︽ᠨᠠᠰᠤᠲᠠᠶᠢᠴᠤᠳ ᠪᠠᠭᠠᠴᠤᠳ︾᠎ ᠲᠤ ᠠᠩᠬᠠᠷᠤᠯ ᠢᠶᠠᠨ ᠲᠥᠪᠯᠡᠷᠡᠭᠦᠯᠵᠦ ᠨᠡᠶᠢᠭᠡᠮ ᠲᠣᠭᠤᠷᠢᠭ ᠤᠨ      ︽ᠵᠣᠯ ᠵᠢᠷᠭᠠᠯᠲᠤ ᠰᠠᠭᠤᠷᠢ ᠥᠩᠭᠡ︾᠎ ᠶᠢ ᠵᠢᠷᠤᠭᠯᠠᠨ᠎ᠠ
ᠨᠡᠶᠢᠲᠡᠯᠡᠭᠰᠡᠨ ᠴᠠᠭ᠄
2025/2/20
    ᠰᠤᠪᠨᠠᠭᠤᠷ ᠨᠡᠶᠢᠭᠡᠮ ᠲᠣᠭᠤᠷᠢᠭ ᠨᠢ ︽ᠨᠠᠰᠤᠲᠠᠶᠢᠴᠤᠳ ᠪᠠᠭᠠᠴᠤᠳ︾᠎ ᠎ ᠲᠤ ᠠᠩᠬᠠᠷᠤᠯ ᠢᠶᠠᠨ ᠲᠥᠪᠯᠡᠷᠡᠭᠦᠯᠬᠦ ᠶᠢ ᠪᠠᠷᠢᠮᠲᠠᠯᠠᠵᠤ᠂ ᠬᠠᠯᠠᠮᠰᠠᠭ ᠦᠢᠯᠡᠴᠢᠯᠡᠭᠡ ᠪᠠᠨ ︽ᠡᠴᠦᠰ ᠤᠨ ᠨᠢᠭᠡ ᠮᠧᠲᠷ︾ ᠬᠦᠷᠲᠡᠯ᠎ᠡ ᠦᠷᠭᠦᠯᠵᠢᠯᠡᠭᠦᠯᠦᠨ᠂ ᠠᠷᠠᠳ ᠤᠨ ᠠᠮᠢᠳᠤᠷᠠᠯ ᠤᠨ ᠦᠢᠯᠡᠴᠢᠯᠡᠭᠡᠨ ᠤ  ᠬᠡᠪ ᠴᠢᠨᠠᠷ ᠢ ᠦᠷᠭᠦᠯᠵᠢᠯᠡᠨ ᠳᠡᠭᠡᠭᠰᠢᠯᠡᠭᠦᠯᠦᠨ᠎ᠡ᠃    ᠰᠤᠪᠨᠠᠭᠤᠷ ᠨᠡᠶᠢᠭᠡᠮ ᠲᠣᠭᠤᠷᠢᠭ ᠲᠤ᠂ ᠨᠠᠰᠤᠲᠠᠶᠢᠴᠤᠳ ᠶᠠᠷᠢᠵᠦ ᠬᠦᠭᠡᠷᠦᠯᠳᠦᠭᠰᠡᠨ ᠵᠤᠯ ᠵᠢᠷᠭᠠᠯᠲᠤ ᠪᠠᠶᠢᠳᠠᠯ ᠎ ᠠᠴᠠ ︽ᠥᠲᠡᠯᠦᠭᠡ ᠨᠠᠰᠤᠨ ᠤ ᠪᠠᠶᠠᠷ ᠵᠢᠷᠭᠠᠯ ᠢ ᠡᠳ᠋ᠯᠡᠬᠦ︾ ᠰᠢᠨ᠎ᠡ ᠠᠮᠢᠳᠤᠷᠠᠯ ᠤᠨ ᠵᠢᠷᠤᠭ ᠲᠤᠳᠤᠷᠠᠨ᠎ᠠ᠃ ᠨᠡᠶᠢᠬᠡᠮ ᠲᠤᠭᠤᠷᠢᠭ ᠤᠨ ᠡᠷᠡᠭᠦᠯᠵᠢᠭᠦᠯᠬᠦ ᠹᠢᠽᠢᠺ ᠵᠠᠰᠠᠯ ᠤᠨ ᠥᠷᠲᠡᠭᠡ ᠳᠣᠲᠣᠷ᠎ᠠ᠂ ᠨᠡᠶᠢᠭᠡᠮ ᠲᠣᠭᠤᠷᠢᠭ ᠨᠢ ᠲᠣᠭᠲᠠᠮᠠᠯ ᠬᠤᠭᠤᠴᠠᠭ᠎ᠠ ᠲᠠᠢ ᠪᠠᠷ ᠲᠤᠰᠬᠠᠶ ᠡᠮᠴᠢᠯᠡᠭᠡᠨ ᠤ ᠠᠵᠢᠯᠲᠠᠨ ᠢ ᠤᠷᠢᠵᠤ ᠡᠷᠡᠭᠦᠯ ᠮᠡᠨᠳᠦ ᠶᠢᠨ ᠲᠠᠶᠢᠯᠤᠮᠵᠢ ᠬᠢᠬᠦ᠂ ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠬᠦ᠂ ᠪᠡᠶ᠎ᠡ ᠰᠤᠪᠢᠯᠠᠯᠲᠠ ᠡᠷᠡᠭᠦᠯᠵᠢᠯ ᠤᠨ ᠮᠡᠳᠡᠯᠭᠡ ᠶᠢ ᠲᠦᠭᠡᠮᠡᠯᠵᠢᠬᠦᠯᠬᠦ ᠶᠢᠨ ᠬᠠᠮᠲᠤ ᠰᠠᠶᠢᠨ ᠳᠤᠷᠠᠴᠤᠳ ᠤᠨ ᠪᠦᠯᠬᠦᠮ ᠨᠢ ᠪᠠᠰᠠ ᠨᠠᠰᠤᠲᠠᠶᠢᠴᠤᠳ ᠲᠤ ᠥᠪᠡᠷᠮᠢᠴᠡ ᠦᠢᠯᠡᠴᠢᠯᠡᠭᠡ ᠬᠠᠩᠭᠠᠳᠠᠭ᠂ ᠵᠢᠱᠢᠶᠡᠯᠡᠪᠡᠯ᠂ ᠠᠷᠢᠭᠤᠨ ᠴᠡᠪᠡᠷ ᠬᠢᠬᠦ᠂ ᠠᠮᠢᠳᠤᠷᠠᠯ ᠤᠨ ᠬᠡᠷᠡᠭᠰᠡᠯ ᠬᠤᠳᠠᠯᠳᠤᠨ ᠠᠪᠬᠤ᠂ ᠠᠮᠢᠳᠤᠷᠠᠯ ᠤᠨ ᠬᠡᠷᠡᠭ ᠶᠠᠪᠤᠳᠠᠯ ᠢ ᠬᠠᠪᠰᠤᠷᠤᠨ ᠭᠦᠢᠴᠡᠳᠭᠡᠬᠦ ᠵᠡᠷᠭᠡ ᠨᠢ ᠲᠡᠳᠡᠨ ᠤ ᠥᠲᠡᠯᠦᠭᠡ ᠨᠠᠰᠤᠨ ᠤ ᠠᠮᠢᠳᠤᠷᠠᠯ ᠳᠤ ᠳᠦᠭᠦᠮ ᠳᠦᠲᠡ ᠢ ᠠᠪᠴᠦ ᠢᠷᠡᠨ᠎ᠡ᠃    ᠲᠠᠨᠢᠯᠴᠠᠭᠤᠯᠤᠭᠰᠠᠨ ᠢᠶᠠᠷ᠂ ᠨᠡᠶᠢᠭᠡᠮ ᠲᠣᠭᠤᠷᠢᠭ ᠪᠠᠰᠠ ᠬᠠᠤᠯᠢ ᠴᠠᠭᠠᠵᠠ ᠶᠢᠨ ᠲᠤᠰᠠᠯᠠᠮᠵᠢ ᠶᠢᠨ ᠠᠵᠢᠯ ᠤᠨ ᠥᠷᠲᠡᠭᠡ᠂ ᠭᠠᠷ ᠤᠷᠠᠯᠠᠯ ᠤᠨ ᠪᠦᠲᠦᠭᠡᠭᠳᠡᠬᠦᠨ ᠤ ᠪᠣᠯᠪᠠᠰᠤᠷᠠᠯ ᠤᠨ ᠲᠠᠰᠤᠭ᠂ ᠣᠶᠤᠨ ᠰᠠᠨᠠᠭᠠᠨ ᠤ ᠨᠣᠮ ᠤᠨ ᠥᠷᠥᠭᠡ᠂ ᠦᠨᠦᠴᠢᠨ ᠬᠡᠦᠬᠡᠳ ᠤᠨ ᠬᠡᠷ᠂ ᠡᠮᠡᠭᠲᠡᠶᠢᠴᠦᠳ ᠤᠨ ᠦᠷᠦᠭᠡ ᠵᠡᠷᠭᠡ ᠣᠯᠠᠨ ᠥᠷᠲᠡᠭᠡ ᠶᠢ       ᠪᠠᠶᠢᠭᠤᠯᠤᠨ᠂ ᠬᠥᠷᠰᠢ ᠵᠡᠷᠭᠡᠯᠡᠳᠡᠭᠡ ᠶᠢᠨ ᠵᠢᠭᠤᠷᠠᠯᠳᠤᠭᠠᠨ ᠢ ᠡᠶᠡᠳᠡᠭᠦᠯᠬᠦ᠂ ᠨᠣᠮ ᠤᠩᠰᠢᠵᠤ ᠰᠣᠨᠢᠨ ᠦᠵᠡᠬᠦ᠂ ᠵᠤᠭ᠎ᠠ ᠴᠡᠩᠭᠡᠯ ᠵᠡᠷᠭᠡ ᠴᠢᠳᠠᠮᠵᠢ ᠶᠢ ᠪᠡᠶᠡᠯᠡᠭᠦᠯᠦᠭᠰᠡᠨ ᠢᠶᠠᠷ ᠪᠠᠷᠠᠬᠤ ᠥᠬᠡᠶ᠂ ᠪᠠᠰᠠ ᠨᠡᠶᠢᠭᠡᠮ ᠲᠣᠭᠤᠷᠢᠭ ᠤᠨ ᠨᠠᠮ ᠤᠨ ᠪᠠᠶᠢᠭᠤᠯᠤᠯᠲᠠ᠂ ᠲᠥᠷᠥ ᠶᠢᠨ ᠪᠣᠳᠣᠯᠭ᠎ᠠ ᠶᠢᠨ ᠤᠬᠠᠭᠤᠯᠤᠨ ᠲᠠᠶᠢᠯᠪᠤᠷᠢᠯᠠᠬᠤ ᠵᠡᠷᠭᠡ ᠶᠢ ᠠᠭᠤᠰᠬᠠᠵᠤ᠂ ᠣᠯᠠᠨ ᠵᠦᠢᠯ ᠤᠨ ᠠᠷᠭ᠎ᠠ ᠬᠡᠯᠪᠡᠷᠢ ᠪᠠᠷ ᠨᠠᠰᠤᠲᠠᠶᠢᠴᠤᠳ ᠤᠨ ᠬᠦᠰᠡᠯ ᠢ ᠴᠤᠭᠯᠠᠭᠤᠯᠤᠨ᠂ ᠲᠡᠳᠡᠨ ᠤ ᠬᠦᠰᠡᠯ ᠨᠠᠶᠢᠳᠠᠯᠭ᠎ᠠ ᠶᠢ ᠲᠣᠭᠲᠠᠮᠠᠯ ᠬᠤᠭᠤᠴᠠᠭ᠎ᠠ ᠲᠠᠢ ᠪᠠᠷ ᠪᠡᠶᠡᠯᠡᠭᠦᠯᠵᠦ᠂ ᠣᠯᠠᠨ ᠲᠦᠮᠡᠨ ᠲᠠᠢ ᠬᠠᠷᠢᠯᠴᠠᠵᠤ ᠦᠢᠯᠡᠴᠢᠯᠡᠬᠦ       ︽ᠡᠴᠦᠰ ᠤᠨ ᠨᠢᠭᠡ ᠺᠢᠯᠣᠮᠧᠲᠷ︾᠎ ᠢ ᠨᠡᠪᠲᠡᠷᠡᠭᠦᠯᠦᠭᠰᠡᠨ ᠪᠠᠶᠢᠨ᠎ᠠ᠃    ᠰᠠᠭᠤᠭᠠᠯᠢ ᠠᠷᠠᠳ ᠳ᠋ᠢᠩ ᠹᠧᠩ ᠢᠦᠢ᠄ ︽ᠪᠢ ᠰᠤᠪᠨᠠᠭᠤᠷ ᠨᠡᠶᠢᠬᠡᠮ ᠲᠤᠭᠤᠷᠢᠭ ᠲᠤ ᠣᠯᠠᠨ ᠵᠢᠯ ᠪᠤᠯᠵᠤ ᠪᠠᠶᠢᠨ᠎ᠠ᠂ ᠶᠡᠭᠡ ᠤᠯᠠᠨ ᠬᠤᠪᠢᠷᠠᠯᠲᠠ ᠲᠠᠢ ᠪᠤᠯᠤᠭᠰᠠᠨ᠃ ᠣᠲᠣ ᠨᠡᠶᠢᠭᠡᠮ ᠲᠣᠭᠤᠷᠢᠭ ᠨᠢ ᠨᠠᠰᠤᠲᠠᠶᠢᠴᠤᠳ ᠲᠤ ᠮᠠᠰᠢ ᠣᠯᠠᠨ ᠦᠢᠯᠡᠴᠢᠯᠡᠭᠡ ᠬᠠᠩᠭᠠᠵᠤ᠂ ᠡᠷᠡᠭᠦᠯ ᠮᠡᠨᠳᠦ ᠶᠢᠨ ᠲᠠᠶᠢᠯᠤᠮᠵᠢ᠂ ᠰᠣᠶᠣᠯ ᠤᠨ ᠥᠷᠥᠭᠡ ᠵᠡᠷᠭᠡ ᠠᠵᠢᠯᠯᠠᠭ᠎ᠠ ᠨᠢ ᠪᠢᠳᠡᠨ ᠤ ᠠᠮᠢᠳᠤᠷᠠᠯ ᠢ ᠨᠠᠩ ᠡᠯᠪᠡᠭ ᠪᠠᠶᠠᠯᠢᠭ ᠪᠤᠯᠭᠠᠭᠰᠠᠨ᠃ ᠠᠳᠡ ᠮᠠᠰᠢ ᠵᠣᠯ ᠵᠢᠷᠭᠠᠯ ᠲᠠᠢ ᠪᠠᠶᠢᠨ᠎ᠠ︾ ᠭᠡᠪᠡ᠃    ᠪᠠᠭᠠᠴᠤᠳ ᠲᠤ ᠠᠩᠬᠠᠷᠤᠯ ᠢᠶᠠᠨ ᠲᠥᠪᠯᠡᠷᠡᠭᠦᠯᠵᠦ᠂ ᠰᠤᠪᠨᠠᠭᠤᠷ ᠨᠡᠶᠢᠭᠡᠮ ᠲᠣᠭᠤᠷᠢᠭ ᠤᠨ ᠬᠢᠨ ︽ᠨᠠᠶᠢᠳᠠᠬᠤ︾ ︽ᠬᠠᠮᠢᠶᠠᠷᠬᠤ︾ ︽ᠵᠢᠭᠠᠬᠤ︾ ᠦᠢᠯᠡᠴᠢᠯᠡᠭᠡ ᠶᠢ ᠬᠡᠷ ᠤᠨ ᠡᠭᠦᠳᠡᠨ ᠳᠤ ᠪᠡᠶᠡᠯᠡᠭᠦᠯᠬᠦ ᠪᠠᠷ ᠴᠢᠷᠮᠠᠶᠢᠵᠤ ᠪᠠᠶᠢᠨ᠎ᠠ᠃ ᠬᠡᠦᠬᠡᠳ ᠤᠨ ᠠᠮᠠᠷᠠᠯᠲᠠ ᠶᠢᠨ ᠬᠤᠭᠤᠴᠠᠭᠠᠨ ᠤ ᠠᠰᠠᠭᠤᠳᠠᠯ ᠳᠤ ᠴᠢᠭᠯᠡᠭᠦᠯᠦᠨ᠂ ᠨᠡᠶᠢᠭᠡᠮ ᠲᠣᠭᠤᠷᠢᠭ ᠨᠢ ᠡᠬᠢ ᠪᠠᠶᠠᠯᠢᠭ ᠢᠶᠠᠨ ᠡᠮᠬᠢᠯᠡᠨ ᠨᠡᠶᠢᠯᠡᠭᠦᠯᠵᠦ᠂ ᠠᠮᠠᠷᠠᠯᠲᠠ ᠶᠢᠨ ᠬᠢᠴᠢᠶᠡᠯ ᠤᠨ ᠲᠠᠩᠬᠢᠮ ᠢ ᠨᠠᠷᠢᠨ ᠨᠢᠮᠪᠠᠶ ᠲᠥᠰᠦᠪᠯᠡᠵᠦ᠂ ᠳᠠᠰᠬᠠᠯ ᠢ ᠬᠠᠪᠰᠤᠷᠤᠨ ᠵᠢᠯᠣᠭᠤᠳᠬᠤ᠂ ᠭᠠᠷ ᠤᠷᠠᠯᠠᠯ᠂ ᠵᠢᠷᠤᠭ ᠵᠢᠷᠤᠬᠤ᠂ ᠬᠡᠷ ᠤᠨ ᠭᠠᠳᠠᠨᠠᠬᠢ ᠪᠡᠶ᠎ᠡ ᠶᠢᠨ ᠲᠠᠮᠢᠷ ᠤᠨ ᠬᠥᠳᠡᠯᠭᠡᠭᠡᠨ ᠵᠡᠷᠭᠡ ᠥᠩᠭᠡ ᠢᠯᠭᠠᠷᠠᠭᠰᠠᠨ ᠬᠥᠳᠡᠯᠭᠡᠭᠡᠨ ᠢ ᠲᠤᠬᠢᠷᠠᠭᠤᠯᠤᠨ ᠥᠷᠨᠢᠭᠦᠯᠪᠡ᠃ ᠡᠲᠡᠭᠡᠷ ᠠᠵᠢᠯᠯᠠᠭ᠎ᠠ ᠨᠢ ᠬᠡᠦᠬᠡᠳ ᠤᠨ ᠠᠮᠠᠷᠠᠯᠲᠠ ᠶᠢᠨ ᠬᠤᠭᠤᠴᠠᠭᠠᠨ ᠤ ᠠᠮᠢᠳᠤᠷᠠᠯ ᠢ ᠪᠠᠶᠠᠯᠢᠭᠵᠢᠭᠤᠯᠤᠭᠰᠠᠨ ᠢᠶᠠᠷ ᠪᠠᠷᠠᠬᠤ ᠥᠬᠡᠶ᠂ ᠬᠡᠷ ᠤᠨ ᠠᠬᠠᠮᠠᠳ ᠨᠠᠷ ᠠᠵᠢᠯ ᠤᠨ ᠬᠠᠷᠠᠭ᠎ᠠ ᠪᠠᠷ ᠬᠡᠦᠬᠡᠳ ᠲᠡᠭᠡᠨ ᠬᠠᠨᠢ ᠪᠣᠯᠵᠣ ᠳᠡᠶᠢᠯᠬᠦ ᠥᠬᠡᠶ ᠪᠠᠶᠢᠬᠤ ᠬᠦᠴᠢᠷ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠵᠦ᠂ ᠬᠠᠷᠢᠶ᠎ᠠ ᠣᠷᠣᠨ ᠤ ᠰᠠᠭᠤᠭᠠᠯᠢ ᠠᠷᠠᠳ ᠲᠤ ᠬᠡᠷ ᠤᠨ ᠠᠬᠠᠮᠠᠳ ᠤᠨ ᠰᠠᠨᠠᠭ᠎ᠠ ᠠᠮᠤᠷ᠂ ᠬᠡᠦᠬᠡᠳ ᠤᠨ ᠠᠮᠠᠷᠠᠯᠲᠠ ᠶᠢᠨ ᠬᠤᠭᠤᠴᠠᠭᠠᠨ ᠤ ᠪᠠᠶᠠᠷ ᠬᠥᠷ ᠲᠠᠢ ᠠᠮᠢᠳᠤᠷᠠᠯ ᠤᠨ ᠣᠷᠴᠢᠨ ᠨᠥᠬᠦᠴᠡᠯ ᠢ ᠬᠠᠩᠭᠠᠵᠤ᠂ ᠪᠠᠭᠠᠴᠤᠳ ᠤᠨ ᠬᠦᠷᠲᠡᠮᠵᠢ ᠶᠢᠨ ᠲᠥᠷᠥᠭᠳᠡᠯ ᠢ ᠪᠦᠲᠦᠮᠵᠢᠲᠡᠶ ᠨᠡᠮᠡᠭᠳᠡᠭᠦᠯᠵᠦ᠂ ᠬᠠᠷᠢᠶ᠎ᠠ ᠣᠷᠣᠨ ᠤ ᠣᠯᠠᠨ ᠲᠦᠮᠡᠨ ᠤ ᠵᠣᠯ ᠵᠢᠷᠭᠠᠯᠲᠤ ᠲᠥᠷᠥᠭᠳᠡᠯ ᠢ ᠳᠡᠭᠡᠭᠰᠢᠯᠡᠭᠦᠯᠪᠡ᠃    ᠭᠡᠷ ᠤᠨ ᠠᠬᠠᠮᠠᠳ ᠴᠦ ᠷᠢ ᠶᠠ᠄ ︽ᠤᠤᠯ ᠳᠤ ᠪᠠᠨ ᠠᠮᠠᠷᠠᠯᠲᠠ ᠪᠣᠯᠤᠮᠠᠭᠴᠠ᠂ ᠪᠢ ᠬᠡᠦᠬᠡᠳ ᠤᠨ ᠰᠤᠷᠤᠯᠭ᠎ᠠ ᠠᠮᠢᠳᠤᠷᠠᠯ ᠤᠨ ᠲᠥᠯᠥᠭᠡ ᠰᠠᠨᠠᠭ᠎ᠠ ᠵᠣᠪᠠᠳᠠᠭ᠃ ᠣᠳᠣ ᠨᠡᠶᠢᠭᠡᠮ ᠲᠣᠭᠤᠷᠢᠭ ᠠᠮᠠᠷᠠᠯᠲᠠ ᠶᠢᠨ ᠬᠢᠴᠢᠶᠡᠯ ᠨᠡᠭᠡᠭᠡᠭᠰᠡᠨ᠂ ᠬᠡᠦᠬᠡᠳ ᠠᠳᠡ ᠰᠤᠷᠤᠯᠴᠠᠵᠤ ᠴᠢᠳᠠᠬᠤ ᠮᠥᠷᠲᠡᠭᠡᠨ ᠪᠠᠰᠠ ᠡᠯ᠎ᠡ ᠵᠦᠢᠯ ᠤᠨ ᠬᠥᠳᠡᠯᠭᠡᠭᠡᠨ ᠳᠤ ᠣᠷᠣᠯᠴᠠᠵᠤ ᠴᠢᠳᠠᠨ᠎ᠠ᠃ ᠪᠢ ᠨᠡᠶᠢᠭᠡᠮ ᠲᠣᠭᠤᠷᠢᠭ ᠤᠨ ᠮᠠᠨ ᠤ ᠭᠡᠷ ᠤᠨ ᠠᠬᠠᠮᠠᠳ ᠲᠤ ᠡᠨᠡ ᠶᠡᠭᠡ ᠠᠰᠠᠭᠤᠳᠠᠯ ᠢ ᠰᠢᠢᠳᠪᠦᠷᠢᠯᠡᠵᠦ ᠥᠭᠭᠦᠭᠰᠡᠨ ᠳᠤ ᠦᠨᠡᠬᠡᠷ ᠮᠠᠰᠢ ᠲᠠᠯᠠᠷᠬᠠᠵᠤ ᠪᠠᠶᠢᠨ᠎ᠠ︾ ᠭᠡᠪᠡ᠃    ᠶᠤᠸᠠᠨ ᠣᠪᠣᠭᠲᠤ ᠪᠠᠭᠰᠢ ᠪᠣᠯ ᠰᠤᠪᠨᠠᠭᠤᠷ ᠨᠡᠶᠢᠭᠡᠮ ᠲᠣᠭᠤᠷᠢᠭ ᠤᠨ ᠠᠮᠠᠷᠠᠯᠲᠠ ᠶᠢᠨ ᠬᠤᠭᠤᠴᠠᠭᠠᠨ ᠤ ᠨᠠᠶᠢᠳᠠᠨ ᠬᠠᠮᠢᠶᠠᠷᠤᠭᠤᠯᠬᠤ ᠠᠩᠭᠢ ᠶᠢᠨ ᠨᠢᠭᠡᠨ ᠬᠠᠪᠰᠤᠷᠤᠨ ᠵᠢᠯᠣᠭᠤᠳᠣᠭᠴᠢ ᠮᠥᠨ᠂ ᠶᠡᠭᠡ ᠰᠤᠷᠭᠠᠭᠤᠯᠢ ᠶᠢᠨ ᠡᠪᠦᠯ ᠤᠨ ᠠᠮᠠᠷᠠᠯᠲᠠ ᠶᠢᠨ ᠬᠤᠭᠤᠴᠠᠭᠠᠨ ᠳᠤ ᠨᠡᠶᠢᠭᠡᠮ ᠲᠣᠭᠤᠷᠢᠭ ᠤᠨ ᠪᠠᠭᠰᠢ ᠡᠯᠰᠡᠬᠦ ᠲᠤᠬᠠᠶ ᠣᠶᠢᠯᠠᠭᠠᠭᠰᠠᠨ ᠤ ᠳᠠᠷᠠᠭ᠎ᠠ ᠲᠡᠷᠡ ᠨᠡᠶᠢᠭᠡᠮ ᠲᠣᠭᠤᠷᠢᠭ ᠲᠤ ᠬᠠᠮᠤᠭ ᠲᠦᠷᠦᠭᠦᠨ ᠳᠤ ᠢᠷᠡᠵᠦ ᠨᠡᠷ᠎ᠡ ᠮᠡᠳᠡᠭᠦᠯᠵᠡᠶ᠃ ᠡᠳᠦᠷ ᠪᠦᠷᠢ ᠭᠤᠷᠪᠠᠨ ᠴᠠᠭ ᠤᠨ ᠬᠢᠴᠢᠶᠡᠯ ᠢ ᠨᠠᠷᠢᠨ ᠨᠢᠮᠪᠠᠶ ᠪᠡᠯᠡᠳᠬᠡᠵᠦ᠂ ᠬᠦᠯᠢᠴᠡᠩᠭᠦᠶ ᠪᠠᠷ ᠰᠤᠷᠤᠭᠴᠢᠳ ᠲᠤ ᠲᠠᠶᠢᠯᠪᠤᠷᠢᠯᠲᠠ ᠬᠢᠳᠡᠭ᠃ ᠬᠠᠪᠰᠤᠷᠤᠨ ᠵᠢᠯᠣᠭᠤᠳᠬᠤ ᠠᠩᠬᠢ ᠶᠢᠨ ᠡᠳᠦᠷ ᠤᠳ ᠲᠤ᠂ ᠲᠡᠷᠡ ᠮᠠᠨᠢ ᠢᠩᠭᠢᠵᠦ ᠠᠵᠢᠯᠯᠠᠨ ᠭᠠᠷ ᠤᠨ ᠵᠠᠷᠤᠳᠠᠯ ᠢᠶᠠᠨ ᠣᠯᠤᠭᠰᠠᠨ ᠢᠶᠠᠷ ᠪᠠᠷᠠᠬᠤ ᠦᠭᠡᠢ᠂ ᠪᠠᠰᠠ ᠮᠡᠳᠡᠯᠭᠡ ᠶᠢᠨ ᠬᠤᠪᠢᠶᠠᠯᠴᠠᠯ ᠳᠤᠮᠳᠠ ᠲᠤᠷᠰᠢᠯᠭ᠎ᠠ ᠬᠤᠷᠠᠮᠳᠤᠭᠤᠯᠵᠤ ᠢᠲᠡᠭᠡᠯ ᠵᠤᠷᠢᠭ ᠢᠶᠠᠨ ᠬᠦᠪᠴᠢᠯᠡᠭᠰᠡᠨ ᠪᠠᠶᠢᠨ᠎ᠠ᠃    ᠰᠤᠪᠨᠠᠭᠤᠷ ᠨᠡᠶᠢᠭᠡᠮ ᠲᠣᠭᠤᠷᠢᠭ ᠤᠨ ᠨᠠᠮ ᠤᠨ ᠡᠭᠦᠷ ᠤᠨ ᠱᠦᠵᠢ᠂ ᠡᠷᠬᠢᠯᠡᠭᠴᠢ ᠵᠣᠣ ᠶᠦᠩ ᠵᠢᠶᠧ᠄       ︽ᠲᠠᠷᠠᠭᠠᠴᠢ ᠶᠢᠨ ᠠᠯᠬᠤᠮ ᠳᠤ᠂ ᠰᠤᠪᠨᠠᠭᠤᠷ ᠨᠡᠶᠢᠭᠡᠮ ᠲᠣᠭᠤᠷᠢᠭ ᠤᠨ ᠬᠢᠨ ᠨᠠᠰᠤᠲᠠᠶᠢᠴᠤᠳ ᠪᠠᠭᠠᠴᠤᠳ ᠤᠨ ᠪᠠᠶᠢᠳᠠᠯ ᠳᠤ ᠦᠷᠭᠦᠯᠵᠢᠯᠡᠨ ᠠᠩᠬᠠᠷᠤᠯ ᠢᠶᠠᠨ ᠬᠠᠨᠳᠤᠭᠤᠯᠵᠤ᠂ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠡᠬᠢ ᠪᠠᠶᠠᠯᠢᠭ ᠢ ᠭᠦᠢᠴᠡᠳ ᠠᠰᠢᠭᠯᠠᠨ᠂ ᠨᠠᠰᠤᠲᠠᠶᠢᠴᠤᠳ ᠲᠤ ᠨᠠᠩ ᠣᠨᠣᠪᠴᠢᠲᠠᠶ᠂ ᠥᠪᠡᠷᠮᠢᠴᠡ ᠪᠥᠭᠡᠳ ᠲᠤᠰᠬᠠᠶ ᠦᠢᠯᠡᠴᠢᠯᠡᠭᠡ ᠬᠠᠩᠭᠠᠬᠤ ᠪᠣᠯᠤᠨ᠎ᠠ᠃ ᠠᠮᠠᠷᠠᠯᠲᠠ ᠶᠢᠨ ᠬᠤᠭᠤᠴᠠᠭᠠᠨ ᠤ ᠬᠡᠦᠬᠡᠳ ᠢ ᠬᠠᠷᠠᠭᠠᠯᠵᠠᠨ ᠠᠰᠠᠷᠠᠬᠤ ᠬᠥᠮᠦᠨ ᠥᠬᠡᠶ ᠪᠠᠶᠢᠭ᠎ᠠ ᠠᠰᠠᠭᠤᠳᠠᠯ ᠳᠤ ᠴᠢᠭᠯᠡᠭᠦᠯᠦᠨ᠂ ᠨᠡᠶᠢᠭᠡᠮ ᠲᠣᠭᠤᠷᠢᠭ ᠨᠢ ᠨᠢᠭᠡᠨᠲᠡ ᠠᠮᠠᠷᠠᠯᠲᠠ ᠶᠢᠨ ᠬᠤᠭᠤᠴᠠᠭᠠᠨ ᠤ ᠨᠠᠶᠢᠳᠠᠨ ᠬᠠᠮᠢᠶᠠᠷᠤᠭᠤᠯᠬᠤ ᠠᠩᠭᠢ ᠶᠢᠨ ᠬᠠᠮᠢᠶ᠎ᠠ ᠪᠥᠬᠦᠶ ᠳᠠᠩᠰᠠᠯᠠᠭᠤᠯᠬᠤ ᠠᠵᠢᠯ ᠢ ᠪᠡᠶᠡᠯᠡᠭᠦᠯᠦᠭᠰᠡᠨ ᠪᠥᠭᠡᠳ ᠵᠢᠷᠭᠤᠭᠠᠨ ᠠᠵᠢᠯᠯᠠᠭ᠎ᠠ ᠲᠠᠢ ᠤᠶᠠᠯᠳᠤᠭᠤᠯᠤᠨ᠂ ᠨᠠᠩ ᠣᠯᠠᠨ ᠤᠶᠤᠲᠠᠳ ᠢ ᠨᠡᠶᠢᠭᠡᠮ ᠲᠣᠭᠤᠷᠢᠭ ᠤᠨ ᠬᠠᠮᠢᠶᠠᠷᠤᠯᠲᠠ ᠳᠤ ᠲᠡᠳᠡᠨ ᠣᠷᠣᠯᠴᠠᠭᠤᠯᠵᠤ᠂ ᠲᠡᠳᠡᠨ ᠢ ᠵᠣᠬᠢᠬᠤ ᠣᠷᠣᠯᠭ᠎ᠠ ᠲᠠᠢ ᠪᠠᠶᠢᠯᠭᠠᠬᠤ ᠶᠢᠨ ᠬᠠᠮᠲᠤ ᠪᠠᠰᠠ ᠤᠷᠢᠳᠴᠢᠯᠠᠨ ᠨᠡᠶᠢᠭᠡᠮ ᠲᠠᠢ ᠣᠶᠢᠷᠠᠲᠤᠭᠤᠯᠵᠤ᠂ ᠢᠷᠡᠭᠡᠳᠦᠶ ᠶᠢᠨ ᠠᠵᠢᠯ ᠮᠡᠷᠭᠡᠵᠢᠯ ᠤᠨ ᠲᠥᠯᠥᠪᠵᠢᠭᠦᠯᠭᠡ ᠳᠤ ᠦᠢᠯᠡᠳᠦᠯᠭᠡ ᠶᠢᠨ ᠲᠤᠷᠰᠢᠯᠭ᠎ᠠ ᠬᠤᠷᠠᠮᠳᠤᠭᠤᠯᠤᠨ᠎ᠠ᠃ ᠨᠡᠶᠢᠭᠡᠮ ᠲᠣᠭᠤᠷᠢᠭ ᠤᠨ ᠵᠠᠰᠠᠯᠲᠠ ᠶᠢᠨ ᠬᠥᠭᠵᠢᠯᠲᠡ ᠶᠢ ᠭᠠᠷ ᠬᠤᠯᠪᠣᠨ ᠠᠬᠢᠭᠤᠯᠬᠤ ᠶᠠᠪᠤᠴᠠ ᠳᠤ ᠬᠠᠯᠠᠭᠤᠨ ᠳᠤᠯᠠᠭᠠᠨ ᠢ ᠨᠡᠶᠢᠭᠡᠮ ᠲᠣᠭᠤᠷᠢᠭ ᠤᠨ ᠬᠠᠮᠤᠭ ᠤᠨ ᠭᠤᠶᠣ ᠨᠡᠷ᠎ᠡ ᠶᠢᠨ ᠬᠠᠭᠤᠳᠠᠰᠤ ᠪᠣᠯᠭᠠᠬᠤ ᠪᠠᠷ ᠴᠢᠷᠮᠠᠶᠢᠨ᠎ᠠ︾ ᠭᠡᠪᠡ᠃
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号