ᠡᠵᠡᠨ᠎ᠡ ᠶᠢᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠡᠷᠭᠡ ᠬᠢᠯᠢ ᠶᠢᠨ ᠮᠠᠯᠴᠢᠳ ᠤᠨ ᠰᠡᠳᠬᠢᠯ ᠢ ᠳᠤᠯᠠᠭᠠᠴᠠᠭᠤᠯᠤᠨ᠎ᠠ
ᠨᠡᠶᠢᠲᠡᠯᠡᠭᠰᠡᠨ ᠴᠠᠭ᠄
2025/2/13
    ᠣᠶᠢᠷ᠎ᠠ ᠶᠢᠨ ᠵᠢᠯ ᠠᠴᠠ ᠨᠠᠰᠢ᠂ ᠲᠦᠷᠭᠡᠨ ᠬᠦᠷᠭᠡᠯᠲᠡ ᠶᠢᠨ ᠦᠢᠯᠡᠰ ᠤᠨ ᠦᠳᠲᠡᠷ ᠲᠦᠷᠭᠡᠨ ᠬᠥᠭᠵᠢᠯᠲᠡ ᠨᠢ ᠬᠥᠮᠦᠰ ᠤᠨ ᠦᠢᠯᠡᠳᠪᠦᠷᠢᠯᠡᠯ ᠠᠮᠢᠳᠤᠷᠠᠯ ᠳᠤ ᠲᠦᠢᠯ ᠤᠨ ᠶᠡᠭᠡ ᠲᠥᠬᠦᠮ ᠢ ᠠᠪᠴᠢᠷᠠᠵᠦ᠂ ᠴᠠᠭᠠᠨ ᠰᠠᠷ᠎ᠠ ᠶᠢᠨ ᠠᠮᠠᠷᠠᠯᠲᠠ ᠪᠠᠷ ᠴᠤ ᠭᠡᠰᠡᠨ᠂ ᠲᠦᠷᠭᠡᠨ ᠬᠦᠷᠭᠡᠯᠲᠡ ᠶᠢᠨ ᠦᠢᠯᠡᠴᠢᠯᠡᠭᠡ ᠨᠢ ᠮᠥᠨᠬᠦ ᠬᠡᠪ ᠤᠨ ᠶᠣᠰᠣᠭᠠᠷ ᠬᠤᠳᠠ ᠶᠢᠨ ᠰᠠᠭᠤᠭᠠᠯᠢ ᠠᠷᠠᠳ ᠤᠨ ᠵᠠᠬᠢᠶᠠᠯᠠᠭ᠎ᠠ ᠶᠢ ᠬᠦᠯᠢᠶᠡᠨ ᠳᠣᠰᠴᠦ᠂ ᠬᠠᠯᠠᠭᠤᠨ ᠳᠣᠯᠠᠭᠠᠨ ᠤᠶᠢᠯᠡᠴᠢᠯᠡᠭᠡ ᠶᠢ ᠬᠠᠩᠭᠠᠳᠠᠭ᠃ ᠭᠡᠲᠡᠯ᠎ᠡ᠂ ᠡᠵᠡᠨ᠎ᠡ ᠬᠤᠰᠢᠭᠤᠨ ᠤ ᠬᠢᠯᠢ ᠬᠢᠵᠠᠭᠠᠷ ᠤᠨ ᠮᠠᠯᠴᠢᠳ ᠲᠤ ᠠᠪᠴᠤ ᠬᠡᠯᠡᠪᠡᠯ᠂ ᠳᠡᠳᠡᠨᠡᠷ ᠮᠠᠨᠢ ᠭᠤᠪᠢ ᠶᠢᠨ ᠭᠦᠨ ᠳᠤ ᠰᠠᠭᠤᠷᠢᠰᠢᠵᠤ ᠪᠠᠶᠢᠭ᠎ᠠ ᠪᠣᠯᠬᠤᠷ᠂ ᠲᠠᠳᠠ ᠲᠦᠷᠭᠡᠨ ᠬᠦᠷᠭᠡᠯᠲᠡ ᠪᠠᠨ ᠭᠤᠶᠢᠪᠠᠭᠤᠯᠬᠤ ᠪᠠ ᠬᠤᠷᠢᠶᠠᠨ ᠠᠪᠬᠤ ᠲᠠᠯ᠎ᠠ ᠪᠠᠷ ᠮᠠᠰᠢ ᠳᠥᠭᠦᠮ ᠪᠤᠰᠤ ᠪᠠᠶᠢᠳᠠᠭ᠃ ᠡᠶᠢᠨᠬᠦ ᠴᠠᠭᠠᠨ ᠰᠠᠷ᠎ᠠ ᠎ ᠶᠢᠨ ᠬᠤᠭᠤᠴᠠᠭᠠᠨ ᠳᠤ ᠮᠠᠨ ᠤ ᠬᠤᠷᠢᠶᠠᠨ ᠤ ᠰᠤᠷᠪᠤᠯᠵᠢᠯᠠᠭᠴᠢ ᠬᠠᠩᠭᠠᠨ ᠪᠣᠷᠣᠯᠠᠭᠤᠯᠬᠤ ᠬᠤᠷᠰᠢᠶ᠎ᠠ ᠶᠢ ᠲᠠᠭᠠᠨ ᠦᠨᠳᠦᠰᠦᠨ ᠱᠠᠲᠤᠨ ᠳᠤ ᠬᠦᠨᠵᠡᠭᠡᠶᠢᠷᠡᠵᠦ᠂ ᠬᠠᠨᠠᠭᠠᠷ ᠭᠤᠪᠢ ᠶᠢ ᠲᠤᠭᠤᠯᠤᠨ᠂ ᠨᠠᠶᠢᠳᠠ 47 ᠡᠷᠦᠬᠡ ᠬᠢᠯᠢ ᠶᠢᠨ ᠮᠠᠯᠴᠢᠳ ᠤᠨ ᠵᠠᠬᠢᠶᠠᠯᠠᠭ᠎ᠠ ᠶᠢᠨ ᠡᠳ᠋ ᠪᠣᠳᠠᠰ ᠢ ᠭᠡᠷ ᠲᠤ ᠨᠢ ᠬᠦᠷᠭᠡᠭᠰᠡᠨ ᠪᠠᠶᠢᠨ᠎ᠠ᠃      ᠥᠷᠯᠥᠭᠡ ᠶᠢᠨ 7:30᠎ ᠲᠤ᠂ ᠡᠵᠡᠨ᠎ᠡ ᠬᠤᠰᠢᠭᠤᠨ ᠤ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠳᠤᠤᠷ᠎ᠠ ᠪᠠᠶᠢᠭᠤᠯᠤᠭᠰᠠᠨ ᠦᠢᠯᠡᠴᠢᠯᠡᠭᠡᠨ ᠤ ᠴᠡᠭ ᠲᠤ᠂ ᠡᠵᠡᠨ᠎ᠡ ᠬᠤᠰᠢᠭᠤᠨ ᠤ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠲᠡᠷᠭᠡᠨ ᠤ ᠳᠠᠷᠤᠭ᠎ᠠ ᠵᠠᠶᠠᠭᠠᠬᠦᠤ ᠪᠣᠯᠤᠨ ᠵᠢᠯᠣᠭᠤᠴᠢ ᠴᠡᠩᠭᠡᠯ ᠶᠠᠭ ᠰᠠᠶᠢᠬᠠᠨ ᠬᠢᠯᠢ ᠶᠢᠨ ᠮᠠᠯᠴᠢᠳ ᠤᠨ ᠵᠠᠬᠢᠶᠠᠯᠠᠭᠰᠠᠨ ᠪᠣᠭᠤᠳᠠᠯ ᠪᠠᠭᠯᠠᠭ᠎ᠠ᠂ ᠠᠮᠤ ᠪᠤᠳᠠᠭ᠎ᠠ ᠲᠣᠰᠣ ᠵᠡᠷᠭᠡ ᠭᠤᠴᠢ ᠳᠦᠴᠢᠨ ᠳᠦᠷᠦᠯ ᠤᠨ ᠵᠢᠯ ᠤᠨ ᠪᠠᠷᠠᠭ᠎ᠠ ᠶᠢ ᠠᠴᠢᠵᠤ ᠪᠠᠶᠢᠯ᠎ᠠ᠃ ᠡᠵᠡᠨ᠎ᠡ ᠬᠤᠰᠢᠭᠤᠨ ᠤ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠠᠷᠠᠳ ᠲᠤ ᠳᠦᠬᠦᠮ ᠦᠵᠡᠭᠦᠯᠬᠦ ᠨᠡᠭᠦᠳᠡᠯ ᠦᠢᠯᠡᠴᠢᠯᠡᠭᠡᠨ ᠤ ᠲᠡᠷᠭᠡ ᠶᠢ ᠮᠠᠯᠴᠢᠳ ︽ᠨᠡᠭᠦᠳᠡᠯ ᠬᠠᠩᠭᠠᠨ ᠪᠣᠷᠣᠯᠠᠭᠤᠯᠬᠤ ᠬᠤᠷᠰᠢᠶ᠎ᠠ︾ ᠭᠡᠵᠦ ᠳᠣᠲᠣᠨᠣᠴᠢᠯᠠᠨ ᠨᠡᠷᠡᠯᠡᠵᠦ᠂ 2015 ᠣᠨ ᠠᠴᠠ ᠡᠬᠢᠯᠡᠨ᠂ ᠰᠠᠷ᠎ᠠ ᠪᠦᠷᠢ 142 ᠬᠢᠯᠢ ᠶᠢᠨ ᠮᠠᠯᠵᠢᠬᠤ ᠡᠷᠦᠭᠡ ᠳᠤ ᠠᠮᠢᠳᠤᠷᠠᠯ ᠤᠨ ᠡᠳ᠋ ᠪᠣᠳᠠᠰ ᠢ ᠬᠤᠳᠠᠯᠳᠤᠨ ᠠᠪᠴᠤ ᠵᠥᠭᠡᠭᠡᠪᠦᠷᠢᠯᠡᠳᠡᠭ ᠪᠠᠶᠢᠨ᠎ᠠ᠃ ᠡᠨᠡ ᠤᠳᠠᠭ᠎ᠠ ᠪᠠᠨ ᠲᠡᠳᠡ 400 ᠺᠢᠯᠣᠮᠧᠲᠷ ᠤᠨ ᠵᠠᠶᠢᠳᠠᠢ ᠪᠠᠶᠢᠭ᠎ᠠ ᠬᠠᠷ᠎ᠠ ᠪᠦᠷᠭᠦᠳ ᠤᠨ ᠠᠭᠤᠯᠠ ᠪᠠᠯᠭᠠᠰᠤ ᠪᠣᠯᠤᠨ ᠮᠠᠽᠦ᠋ᠩᠱᠠᠨ ᠰᠤᠮᠤᠨ ᠤ 47 ᠠᠶᠢᠯ ᠳᠤ ᠴᠠᠭᠠᠨ ᠰᠠᠷ᠎ᠠ ᠳᠤ ᠬᠡᠷᠡᠭᠰᠡᠬᠦ ᠠᠮᠢᠳᠤᠷᠠᠯ ᠤᠨ ᠡᠳ᠋ ᠪᠣᠳᠠᠰ ᠢ ᠬᠦᠷᠭᠡᠬᠦ ᠪᠠᠷ ᠪᠠᠶᠢᠵᠦ᠂ ᠲᠣᠰ ᠠᠶᠠᠯᠠᠯ ᠨᠢ ᠪᠠᠷᠤᠭ 4 ᠡᠳᠦᠷ ᠤᠨ ᠬᠤᠭᠤᠴᠠᠭ᠎ᠠ ᠶᠢ ᠭᠡᠷᠡᠭᠰᠡᠬᠦ ᠪᠣᠯᠣᠨ᠎ᠠ᠃    9:30 ᠮᠢᠨᠦ᠋ᠲ ᠲᠤ᠂ ᠵᠠᠶᠠᠭᠠᠬᠦᠤ ᠪᠣᠯᠣᠨ ᠴᠡᠩᠭᠡᠯ ᠪᠠᠷᠠᠭ᠎ᠠ ᠳᠦᠭᠦᠷᠡᠩ ᠲᠡᠭᠡᠭᠡᠭᠰᠡᠨ ᠠᠴᠢᠶᠠᠨ ᠤ ᠮᠠᠰᠢᠨ ᠢᠶᠠᠨ ᠵᠢᠯᠣᠭᠤᠳᠤᠨ ᠳᠠᠯᠠᠶᠢᠬᠦᠪ ᠪᠠᠯᠭᠠᠰᠤ ᠠᠴᠠ ᠭᠠᠷᠴᠦ᠂ ᠪᠡᠭᠡᠵᠢᠩ ᠠᠴᠠ ᠰᠢᠨᠵᠢᠶᠠᠩ ᠬᠦᠷᠬᠦ ᠲᠦᠷᠭᠡᠨ ᠤ ᠵᠠᠮ ᠢᠶᠠᠷ 245 ᠺᠢᠯᠣᠮᠧᠲᠷ ᠠᠶᠠᠯᠠᠵᠤ ᠣᠯᠠᠨ ᠤᠯᠤᠰ ᠤᠨ ᠬᠤᠯᠪᠣᠭᠠᠲᠤ ᠪᠠᠶᠢᠭᠤᠯᠤᠯᠭ᠎ᠠ ᠶᠢᠨ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠰᠣᠶᠣᠯ ᠤᠨ ᠵᠣᠬᠢᠶᠠᠨ ᠪᠠᠶᠢᠭᠤᠯᠤᠯᠲᠠ ᠠᠴᠠ ︽ᠠᠮᠢ ᠨᠠᠰᠤᠨ ᠤ ᠬᠤᠷᠢᠭᠠᠲᠤ ᠣᠷᠣᠨ︾ ᠬᠡᠮᠡᠭᠳᠡᠭᠰᠡᠨ ᠬᠠᠷ᠎ᠠ ᠪᠦᠷᠭᠦᠳ ᠤᠨ ᠠᠭᠤᠯᠠᠨ ᠳᠤ ᠬᠦᠷᠴᠡᠶ᠂ ᠭᠡᠪᠡᠴᠦ ᠵᠠᠶᠠᠭᠠᠬᠦᠤ᠂ ᠴᠡᠩᠭᠡᠯ ᠤᠨ ᠨᠢᠳᠦᠨ ᠳᠤ ᠡᠨᠡ ᠎ ᠨᠢ ᠬᠤᠷᠢᠭᠠᠲᠤ ᠣᠷᠣᠨ ᠪᠢᠰᠢ᠂ ᠬᠠᠷᠢᠨ ᠲᠡᠳᠡᠨ ᠤ ᠨᠤᠲᠤᠭ᠂ ᠠᠳᠡ ᠣᠯᠣᠰ ᠤᠨ ᠬᠢᠯᠢ ᠶᠢᠨ ᠬᠠᠮᠠᠭᠠᠯᠠᠯᠳᠠ ᠶᠢᠨ ᠲᠥᠯᠥᠭᠡ ᠴᠦᠭᠦᠷᠡᠰᠢ ᠦᠭᠡᠢ ᠵᠢᠳᠬᠦᠵᠦ ᠪᠠᠶᠢᠭ᠎ᠠ ᠬᠢᠯᠢ ᠶᠢᠨ ᠮᠠᠯᠴᠢᠨ ᠠᠬ᠎ᠠ ᠳᠡᠭᠦᠦ ᠨᠡᠷ ᠪᠠᠶᠢᠳᠠᠭ᠃    ᠣᠴᠢᠬᠤ ᠭᠡᠵᠦ ᠪᠠᠶᠢᠭ᠎ᠠ ᠬᠠᠷ᠎ᠠ ᠪᠦᠷᠭᠦᠳ ᠤᠨ ᠠᠭᠤᠯᠠ ᠪᠠᠯᠭᠠᠰᠤ ᠨᠢ ᠡᠵᠡᠨ᠎ᠡ ᠬᠤᠰᠢᠭᠤᠨ ᠤ ᠪᠠᠷᠠᠭᠤᠨ ᠬᠤᠶᠢᠲᠤ ᠬᠡᠰᠡᠭ ᠲᠤ ᠪᠠᠶᠢᠷᠢᠯᠠᠵᠤ᠂ 1.8 ᠲᠦᠮᠡᠨ ᠲᠡᠭᠰᠢ ᠳᠥᠷᠪᠡᠯᠵᠢᠨ ᠺᠢᠯᠣᠮᠧᠲᠷ ᠤᠨ ᠥᠷᠭᠡᠨ ᠠᠭᠤᠳᠠᠮ ᠭᠤᠪᠢ ᠳᠤ 236 ᠬᠥᠮᠦᠨ ᠰᠠᠭᠤᠷᠢᠰᠢᠵᠤ ᠪᠠᠶᠢᠳᠠᠭ᠃ ᠤᠯᠠᠭᠠᠬᠠᠭᠤᠯᠠ ᠭᠠᠴᠠᠭ᠎ᠠ ᠪᠣᠯ ᠮᠠᠨ ᠤ ᠤᠯᠤᠰ ᠤᠨ ᠲᠠᠯᠠᠪᠠᠶ ᠪᠠᠷ ᠬᠠᠮᠤᠭ ᠤᠨ ᠶᠡᠭᠡ ᠵᠠᠰᠠᠭ ᠵᠠᠬᠢᠷᠭᠠᠨ ᠤ ᠭᠠᠴᠠᠭ᠎ᠠ ᠪᠣᠯᠤᠨ᠎ᠠ᠂ ᠠᠳᠡᠬᠢ ᠣᠯᠠᠩᠬᠢ ᠭᠠᠵᠠᠷ ᠣᠷᠣᠨ ᠨᠢ ᠪᠦᠷ ᠭᠤᠪᠢ ᠭᠠᠵᠠᠷ ᠪᠠᠶᠢᠵᠤ᠂ ᠭᠠᠵᠠᠷ ᠠᠭᠤᠳᠠᠮ ᠬᠥᠮᠦᠨ ᠴᠥᠭᠡᠨ᠂ ᠵᠠᠮ ᠬᠠᠷᠢᠯᠴᠠᠭ᠎ᠠ ᠳᠥᠭᠦᠮ ᠦᠭᠡᠢ᠂ ᠪᠠᠰᠠ ᠶᠡᠬᠡᠩᠬᠢ ᠭᠠᠵᠠᠷ ᠲᠤ ᠬᠥᠮᠦᠨ ᠠᠮᠢᠲᠠᠨ ᠤ ᠮᠥᠷ ᠦᠭᠡᠢ ᠪᠢᠯᠡ᠃ ᠡᠨᠡ ᠤᠳᠠᠭ᠎ᠠ ᠪᠠᠷᠠᠭ᠎ᠠ ᠬᠦᠷᠭᠡᠬᠦ ᠠᠩᠬᠠᠨ ᠤ ᠮᠠᠯᠴᠢᠨ ᠡᠷᠦᠬᠡ ᠪᠣᠯ ᠳᠠᠷᠤᠶ ᠠᠳᠡ 32 ᠵᠢᠯ ᠬᠢᠯᠢ ᠪᠠᠨ ᠰᠠᠬᠢᠭᠰᠠᠨ ᠭᠠᠴᠠᠭᠠᠨ ᠤ ᠠᠬᠠᠮᠠᠳ ᠱᠦᠵᠢ ᠵᠢᠷᠭᠠᠯ ᠪᠣᠯᠤᠨ᠎ᠠ᠃ ᠲᠡᠷᠡᠪᠡᠷ 1992 ᠣᠨ ᠳᠤ ᠴᠡᠷᠢᠭ ᠠᠴᠠ ᠬᠠᠯᠠᠭᠳᠠᠭᠰᠠᠨ ᠤ ᠳᠠᠷᠠᠭ᠎ᠠ ᠬᠠᠷ᠎ᠠ ᠪᠦᠷᠭᠦᠳ ᠤᠨ ᠠᠭᠤᠯᠡ ᠳᠤ ᠢᠷᠡᠵᠦ ᠠᠮᠢᠳᠤᠷᠡᠨ᠂ ᠤᠳᠦ ᠪᠣᠯᠬᠤ ᠳᠤ ᠨᠢᠭᠡᠨᠳᠡ 32 ᠵᠢᠯ ᠬᠢᠯᠢ ᠬᠢᠵᠠᠭᠠᠷ ᠣᠷᠣᠨ ᠢᠶᠠᠨ ᠰᠠᠬᠢᠨ ᠬᠠᠮᠠᠭᠠᠯᠠᠪᠠ᠃ ᠡᠨᠡ ᠵᠢᠯ ᠪᠣᠯ ᠲᠡᠳᠡᠨ ᠤ ᠨᠢᠭᠡ ᠭᠡᠷ ᠢᠶᠠᠷ ᠢᠶᠠᠨ ᠠᠳᠡ ᠥᠩᠭᠡᠷᠡᠭᠡᠬᠦ ᠭᠡᠵᠦ ᠪᠠᠶᠢᠭ᠎ᠠ 33 ᠳ᠋ᠤᠭᠠᠷ ᠴᠠᠭᠠᠨ ᠰᠠᠷ᠎ᠠ ᠨᠢ ᠶᠤᠮ᠃    ᠡᠵᠡᠨ᠎ᠡ ᠬᠤᠰᠢᠭᠤᠨ ᠤ ᠬᠠᠷ᠎ᠠ ᠪᠦᠷᠭᠦᠳ ᠤᠨ ᠠᠭᠤᠯᠠ ᠪᠠᠯᠭᠠᠰᠤ ᠶᠢᠨ ᠤᠯᠠᠭᠠᠬᠠᠭᠤᠯᠠ ᠭᠠᠴᠠᠭᠠᠨ ᠤ ᠮᠠᠯᠴᠢᠨ ᠵᠢᠷᠭᠠᠯ᠄ ︽ᠤᠳᠠᠬᠤ ᠥᠬᠡᠶ ᠰᠢᠨᠡᠯᠡᠬᠦ ᠭᠡᠵᠦ ᠪᠠᠶᠢᠨ᠎ᠠ᠂ ᠪᠢᠳᠡ ᠪᠠᠰᠠ ᠡᠨᠡ ᠲᠡᠷᠭᠡ ᠶᠢ ᠬᠦᠯᠢᠶᠡᠭᠰᠡᠭᠡᠷ ᠢᠷᠡᠭᠰᠡᠨ᠂ ᠤᠴᠢᠷ ᠨᠢ ᠰᠠᠷ᠎ᠠ ᠪᠣᠯᠭᠠᠨ ᠨᠢᠭᠡ ᠤᠳᠠᠭ᠎ᠠ ᠢᠷᠡᠳᠡᠭ ᠪᠣᠯᠬᠤᠷ ᠪᠢ ᠪᠠᠰᠠ ᠳᠤᠳᠤᠷ᠎ᠠ ᠪᠠᠨ ᠣᠳᠦ ᠯᠡ ᠢᠷᠡᠬᠦ ᠴᠠᠭ ᠎ ᠨᠢ ᠪᠣᠯᠵᠤ ᠪᠤᠢ ᠭᠡᠵᠦ ᠪᠣᠳᠣᠯ᠎ᠠ᠃ ᠥᠨᠡᠭᠡᠷ ᠥᠨᠤᠳᠤᠷ ᠢᠷᠡᠴᠢᠭᠡᠯ᠎ᠡ᠃ ᠲᠠᠲᠠ ᠢᠷᠡᠭᠰᠡᠭᠡᠷ ᠮᠢᠨᠣ ᠴᠠᠭᠠᠨ ᠰᠠᠷ᠎ᠠ ᠶᠢᠨ ᠪᠠᠷᠠᠭ᠎ᠠ ᠪᠦᠷ ᠪᠡᠯᠡᠨ ᠪᠣᠯᠴᠢᠬᠠᠨ᠎ᠠ᠃ ᠮᠠᠨ ᠤ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠠᠵᠢᠯᠲᠠᠨ ᠲᠤᠩ ᠵᠦᠳᠡᠷᠡᠯᠲᠡᠢ᠂ ᠳᠡᠳᠡᠨᠡᠷ ᠲᠤ ᠪᠠᠨ ᠪᠢᠳᠠ ᠪᠠᠰᠠ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠨ᠎ᠠ︾ ᠭᠡᠪᠡ᠃    ᠪᠠᠷᠠᠭ᠎ᠠ ᠪᠠᠨ ᠪᠠᠭᠤᠯᠭᠠᠵᠤ ᠳᠠᠭᠤᠰᠬᠠᠭᠠᠳ ᠬᠥᠯ ᠠᠮᠠᠷᠠᠬᠤ ᠵᠠᠪ ᠦᠭᠡᠢ ᠪᠠᠷ ᠵᠠᠶᠠᠭᠠᠬᠦᠤ ᠴᠡᠩᠭᠡᠯ ᠬᠤᠶᠠᠭᠤᠯᠡ ᠳᠠᠷᠠᠭ᠎ᠠ ᠨᠢᠭᠡ ᠠᠶᠢᠯ ᠵᠦᠭ ᠶᠠᠪᠤᠪᠠ᠃ ᠪᠠᠷᠤᠭ ᠥᠳᠠ ᠶᠢᠨ ᠬᠤᠶᠢᠨ᠎ᠠ ᠶᠢᠨ 15:30᠎ ᠤᠨ ᠥᠶ᠎ᠠ ᠪᠠᠷ᠂ ᠵᠢᠷᠭᠠᠯ ᠤᠨ ᠭᠡᠷ ᠠᠴᠠ 30 ᠺᠢᠯᠣᠮᠧᠲᠷ ᠵᠠᠶᠢᠲᠠᠶ ᠮᠠᠯᠴᠢᠨ ᠭᠤᠤ ᠶᠢᠨ ᠱᠠᠨ ᠤ ᠳᠤ ᠬᠦᠷᠪᠡ᠃  ᠨᠢᠳᠦᠨ ᠡᠮᠣᠨ᠎ᠡ ᠨᠢ ᠳᠡᠯᠭᠡᠭᠳᠡᠨ ᠳᠠᠯᠪᠢᠭᠳᠠᠵᠤ ᠪᠠᠶᠢᠭ᠎ᠠ ᠴᠠᠭᠠᠨ ᠰᠠᠷ᠎ᠠ ᠶᠢᠨ ᠪᠠᠷᠠᠭ᠎ᠠ ᠠᠴᠠ ᠭᠤᠤ ᠶᠢᠨ ᠱᠠᠨ ᠭᠡᠷᠡᠭᠯᠡᠬᠦ ᠵᠤᠶᠢᠯᠡᠰ ᠢᠶᠠᠨ ᠨᠠᠷᠢᠨ ᠰᠣᠩᠭᠤᠵᠤ᠂ ᠮᠥᠨᠴᠦ ᠵᠠᠭᠠᠬᠦᠤ ᠪᠣᠯᠣᠨ ᠴᠡᠩᠭᠡᠯ ᠤᠨ ᠠᠵᠢᠯ ᠳᠤ ᠴᠦ ᠮᠠᠰᠢ ᠬᠠᠨᠤᠮᠵᠢᠲᠠᠶ ᠪᠠᠶᠢᠬᠤ ᠨᠢ ᠶᠡᠭᠡ ᠢᠯᠡᠬᠡᠨ ᠬᠠᠷᠠᠭᠳᠠᠨ᠎ᠠ᠃    ᠡᠵᠡᠨ᠎ᠡ ᠬᠤᠰᠢᠭᠤᠨ ᠤ ᠬᠠᠷ᠎ᠠ ᠪᠦᠷᠭᠦᠳ ᠤᠨ ᠠᠭᠤᠯᠠ ᠪᠠᠯᠭᠠᠰᠤᠨ ᠤ ᠤᠯᠠᠭᠠᠬᠠᠭᠤᠯᠠ  ᠭᠠᠴᠠᠭᠠᠨ ᠤ ᠮᠠᠯᠴᠢᠨ ᠭᠤᠤ ᠶᠢᠨ ᠱᠠᠨ᠄ ︽ᠲᠡᠳᠡ ᠰᠠᠷ᠎ᠠ ᠪᠦᠷᠢ ᠨᠢᠭᠡ ᠤᠳᠠᠭ᠎ᠠ ᠢᠷᠡᠳᠡᠭ᠃ ᠮᠠᠰᠢ ᠳᠣᠲᠣᠨᠣ᠂ ᠪᠢᠳᠠ ᠬᠡᠷᠡᠭᠴᠡᠭᠡ ᠲᠠᠢ  ᠵᠤᠶᠢᠯᠡᠰ ᠢᠶᠠᠨ ᠪᠦᠷ ᠠᠳᠡ ᠠᠴᠠ ᠬᠤᠳᠠᠯᠳᠤᠨ ᠠᠪᠴᠢᠬᠠᠳᠠᠭ᠂ ᠮᠠᠰᠢ ᠳᠥᠭᠦᠮ ᠪᠣᠯᠣᠭᠰᠠᠨ︔ ᠲᠠᠲᠠ ᠴᠤ ᠶᠡᠭᠡ ᠵᠦᠳᠡᠷᠡᠵᠦ ᠪᠠᠶᠢᠨ᠎ᠠ᠂ ᠲᠠᠲᠠ ᠬᠤᠶᠠᠭᠤᠯᠠ ᠪᠠᠷᠠᠭ᠎ᠠ ᠠᠪᠤᠨ᠎ᠠ᠂ ᠪᠠᠷᠠᠭ᠎ᠠ ᠲᠡᠭᠡᠭᠡᠨ᠎ᠡ᠂ ᠮᠠᠯᠴᠢᠳ ᠤᠨ ᠳᠤ ᠣᠴᠢᠭᠠᠳ ᠠᠴᠢᠶ᠎ᠠ ᠪᠠᠨ ᠪᠠᠭᠤᠯᠭᠠᠨ᠎ᠠ᠂ ᠶᠣᠰᠣᠲᠠᠶ ᠵᠦᠳᠡᠷᠡᠵᠦ ᠪᠠᠶᠢᠨ᠎ᠠ᠃ ᠦᠨ᠎ᠡ ᠨᠢ ᠬᠤᠰᠢᠭᠤᠨ ᠤ ᠬᠢ ᠲᠠᠢ ᠨᠢᠭᠡ ᠯᠡ ᠠᠳᠠᠯᠢ ᠪᠠᠶᠢᠳᠠᠭ︾ ᠭᠡᠪᠡ᠃    ᠡᠵᠡᠨ᠎ᠡ ᠬᠤᠰᠢᠭᠤᠨ ᠤ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠠᠷᠠᠳ ᠲᠤ ᠳᠦᠬᠦᠮ ᠦᠵᠡᠭᠦᠯᠬᠦ ᠨᠡᠭᠦᠳᠡᠯ ᠦᠢᠯᠡᠴᠢᠯᠡᠭᠡᠨ ᠤ ᠮᠠᠰᠢᠨ ᠲᠡᠷᠭᠡᠨ ᠤ ᠳᠠᠷᠤᠭ᠎ᠠ ᠵᠠᠶᠠᠭᠠᠬᠦᠤ᠄ ︽ᠪᠢ ᠥᠪᠡᠷ ᠢᠶᠠᠨ ᠴᠦ ᠮᠠᠯᠵᠢᠬᠤ ᠣᠷᠣᠨ ᠳᠤ ᠥᠰᠦᠭᠰᠡᠨ ᠪᠣᠯᠬᠤᠷ ᠮᠠᠯᠴᠢᠳ ᠲᠤ ᠢᠯᠡᠬᠦᠭᠡᠨ ᠬᠠᠪᠰᠤᠷᠤᠯᠭ᠎ᠠ ᠥᠵᠡᠬᠦᠯᠦᠶ᠎ᠠ ᠭᠡᠵᠦ ᠪᠣᠳᠣᠳᠠᠭ᠃ ᠡᠨᠡ ᠪᠣᠯ ᠮᠢᠨᠦ ᠬᠢᠬᠦ ᠳᠤᠷᠠᠲᠠᠢ ᠠᠵᠢᠯ᠃ ᠣᠳᠠᠭᠠᠨ ᠳᠠᠭᠠᠨ ᠪᠢ ᠡᠨᠡ ᠠᠵᠢᠯ ᠳᠤ ᠤᠯᠠᠮ ᠪᠠᠭ᠋ᠠᠲᠠᠢ ᠪᠣᠯᠣᠭᠰᠠᠨ᠃ ᠬᠠᠮᠢᠭ᠎ᠠ ᠶᠠᠪᠤᠭᠰᠠᠨ ᠴᠤ᠂ ᠲᠠᠲᠠ ᠪᠢᠳᠡᠨ ᠳᠤ ᠶᠠᠭ ᠳᠣᠲᠣᠨᠣ ᠬᠥᠮᠦᠨ ᠰᠢᠭ᠂ ᠪᠢᠳᠡᠨ ᠳᠤ ᠮᠠᠰᠢ ᠬᠠᠯᠠᠭᠤᠮᠰᠤᠭ ᠪᠠᠶᠢᠳᠠᠭ︾ ᠭᠡᠪᠡ᠃    2015 ᠣᠨ ᠠᠴᠠ ᠤᠳᠤ ᠪᠣᠯᠲᠠᠯ᠎ᠠ᠂ ᠡᠨᠡᠬᠦ ︽ᠲᠡᠷᠭᠡᠨ ᠬᠦᠷᠳᠦᠨ ᠳᠡᠭᠡᠷᠡᠬᠢ ᠨᠡᠭᠦᠳᠡᠯ ᠬᠠᠩᠭᠠᠨ ᠪᠣᠷᠣᠯᠠᠭᠤᠯᠬᠤ ᠬᠤᠷᠰᠢᠶ᠎ᠠ︾᠎ ᠨᠢ ᠵᠥᠪᠬᠡᠨ ︽ᠬᠤᠶᠠᠷ ᠬᠥᠮᠦᠨ ᠨᠢᠭᠡ ᠲᠡᠷᠭᠡ︾᠎ ᠪᠠᠷ ᠡᠷᠬᠢᠨ ᠲᠣᠭᠤᠷᠢᠨ ᠤ 10000 ᠭᠠᠷᠤᠢ ᠲᠡᠭᠰᠢ ᠳᠥᠷᠪᠡᠯᠵᠢᠨ ᠺᠢᠯᠣᠮᠧᠲᠷ ᠪᠦᠬᠦᠢ ᠭᠤᠪᠢ ᠶᠢᠨ ᠭᠦᠨ ᠳᠤ ᠠᠷᠠᠳ ᠲᠤ ᠲᠦᠬᠦᠮ ᠦᠵᠡᠭᠦᠯᠬᠦ ᠦᠢᠯᠡᠴᠢᠯᠡᠭᠡ ᠶᠢ ᠨᠡᠶᠢᠳᠡ 344 ᠤᠳᠠᠭ᠎ᠠ ᠥᠷᠨᠢᠭᠦᠯᠵᠦ᠂ ᠡᠳᠦᠷ ᠳᠤᠳᠤᠮ ᠤᠨ ᠬᠡᠷᠡᠭᠯᠡᠭᠡᠨ ᠤ ᠵᠦᠢᠯ ᠢ 647ᠲᠦᠮᠡ ᠭᠠᠷᠤᠢ ᠲᠥᠭᠦᠷᠢᠭ ᠳᠤᠬᠢᠷᠠᠭᠤᠯᠤᠨ ᠬᠦᠷᠭᠡᠵᠦ᠂ ᠠᠶᠠᠯᠠᠯ ᠤᠨ ᠵᠠᠮ ᠨᠢ ᠨᠠᠶᠢᠳᠠ ᠳᠤ ᠪᠠᠨ 31.32 ᠲᠦᠮᠡᠨ ᠺᠢᠯᠣᠮᠧᠲᠷ ᠲᠤ ᠬᠦᠷᠴᠡᠢ᠃    ᠡᠵᠡᠨ᠎ᠡ ᠬᠤᠰᠢᠭᠤᠨ ᠤ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠡᠷᠬᠢᠯᠡᠭᠴᠢ ᠰᠤᠷᠳᠠᠯᠳᠤ᠄ ︽ᠡᠨᠡ ᠵᠢᠯ ᠨᠡᠭᠦᠳᠡᠯ ᠦᠢᠯᠡᠴᠢᠯᠡᠭᠡᠨ ᠤ ᠲᠡᠷᠭᠡ ᠶᠢᠨ ᠵᠠᠮ ᠱᠤᠭᠤᠮ ᠢ ᠭᠤᠶᠢᠽᠠ᠂ ᠭᠤᠷᠤᠨᠠᠢ ᠵᠡᠷᠭᠡ ᠬᠢᠯᠢ ᠶᠢᠨ ᠲᠠᠷᠠᠬᠠᠶ ᠪᠤᠲᠠᠷᠬᠠᠶ ᠡᠷᠦᠬᠡ ᠳᠤ ᠬᠦᠷᠲᠡᠯ᠎ᠡ ᠥᠷᠭᠡᠳᠬᠡᠵᠦ᠂ ᠬᠠᠯᠠᠭᠤᠨ‌‍ᠲ᠋ᠣᠳᠣᠨᠣ ᠣᠶᠢᠯᠡᠴᠢᠯᠡᠭᠡ ᠶᠢ ᠳᠡᠳᠡᠨᠡᠷ ᠤᠨ ᠭᠡᠷ ᠲᠤ ᠨᠢ ᠬᠦᠷᠭᠡᠨ᠂ ᠳᠡᠳᠡᠨᠡᠷ ᠲᠤ ᠨᠠᠮ ᠵᠠᠰᠠᠭ ᠤᠨ ᠬᠠᠶᠢᠷ᠎ᠠ ᠬᠠᠯᠠᠮᠵᠢ ᠶᠢ ᠴᠠᠭ ᠳᠣᠠᠬᠠᠢ ᠳᠤ ᠨᠢ ᠬᠦᠷᠲᠡᠭᠡᠨ᠎ᠡ︾ ᠭᠡᠪᠡ᠃
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号