2 ᠰᠠᠷ᠎ᠠ ᠶᠢᠨ 11 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠡᠵᠡᠨ᠎ᠡ ᠬᠤᠰᠢᠭᠤᠨ ᠤ ᠠᠷᠪᠠᠨ | ᠳᠥᠷᠪᠡᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠲᠠᠪᠤᠳᠤᠭᠠᠷ ᠪᠥᠬᠦᠳᠡ ︵ | ᠥᠷᠭᠡᠳᠬᠡᠭᠰᠡᠨ︶ ᠬᠤᠷᠠᠯ ᠬᠤᠷᠠᠯᠳᠤᠪᠠ᠃ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ | ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠸᠠᠩ ᠯᠢ ᠵᠢᠶᠦ᠋ᠨ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ | ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ᠂ ᠴᠡᠭᠡ ᠪᠣᠭᠤᠮᠲᠠ ᠶᠢᠨ ᠠᠵᠤ | ᠠᠬᠤᠢ ᠶᠢᠨ ᠨᠡᠭᠡᠭᠡᠯᠲᠡ ᠶᠢᠨ ᠤᠷᠤᠨ ᠤ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠪᠦᠬᠡ᠂ ᠬᠤᠰᠢᠭᠤᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠪᠦᠳᠦᠭᠡᠯᠴᠢ᠂ | ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠲᠠᠩ ᠰᠢᠤᠸᠠᠢ ᠪᠢᠨ ᠬᠤᠷᠠᠯ ᠳᠤ ᠣᠷᠣᠯᠴᠠᠵᠤ᠂ | ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ | ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠵᠠᠩ ᠪᠢᠨ ᠬᠤᠷᠠᠯ ᠢ ᠡᠷᠭᠢᠯᠡᠪᠡ᠃ | ᠸᠠᠩ ᠯᠢ ᠵᠢᠶᠦ᠋ᠨ ᠬᠡᠯᠡᠬᠦ ᠳᠡᠭᠡᠨ᠂ ᠥᠩᠭᠡᠷᠡᠭᠰᠡᠨ ᠨᠢᠭᠡ ᠵᠢᠯ ᠳᠤ ᠬᠤᠰᠢᠭᠤᠨ ᠤ ᠨᠠᠮ ᠤᠨ ᠬᠤᠷᠢᠶ᠎ᠠ ᠨᠠᠮ ᠢ | ᠬᠠᠮᠢᠶᠠᠷᠴᠤ ᠨᠠᠮ ᠢ ᠵᠠᠰᠠᠬᠤ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ︽ᠭᠤᠷᠪᠠᠨ ᠲᠦᠷᠦᠯ | ᠤᠨ ᠠᠵᠢᠯ︾ ᠢ ᠨᠢᠭᠡ ᠴᠣᠭᠴᠠᠵᠢᠭᠤᠯᠤᠨ ᠠᠬᠢᠭᠤᠯᠵᠤ᠂ ᠨᠠᠮ ᠤᠨ ᠭᠡᠰᠢᠭᠦᠨ ᠺᠠᠳ᠋ᠷᠴᠤᠳ ᠤᠨ ᠰᠠᠬᠢᠯᠭ᠎ᠠ ᠪᠠᠲᠤ | ᠶᠣᠰᠣ ᠳᠦᠷᠢᠮ ᠤᠨ ᠤᠬᠠᠮᠰᠠᠷ ᠢ ᠤᠯᠠᠮ ᠪᠠᠲᠤᠳᠬᠠᠨ᠂ ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ | ᠴᠢᠩᠳᠠᠯᠠᠵᠤ ᠢᠯᠵᠠᠷᠠᠯ ᠢ ᠡᠰᠡᠷᠭᠦᠴᠡᠬᠦ ᠠᠵᠢᠯ ᠢ ᠭᠦᠨᠵᠡᠭᠡᠶᠢᠷᠡᠭᠦᠯᠦᠨ ᠠᠬᠢᠭᠤᠯᠵᠤ᠂ ᠬᠢᠨᠠᠯᠲᠠ ᠲᠠᠯᠪᠢᠬᠤ ᠦᠢᠯᠡᠳᠦᠯ | ᠴᠢᠳᠠᠪᠤᠷᠢ ᠶᠢ ᠦᠷᠭᠦᠯᠵᠢᠯᠡᠨ ᠥᠷᠭᠡᠳᠬᠡᠵᠦ᠂ ᠴᠢᠩᠭ᠎ᠠ ᠬᠠᠮᠢᠶᠠᠷᠬᠤ ᠪᠠ ᠡᠭᠡᠯᠢᠲᠡᠢ ᠬᠠᠨᠳᠤᠬᠤ ᠶᠢ ᠭᠦᠨᠵᠡᠭᠡᠢ | ᠠᠭᠤᠰᠤᠯᠴᠠᠭᠤᠯᠤᠨ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠣᠨ ᠢᠯᠵᠠᠷᠠᠯ ᠢ ᠡᠰᠡᠷᠭᠦᠴᠡᠬᠦ | ᠲᠡᠮᠡᠴᠡᠯ ᠢ ᠰᠢᠨ᠎ᠡ ᠠᠬᠢᠴᠠ ᠪᠠ ᠦᠷ᠎ᠡ ᠪᠦᠲᠦᠮᠵᠢ ᠲᠠᠢ ᠪᠣᠯᠭᠠᠵᠠᠢ᠃ | ᠸᠠᠩ ᠯᠢ ᠵᠢᠶᠦ᠋ᠨ ᠬᠡᠯᠡᠬᠦ ᠳᠡᠭᠡᠨ᠂ ᠡᠨᠡ ᠵᠢᠯ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠥᠪᠵᠢᠭᠦᠯᠭᠡ ᠶᠢ ᠳᠠᠭᠤᠰᠬᠠᠵᠤ᠂ ︽ᠠᠷᠪᠠᠨ ᠲᠠᠪᠤᠳᠤᠭᠠᠷ ᠲᠠᠪᠤᠨ ᠵᠢᠯ︾ ᠢ ᠲᠥᠯᠥᠪᠯᠡᠬᠦ ᠵᠠᠩᠭᠢᠯᠠᠭ᠎ᠠ ᠶᠢᠨ ᠵᠢᠯ | ᠮᠥᠨ᠂ ᠤᠯᠤᠰ ᠲᠥᠷᠥ ᠶᠢᠨ ᠬᠢᠨᠠᠯᠲᠠ ᠶᠢ ᠣᠷᠳᠣ ᠬᠤᠭᠤᠴᠠᠭ᠎ᠠ ᠪᠠᠷ ᠪᠠᠷᠢᠮᠲᠠᠯᠠᠨ ᠴᠢᠩᠭᠠᠳᠬᠠᠵᠤ᠂ ︽ᠨᠢᠭᠡ | ᠭᠤᠣᠯ ᠱᠤᠭᠤᠮ︾ ᠢ ᠲᠦᠦᠱᠯᠠᠭᠤᠯᠬᠤ᠂ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ᠂ ︽ᠵᠢᠷᠭᠤᠭᠠᠨ | ᠢᠨᠵᠧᠨᠧᠷᠢᠩ︾ ᠢ ᠬᠡᠷᠡᠭᠵᠢᠭᠦᠯᠬᠦ᠂ ︽ᠵᠢᠷᠭᠤᠭᠠᠨ ᠠᠵᠢᠯᠯᠠᠭ᠎ᠠ︾ ᠥᠷᠨᠢᠭᠦᠯᠬᠦ ᠵᠢᠴᠢ ᠠᠶᠢᠮᠠᠭ ᠤᠨ ᠨᠠᠮ ᠤᠨ | ᠬᠤᠷᠢᠶ᠎ᠠ ᠶᠢᠨ ︽157︾ ᠶᠢᠨ ᠰᠡᠳᠬᠢᠮᠵᠢ ᠶᠢ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ ᠳᠡᠭᠡᠳᠦ ᠱᠠᠲᠤᠨ ᠤ | ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠬᠤᠰᠢᠭᠤᠨ ᠨᠠᠮ ᠤᠨ ᠬᠤᠷᠢᠶ᠎ᠠ ᠶᠢᠨ ᠠᠵᠢᠯ ᠤᠨ | ᠱᠠᠭᠠᠷᠳᠠᠯᠭ᠎ᠠ ᠶᠢ ᠲᠡᠷᠡ ᠬᠡᠪ ᠢᠶᠠᠷ ᠨᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ | ᠭᠡᠵᠡᠢ᠃ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠤᠷᠳᠤ ᠬᠤᠭᠤᠴᠠᠭ᠎ᠠ ᠪᠠᠷ ᠴᠢᠩᠭᠠᠳᠬᠠᠬᠤ ᠶᠢ | ᠪᠠᠷᠢᠮᠲᠠᠯᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ | ᠭᠦᠨᠵᠡᠭᠡᠶᠢᠷᠡᠭᠦᠯᠵᠦ᠂ ᠵᠠᠷᠯᠢᠭ ᠪᠠᠶᠢᠪᠠᠯ ᠵᠠᠪᠠᠯ ᠬᠡᠷᠡᠭᠵᠢᠭᠦᠯᠬᠦ᠂ ᠴᠠᠭᠠᠵᠠ ᠲᠠᠢ ᠪᠠᠶᠢᠪᠠᠯ ᠵᠠᠪᠠᠯ ᠵᠣᠭᠰᠤᠭᠠᠬᠤ ᠶᠢ | ᠪᠠᠷᠢᠮᠲᠠᠯᠠᠵᠤ᠂ ᠤᠳᠤᠷᠢᠳᠬᠤ ᠺᠠᠳ᠋ᠷ ᠢᠯᠠᠩᠭᠤᠶ᠎ᠠ ᠡᠯ᠎ᠡ ᠰᠠᠯᠠᠭ᠎ᠠ ᠮᠥᠴᠢᠷ ᠤᠨ ︽ᠨᠢᠭᠡᠳᠦᠭᠡᠷ ᠭᠠᠷ︾ ᠨᠠᠮ ᠤᠨ | ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠬᠤ ᠲᠠᠯ᠎ᠠ ᠪᠠᠷ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ | ᠦᠢᠯᠡᠳᠦᠯ ᠢᠶᠠᠨ ᠪᠠᠳᠠᠷᠠᠭᠤᠯᠵᠤ᠂ ᠶᠣᠰᠣ ᠳᠦᠷᠢᠮ ᠢ ᠲᠣᠭᠲᠠᠭᠠᠬᠤ ᠬᠡᠷᠡᠭᠲᠡᠢ᠃ ᠰᠤᠷᠲᠠᠯ ᠢᠯᠵᠢᠷᠡᠯ ᠢ ᠵᠡᠷᠭᠡᠪᠡᠷ | ᠪᠠᠶᠢᠴᠠᠭᠠᠵᠤ ᠵᠡᠷᠭᠡᠪᠡᠷ ᠵᠠᠰᠠᠬᠤ ᠶᠢ ᠴᠥᠬᠦᠷᠡᠰᠢ ᠦᠭᠡᠢ ᠠᠬᠢᠭᠤᠯᠵᠤ᠂ ︽ᠲᠦᠷᠪᠡᠨ ᠰᠤᠷᠲᠠᠯ︾ ᠤᠨ ᠠᠰᠠᠭᠤᠳᠠᠯ ᠢ | ᠦᠷᠭᠦᠯᠵᠢᠯᠡᠨ ᠵᠠᠯᠠᠷᠠᠭᠤᠯᠤᠨ ᠵᠠᠰᠠᠵᠤ᠂ ᠢᠯᠵᠠᠷᠠᠬᠤ ᠬᠥᠷᠥᠰᠥ ᠰᠢᠷᠣᠢ ᠪᠣᠯᠣᠨ ᠨᠥᠬᠦᠴᠡᠯ ᠢ ᠡᠷᠡᠰ ᠠᠷᠢᠯᠭᠠᠵᠤ᠂ | ᠠᠷᠢᠭᠤᠨ ᠴᠢᠬᠡᠴᠢ ᠰᠣᠶᠣᠯ ᠤᠨ ᠪᠠᠶᠢᠭᠤᠯᠤᠯᠲᠠ ᠶᠢ ᠴᠢᠩᠭᠠᠳᠬᠠᠵᠤ᠂ ᠶᠣᠰᠣ ᠰᠤᠷᠲᠠᠬᠤᠨ ᠢ ᠡᠷᠬᠢᠮᠯᠡᠨ ᠠᠷᠢᠭᠤᠨ | ᠴᠢᠬᠡᠴᠢ ᠶᠢ ᠡᠷᠬᠢᠮᠯᠡᠬᠦ᠂ ᠰᠤᠷᠲᠠᠯ ᠴᠢᠬᠡᠴᠢ ᠣᠪᠣᠷ ᠲᠥᠪ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ | ᠬᠡᠷᠡᠭᠲᠡᠢ᠃ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠴᠥᠬᠦᠷᠡᠰᠢ ᠦᠭᠡᠢ ᠰᠠᠶᠢᠲᠤᠷ ᠠᠳᠬᠤᠵᠤ᠂ ᠤᠯᠠᠨ | ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠣᠨ ᠢᠯᠵᠢᠷᠡᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ | ᠵᠠᠰᠠᠭᠰᠠᠨ ᠦᠷ᠎ᠡ ᠪᠦᠲᠦᠭᠡᠯ ᠢ ᠦᠷᠭᠦᠯᠵᠢᠯᠡᠨ ᠥᠷᠭᠡᠳᠬᠡᠵᠦ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ | ᠬᠦᠷᠢᠶᠡᠨ ᠳᠠᠬᠢ ᠲᠣᠪᠣᠶᠢᠮ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠡᠷᠡᠭ ᠰᠢᠢᠳᠪᠦᠷᠢᠯᠡᠬᠦ ᠶᠠᠰᠤ | ᠴᠢᠨᠠᠷ ᠦᠷ᠎ᠡ ᠠᠰᠢᠭ ᠢᠶᠠᠷ ᠲᠥᠪᠯᠡᠷᠡᠭᠦᠯᠦᠨ ᠴᠡᠭᠴᠡᠯᠡᠨ ᠵᠠᠰᠠᠵᠤ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ | ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ ᠭᠡᠪᠡ᠃ | ᠸᠠᠩ ᠯᠢ ᠵᠢᠶᠦ᠋ᠨ ᠬᠡᠯᠡᠬᠦ ᠳᠡᠭᠡᠨ᠂ ᠪᠥᠬᠦ ᠬᠤᠰᠢᠭᠤᠨ ᠤ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ | ᠤᠳᠤᠷᠢᠳᠬᠤ ᠳᠤᠭᠤᠶᠢᠯᠠᠩ︶ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ | ᠴᠢᠩᠭ᠎ᠠ ᠨᠠᠶᠢᠳᠠᠪᠤᠷᠢᠵᠢᠭᠤᠯᠵᠤ᠂ ︽ᠵᠠᠩᠭᠢᠯᠠᠭ᠎ᠠ ᠶᠢᠨ ᠴᠥᠭᠡᠨ ᠲᠣᠭᠠᠲᠠᠨ︾ ᠢ ᠢᠮᠠᠭᠲᠠ ᠴᠢᠩᠭ᠎ᠠ ᠠᠩᠬᠠᠷᠬᠤ | ᠬᠡᠷᠡᠭᠲᠡᠢ᠃ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠯᠭ᠎ᠠ ᠶᠢᠨ ᠬᠢᠨ ᠭᠤᠣᠯ ᠰᠡᠳᠦᠪᠲᠦ | ᠬᠥᠮᠦᠵᠢᠯ ᠪᠣᠯᠣᠨ ᠬᠥᠮᠦᠵᠢᠯ ᠴᠡᠭᠴᠡᠯᠡᠯᠲᠡ ᠶᠢᠨ ᠦᠷ᠎ᠡ ᠪᠦᠲᠦᠭᠡᠯ ᠢ ᠴᠢᠨᠠᠭᠰᠢᠳᠠ ᠪᠠᠬᠢᠵᠢᠭᠦᠯᠦᠨ ᠥᠷᠭᠡᠳᠬᠡᠵᠦ᠂ | ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ᠂ ᠵᠣᠷᠢᠭᠲᠠᠢ ᠪᠠᠷ ᠲᠡᠮᠡᠴᠡᠬᠦ ᠳᠡᠭᠡᠨ ᠴᠢᠳᠠᠮᠠᠭᠠᠢ | ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠴᠡᠷᠢᠭ ᠢ ᠪᠠᠶᠢᠭᠤᠯᠬᠤ ᠬᠡᠷᠡᠭᠲᠡᠢ ᠭᠡᠪᠡ᠃ | ᠵᠠᠩ ᠪᠢᠨ ᠬᠤᠷᠠᠯ ᠡᠷᠭᠢᠯᠡᠬᠦ ᠳᠡᠭᠡᠨ ᠵᠢᠭᠠᠵᠤ ᠭᠠᠷᠭᠠᠭᠰᠠᠨ ᠨᠢ᠂ ᠪᠥᠬᠦ ᠬᠤᠰᠢᠭᠤᠨ ᠤ ᠡᠯ᠎ᠡ ᠱᠠᠲᠤᠨ ᠤ | ᠨᠠᠮ ᠤᠨ ᠵᠣᠬᠢᠶᠠᠨ ᠪᠠᠶᠢᠭᠤᠯᠤᠯᠲᠠ ᠪᠣᠯᠣᠨ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠶᠡᠷᠦᠩᠬᠡᠢ ᠱᠦᠵᠢ | ᠰᠢ ᠶᠢᠨ ᠫᠢᠩ ᠶᠢᠨ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠲᠤᠬᠠᠢ ᠴᠢᠬᠤᠯᠠ ᠦᠵᠡᠯ ᠰᠠᠨᠠᠭᠠᠨ ᠤ | ᠠᠭᠤᠯᠬᠤᠨ ᠢ ᠭᠦᠨᠵᠡᠭᠡᠢ ᠰᠤᠷᠤᠯᠴᠠᠨ ᠣᠶᠢᠯᠠᠭᠠᠵᠤ᠂ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ | ᠪᠠᠶᠢᠴᠠᠭᠠᠬᠤ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠪᠣᠯᠣᠨ ᠥᠪᠡᠷᠲᠡᠭᠡᠨ ᠵᠠᠰᠠᠬᠤ ᠣᠷᠣᠨ ᠤ ᠠᠷᠪᠠᠨ | ᠨᠢᠭᠡᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠲᠠᠪᠤᠳᠤᠭᠠᠷ ᠪᠥᠬᠦᠳᠡ ᠬᠤᠷᠠᠯ᠂ | ᠠᠶᠢᠮᠠᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ︵ᠥᠷᠭᠡᠳᠬᠡᠭᠰᠡᠨ︶ ᠬᠤᠷᠠᠯ ᠤᠨ ᠵᠣᠷᠢᠭ ᠰᠠᠨᠠᠭ᠎ᠠ ᠶᠢ | ᠪᠥᠬᠦ ᠲᠠᠯ᠎ᠠ ᠪᠠᠷ ᠲᠦᠦᠱᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃ ᠥᠭᠡᠷᠡᠴᠢᠯᠡᠯᠲᠡ ᠶᠢᠨ ᠵᠣᠷᠢᠭ ᠰᠠᠨᠠᠭ᠎ᠠ ᠪᠠ | ᠴᠢᠩᠭ᠎ᠠ ᠪᠠᠷᠢᠮᠵᠢᠶ᠎ᠠ ᠪᠠᠷ ᠨᠠᠮ ᠢ ᠬᠠᠮᠢᠶᠠᠷᠴᠤ ᠨᠠᠮ ᠢ ᠵᠠᠰᠠᠬᠤ ᠶᠢ ᠪᠠᠷᠢᠮᠲᠠᠯᠠᠵᠤ᠂ ᠰᠤᠷᠲᠠᠯ ᠢ ᠲᠥᠪ ᠪᠣᠯᠭᠠᠨ | ᠰᠠᠬᠢᠯᠭ᠎ᠠ ᠪᠠᠲᠤ ᠶᠢ ᠴᠢᠩᠳᠠᠯᠠᠵᠤ ᠢᠯᠵᠢᠷᠡᠯ ᠢ ᠡᠰᠡᠷᠭᠦᠴᠡᠬᠦ ᠶᠢ ᠡᠷᠡᠰ ᠭᠤᠶᠢᠪᠢᠰᠢ ᠦᠭᠡᠢ ᠪᠠᠷᠢᠮᠲᠠᠯᠠᠵᠤ᠂ ᠢᠯᠵᠢᠷᠠᠬᠤ | ᠵᠣᠷᠢᠭ ᠦᠭᠡᠢ᠂ ᠢᠯᠵᠢᠷᠡᠵᠦ ᠪᠣᠯᠬᠤ ᠦᠭᠡᠢ᠂ ᠢᠯᠵᠢᠷᠠᠬᠤ ᠶᠢ ᠪᠤᠳᠤᠬᠤ ᠦᠭᠡᠢ ᠪᠠᠶᠢᠬᠤ ᠶᠢ ᠨᠢᠭᠡ | ᠴᠣᠭᠴᠠᠵᠢᠭᠤᠯᠤᠨ ᠠᠬᠢᠭᠤᠯᠵᠤ᠂ ᠨᠡᠩ ᠬᠦᠴᠦᠯᠡᠨ ᠴᠢᠷᠮᠠᠶᠢᠵᠤ ᠦᠢᠯᠡᠰ ᠪᠦᠲᠦᠭᠡᠬᠦ ᠪᠠᠶᠢᠳᠠᠯ ᠢᠶᠠᠷ ᠪᠦᠬᠦ ᠲᠠᠯ᠎ᠠ ᠪᠠᠷ | ᠨᠠᠮ ᠢ ᠴᠢᠩᠭ᠎ᠠ ᠵᠠᠰᠠᠬᠤ ᠰᠢᠨ᠎ᠡ ᠪᠠᠶᠢᠳᠠᠯ ᠢ ᠡᠭᠦᠳᠬᠦ ᠬᠡᠷᠡᠭᠲᠡᠢ ᠬᠡᠵᠠᠢ᠃ | ᠬᠤᠷᠠᠯ ᠳᠡᠭᠡᠷ᠎ᠡ᠂ ᠵᠠᠩ ᠪᠢᠨ ᠠᠴᠠ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠠᠶᠢᠩᠭᠤ ᠶᠢᠨ | ᠬᠤᠷᠢᠶ᠎ᠠ ᠶᠢ ᠲᠦᠯᠦᠭᠡᠯᠡᠨ ᠶᠡᠭᠡ ᠬᠤᠷᠠᠯ ᠳᠤ ︽ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠣᠨ | ᠢᠯᠵᠢᠷᠡᠯ ᠢ ᠡᠰᠡᠷᠭᠦᠴᠡᠬᠦ ᠲᠡᠮᠡᠴᠡᠯ ᠢ ᠭᠤᠶᠢᠪᠢᠰᠢ ᠦᠭᠡᠢ ᠭᠦᠨᠵᠡᠭᠡᠢ ᠠᠬᠢᠭᠤᠯᠵᠤ᠂ ᠡᠵᠡᠨ᠎ᠡ ᠬᠤᠰᠢᠭᠤᠨ ᠤ ᠠᠵᠤ | ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠳᠤ ᠪᠠᠲᠤ ᠴᠢᠩᠭ᠎ᠠ | ᠰᠠᠬᠢᠯᠭ᠎ᠠ ᠪᠠᠲᠤ ᠶᠢᠨ ᠪᠠᠲᠤᠯᠠᠭ᠎ᠠ ᠬᠠᠩᠭᠠᠶ᠎ᠠ︾ ᠭᠡᠬᠦ ᠰᠡᠳᠦᠪ ᠢᠶᠠᠷ ᠠᠵᠢᠯ ᠤᠨ ᠮᠡᠳᠡᠭᠦᠯᠦᠯᠲᠡ ᠬᠢᠵᠡᠢ᠃ ᠬᠤᠷᠠᠯ ᠳᠤ | ᠣᠷᠣᠯᠴᠠᠭᠰᠠᠳ ᠠᠯᠠᠱᠠ ᠠᠶᠢᠮᠠᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ | ᠰᠡᠭᠦᠳᠡᠷᠯᠡᠭᠰᠡᠨ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠤᠨ ︽ ᠠᠯᠳᠠᠭᠳᠠᠯ︾ ᠭᠡᠬᠦ ᠺᠢᠨᠣ᠋ ᠶᠢ ᠲᠥᠪᠯᠡᠷᠡᠭᠦᠯᠦᠨ | ᠦᠵᠡᠪᠡ᠃ |