤᠷᠢᠵᠢᠭᠤᠯᠤᠯᠲᠠ ᠶᠢ ᠪᠦᠬᠦ ᠬᠦᠴᠦᠨ ᠢᠶᠠᠷ ᠢᠶᠠᠨ ᠴᠢᠩᠭ᠎ᠠ ᠠᠳᠬᠤᠨ᠂ ᠯᠠᠪᠳᠠᠭᠤᠨ ᠪᠠᠲᠤᠲᠠᠢ ᠠᠷᠭ᠎ᠠ | ᠬᠡᠮᠵᠢᠶ᠎ᠡ ᠪᠠᠷ ︽ᠵᠢᠷᠭᠤᠭᠠᠨ ᠠᠵᠢᠯᠯᠠᠭ᠎ᠠ︾ ᠶᠢ ᠨᠠᠶᠢᠳᠠᠪᠤᠷᠢᠵᠢᠭᠤᠯᠵᠤ᠂ ᠰᠢᠯᠢᠳᠡᠭ ᠦᠷ᠎ᠠ ᠪᠦᠲᠦᠮᠵᠢ ᠭᠠᠷᠭᠠᠬᠤ ᠶᠢ | ᠪᠦᠬᠦ ᠲᠠᠯ᠎ᠠ ᠪᠠᠷ ᠠᠬᠢᠭᠤᠯᠣᠨ᠎ᠠ᠃ | ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠯᠪᠠᠨ ᠬᠡᠷ ᠤᠨ ᠡᠷᠬᠢᠯᠡᠭᠴᠢ᠂ | ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ ᠬᠤᠣᠰᠪᠠᠭᠠᠨᠠ᠄ ︽ᠬᠤᠰᠢᠭᠤᠨ ᠤ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠨᠢ ᠲᠣᠰ ᠤᠳᠠᠭᠠᠨ ᠤ ᠬᠤᠷᠠᠯ ᠢᠶᠠᠷ ᠠᠵᠠ ᠲᠣᠬᠢᠶᠠᠯ ᠪᠣᠯᠭᠠᠵᠤ᠂ | ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠲᠥᠷᠥᠯ ᠵᠦᠢᠯ ᠢ ᠲᠥᠯᠥᠪᠵᠢᠭᠦᠯᠬᠦ ᠠᠵᠢᠯᠯᠠᠭ᠎ᠠ ᠶᠢ ᠠᠬᠢᠭᠤᠯᠬᠤ | ᠲᠤᠬᠠᠶ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠤᠨ᠂ | ᠤᠯᠤᠰ ᠤᠨ ᠲᠥᠷᠥ ᠶᠢᠨ ᠪᠣᠳᠣᠯᠭ᠎ᠠ ᠪᠠ ᠪᠠᠯᠠ ᠮᠥᠩᠭᠦ ᠶᠢᠨ ᠣᠷᠣᠭᠤᠯᠤᠯᠲᠠ ᠶᠢᠨ ᠴᠢᠭᠯᠡᠯ ᠤᠨ ᠲᠣᠭᠤᠷᠢᠨ ᠳᠤ᠂ | ᠭᠤᠤᠯᠳᠠᠯᠭ᠎ᠠ ᠶᠢ ᠳᠣᠪᠤᠶᠢᠯᠭᠠᠨ᠂ ᠵᠠᠩᠭᠢᠯᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠨᠢᠭᠡ ᠪᠦᠯᠦᠭ ᠰᠠᠭᠤᠷᠢ | ᠲᠠᠯᠪᠢᠬᠤ᠂ ᠠᠯᠤᠰ ᠬᠡᠲᠦ ᠳᠤ ᠠᠰᠢᠭᠲᠠᠶ᠂ ᠬᠦᠴᠦᠨ ᠢ ᠨᠡᠮᠡᠭᠳᠡᠭᠦᠯᠬᠦ ᠴᠢᠬᠤᠯᠠ ᠶᠡᠭᠡ ᠲᠥᠷᠥᠯ ᠵᠦᠢᠯ ᠢ | ᠣᠨᠣᠪᠴᠢᠲᠠᠶ ᠲᠥᠰᠦᠪᠯᠡᠨ᠎ᠡ᠃ ᠯᠢᠨ ᠾᠧ ᠠᠴᠠ ᠬᠠᠮᠢ ᠬᠦᠷᠬᠦ ᠲᠡᠮᠦᠷ ᠵᠠᠮ ᠤᠨ ᠴᠢᠳᠠᠪᠬᠢ ᠶᠢ ᠥᠷᠭᠡᠳᠬᠡᠨ | ᠥᠭᠡᠷᠡᠴᠢᠯᠡᠬᠦ᠂ ᠬᠢᠯᠢ ᠬᠢᠵᠠᠭᠠᠷ ᠢ ᠬᠥᠭᠵᠢᠭᠦᠯᠦᠨ ᠠᠷᠠᠳ ᠢ ᠪᠠᠶᠠᠵᠢᠭᠤᠯᠬᠤ ᠠᠵᠢᠯᠯᠠᠭᠠᠨ ᠤ ᠲᠥᠪ ᠤᠨ | ᠲᠤᠷᠰᠢᠯᠲᠠ ᠶᠢᠨ ᠬᠤᠲᠠ ᠪᠠᠯᠭᠠᠰᠤᠨ ᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠂ ᠵᠣᠰᠠᠯᠠᠩ ᠤᠨ 500 | kv ᠬᠦᠴᠦᠳᠡᠯ ᠥᠭᠡᠷᠡᠴᠢᠯᠡᠬᠦ ᠢᠨᠵᠧᠨᠧᠷᠢᠩ ᠵᠡᠷᠭᠡ 19 ᠲᠥᠷᠥᠯ ᠵᠦᠢᠯ ᠢ ᠠᠬᠢᠭᠤᠯᠵᠤ᠂ ᠨᠠᠩ ᠣᠯᠠᠨ᠂ ᠨᠠᠩ | ᠴᠢᠨᠠᠷᠯᠢᠭ ᠲᠥᠷᠥᠯ ᠵᠦᠢᠯ ᠢᠶᠠᠷ ᠰᠢᠨ᠎ᠡ ᠨᠡᠮᠡᠭᠳᠡᠯ ᠤᠨ ᠴᠡᠭ ᠢ ᠪᠦᠷᠢᠯᠳᠦᠭᠦᠯᠬᠦ ᠪᠠᠷ ᠴᠢᠷᠮᠠᠶᠢᠵᠤ᠂ ᠪᠦᠬᠦ | ᠬᠤᠰᠢᠭᠤᠨ ᠤ ᠠᠵᠤ ᠠᠬᠤᠢ ᠶᠢᠨ ︽ᠴᠢᠨᠠᠷ︾ ᠢ ᠪᠦᠲᠦᠮᠵᠢᠲᠡᠢ ᠳᠡᠭᠡᠭᠰᠢᠯᠡᠭᠦᠯᠬᠦ ᠪᠠ ︽ᠲᠤᠭ᠎ᠠ︾ ᠶᠢ ᠪᠦᠬᠦ | ᠲᠠᠯ᠎ᠠ ᠪᠠᠷ ᠨᠡᠮᠡᠭᠳᠡᠭᠦᠯᠬᠦ ᠳᠤ ᠬᠦᠴᠦ ᠨᠡᠮᠡᠷᠢᠯᠡᠨ᠎ᠡ︾ ᠭᠡᠪᠡ᠃ | ᠡᠵᠡᠨ᠎ᠡ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠯᠢᠨ ᠵᠢᠶᠠᠩ ᠄ | ︽ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠲᠣᠰ | ᠤᠳᠠᠭᠠᠨ ᠤ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠵᠢᠯ | ᠣᠯᠭᠤᠯᠲᠠ ᠶᠢ ᠠᠬᠢᠭᠤᠯᠬᠤ ᠪᠠᠷ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠲᠡᠷᠢᠭᠦᠨ ᠴᠢᠬᠤᠯᠠ ᠡᠭᠦᠷᠭᠡ | ᠪᠣᠯᠭᠠᠬᠤ ᠶᠢ ᠪᠠᠷᠢᠮᠲᠠᠯᠠᠨ᠂ ︽ᠵᠢᠷᠭᠤᠭᠠᠨ ᠠᠵᠢᠯᠯᠠᠭ᠎ᠠ︾ ᠶᠢᠨ ᠠᠵᠢᠯ ᠤᠨ ᠱᠠᠭᠠᠷᠳᠠᠯᠭ᠎ᠠ ᠶᠢ ᠴᠢᠩᠭ᠎ᠠ | ᠲᠣᠭᠲᠠᠭᠠᠵᠤ᠂ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠶᠢᠨ ᠠᠷᠭ᠎ᠠ ᠬᠡᠮᠵᠢᠶ᠎ᠡ ᠶᠢ ᠨᠠᠷᠢᠯᠢᠭᠵᠢᠭᠤᠯᠤᠨ᠂ | ᠠᠵᠢᠯ ᠤᠨ ᠪᠠᠶᠢᠷᠢ᠂ ᠠᠵᠢᠯᠲᠠᠨ᠂ ᠲᠥᠷᠥ ᠶᠢᠨ ᠪᠣᠳᠣᠯᠭ᠎ᠠ᠂ ᠦᠢᠯᠡᠴᠢᠯᠡᠭᠡ ᠵᠡᠷᠭᠡ ︽ᠳᠥᠷᠪᠡᠨ ᠵᠦᠢᠯ ᠤᠨ ᠨᠠᠷᠢᠨ | ᠲᠠᠩᠰᠠ︾ ᠶᠢ ᠦᠷᠭᠦᠯᠵᠢᠯᠡᠨᠲ᠋ᠡᠭᠦᠯᠳᠡᠷᠵᠢᠭᠦᠯᠵᠦ᠂ ᠪᠥᠬᠦ ᠬᠦᠴᠦᠨ ᠢᠶᠠᠷ ᠢᠶᠠᠨ ᠠᠵᠢᠯ ᠣᠯᠭᠤᠯᠲᠠ ᠶᠢ | ᠲᠣᠭᠲᠠᠪᠤᠷᠢᠵᠢᠭᠤᠯᠬᠤ᠂ ᠤᠷ᠎ᠠ ᠴᠢᠳᠠᠪᠤᠷᠢ ᠶᠢ ᠳᠡᠭᠡᠭᠰᠢᠯᠡᠭᠦᠯᠬᠦ᠂ ᠠᠵᠢᠯᠲᠠᠨ ᠢ ᠬᠠᠮᠠᠭᠠᠯᠠᠨ ᠬᠡᠷᠡᠭᠯᠡᠬᠦ᠂ | ᠬᠥᠭᠵᠢᠯᠲᠡ ᠶᠢ ᠠᠬᠢᠭᠤᠯᠬᠤ ᠪᠠᠷ ᠬᠦᠴᠦᠯᠡᠬᠦ ᠶᠢ ᠪᠠᠷᠢᠮᠲᠠᠯᠠᠨ᠂ ᠤᠨᠴᠠᠯᠢᠭᠳᠤ ᠳᠠᠪᠠᠭᠤᠯᠢᠭ ᠠᠵᠤ ᠦᠢᠯᠡᠰ ᠢ | ᠢᠳᠡᠪᠬᠢᠲᠡᠶ ᠪᠤᠶᠢᠵᠢᠭᠤᠯᠤᠨ ᠬᠥᠭᠵᠢᠭᠦᠯᠵᠦ᠂ ᠠᠵᠢᠯ ᠣᠯᠭᠤᠯᠲᠠ ᠶᠢᠨ ᠨᠥᠬᠦᠪᠥᠷᠢ ᠶᠢᠨ ᠲᠥᠷᠥ ᠶᠢᠨ | ᠪᠣᠳᠣᠯᠭ᠎ᠠ ᠶᠢᠨ ᠵᠠᠯᠠᠭᠤᠷ ᠢ ᠲᠣᠭᠲᠠᠪᠤᠷᠢᠵᠢᠭᠤᠯᠤᠨ ᠠᠶᠠᠯᠠᠯ ᠢ ᠬᠠᠮᠠᠭᠠᠯᠠᠬᠤ ᠶᠢ ᠦᠷᠭᠦᠯᠵᠢᠯᠡᠨ ᠳᠥᠯᠭᠢᠨ | ᠠᠬᠢᠭᠤᠯᠵᠤ᠂ ᠰᠢᠨ᠎ᠡ ᠪᠠᠷ ᠪᠣᠶ ᠪᠣᠯᠤᠭᠰᠠᠨ ᠠᠵᠤ ᠦᠢᠯᠡᠰ ᠢ ᠨᠡᠭᠡᠭᠡᠨ ᠡᠷᠭᠢᠯᠡᠬᠦ᠂ ᠪᠠᠴᠢᠮ ᠳᠤᠲᠠᠭᠳᠠᠵᠤ ᠪᠠᠶᠢᠭ᠎ᠠ | ᠠᠵᠢᠯ ᠲᠥᠷᠥᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠤᠨ ᠶᠠᠪᠤᠴᠠ ᠪᠠᠨ ᠠᠵᠢᠯ ᠮᠡᠷᠭᠡᠵᠢᠯ ᠤᠨ ᠪᠠᠶᠢᠷᠢ ᠪᠠᠨ | ᠣᠨᠣᠴᠠᠲᠠᠶ ᠲᠠᠨᠢᠯᠴᠠᠭᠤᠯᠵᠤ᠂ ︽ᠬᠥᠮᠦᠨ — ᠠᠵᠢᠯ ᠤᠨ ᠪᠠᠶᠢᠷᠢ︾ ᠶᠢ ᠬᠤᠤᠰᠯᠠᠭᠤᠯᠤᠨ᠂ ᠭᠤᠤᠯᠳᠠᠯᠭ᠎ᠠ ᠲᠠᠢ | ᠬᠠᠮᠲᠤᠯᠢᠭ ᠢ ᠴᠢᠩᠭ᠎ᠠ ᠠᠩᠬᠠᠷᠴᠤ᠂ ᠠᠵᠢᠯ ᠣᠯᠭᠤᠯᠲᠠ ᠳᠤ ᠠᠷᠭ᠎ᠠ ᠵᠠᠮ ᠲᠠᠢ᠂ ᠣᠷᠣᠯᠭ᠎ᠠ ᠪᠠᠲᠤᠯᠠᠭ᠎ᠠ ᠲᠠᠢ | ᠪᠠᠶᠢᠬᠤ ᠶᠢ ᠥᠨᠡᠨᠬᠦ ᠪᠠ ᠪᠡᠶᠡᠯᠡᠬᠦᠯᠦᠨ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ | ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠬᠦᠴᠦᠨ ᠴᠢᠳᠠᠯ ᠢᠶᠠᠨ ᠡᠷᠭᠦᠨ᠎ᠡ︾ | ᠭᠡᠪᠡ᠃ | ᠡᠵᠡᠨ᠎ᠡ ᠬᠤᠰᠢᠭᠤᠨ ᠤ ᠠᠵᠤ ᠦᠢᠯᠡᠳᠪᠦᠷᠢ ᠬᠤᠳᠠᠯᠳᠤᠭᠠᠨ ᠤ ᠶᠠᠪᠤᠳᠠᠯ ᠪᠠ ᠮᠡᠳᠡᠭᠡ ᠵᠠᠩᠭᠢᠵᠢᠯᠲᠠ ᠶᠢᠨ | ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠵᠥᠩ ᠵᠢᠶᠠ ᠬᠤ᠋ ᠄ | ︽ ᠬᠤᠰᠢᠭᠤᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠬᠤᠳᠠᠯᠳᠤᠭᠠᠨ ᠤ ᠶᠠᠪᠤᠳᠠᠯ ᠤᠨ ᠰᠠᠯᠠᠭ᠎ᠠ | ᠮᠥᠴᠢᠷ ᠨᠢ ᠠᠶᠢᠮᠠᠭ ᠤᠨ ᠨᠠᠮ ᠤᠨ ᠬᠤᠷᠢᠶ᠎ᠠ᠂ ᠬᠤᠰᠢᠭᠤᠨ ᠤ ᠨᠠᠮ ᠤᠨ ᠬᠤᠷᠢᠶ᠎ᠠ ᠶᠢᠨ ︽ᠵᠢᠷᠭᠤᠭᠠᠨ | ᠠᠵᠢᠯᠯᠠᠭ᠎ᠠ︾ ᠶᠢ ᠨᠠᠶᠢᠳᠠᠪᠤᠷᠢᠵᠢᠭᠤᠯᠬᠤ ᠶᠢ ᠠᠬᠢᠭᠤᠯᠬᠤ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ | ᠲᠤᠤᠱᠯᠠᠭᠤᠯᠵᠤ᠂ ︽ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠠᠵᠢᠯᠯᠠᠭ᠎ᠠ︾ ᠶᠢ | ᠬᠡᠷᠡᠭᠵᠢᠭᠦᠯᠬᠦ ᠪᠠᠷ ᠭᠠᠷᠳᠠᠴᠠ ᠪᠣᠯᠭᠠᠨ᠂ ᠲᠥᠷᠥᠯ ᠵᠦᠢᠯ ᠤᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ | ᠡᠷᠴᠢᠮ ᠢ ᠦᠷᠭᠦᠯᠵᠢᠯᠡᠨ ᠴᠢᠩᠭᠠᠷᠠᠭᠤᠯᠵᠤ᠂ ᠡᠬᠢ ᠪᠠᠶᠠᠯᠢᠭ ᠤᠨ ᠳᠠᠪᠠᠭᠤᠯᠢᠭ ᠢᠶᠠᠨ ᠠᠰᠢᠭᠯᠠᠨ᠂ ᠨᠠᠷᠢᠯᠢᠭ | ᠣᠨᠣᠪᠴᠢᠲᠠᠶ ᠪᠠᠷ ᠬᠤᠳᠠᠯᠳᠤᠭᠠᠴᠢᠨ ᠤᠷᠢᠬᠤ᠂ ᠪᠥᠬᠦ ᠬᠡᠯᠬᠢᠶ᠎ᠡ ᠪᠠᠷ ᠬᠤᠳᠠᠯᠳᠤᠭᠠᠴᠢᠨ ᠤᠷᠢᠬᠤ ᠶᠢ ᠪᠠᠷᠢᠮᠲᠠᠯᠠᠵᠤ᠂ | ᠬᠥᠭᠵᠢᠯᠲᠡ ᠶᠢᠨ ᠨᠥᠭᠡᠴᠡ ᠬᠦᠴᠦᠨ ᠢ ᠲᠠᠰᠤᠷᠠᠯᠲᠠ ᠥᠬᠡᠶ ᠴᠢᠩᠭᠠᠷᠠᠭᠤᠯᠤᠨ᠂ ᠠᠵᠤ ᠠᠬᠤᠢᠯᠠᠯ ᠤᠨ ᠣᠷᠣᠵᠤ | ᠰᠠᠭᠤᠬᠤ᠂ ᠭᠠᠷᠳᠠᠮ ᠭᠦᠢᠴᠡᠳᠭᠡᠬᠦ ᠵᠡᠷᠭᠡ ᠵᠠᠩᠭᠢᠯᠠᠭ᠎ᠠ ᠶᠢᠨ ᠡᠯᠧᠮᠧᠨ᠋ᠲ ᠤᠨ ᠬᠠᠩᠭᠠᠯᠭ᠎ᠠ ᠶᠢ ᠤᠯᠠᠮ ᠨᠢᠭᠡ ᠠᠯᠬᠤᠮ | ᠴᠢᠩᠭᠠᠳᠬᠠᠵᠤ᠂ ᠮᠢᠩᠭᠠᠨ ᠲᠦᠮᠡᠨ ᠲᠣᠨ ᠤ ᠲᠠᠰ ᠤᠨ ᠭᠠᠳᠠᠭᠠᠳᠤ ᠠᠴᠠ ᠣᠷᠣᠭᠤᠯᠬᠤ ᠨᠡᠭᠦᠷᠡᠰᠦᠨ ᠤ | ᠨᠥᠭᠡᠴᠡᠯᠡᠵᠦ ᠠᠷᠠᠯᠵᠢᠶᠠᠯᠠᠬᠤ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ | ᠠᠬᠢᠭᠤᠯᠵᠤ᠂ ᠭᠠᠳᠠᠭᠠᠳᠤ ᠠᠴᠠ ᠣᠷᠣᠭᠤᠯᠬᠤ ᠲᠠᠸᠠᠷ ᠤᠨ ᠰᠠᠭᠤᠷᠢᠰᠢᠵᠤ ᠡᠳ᠋ᠰᠢᠭᠦᠯᠬᠦ ᠨᠣᠷᠮ᠎ᠠ ᠶᠢ | ᠳᠡᠭᠡᠭᠰᠢᠯᠡᠭᠦᠯᠦᠨ᠂ ᠭᠠᠳᠠᠭᠠᠳᠤ ᠠᠴᠠ ᠣᠷᠣᠭᠤᠯᠬᠤ ᠪᠠ ᠭᠠᠳᠠᠭᠠᠳᠤ ᠳᠤ ᠭᠠᠷᠭᠠᠬᠤ ᠦᠢᠯᠡᠳᠬᠦᠨ ᠤ ᠲᠥᠷᠥᠯ᠂ | ᠬᠡᠪᠴᠢᠶ᠎ᠡ ᠶᠢ ᠥᠷᠭᠡᠳᠬᠡᠵᠦ᠂ ᠬᠢᠯᠢ ᠶᠢᠨ ᠠᠷᠠᠳ ᠤᠨ ᠬᠠᠷᠢᠯᠴᠠᠨ ᠠᠷᠠᠯᠵᠢᠶᠠᠯᠠᠬᠤ ᠠᠮᠢᠵᠢᠷᠠᠯ ᠤᠨ ᠬᠦᠴᠦᠨ ᠢ ᠪᠥᠬᠦ | ᠠᠶᠢᠮᠠᠭ ᠤᠨ ᠠᠵᠤ ᠦᠢᠯᠡᠰ ᠤᠨ ᠪᠠᠶᠢᠷᠢᠰᠢᠭᠤᠯᠤᠯᠲᠠ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠭᠤᠯᠵᠤ᠂ | ︽ᠣᠷᠣᠨ ᠠᠯᠤᠰᠯᠠᠭᠰᠠᠨ ᠠᠵᠤ ᠠᠬᠤᠶ︾ ᠶᠢ ᠦᠷᠭᠦᠯᠵᠢᠯᠡᠨ ᠬᠦᠴᠦᠯᠡᠨ ᠬᠥᠭᠵᠢᠭᠦᠯᠵᠦ᠂ ᠬᠦᠷᠢᠶᠡᠯᠡᠩ ᠳᠤ | ᠤᠷᠤᠭᠰᠠᠨ ᠠᠵᠤ ᠠᠬᠤᠶᠢᠯᠠᠯ ᠤᠨ ᠠᠰᠢᠭᠯᠠᠯᠲᠠ ᠳᠤ ᠣᠷᠣᠬᠤ ᠶᠢ ᠠᠬᠢᠭᠤᠯᠵᠤ᠂ ᠪᠦᠬᠦ ᠬᠤᠰᠢᠭᠤᠨ ᠤ ᠠᠵᠤ | ᠦᠢᠯᠡᠳᠪᠦᠷᠢ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠰᠢᠨ᠎ᠡ ᠬᠤᠪᠢ ᠨᠡᠮᠡᠷᠢ ᠥᠵᠡᠬᠦᠯᠦᠨᠡ︾ | ᠭᠡᠪᠡ᠃ | ᠬᠠᠷ᠎ᠠ ᠭᠤᠤᠯ ᠤᠨ ᠡᠵᠡᠨ᠎ᠡ ᠶᠢᠨ ᠤᠰᠤᠯᠠᠯᠲᠠ ᠶᠢᠨ ᠣᠷᠣᠨ ᠤ ᠤᠰᠤᠨ ᠠᠰᠢᠭᠯᠠᠯᠲᠠ ᠶᠢᠨ | ᠬᠥᠭᠵᠢᠭᠦᠯᠦᠯᠲᠡ ᠶᠢᠨ ᠲᠥᠪ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ᠂ ᠡᠵᠡᠨ᠎ᠡ | ᠬᠤᠰᠢᠭᠤᠨ ᠤ ᠤᠰᠤᠨ ᠤ ᠶᠠᠪᠤᠳᠠᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ | ᠲᠣᠪᠴᠢᠶᠠᠨ ᠳᠠᠷᠤᠭ᠎ᠠ ᠵᠣᠴᠢᠨ᠄ ︽ ᠪᠥᠬᠦ ᠠᠶᠢᠮᠠᠭ ᠤᠨ ︽ᠵᠢᠷᠭᠤᠭᠠᠨ ᠠᠵᠢᠯᠯᠠᠭ᠎ᠠ︾ ᠶᠢ ᠨᠠᠶᠢᠳᠠᠪᠤᠷᠢᠵᠢᠭᠤᠯᠬᠤ | ᠪᠠᠶᠢᠷᠢᠯᠠᠭᠤᠯᠤᠯᠲᠠ ᠶᠢ ᠠᠬᠢᠭᠤᠯᠬᠤ ᠬᠤᠷᠠᠯ ᠤᠨ ᠵᠣᠷᠢᠭ ᠰᠠᠨᠠᠭ᠎ᠠ ᠶᠣᠰᠣᠭᠠᠷ᠂ ᠬᠤᠰᠢᠭᠤᠨ ᠤ ᠤᠰᠤᠨ | ᠠᠰᠢᠭᠯᠠᠯᠲᠠ ᠶᠢᠨ ᠰᠢᠰᠲ᠋ᠧᠮ ᠤᠨ ᠬᠢᠨ ᠶᠡᠷᠦᠩᠬᠡᠶ ᠱᠦᠵᠢ ᠰᠢ ᠶᠢᠨ ᠫᠢᠩ ᠤᠨ ︽ᠤᠰᠤ ᠠᠷᠪᠢᠯᠠᠬᠤ ᠶᠢ | ᠲᠡᠷᠢᠭᠦᠨ ᠳᠤ ᠲᠠᠯᠪᠢᠬᠤ᠂ ᠣᠷᠣᠨ ᠵᠠᠶ ᠶᠢ ᠲᠡᠩᠴᠡᠭᠦᠷᠢᠲᠡᠶ ᠪᠠᠶᠢᠯᠭᠠᠬᠤ᠂ ᠰᠢᠰᠲ᠋ᠧᠮ ᠲᠠᠢ ᠵᠠᠰᠠᠬᠤ᠂ ᠬᠤᠶᠠᠷ | ᠲᠠᠯ᠎ᠠ ᠪᠠᠷ ᠬᠦᠴᠦᠯᠡᠬᠦ︾ ᠤᠰᠤ ᠵᠠᠰᠠᠬᠤ ᠰᠡᠳᠬᠢᠴᠡ ᠶᠢ ᠪᠠᠷᠢᠮᠲᠠᠯᠠᠵᠤ᠂ ᠤᠰᠤᠨ ᠤ ᠡᠬᠢ ᠪᠠᠶᠠᠯᠢᠭ ᠤᠨ ᠬᠠᠲᠠᠭᠤ | ᠬᠢᠵᠠᠭᠠᠷᠯᠠᠯ ᠢ ᠴᠢᠩᠭᠠᠳᠬᠠᠨ᠂ ᠲᠠᠷᠢᠶᠠᠯᠠᠩ ᠤᠨ ᠤᠰᠤ ᠠᠷᠪᠢᠯᠠᠵᠤ ᠦᠷ᠎ᠠ ᠠᠰᠢᠭ ᠢ ᠨᠡᠮᠡᠭᠳᠡᠭᠦᠯᠬᠦ᠂ ᠠᠵᠤ | ᠦᠢᠯᠡᠳᠪᠦᠷᠢ ᠶᠢᠨ ᠤᠰᠤ ᠠᠷᠪᠢᠯᠠᠵᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠬᠤᠲᠠ | ᠬᠥᠳᠡᠭᠡ ᠶᠢᠨ ᠤᠰᠤ ᠠᠷᠪᠢᠯᠠᠵᠤ ᠬᠤᠬᠢᠷᠠᠯ ᠪᠠᠭᠠᠰᠬᠠᠬᠤ ᠶᠢ ᠪᠥᠬᠦ ᠬᠦᠴᠦᠨ ᠢᠶᠠᠷ ᠠᠬᠢᠭᠤᠯᠵᠤ᠂ ᠬᠡᠪ ᠤᠨ ᠪᠤᠰᠤ | ᠤᠰᠤᠨ ᠤ ᠠᠰᠢᠭᠯᠠᠯᠲᠠ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠤᠰᠤ ᠠᠷᠪᠢᠯᠠᠬᠤ ᠵᠠᠬ᠎ᠠ ᠳᠡᠯᠭᠡᠭᠦᠷ ᠤᠨ | ᠠᠮᠢᠵᠢᠷᠠᠯ ᠤᠨ ᠬᠦᠴᠦᠨ ᠢ ᠬᠥᠭᠵᠢᠭᠡᠬᠦ ᠪᠠᠷ ᠭᠠᠷᠳᠠᠴᠠ ᠪᠣᠯᠭᠠᠵᠤ᠂ ᠤᠰᠤᠨ ᠤ ᠡᠬᠢ ᠪᠠᠶᠠᠯᠢᠭ ᠢ ᠠᠰᠢᠭᠯᠠᠬᠤ ᠦᠷ᠎ᠡ | ᠪᠦᠲᠦᠮᠵᠢ ᠪᠠ ᠦᠷ᠎ᠡ ᠠᠰᠢᠭ ᠢ ᠪᠦᠲᠦᠮᠵᠢᠲᠡᠶ ᠳᠡᠭᠡᠭᠰᠢᠯᠡᠭᠦᠯᠬᠦ ᠪᠠᠷ ︽ᠵᠢᠷᠭᠤᠭᠠᠨ ᠠᠵᠢᠯᠯᠠᠭ᠎ᠠ︾ ᠶᠢ | ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠪᠥᠬᠦ ᠬᠦᠴᠦᠨ ᠢᠶᠠᠷ ᠳᠥᠯᠭᠢᠨ ᠠᠬᠢᠭᠤᠯᠤᠨ᠎ᠠ ︾ ᠭᠡᠪᠡ᠃ | ᠡᠵᠡᠨ᠎ᠡ ᠬᠤᠰᠢᠭᠤᠨ ᠤ ᠰᠣᠶᠣᠯ ᠵᠢᠭᠤᠯᠴᠢᠯᠠᠯ ᠷᠠᠳᠢᠣ᠋ ᠲᠧᠯᠸᠢᠰ ᠲᠣᠪᠴᠢᠶ᠎ᠠ ᠶᠢᠨ ᠨᠠᠮ ᠤᠨ ᠤᠳᠤᠷᠢᠳᠬᠤ | ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠵᠢᠶᠠᠩ ᠵᠢᠤᠢ ᠮᠧᠶ ᠄ ︽ᠬᠤᠰᠢᠭᠤᠨ ᠤ ᠰᠣᠶᠣᠯ ᠵᠢᠭᠤᠯᠴᠢᠯᠠᠯ | ᠷᠠᠳᠢᠣ᠋ ᠲᠧᠯᠸᠢᠰ ᠤᠨ ᠰᠢᠰᠲ᠋ᠧᠮ ᠤᠨ ᠬᠢᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ ᠠᠵᠢᠯ ᠤᠨ ᠭᠤᠤᠯ ᠰᠢᠵᠢᠮ ᠤᠨ ᠲᠣᠭᠤᠷᠢᠨ ᠳᠤ᠂ ᠰᠣᠶᠣᠯ ᠢᠶᠠᠷ ᠵᠢᠭᠤᠯᠴᠢᠯᠠᠯ ᠢ ᠱᠤᠭᠤᠵᠤ᠂ | ᠵᠢᠭᠤᠯᠴᠢᠯᠠᠯ ᠢᠶᠠᠷ ᠰᠣᠶᠣᠯ ᠢ ᠢᠯᠡᠷᠡᠭᠦᠯᠬᠦ ᠶᠢ ᠪᠠᠷᠢᠮᠲᠠᠯᠠᠵᠤ᠂ ᠡᠵᠡᠨ᠎ᠡ ᠬᠤᠰᠢᠭᠤᠨ ᠤ ᠲᠣᠰ ᠭᠠᠵᠠᠷ ᠣᠷᠣᠨ ᠤ | ᠲᠡᠦᠬᠡ ᠰᠣᠶᠣᠯ ᠤᠨ ᠡᠬᠢ ᠪᠠᠶᠠᠯᠢᠭ ᠢ ᠠᠭᠤᠳᠠᠯᠤᠨ ᠬᠡᠷᠡᠭᠯᠡᠵᠦ᠂ ᠵᠢᠤᠢ ᠶᠡᠡ ᠤ ᠰᠣᠶᠣᠯ᠂ ᠲᠤᠤᠷᠠᠶ ᠶᠢᠨ | ᠰᠣᠶᠣᠯ ᠤᠨ ᠰᠤᠳᠤᠯᠭᠠᠨ ᠤ ᠬᠦᠷᠢᠶᠡᠯᠡᠩ ᠢ ᠪᠠᠶᠢᠭᠤᠯᠤᠨ᠂ ᠲᠤᠰᠬᠠᠶ ᠮᠡᠷᠭᠡᠵᠢᠯᠲᠡᠨ ᠤ ᠣᠶᠤᠨ ᠤ ᠬᠥᠮᠥᠷᠭᠡ ᠶᠢ | ᠤᠷᠢᠨ ᠪᠠᠶᠢᠭᠤᠯᠬᠤ ᠪᠠᠷ ᠳᠠᠮᠵᠢᠭᠤᠯᠤᠨ᠂ ᠵᠣᠬᠢᠶᠠᠯᠴᠢᠳ ᠤᠨ ᠨᠡᠶᠢᠭᠡᠮᠯᠢᠭ᠂ ᠵᠢᠷᠤᠭ ᠤᠨ ᠨᠡᠶᠢᠭᠡᠮᠯᠢᠭ᠂ ᠬᠡᠷᠡᠯ | ᠵᠢᠷᠤᠭᠴᠢᠳ ᠤᠨ ᠨᠡᠶᠢᠭᠡᠮᠯᠢᠭ ᠵᠡᠷᠭᠡ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠥᠷᠭᠡᠨ ᠳᠡᠯᠭᠡᠷ ᠢᠶᠠᠷ | ᠬᠤᠯᠪᠣᠬᠤ ᠪᠠᠷ ᠳᠠᠮᠵᠢᠭᠤᠯᠤᠨ ᠲᠤᠤᠷᠠᠶ ᠶᠢᠨ ᠰᠣᠶᠣᠯ᠂ ᠵᠢᠤᠢ ᠶᠡᠡ ᠤ ᠰᠣᠶᠣᠯ᠂ ᠰᠠᠨᠰᠠᠷ ᠤᠨ ᠠᠶᠠᠯᠠᠯ ᠤᠨ | ᠰᠣᠶᠣᠯ ᠤᠨ ᠠᠭᠤᠯᠤᠭᠳᠠᠬᠤᠨ ᠢ ᠠᠭᠤᠳᠠᠯᠬᠤ ᠳᠤ ᠪᠥᠬᠦ ᠲᠠᠯ᠎ᠠ ᠪᠠᠷ ᠣᠷᠣᠯᠴᠠᠵᠤ᠂ ᠰᠣᠶᠣᠯ ᠵᠢᠭᠤᠯᠴᠢᠯᠠᠯ ᠤᠨ | ᠠᠭᠤᠰᠤᠯᠴᠠᠯ ᠤᠨ ᠢᠯᠡᠷᠡᠭᠦᠯᠦᠯ ᠤᠨ ᠬᠡᠯᠪᠡᠷᠢ ᠶᠢ ᠪᠠᠶᠠᠯᠢᠭᠵᠢᠭᠤᠯᠵᠤ᠂ ᠪᠥᠬᠦ ᠬᠤᠰᠢᠭᠤᠨ ᠤ ᠦᠵᠡᠮᠵᠢ ᠶᠢᠨ | ᠣᠷᠣᠨ ᠤ ᠪᠦᠲᠦᠭᠡᠭᠳᠡᠬᠦᠨ ᠢ ᠪᠣᠳᠠᠲᠠᠶᠢᠵᠢᠭᠤᠯᠬᠤ ᠴᠢᠨᠠᠷᠲᠠᠶ ᠤᠬᠠᠭᠤᠯᠤᠨ ᠲᠥᠯᠥᠪᠯᠡᠬᠦ ᠲᠥᠰᠦᠯ ᠢ | ᠨᠠᠶᠢᠳᠠᠪᠤᠷᠢᠵᠢᠭᠤᠯᠬᠤ ᠶᠢ ᠠᠬᠢᠭᠤᠯᠵᠤ᠂ ᠬᠠᠷ᠎ᠠ ᠬᠤᠲᠠ ᠵᠢᠴᠢ ᠡᠷᠬᠢᠨ ᠲᠣᠭᠤᠷᠢᠨ ᠤ ᠪᠠᠭᠤᠷᠢ ᠶᠢᠨ ᠣᠷᠣᠨ | ᠪᠦᠰᠡ ᠶᠢᠨ ᠬᠠᠮᠠᠭᠠᠯᠠᠯᠲᠠ ᠬᠠᠮᠢᠶᠠᠷᠤᠯᠲᠠ ᠶᠢᠨ ᠪᠠᠶᠢᠭᠤᠯᠤᠮᠵᠢ ᠶᠢ ᠵᠣᠬᠢᠶᠠᠨ ᠪᠠᠶᠢᠭᠤᠯᠵᠤ᠂ ᠬᠠᠷ᠎ᠠ ᠬᠤᠲᠠ ᠶᠢᠨ | ᠪᠠᠭᠤᠷᠢ ᠵᠡᠷᠭᠡ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠵᠤ ᠠᠰᠢᠭᠯᠠᠬᠤ ᠡᠷᠴᠢᠮ ᠢ ᠤᠯᠠᠮ ᠨᠢᠭᠡ ᠠᠯᠬᠤᠮ | ᠴᠢᠩᠭᠠᠷᠠᠭᠤᠯᠬᠤ ᠶᠢᠨ ᠬᠠᠮᠳᠤ ᠠᠯᠳᠠᠨ ᠰᠢᠷᠭᠠᠯ ᠲᠣᠣᠷᠠᠢ ᠶᠢᠨ ᠨᠠᠶᠢᠷ᠂ ︽ᠮᠢᠩᠭᠠᠨ ᠣᠨ ᠤ ᠲᠣᠣᠷᠠᠢ ᠵᠠᠭᠤᠨ | ᠵᠢᠯ ᠤᠨ ᠬᠤᠪᠢ ᠪᠠᠷᠢᠯᠳᠤᠯᠭ᠎ᠠ︾ ᠵᠡᠷᠭᠡ ᠡᠯ᠎ᠡ ᠳᠦᠷᠦᠯ ᠤᠨ ᠨᠡᠷᠡᠳᠤ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢ | ᠰᠢᠨᠡᠴᠢᠯᠡᠨ ᠥᠷᠨᠢᠭᠦᠯᠵᠦ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠶᠢ | ᠰᠠᠶᠢᠲᠤᠷ ᠨᠠᠶᠢᠳᠠᠪᠤᠷᠢᠵᠢᠭᠤᠯᠤᠨ᠎ᠠ︾ ᠭᠡᠪᠡ᠃ | | | |