ᠥᠪᠥᠷ ᠮᠣᠩᠭᠤᠯ ᠤᠨ ᠴᠠᠬᠢᠯᠭᠠᠨ ᠬᠦᠴᠦᠨ ᠤ ᠪᠦᠯᠦᠭᠯᠡᠯ ᠤᠨ ︽ᠲᠤᠯᠭᠠᠭᠤᠷᠢᠯᠠᠬᠤ ᠥᠷᠭᠡᠨ ᠬᠡᠪᠴᠢᠶᠡᠨ ᠤ ᠰᠢᠨ᠎ᠡ ᠡᠨᠧᠷᠭᠢ ᠶᠢᠨ ᠴᠠᠬᠢᠯᠭᠠᠨ ᠬᠦᠴᠦᠨ ᠤ ᠰᠢᠰᠲ᠋ᠧᠮ ᠢ ᠨᠡᠶᠢᠯᠡᠭᠦᠯᠬᠦ / ᠲᠣᠣᠷ ᠠᠴᠠ ᠰᠠᠯᠵᠤ ᠲᠣᠭᠲᠠᠭᠤᠨ ᠢᠶᠠᠷ ᠠᠵᠢᠯᠯᠠᠭᠤᠯᠬᠤ ᠶᠢ ᠤᠶᠠᠯᠳᠤᠭᠤᠯᠤᠭᠰᠠᠨ ᠲᠣᠥᠷᠵᠢᠭᠤᠯᠤᠭᠰᠠᠨ ᠬᠡᠯᠪᠡᠷᠢ ᠶᠢᠨ ᠡᠨᠧᠷᠭᠢ ᠬᠠᠳᠠᠭᠠᠯᠠᠬᠤ ᠶᠢ ᠨᠢᠭᠡ ᠴᠣᠭᠴᠠᠵᠢᠭᠤᠯᠤᠭᠰᠠᠨ ᠲᠤᠨᠤᠭᠯᠠᠯ︾᠎ ᠨᠢ ᠪᠦᠬᠦ ᠤᠯᠤᠰ ᠤᠨ ᠳᠥᠷᠪᠡᠳᠦᠭᠡᠷ ᠪᠦᠯᠦᠭ ᠡᠨᠧᠷᠭᠢ ᠶᠢᠨ ᠬᠦᠷᠢᠶᠡᠨ ᠳᠠᠬᠢ ᠠᠩᠬᠠᠳᠠᠭᠴᠢ ︵ᠢᠵᠢ︶ ᠴᠢᠬᠤᠯᠠ ᠶᠡᠭᠡ ᠮᠡᠷᠭᠡᠵᠢᠯ ᠤᠨ ᠲᠤᠨᠤᠭᠯᠠᠯ ᠳᠤ ᠰᠣᠩᠭᠤᠭᠳᠠᠪᠠ
ᠨᠡᠶᠢᠲᠡᠯᠡᠭᠰᠡᠨ ᠴᠠᠭ᠄
2025/2/20
    2024 ᠣᠨ ᠤ 12 ᠰᠠᠷ᠎ᠠ ᠶᠢᠨ 30᠎ ᠤ ᠡᠳᠦᠷ᠂ ᠥᠪᠥᠷ ᠮᠣᠩᠭᠤᠯ ᠤᠨ ᠴᠠᠬᠢᠯᠭᠠᠨ ᠬᠦᠴᠦᠨ ᠤ ᠪᠦᠯᠦᠭᠯᠡᠯ ᠤᠨ ᠲᠦᠷᠦᠭᠦᠯᠡᠨ ᠬᠡᠷᠡᠭᠵᠢᠭᠦᠯᠦᠭᠰᠡᠨ ︽ᠥᠷᠭᠡᠨ ᠬᠡᠪᠴᠢᠶᠡᠨ ᠤ ᠰᠢᠨ᠎ᠡ ᠡᠨᠧᠷᠭᠢ ᠶᠢᠨ ᠴᠠᠬᠢᠯᠭᠠᠨ ᠬᠦᠴᠦᠨ ᠤ ᠰᠢᠰᠲ᠋ᠧᠮ ᠢ ᠨᠠᠶᠢᠯᠡᠬᠦᠯᠬᠦ / ᠲᠣᠣᠷ ᠠᠴᠠ ᠰᠠᠯᠵᠤ ᠲᠣᠭᠲᠠᠭᠤᠨ ᠢᠶᠠᠷ ᠠᠵᠢᠯᠯᠠᠭᠤᠯᠬᠤ ᠶᠢ ᠤᠶᠠᠯᠳᠤᠭᠤᠯᠤᠭᠰᠠᠨ ᠲᠣᠥᠷᠵᠢᠭᠤᠯᠤᠭᠰᠠᠨ ᠬᠡᠯᠪᠡᠷᠢ ᠶᠢᠨ ᠡᠨᠧᠷᠭᠢ ᠬᠠᠳᠠᠭᠠᠯᠠᠬᠤ ᠶᠢ ᠨᠢᠭᠡ ᠴᠣᠭᠴᠠᠵᠢᠭᠤᠯᠤᠭᠰᠠᠨ ᠲᠣᠨᠣᠭᠯᠠᠯ︾᠎ ᠤᠨ ᠲᠥᠷᠥᠯ ᠵᠦᠢᠯ ᠨᠢ ᠤᠯᠤᠰ ᠤᠨ ᠡᠨᠧᠷᠭᠢ ᠶᠢᠨ ᠲᠣᠪᠴᠢᠶ᠎ᠠ ᠶᠢᠨ ᠳᠥᠷᠪᠡᠳᠦᠭᠡᠷ ᠪᠦᠯᠦᠭ ᠤᠨ ᠡᠨᠧᠷᠭᠢ ᠶᠢᠨ ᠬᠦᠷᠢᠶᠡᠨ ᠳᠠᠬᠢ ᠠᠩᠬᠠᠳᠠᠭᠴᠢ ︵ᠢᠵᠢ︶ ᠴᠢᠬᠤᠯᠠ ᠶᠡᠭᠡ ᠮᠡᠷᠭᠡᠵᠢᠯ ᠤᠨ ᠲᠣᠨᠣᠭᠯᠠᠯ ᠤᠨ ᠨᠡᠷᠡᠰ ᠲᠤ ᠣᠷᠣᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠠᠵᠤ ᠠᠬᠤᠶᠢᠯᠠᠯ᠂ ᠥᠪᠥᠷ ᠮᠣᠩᠭᠤᠯ ᠤᠨ ᠴᠠᠬᠢᠯᠭᠠᠨ ᠤ ᠲᠣᠣᠷ ᠤᠨ ᠬᠠᠵᠠᠭᠤ ᠶᠢᠨ ᠠᠩᠬᠠᠳᠠᠭᠴᠢ ︵ᠢᠵᠢ︶ ᠲᠣᠨᠣᠭᠯᠠᠯ ᠤᠨ ︽ᠲᠡᠭ︾ ᠪᠠᠶᠢᠭᠰᠠᠨ ᠰᠢᠪᠲᠤᠯᠤᠯᠲᠠ ᠶᠢ ᠪᠡᠶᠡᠯᠡᠭᠦᠯᠪᠡ᠃    ᠠᠯᠠᠱᠠ ᠠᠶᠢᠮᠠᠭ ᠤᠨ ᠡᠵᠡᠨ᠎ᠡ ᠬᠤᠰᠢᠭᠤᠨ ᠤ ᠳᠠᠯᠠᠶᠢᠬᠥ᠋ᠪ ᠪᠠᠯᠭᠠᠰᠤ ᠶᠢᠨ 10 ᠺᠢᠯᠤᠸ᠋ᠯᠲ ᠤᠨ ᠲᠤᠤᠷᠴᠢᠯᠠᠭᠰᠠᠨ ᠬᠡᠯᠪᠡᠷᠢ ᠶᠢᠨ ᠡᠨᠧᠷᠭᠢ ᠬᠠᠳᠠᠭᠠᠯᠠᠬᠤ ᠦᠷᠳᠡᠭᠡ ᠳᠤ ᠣᠷᠣᠬᠤ ᠳᠤ᠂ ᠴᠠᠬᠢᠯᠭᠠᠨ ᠬᠤᠷᠢᠶᠠᠭᠤᠷ ᠤᠨ ᠬᠥᠮᠥᠷᠭᠡ ᠪᠣᠯᠣᠨ ᠡᠨᠧᠷᠭᠢ ᠬᠠᠳᠠᠭᠠᠯᠠᠬᠤ ᠭᠦᠶᠦᠳᠡᠯ ᠥᠭᠡᠷᠡᠴᠢᠯᠡᠭᠴᠢ ᠶᠢᠨ ᠬᠥᠮᠥᠷᠭᠡ ᠲᠡᠷᠢ ᠲᠡᠭᠰᠢ ᠬᠠᠷᠠᠭᠳᠠᠨ᠎ᠠ᠃ ᠴᠠᠭᠠᠨ ᠰᠠᠷ᠎ᠠ ᠣᠶᠢᠷᠠᠳᠴᠤ᠂ ᠲᠥᠬᠦᠭᠡᠷᠦᠮᠵᠢ ᠶᠢᠨ ᠠᠮᠤᠷ ᠲᠦᠪᠰᠢᠨ ᠲᠣᠭᠲᠠᠭᠤᠨ ᠢᠶᠠᠷ ᠠᠵᠢᠯᠯᠠᠬᠤ ᠶᠢ ᠪᠠᠲᠤᠯᠠᠬᠤ ᠶᠢᠨ ᠳᠣᠰᠠᠳᠠ᠂ ᠥᠪᠥᠷ ᠮᠣᠩᠭᠤᠯ ᠤᠨ ᠴᠠᠬᠢᠯᠭᠠᠨ ᠬᠦᠴᠦᠨ ᠤ ᠪᠦᠯᠦᠭᠯᠡᠯ ᠤᠨ ᠠᠯᠠᠱᠠ ᠶᠢᠨ ᠡᠵᠡᠨ᠎ᠡ ᠴᠠᠬᠢᠯᠭᠠᠨ ᠬᠠᠩᠭᠠᠬᠤ ᠺᠣᠮᠫᠠᠨᠢ ᠶᠢᠨ 10 ᠺᠢᠯᠤᠸ᠋ᠯᠲ ᠤᠨ ᠳᠤᠤᠷᠴᠢᠯᠠᠭᠰᠠᠨ ᠬᠡᠯᠪᠡᠷᠢ ᠶᠢᠨ ᠡᠨᠧᠷᠭᠢ ᠬᠠᠳᠠᠭᠠᠯᠠᠬᠤ ᠴᠠᠬᠢᠯᠭᠠᠨ ᠦᠷᠳᠡᠭᠡ ᠶᠢᠨ ᠠᠵᠢᠯᠲᠠᠳ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠲᠥᠬᠦᠭᠡᠷᠦᠮᠵᠢ ᠶᠢ ᠪᠠᠶᠢᠴᠠᠭᠠᠵᠤ ᠠᠷᠠᠴᠢᠯᠠᠨ᠎ᠠ᠂ ᠠᠵᠢᠯᠲᠠᠨ ᠤ ᠲᠠᠨᠢᠯᠴᠠᠭᠤᠯᠭ᠎ᠠ ᠪᠠᠷ᠂ ᠬᠡᠯᠬᠢᠶ᠎ᠡ ᠳ᠋ᠢᠶᠠᠨ ᡂᠢ ᠶᠢᠨ ᠬᠥᠮᠥᠷᠭᠡ ᠨᠢᠭᠡᠪᠦᠷᠢ ᠨᠢ ᠳᠠᠷᠤᠢ 2.5 ᠰᠠᠶ᠎ᠠ ᠸᠠᠲ/2.5 ᠰᠠᠶ᠎ᠠ ᠸᠠᠲ ᠤᠨ ᠦᠶ᠎ᠡ ᠶᠢᠨ ᠡᠨᠧᠷᠭᠢ ᠬᠠᠳᠠᠭᠠᠯᠠᠬᠤ ᠲᠥᠬᠦᠭᠡᠷᠦᠮᠵᠢ ᠪᠠᠶᠢᠵᠦ᠂ ᠴᠠᠬᠢᠯᠭᠠᠨ ᠡᠨᠧᠷᠬᠢ ᠶᠢ ᠬᠠᠳᠠᠭᠠᠯᠠᠵᠤ ᠪᠠᠶᠢᠭ᠎ᠠ ᠪᠤᠯ ᠡᠵᠡᠨ᠎ᠡ ᠬᠤᠰᠢᠭᠤᠨ ᠤ ᠬᠤᠶᠠᠳᠤᠭᠠᠷ ᠴᠠᠬᠢᠯᠭᠠᠨ ᠡᠭᠦᠰᠬᠡᠭᠴᠢ ᠶᠢᠨ ᠴᠡᠭ ᠤᠨ ᠭᠤᠣᠯ ᠲᠥᠬᠦᠭᠡᠷᠦᠮᠵᠢ ᠪᠣᠯᠣᠨ᠎ᠠ᠂ 220 ᠺᠢᠯᠣᠸᠠᠲ ᠤᠨ ᠭᠤᠣᠯ ᠲᠣᠣᠷ ᠤᠨ ᠲᠠᠩ ᠴᠠᠬᠢᠯᠭᠠᠨ ᠡᠭᠦᠰᠬᠡᠭᠴᠢ ᠶᠢᠨ ᠲᠥᠬᠦᠭᠡᠷᠦᠮᠵᠢ ᠶᠢ ᠪᠠᠶᠢᠴᠠᠭᠠᠨ ᠵᠠᠰᠠᠬᠤ ᠪᠤᠶᠤ ᠰᠠᠭᠠᠳ ᠭᠠᠷᠬᠤ ᠦᠶ᠎ᠡ ᠳᠤ᠂ ︽ᠡᠬᠢ ᠲᠣᠣᠷ ᠤᠨ ᠴᠡᠨᠡᠭ ᠢ ᠬᠠᠳᠠᠭᠠᠯᠠᠬᠤ︾ ᠰᠢᠰᠲ᠋ᠧᠮ ᠨᠢ ᠲᠣᠣᠷ ᠠᠴᠠ ᠰᠠᠯᠬᠤ ᠪᠠᠶᠢᠳᠠᠯ ᠳᠤ ᠠᠶᠠᠨᠳᠠᠭᠠᠨ ᠰᠢᠯᠵᠢᠨ ᠣᠷᠣᠵᠤ᠂ ᠲᠣᠥᠷᠵᠢᠭ᠌ᠰᠠᠨ ᠬᠡᠯᠪᠡᠷᠢ ᠶᠢᠨ ᠡᠨᠧᠷᠭᠢ ᠬᠠᠳᠠᠭᠠᠯᠠᠬᠤ ᠥᠷᠲᠡᠭᠡ ᠵᠢᠴᠢ ᠲᠣᠰ ᠭᠠᠵᠠᠷ ᠣᠷᠣᠨ ᠤ ᠨᠢᠭᠡᠨᠲᠡ ᠲᠣᠣᠷ ᠲᠤ ᠨᠡᠶᠢᠯᠡᠭᠦᠯᠦᠭᠰᠡᠨ ᠰᠢᠨ᠎ᠡ ᠡᠨᠧᠷᠭᠢ ᠶᠢᠨ ᠲᠠᠯᠠᠪᠤᠷ ᠥᠷᠲᠡᠭᠡ ᠪᠠᠷ ᠭᠤᠣᠯ ᠬᠠᠩᠭᠠᠯᠭ᠎ᠠ ᠶᠢᠨ ᠴᠠᠬᠢᠯᠭᠠᠨ ᠡᠭᠦᠰᠬᠡᠭᠴᠢ ᠪᠣᠯᠭᠠᠵᠤ᠂ ᠡᠵᠡᠨ᠎ᠡ ᠬᠤᠰᠢᠭᠤᠨ ᠤ ᠪᠥᠬᠦ ᠴᠠᠷᠠᠭᠠᠨ ᠳᠤ ᠴᠠᠬᠢᠯᠭᠠᠨ ᠬᠠᠩᠭᠠᠨ᠎ᠠ᠃    ᠥᠪᠥᠷ ᠮᠣᠩᠭᠤᠯ ᠤᠨ ᠴᠠᠬᠢᠯᠭᠠᠨ ᠬᠦᠴᠦᠨ ᠤ ᠪᠦᠯᠦᠭᠯᠡᠯ ᠤᠨ 10 ᠺᠢᠯᠤᠸ᠋ᠯᠲ ᠤᠨ ᠳᠠᠯᠠᠶᠢᠬᠦ᠋ᠪ ᠤᠨ ᠡᠨᠧᠷᠭᠢ ᠬᠠᠳᠠᠭᠠᠯᠠᠬᠤ ᠴᠠᠬᠢᠯᠭᠠᠨ ᠥᠷᠲᠡᠭᠡ ᠶᠢᠨ ᠳᠠᠷᠤᠭ᠎ᠠ ᠭᠤᠣ ᠵᠢᠩ ᠵᠢᠩ᠄ ︽ᠴᠠᠬᠢᠯᠭᠠᠨ ᠤ ᠰᠤᠷᠪᠤᠯᠵᠢ ᠴᠠᠬᠢᠯᠭᠠᠨ ᠲᠣᠣᠷ ᠳᠠᠭᠠᠭᠠᠴᠠ ᠨᠥᠭᠡᠴᠡ︾ ᠪᠢᠴᠢᠯ ᠴᠠᠬᠢᠯᠭᠠᠨ ᠲᠣᠣᠷ ᠢ ᠡᠵᠡᠨ᠎ᠡ ᠬᠤᠰᠢᠭᠤᠨ ᠤ ᠪᠦᠬᠦ ᠬᠤᠰᠢᠭᠤᠨ ᠤ ᠬᠡᠪᠴᠢᠶᠡᠨ ᠤ ᠥᠷᠭᠡᠨ ᠴᠠᠷᠠᠭᠠᠨ ᠳᠠᠬᠢ ᠲᠣᠮᠣ ᠴᠠᠬᠢᠯᠭᠠᠨ ᠲᠣᠣᠷ ᠬᠦᠷᠲᠡᠯ᠎ᠡ ᠤᠷᠲᠤᠳᠬᠠᠵᠤ᠂ ᠴᠠᠬᠢᠯᠭᠠᠨ ᠲᠣᠣᠷ ᠪᠠᠶᠢᠭᠤᠯᠬᠤ ᠬᠡᠯᠪᠡᠷᠢ ᠶᠢᠨ ᠡᠨᠧᠷᠭᠢ ᠬᠠᠳᠠᠭᠠᠯᠠᠬᠤ ᠶᠢ ᠨᠢᠭᠡ ᠴᠣᠭᠴᠠᠵᠢᠭᠤᠯᠤᠭᠰᠠᠨ ᠲᠣᠨᠤᠭ ᠲᠥᠬᠦᠭᠡᠷᠦᠮᠵᠢ ᠶᠢᠨ ᠰᠢᠨ᠎ᠡ ᠶᠢ ᠡᠭᠦᠳᠦᠨ ᠰᠤᠳᠤᠯᠤᠨ ᠨᠡᠭᠡᠭᠡᠵᠦ᠂ ᠣᠯᠠᠨ ᠤᠯᠤᠰ ᠤᠨ ᠠᠩᠬᠠᠳᠠᠭᠴᠢ ᠤᠭᠰᠠᠷᠠᠵᠤ ᠪᠣᠯᠬᠤ ᠪᠠ ᠲᠣᠣᠷ ᠠᠴᠠ ᠰᠠᠯᠬᠤ ᠴᠠᠭ ᠬᠤᠭᠤᠴᠠᠭᠠᠨ ᠤ ᠲᠣᠭᠲᠠᠭᠤᠨ ᠡᠷᠭᠢᠯᠲᠡ ᠳᠤ ᠵᠣᠬᠢᠴᠠᠬᠤ ᠥᠷᠭᠡᠨ ᠴᠠᠷᠠᠭᠠᠨ ᠤ ᠪᠥᠬᠦ ᠪᠣᠬᠢᠷᠲᠤᠯ ᠦᠭᠡᠢ ᠴᠠᠬᠢᠯᠭᠠᠨ ᠤ ᠰᠢᠰᠲ᠋ᠧᠮ ᠢ ᠠᠮᠵᠢᠯᠲᠠ ᠲᠠᠢ ᠪᠠᠷ ᠪᠠᠶᠢᠭᠤᠯᠵᠤ᠂ 3 ᠤᠳᠠᠭ᠎ᠠ ᠠᠩᠬᠠᠨ ᠤ ᠲᠤᠷᠰᠢᠯᠲᠠ ᠵᠢᠴᠢ 2 ᠤᠳᠠᠭ᠎ᠠ ᠪᠥᠬᠦ ᠴᠠᠷᠠᠭᠠᠨ ᠤ ᠲᠣᠣᠷ ᠠᠴᠠ ᠰᠠᠯᠬᠤ ᠦᠢᠯᠡᠳᠦᠯᠭᠡ ᠪᠠᠷ ᠳᠠᠮᠵᠢᠨ᠂ ᠴᠠᠬᠢᠯᠭᠠᠨ ᠲᠣᠣᠷ ᠤᠨ ᠣᠨᠣᠯ ᠤᠨ ᠵᠥᠪ ᠣᠨᠣᠪᠴᠢᠲᠤ ᠴᠢᠨᠠᠷ ᠪᠠ ᠦᠢᠯᠡᠳᠦᠯᠭᠡ ᠶᠢᠨ ᠪᠦᠲᠦᠮᠵᠢᠲᠦ ᠴᠢᠨᠠᠷ ᠢ ᠰᠢᠯᠭᠠᠨ ᠪᠠᠶᠢᠴᠠᠭᠠᠪᠠ︾ ᠭᠡᠪᠡ᠃    ᠥᠪᠥᠷ ᠮᠣᠩᠭᠤᠯ ᠤᠨ ᠴᠠᠬᠢᠯᠭᠠᠨ ᠬᠦᠴᠦᠨ ᠤ ᠪᠦᠯᠦᠭᠯᠡᠯ ᠤᠨ ᠠᠯᠠᠱᠠ ᠶᠢᠨ ᠴᠠᠬᠢᠯᠭᠠᠨ ᠬᠠᠩᠭᠠᠬᠤ ᠺᠣᠮᠫᠠᠨᠢ 2021 ᠣᠨ ᠠᠴᠠ ᠡᠬᠢᠯᠡᠨ᠂ ᠤᠯᠤᠰ ᠤᠨ ᠳᠣᠲᠣᠭᠠᠳᠤ ᠶᠢᠨ ᠠᠩᠬᠠᠳᠠᠭᠴᠢ ᠳᠣᠣᠷ᠎ᠠ ᠳᠥᠲᠡᠯᠡᠯ ᠤᠨ ᠪᠠᠭᠲᠠᠭᠠᠮᠵᠢ᠂ ᠨᠠᠷᠮᠠᠢ ᠴᠠᠬᠢᠯᠭᠠᠨ ᠬᠦᠴᠦᠳᠡᠯ ᠤᠨ ᠲᠠᠰ᠂ ᠡᠬᠢ ᠴᠡᠨᠡᠭ ᠤᠨ ᠬᠤᠣᠰ ᠴᠢᠭᠯᠡᠯ ᠢᠶᠠᠷ ᠬᠠᠷᠢᠯᠴᠠᠨ ᠬᠥᠳᠡᠯᠦᠯᠴᠡᠭᠰᠡᠨ       ︽ᠡᠬᠢ ᠰᠤᠷᠪᠤᠯᠵᠢ ᠶᠢᠨ ᠲᠣᠣᠷ ᠲᠤ ᠬᠠᠳᠠᠭᠠᠯᠠᠵᠤ ᠨᠥᠭᠡᠴᠡᠯᠡᠬᠦ︾ ᠪᠢᠴᠢᠯ ᠴᠠᠬᠢᠯᠭᠠᠨ ᠲᠣᠣᠷ ᠤᠨ ᠨᠢᠭᠡ ᠴᠣᠭᠴᠠᠵᠢᠭᠰᠠᠨ ᠵᠢᠱᠢᠶ᠎ᠡ ᠦᠵᠡᠭᠦᠯᠬᠦ ᠲᠥᠷᠥᠯ ᠵᠦᠢᠯ ᠢ ᠪᠦᠲᠦᠭᠡᠨ ᠪᠠᠶᠢᠭᠤᠯᠵᠤ᠂ ᠲᠣᠥᠷᠵᠢᠭᠤᠯᠤᠭᠰᠠᠨ ᠬᠡᠯᠪᠡᠷᠢ ᠶᠢᠨ ᠡᠨᠧᠷᠭᠢ ᠬᠠᠳᠠᠭᠠᠯᠠᠬᠤ ᠪᠠᠷ ᠤᠯᠠᠮᠵᠢᠯᠠᠯᠲᠤ ᠢᠯᠴᠢ ᠶᠢᠨ ᠴᠠᠬᠢᠯᠭᠠᠨ᠂ ᠤᠰᠤᠨ ᠴᠠᠬᠢᠯᠭᠠᠨ ᠵᠡᠷᠭᠡ ᠴᠠᠬᠢᠯᠭᠠᠨ ᠡᠭᠦᠰᠬᠡᠭᠴᠢ ᠶᠢ ᠣᠷᠣᠯᠠᠭᠤᠯᠬᠤ ᠪᠠᠷ ᠲᠤᠯᠭᠠᠭᠤᠷᠢᠯᠠᠯ ᠪᠣᠯᠭᠠᠵᠤ᠂ ᠳᠡᠯᠡᠬᠡᠢ ᠳᠡᠭᠡᠷᠡᠬᠢ ᠠᠩᠬᠠᠳᠠᠭᠴᠢ ᠨᠡᠶᠢᠯᠡᠭᠦᠯᠬᠦ / ᠲᠣᠣᠷ ᠠᠴᠠ ᠵᠠᠶᠢᠳᠠᠭᠤ᠂ ᠵᠠᠢ ᠵᠠᠪᠰᠠᠷ ᠦᠭᠡᠢ ᠰᠣᠯᠢᠵᠤ ᠪᠣᠯᠬᠤ ᠵᠢᠴᠢ ᠲᠣᠣᠷ ᠠᠴᠠ ᠵᠠᠶᠢᠳᠠᠭᠤ ᠦᠶᠡᠯᠡᠯ ᠤᠨ ᠬᠤᠭᠤᠴᠠᠭᠠᠨ ᠳᠤ ᠠᠮᠤᠷ ᠲᠦᠪᠰᠢᠨ ᠲᠣᠭᠲᠠᠭᠤᠨ ᠢᠶᠠᠷ ᠠᠵᠢᠯᠯᠠᠵᠤ ᠪᠣᠯᠬᠤ ᠥᠷᠭᠡᠨ ᠬᠡᠪᠴᠢᠶᠡᠨ ᠤ ᠴᠡᠪᠡᠷ ᠰᠢᠨ᠎ᠡ ᠡᠨᠧᠷᠭᠢ ᠶᠢᠨ ᠴᠠᠬᠢᠯᠭᠠᠨ ᠬᠦᠴᠦᠨ ᠤ ᠰᠢᠰᠲ᠋ᠧᠮ ᠢ ᠪᠠᠶᠢᠭᠤᠯᠪᠠ᠃    ᠶᠡᠷᠦ ᠠᠴᠠ ᠠᠯᠠᠱᠠ ᠠᠶᠢᠮᠠᠭ ᠤᠨ ᠡᠵᠡᠨ᠎ᠡ ᠬᠤᠰᠢᠭᠤᠨ ᠤ 220 ᠺᠢᠯᠣᠸᠠᠲ ᠤᠨ ᠲᠠᠩ ᠪᠤᠴᠠᠯᠲᠠ ᠶᠢᠨ ᠱᠤᠭᠤᠮ ᠤᠨ ᠴᠠᠬᠢᠯᠭᠠᠨ ᠬᠠᠩᠭᠠᠯᠭ᠎ᠠ ᠶᠢᠨ ᠵᠠᠭᠪᠤᠷ ᠲᠤ ᠴᠠᠬᠢᠯᠭᠠᠨ ᠬᠠᠩᠭᠠᠵᠤ᠂ ᠵᠠᠮ ᠱᠤᠭᠤᠮ ᠨᠢ ᠰᠠᠭᠠᠳ ᠭᠠᠷᠬᠤ ᠪᠤᠶᠤ ᠪᠠᠶᠢᠴᠠᠭᠠᠨ ᠰᠡᠯᠪᠢᠬᠦ ᠦᠶ᠎ᠡ ᠳᠤ ᠪᠦᠬᠦ᠋ᠢᠯᠡ ᠡᠵᠡᠨ᠎ᠡ ᠣᠷᠣᠨ ᠤ ᠴᠠᠬᠢᠯᠭᠠᠨ ᠵᠣᠭᠰᠣᠬᠤ ᠳᠤ ᠬᠦᠷᠦᠭᠦᠯᠵᠦ᠂ ᠲᠤᠬᠠᠢ ᠶᠢᠨ ᠭᠠᠵᠠᠷ ᠤᠨ ᠨᠡᠶᠢᠭᠡᠮ ᠤᠨ ᠦᠢᠯᠡᠳᠪᠦᠷᠢᠯᠡᠯ ᠪᠠ ᠰᠠᠭᠤᠭᠠᠯᠢ ᠠᠷᠠᠳ ᠤᠨ ᠠᠮᠢᠳᠤᠷᠠᠯ ᠤᠨ ᠴᠠᠬᠢᠯᠭᠠᠨ ᠬᠡᠷᠡᠭᠯᠡᠬᠦ ᠶᠢ ᠨᠥᠯᠥᠭᠡᠯᠡᠳᠡᠭ᠃ ︽ᠡᠬᠢ ᠰᠤᠷᠪᠤᠯᠵᠢ ᠶᠢᠨ ᠲᠣᠣᠷ ᠲᠤ ᠬᠠᠳᠠᠭᠠᠯᠠᠵᠤ ᠨᠥᠭᠡᠴᠡᠯᠡᠬᠦ︾ ᠰᠢᠨ᠎ᠡ ᠬᠡᠯᠪᠡᠷᠢ ᠶᠢᠨ ᠴᠠᠬᠢᠯᠭᠠᠨ ᠬᠦᠴᠦᠨ ᠤ ᠰᠢᠰᠲ᠋ᠧᠮ ᠨᠢ ᠭᠤᠣᠯ ᠲᠣᠣᠷ ᠤᠨ ᠴᠠᠬᠢᠯᠭᠠᠨ ᠢ ᠵᠣᠭᠰᠣᠭᠠᠵᠤ ᠪᠠᠶᠢᠴᠠᠭᠠᠨ ᠵᠠᠰᠠᠬᠤ ᠬᠤᠭᠤᠴᠠᠭᠠᠨ ᠳᠤ᠂ ᠬᠡᠷᠡᠭᠯᠡᠬᠦ ᠪᠠᠷ ᠪᠡᠯᠡᠳᠬᠡᠭᠰᠡᠨ ᠨᠣᠭᠤᠭᠠᠨ ᠴᠠᠬᠢᠯᠭᠠᠨ ᠤ ᠨᠠᠶᠢᠳᠠᠪᠤᠷᠢᠲᠠᠢ ᠴᠠᠬᠢᠯᠭᠠᠨ ᠡᠭᠦᠰᠬᠡᠭᠴᠢ ᠪᠣᠯᠵᠤ᠂ ᠡᠵᠡᠨ᠎ᠡ ᠣᠷᠣᠨ ᠤ ᠲᠠᠰᠤᠷᠠᠯᠲᠠ ᠦᠭᠡᠢ ᠴᠠᠬᠢᠯᠭᠠᠨ ᠬᠠᠩᠭᠠᠬᠤ ᠶᠢ ᠪᠦᠲᠦᠮᠵᠢᠲᠡᠶ ᠪᠠᠷ ᠲᠤᠯᠭᠠᠭᠤᠷᠢᠯᠠᠵᠤ᠂ ᠪᠤᠶᠢᠳᠠ ᠪᠥᠭᠯᠡᠭᠦᠦ ᠭᠠᠵᠠᠷ ᠣᠷᠣᠨ ᠤ ᠴᠠᠬᠢᠯᠭᠠᠨ ᠲᠣᠣᠷ ᠤᠨ ᠴᠠᠬᠢᠯᠭᠠᠨ ᠬᠠᠩᠭᠠᠯᠲᠠ ᠶᠢᠨ ᠨᠠᠶᠢᠳᠠᠪᠤᠷᠢᠲᠤ ᠴᠢᠨᠠᠷ ᠢ ᠳᠡᠭᠡᠭᠰᠢᠯᠡᠭᠦᠯᠵᠦ ᠪᠣᠯᠣᠨ᠎ᠠ᠃    ᠥᠪᠥᠷ ᠮᠣᠩᠭᠤᠯ ᠤᠨ ᠴᠠᠬᠢᠯᠭᠠᠨ ᠬᠦᠴᠦᠨ ᠤ ᠪᠦᠯᠦᠭᠯᠡᠯ ᠤᠨ ᠠᠯᠠᠱᠠ ᠶᠢᠨ ᠡᠵᠡᠨ᠎ᠡ ᠳᠠᠬᠢ ᠴᠠᠬᠢᠯᠭᠠᠨ ᠬᠠᠩᠭᠠᠬᠤ ᠺᠣᠮᠫᠠᠨᠢ ᠶᠢᠨ ᠳᠠᠭᠠᠭᠠᠮᠠᠯ ᠲᠠᠩ ᠴᠥᠩ ᠨᠢᠶᠠᠨ᠄ ︽2024 ᠣᠨ ᠤ 10 ᠰᠠᠷ᠎ᠠ ᠶᠢᠨ 28᠎ ᠤ ᠡᠳᠦᠷ᠂ 220 ᠺᠢᠯᠣᠸᠠᠲ ᠤᠨ ᠲᠦᠷᠦᠭᠦᠦ ᠱᠤᠭᠤᠮ ᠤᠨ ᠪᠠᠶᠢᠴᠠᠭᠠᠨ ᠵᠠᠰᠠᠬᠤ ᠬᠤᠭᠤᠴᠠᠭᠠᠨ ᠳᠤ᠂ ᠪᠢᠳᠡ ᠡᠬᠢ ᠰᠤᠷᠪᠤᠯᠵᠢ ᠶᠢᠨ ᠲᠣᠣᠷ ᠲᠤ ᠬᠠᠳᠠᠭᠠᠯᠠᠵᠤ ᠨᠥᠭᠡᠴᠡᠯᠡᠬᠦ︾ ᠪᠦᠷᠢᠨ ᠪᠣᠬᠢᠷᠲᠤᠯ ᠦᠭᠡᠢ ᠴᠠᠬᠢᠯᠭᠠᠨ ᠤ ᠰᠢᠰᠲ᠋ᠧᠮ ᠢᠶᠠᠷ ᠳᠡᠮᠵᠢᠨ ᠡᠵᠡᠨ᠎ᠡ ᠶᠢᠨ ᠪᠥᠬᠦ ᠴᠠᠷᠠᠭᠠᠨ ᠤ 3 ᠲᠦᠮᠡ ᠭᠠᠷᠤᠢ ᠬᠡᠷᠡᠭᠯᠡᠭᠴᠢ ᠳᠤ 14.58 ᠴᠠᠭ ᠤᠨ ᠲᠣᠣᠷ ᠠᠴᠠ ᠰᠠᠯᠤᠭᠰᠠᠨ ᠪᠣᠬᠢᠷᠲᠤᠯ ᠦᠭᠡᠢ ᠴᠠᠬᠢᠯᠭᠠᠨ ᠤ ᠬᠠᠩᠭᠠᠯᠭ᠎ᠠ ᠶᠢ ᠬᠠᠩᠭᠠᠭᠰᠠᠨ ᠪᠠᠶᠢᠨ᠎ᠠ᠃ ᠲᠣᠬᠢᠷᠠᠭᠤᠯᠭ᠎ᠠ ᠶᠢᠨ ᠵᠢᠭᠠᠪᠤᠷᠢ ᠶᠢ ᠬᠡᠷᠡᠭᠵᠢᠭᠦᠯᠦᠭᠰᠡᠨ ᠤ ᠳᠠᠷᠠᠭ᠎ᠠ᠂ ᠰᠢᠰᠲ᠋ᠧᠮ ᠨᠢ ᠰᠦᠯᠵᠢᠶᠡᠨ ᠠᠴᠠ ᠰᠠᠯᠬᠤ ᠠᠵᠢᠯᠯᠠᠭᠠᠨ ᠤ ᠵᠠᠭᠪᠤᠷ ᠲᠤ ᠠᠶᠠᠨᠳᠠᠭᠠᠨ ᠰᠣᠯᠢᠭᠳᠠᠵᠤ᠂ ᠪᠥᠬᠦ ᠬᠤᠰᠢᠭᠤᠨ ᠤ ᠰᠠᠭᠤᠭᠠᠯᠢ ᠠᠷᠠᠳ ᠵᠠᠮ ᠱᠤᠭᠤᠮ ᠢ ᠪᠠᠶᠢᠴᠠᠭᠠᠨ ᠵᠠᠰᠠᠵᠤ ᠴᠠᠬᠢᠯᠭᠠᠨ ᠵᠣᠭᠰᠣᠭᠰᠠᠨ ᠤ ᠨᠥᠯᠥᠭᠡ ᠶᠢ ᠭᠥᠷᠳᠡᠭᠰᠡᠨ ᠦᠭᠡᠢ ᠠᠴᠠ ᠪᠣᠯᠵᠤ᠂ ᠴᠠᠬᠢᠯᠭᠠᠨ ᠬᠦᠴᠦᠨ ᠤ ᠬᠠᠩᠭᠠᠯᠭ᠎ᠠ ᠬᠡᠪ ᠤᠨ ᠪᠠᠶᠢᠳᠠᠯ ᠳᠤ ᠣᠷᠣᠪᠠ︾ ᠭᠡᠪᠡ᠃    ᠣᠳᠣᠬᠠᠨ ᠪᠣᠯᠬᠤ ᠳᠤ᠂ ︽ᠡᠬᠢ ᠰᠤᠷᠪᠤᠯᠵᠢ ᠶᠢᠨ ᠲᠣᠣᠷ ᠲᠤ ᠬᠠᠳᠠᠭᠠᠯᠠᠵᠤ ᠨᠥᠭᠡᠴᠡᠯᠡᠬᠦ︾ ᠪᠦᠷᠢᠨ ᠪᠣᠬᠢᠷᠲᠤᠯ ᠦᠭᠡᠢ ᠴᠠᠬᠢᠯᠭᠠᠨ ᠤ ᠰᠢᠰᠲ᠋ᠧᠮ ᠢ 3 ᠤᠳᠠᠭ᠎ᠠ ᠠᠮᠵᠢᠯᠲᠠ ᠲᠠᠢ ᠭᠡᠷᠡᠭᠯᠡᠵᠦ᠂ ᠨᠡᠶᠢᠲᠡ 86.49 ᠴᠠᠭ ᠠᠵᠢᠯᠯᠠᠭᠤᠯᠤᠨ᠂ ᠴᠠᠬᠢᠯᠭᠠᠨ ᠬᠠᠩᠭᠠᠬᠤ ᠬᠡᠮᠵᠢᠶ᠎ᠡ 150.46 ᠲᠦᠮᠡᠨ ᠮᠢᠩᠭᠠᠨ ᠲᠦᠮᠡ ᠳᠤ ᠬᠦᠷᠴᠦ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ 455.89 ᠲᠣᠨ ᠪᠠᠭᠠᠰᠬᠠᠨ᠂ ᠡᠵᠡᠨ᠎ᠡ ᠬᠤᠰᠢᠭᠤᠨ ᠤ ᠪᠦᠬᠦ ᠣᠷᠣᠨ ᠪᠦᠰᠡ ᠶᠢᠨ ᠪᠣᠬᠢᠷᠲᠤᠯ ᠦᠭᠡᠢ ᠴᠠᠬᠢᠯᠭᠠᠨ ᠡᠭᠦᠰᠬᠡᠭᠴᠢ ᠶᠢ ᠲᠣᠣᠷ ᠠᠴᠠ ᠲᠠᠰᠤᠷᠠᠯᠳᠡ ᠦᠭᠡᠢ ᠬᠠᠩᠭᠠᠬᠤ ᠰᠢᠨ᠎ᠡ ᠬᠠᠭᠤᠳᠠᠰᠤ ᠶᠢ ᠪᠢᠴᠢᠭᠯᠡᠪᠡ᠃    ᠥᠪᠥᠷ ᠮᠣᠩᠭᠤᠯ ᠤᠨ ᠴᠠᠬᠢᠯᠭᠠᠨ ᠬᠦᠴᠦᠨ ᠤ ᠪᠦᠯᠦᠭᠯᠡᠯ ᠤᠨ ᠠᠯᠠᠱᠠ ᠶᠢᠨ ᠴᠠᠬᠢᠯᠭᠠᠨ ᠬᠠᠩᠭᠠᠬᠤ ᠺᠣᠮᠫᠠᠨᠢ ᠶᠢᠨ ᠳᠡᠳ᠋ ᠶᠡᠷᠦᠩᠬᠡᠢ ᠳᠠᠭᠠᠭᠠᠮᠠᠯ ᠯᠢᠦ ᠵᠢᠶᠠᠨ ᠵᠢᠶᠦ᠋ᠨ᠄ ︽ᠠᠯᠠᠱᠠ ᠶᠢᠨ ᠡᠵᠡᠨ᠎ᠡ ᠶᠢᠨ ︿ᠡᠬᠢ ᠰᠤᠷᠪᠤᠯᠵᠢ ᠶᠢᠨ ᠲᠣᠣᠷ ᠲᠤ ᠬᠠᠳᠠᠭᠠᠯᠠᠵᠤ ᠨᠥᠭᠡᠴᠡᠯᠡᠬᠦ ﹀ ᠪᠢᠴᠢᠯ ᠴᠠᠬᠢᠯᠭᠠᠨ ᠤ ᠲᠣᠣᠷ ᠤᠨ ᠵᠢᠱᠢᠶ᠎ᠡ ᠦᠵᠡᠭᠦᠯᠬᠦ ᠢᠨᠵᠧᠨᠧᠷᠢᠩ ᠢ ᠠᠮᠵᠢᠯᠲᠠ ᠲᠠᠢ ᠪᠠᠷ ᠬᠡᠷᠡᠭᠵᠢᠭᠦᠯᠵᠦ᠂ ᠴᠠᠬᠢᠯᠭᠠᠨ ᠬᠦᠴᠦᠨ ᠤ ᠰᠢᠰᠲ᠋ᠧᠮ ᠤᠨ ᠤᠯᠠᠮᠵᠢᠯᠠᠯᠲᠤ ᠴᠠᠬᠢᠯᠭᠠᠨ ᠬᠠᠩᠭᠠᠬᠤ ᠵᠠᠭᠪᠤᠷ ᠢ ᠬᠤᠪᠢᠷᠠᠭᠤᠯᠤᠨ᠂ ᠴᠠᠬᠢᠯᠭᠠᠨ ᠲᠣᠣᠷ ᠤᠨ ᠪᠣᠬᠢᠷᠲᠤᠯ ᠦᠭᠡᠢ ᠬᠡᠯᠪᠡᠷᠢ ᠶᠢ ᠬᠤᠪᠢᠷᠠᠭᠤᠯᠤᠨ ᠬᠥᠭᠵᠢᠭᠦᠯᠬᠦ ᠰᠢᠨ᠎ᠡ ᠠᠷᠭ᠎ᠠ ᠵᠠᠮ ᠢ ᠨᠡᠭᠡᠭᠡᠵᠦ᠂ ᠤᠯᠤᠰ ᠤᠨ ᠰᠢᠨ᠎ᠡ ᠬᠡᠯᠪᠡᠷᠢ ᠶᠢᠨ ᠴᠠᠬᠢᠯᠭᠠᠨ ᠬᠦᠴᠦᠨ ᠤ ᠰᠢᠰᠲ᠋ᠧᠮ ᠢ ᠪᠠᠶᠢᠭᠤᠯᠬᠤ ᠳᠤ ᠴᠢᠬᠤᠯᠠ ᠶᠡᠭᠡ ᠰᠦᠪᠡᠭᠴᠢᠯᠡᠯᠲᠡ ᠪᠠ ᠰᠢᠨ᠎ᠡ ᠶᠢ ᠡᠭᠦᠳᠬᠦ ᠵᠢᠱᠢᠶ᠎ᠡ ᠦᠵᠡᠭᠦᠯᠪᠡ᠃ ᠡᠨᠡ ᠪᠣᠯ ᠥᠪᠥᠷ ᠮᠣᠩᠭᠤᠯ ᠤᠨ ᠴᠠᠬᠢᠯᠭᠠᠨ ᠬᠦᠴᠦᠨ ᠤ ᠪᠦᠯᠦᠭᠯᠡᠯ ᠤᠨ ︿ᠬᠤᠶᠠᠷ ᠢ ᠲᠡᠷᠢᠭᠦᠨ ᠳᠤ ᠲᠠᠯᠪᠢᠬᠤ᠂ ᠬᠤᠶᠠᠷ ᠢ ᠳᠠᠪᠠᠭᠤᠯᠬᠤ﹀᠎ ᠶᠢ ᠨᠠᠶᠢᠳᠠᠪᠤᠷᠢᠵᠢᠭᠤᠯᠬᠤ᠂ ᠥᠪᠡᠷᠲᠡᠭᠡᠨ ᠵᠠᠰᠠᠬᠤ ᠣᠷᠣᠨ ᠤ ︿ᠲᠠᠪᠤᠨ ᠶᠡᠭᠡ ᠡᠭᠦᠷᠭᠡ﹀᠎ ᠶᠢ ᠪᠡᠶᠡᠯᠡᠭᠦᠯᠬᠦ ᠳᠤ ᠬᠦᠴᠦᠨ ᠨᠡᠮᠡᠷᠢᠯᠡᠬᠦ᠂ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠬᠥᠭᠵᠢᠯᠲᠡ ᠳᠤ ᠨᠡᠩ ᠰᠠᠶᠢᠨ ᠦᠢᠯᠡᠴᠢᠯᠡᠬᠦ ᠠᠮᠢᠳᠤᠯᠢᠭ ᠦᠢᠯᠡᠳᠦᠯᠭᠡ       ᠪᠣᠯᠣᠨ᠎ᠠ︾ ᠭᠡᠪᠡ᠃     ︽ᠥᠷᠭᠡᠨ ᠬᠡᠪᠴᠢᠶᠡᠨ ᠤ ᠰᠢᠨ᠎ᠡ ᠡᠨᠧᠷᠭᠢ ᠶᠢᠨ ᠴᠠᠬᠢᠯᠭᠠᠨ ᠬᠦᠴᠦᠨ ᠤ ᠰᠢᠰᠲ᠋ᠧᠮ ᠎ ᠢ ᠨᠠᠶᠢᠯᠡᠬᠦᠯᠬᠦ / ᠲᠣᠣᠷ ᠠᠴᠠ ᠰᠠᠯᠵᠤ ᠲᠣᠭᠲᠠᠭᠤᠨ ᠠᠵᠢᠯᠯᠠᠭᠤᠯᠬᠤ ᠶᠢ ᠤᠶᠠᠯᠳᠤᠭᠤᠯᠤᠭᠰᠠᠨ ᠲᠣᠥᠷᠵᠢᠭᠤᠯᠤᠭᠰᠠᠨ ᠬᠡᠯᠪᠡᠷᠢ ᠶᠢᠨ ᠡᠨᠧᠷᠭᠢ ᠬᠠᠳᠠᠭᠠᠯᠠᠬᠤ ᠶᠢ ᠨᠢᠭᠡ ᠴᠣᠭᠴᠠᠵᠢᠭᠤᠯᠤᠭᠰᠠᠨ ᠲᠤᠨᠤᠭᠯᠠᠯ︾᠎ ᠨᠢ ᠪᠠᠰᠠ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠵᠡᠷᠭᠡ ᠨᠠᠢᠮᠠᠨ ᠶᠠᠮᠤᠨ ᠵᠥᠪᠯᠡᠯ ᠤᠨ ︽ᠪᠣᠬᠢᠷᠲᠤᠯ ᠦᠭᠡᠢ ᠮᠡᠷᠭᠡᠵᠢᠯ ᠢ ᠳᠡᠯᠭᠡᠷᠡᠭᠦᠯᠬᠦ ᠭᠠᠷᠴᠠᠭ ︵2024 ᠣᠨ ᠤ ᠬᠡᠪᠯᠡᠯ︶︾᠂ ᠳᠤᠮᠳᠠᠳᠤ ᠤᠯᠤᠰ ᠤᠨ ᠴᠠᠬᠢᠯᠭᠠᠨ ᠬᠦᠴᠦᠨ ᠤ ᠬᠤᠯᠪᠣᠭ᠎ᠠ ᠶᠢᠨ ᠴᠠᠬᠢᠯᠭᠠᠨ ᠬᠦᠴᠦᠨ ᠤ ᠰᠢᠨ᠎ᠡ ᠶᠢ ᠡᠭᠦᠳᠦᠭᠰᠡᠨ ᠱᠠᠩᠨᠠᠯ ᠤᠨ ᠣᠨᠴᠠ ᠳᠡᠰ ᠤᠨ ᠱᠠᠩᠨᠠᠯ ᠵᠡᠷᠭᠡ 16 ᠵᠦᠢᠯ ᠤᠨ ᠣᠨᠴᠠ ᠢᠷᠠᠭᠤ ᠠᠯᠳᠠᠷ ᠢ ᠬᠦᠷᠲᠡᠵᠦ᠂ ᠥᠪᠡᠷᠲᠡᠭᠡᠨ ᠵᠠᠰᠠᠬᠤ ᠣᠷᠣᠨ ᠤ ᠡᠨᠧᠷᠭᠢ ᠴᠠᠬᠢᠯᠭᠠᠨ ᠬᠦᠴᠦᠨ ᠤ ᠲᠣᠨᠣᠭᠯᠠᠯ ᠤᠨ ︽ᠰᠢᠨᠵᠢᠯᠡᠬᠦ ᠤᠬᠠᠭᠠᠨ ᠮᠡᠷᠭᠡᠵᠢᠯ ᠤᠨ ᠪᠦᠰᠡᠯᠡᠯᠲᠡ ᠶᠢ ᠰᠢᠪᠲᠤᠯᠬᠤ ︾᠎ ᠶᠢ ᠪᠡᠶᠡᠯᠡᠭᠦᠯᠬᠦ ᠳᠤ ᠢᠳᠡᠪᠬᠢᠲᠡᠢ ᠬᠤᠪᠢ ᠨᠡᠮᠡᠷᠢ ᠦᠵᠡᠭᠦᠯᠪᠡ᠃
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号