ᠥᠪᠥᠷ ᠮᠣᠩᠭᠤᠯ ᠤᠨ ᠴᠠᠬᠢᠯᠭᠠᠨ ᠬᠦᠴᠦᠨ ᠤ ᠪᠦᠯᠦᠭᠯᠡᠯ ᠤᠨ ︽ᠲᠤᠯᠭᠠᠭᠤᠷᠢᠯᠠᠬᠤ ᠥᠷᠭᠡᠨ ᠬᠡᠪᠴᠢᠶᠡᠨ ᠤ ᠰᠢᠨ᠎ᠡ ᠡᠨᠧᠷᠭᠢ ᠶᠢᠨ ᠴᠠᠬᠢᠯᠭᠠᠨ ᠬᠦᠴᠦᠨ ᠤ ᠰᠢᠰᠲ᠋ᠧᠮ ᠢ ᠨᠡᠶᠢᠯᠡᠭᠦᠯᠬᠦ / ᠲᠣᠣᠷ ᠠᠴᠠ ᠰᠠᠯᠵᠤ ᠲᠣᠭᠲᠠᠭᠤᠨ ᠢᠶᠠᠷ ᠠᠵᠢᠯᠯᠠᠭᠤᠯᠬᠤ ᠶᠢ ᠤᠶᠠᠯᠳᠤᠭᠤᠯᠤᠭᠰᠠᠨ ᠲᠣᠥᠷᠵᠢᠭᠤᠯᠤᠭᠰᠠᠨ ᠬᠡᠯᠪᠡᠷᠢ ᠶᠢᠨ ᠡᠨᠧᠷᠭᠢ ᠬᠠᠳᠠᠭᠠᠯᠠᠬᠤ ᠶᠢ ᠨᠢᠭᠡ ᠴᠣᠭᠴᠠᠵᠢᠭᠤᠯᠤᠭᠰᠠᠨ ᠲᠤᠨᠤᠭᠯᠠᠯ︾ ᠨᠢ ᠪᠦᠬᠦ ᠤᠯᠤᠰ ᠤᠨ ᠳᠥᠷᠪᠡᠳᠦᠭᠡᠷ ᠪᠦᠯᠦᠭ ᠡᠨᠧᠷᠭᠢ ᠶᠢᠨ ᠬᠦᠷᠢᠶᠡᠨ ᠳᠠᠬᠢ ᠠᠩᠬᠠᠳᠠᠭᠴᠢ ︵ᠢᠵᠢ︶ ᠴᠢᠬᠤᠯᠠ ᠶᠡᠭᠡ ᠮᠡᠷᠭᠡᠵᠢᠯ ᠤᠨ ᠲᠤᠨᠤᠭᠯᠠᠯ ᠳᠤ ᠰᠣᠩᠭᠤᠭᠳᠠᠪᠠ
ᠨᠡᠶᠢᠲᠡᠯᠡᠭᠰᠡᠨ ᠴᠠᠭ᠄
2025/2/20
    2024 ᠣᠨ ᠤ 12 ᠰᠠᠷ᠎ᠠ ᠶᠢᠨ 30 ᠤ ᠡᠳᠦᠷ᠂ ᠥᠪᠥᠷ ᠮᠣᠩᠭᠤᠯ ᠤᠨ ᠴᠠᠬᠢᠯᠭᠠᠨ ᠬᠦᠴᠦᠨ ᠤ ᠪᠦᠯᠦᠭᠯᠡᠯ ᠤᠨ ᠲᠦᠷᠦᠭᠦᠯᠡᠨ ᠬᠡᠷᠡᠭᠵᠢᠭᠦᠯᠦᠭᠰᠡᠨ ︽ᠥᠷᠭᠡᠨ ᠬᠡᠪᠴᠢᠶᠡᠨ ᠤ ᠰᠢᠨ᠎ᠡ ᠡᠨᠧᠷᠭᠢ ᠶᠢᠨ ᠴᠠᠬᠢᠯᠭᠠᠨ ᠬᠦᠴᠦᠨ ᠤ ᠰᠢᠰᠲ᠋ᠧᠮ ᠢ ᠨᠠᠶᠢᠯᠡᠬᠦᠯᠬᠦ / ᠲᠣᠣᠷ ᠠᠴᠠ ᠰᠠᠯᠵᠤ ᠲᠣᠭᠲᠠᠭᠤᠨ ᠢᠶᠠᠷ ᠠᠵᠢᠯᠯᠠᠭᠤᠯᠬᠤ ᠶᠢ ᠤᠶᠠᠯᠳᠤᠭᠤᠯᠤᠭᠰᠠᠨ ᠲᠣᠥᠷᠵᠢᠭᠤᠯᠤᠭᠰᠠᠨ ᠬᠡᠯᠪᠡᠷᠢ ᠶᠢᠨ ᠡᠨᠧᠷᠭᠢ ᠬᠠᠳᠠᠭᠠᠯᠠᠬᠤ ᠶᠢ ᠨᠢᠭᠡ ᠴᠣᠭᠴᠠᠵᠢᠭᠤᠯᠤᠭᠰᠠᠨ ᠲᠣᠨᠣᠭᠯᠠᠯ︾ ᠤᠨ ᠲᠥᠷᠥᠯ ᠵᠦᠢᠯ ᠨᠢ ᠤᠯᠤᠰ ᠤᠨ ᠡᠨᠧᠷᠭᠢ ᠶᠢᠨ ᠲᠣᠪᠴᠢᠶ᠎ᠠ ᠶᠢᠨ ᠳᠥᠷᠪᠡᠳᠦᠭᠡᠷ ᠪᠦᠯᠦᠭ ᠤᠨ ᠡᠨᠧᠷᠭᠢ ᠶᠢᠨ ᠬᠦᠷᠢᠶᠡᠨ ᠳᠠᠬᠢ ᠠᠩᠬᠠᠳᠠᠭᠴᠢ ︵ᠢᠵᠢ︶ ᠴᠢᠬᠤᠯᠠ ᠶᠡᠭᠡ ᠮᠡᠷᠭᠡᠵᠢᠯ ᠤᠨ ᠲᠣᠨᠣᠭᠯᠠᠯ ᠤᠨ ᠨᠡᠷᠡᠰ ᠲᠤ ᠣᠷᠣᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠠᠵᠤ ᠠᠬᠤᠶᠢᠯᠠᠯ᠂ ᠥᠪᠥᠷ ᠮᠣᠩᠭᠤᠯ ᠤᠨ ᠴᠠᠬᠢᠯᠭᠠᠨ ᠤ ᠲᠣᠣᠷ ᠤᠨ ᠬᠠᠵᠠᠭᠤ ᠶᠢᠨ ᠠᠩᠬᠠᠳᠠᠭᠴᠢ ︵ᠢᠵᠢ︶ ᠲᠣᠨᠣᠭᠯᠠᠯ ᠤᠨ ︽ᠲᠡᠭ︾ ᠪᠠᠶᠢᠭᠰᠠᠨ ᠰᠢᠪᠲᠤᠯᠤᠯᠲᠠ ᠶᠢ ᠪᠡᠶᠡᠯᠡᠭᠦᠯᠪᠡ᠃    ᠠᠯᠠᠱᠠ ᠠᠶᠢᠮᠠᠭ ᠤᠨ ᠡᠵᠡᠨ᠎ᠡ ᠬᠤᠰᠢᠭᠤᠨ ᠤ ᠳᠠᠯᠠᠶᠢᠬᠥ᠋ᠪ ᠪᠠᠯᠭᠠᠰᠤ ᠶᠢᠨ 10 ᠺᠢᠯᠤᠸ᠋ᠯᠲ ᠤᠨ ᠲᠤᠤᠷᠴᠢᠯᠠᠭᠰᠠᠨ ᠬᠡᠯᠪᠡᠷᠢ ᠶᠢᠨ ᠡᠨᠧᠷᠭᠢ ᠬᠠᠳᠠᠭᠠᠯᠠᠬᠤ ᠦᠷᠳᠡᠭᠡ ᠳᠤ ᠣᠷᠣᠬᠤ ᠳᠤ᠂ ᠴᠠᠬᠢᠯᠭᠠᠨ ᠬᠤᠷᠢᠶᠠᠭᠤᠷ ᠤᠨ ᠬᠥᠮᠥᠷᠭᠡ ᠪᠣᠯᠣᠨ ᠡᠨᠧᠷᠭᠢ ᠬᠠᠳᠠᠭᠠᠯᠠᠬᠤ ᠭᠦᠶᠦᠳᠡᠯ ᠥᠭᠡᠷᠡᠴᠢᠯᠡᠭᠴᠢ ᠶᠢᠨ ᠬᠥᠮᠥᠷᠭᠡ ᠲᠡᠷᠢ ᠲᠡᠭᠰᠢ ᠬᠠᠷᠠᠭᠳᠠᠨ᠎ᠠ᠃ ᠴᠠᠭᠠᠨ ᠰᠠᠷ᠎ᠠ ᠣᠶᠢᠷᠠᠳᠴᠤ᠂ ᠲᠥᠬᠦᠭᠡᠷᠦᠮᠵᠢ ᠶᠢᠨ ᠠᠮᠤᠷ ᠲᠦᠪᠰᠢᠨ ᠲᠣᠭᠲᠠᠭᠤᠨ ᠢᠶᠠᠷ ᠠᠵᠢᠯᠯᠠᠬᠤ ᠶᠢ ᠪᠠᠲᠤᠯᠠᠬᠤ ᠶᠢᠨ ᠳᠣᠰᠠᠳᠠ᠂ ᠥᠪᠥᠷ ᠮᠣᠩᠭᠤᠯ ᠤᠨ ᠴᠠᠬᠢᠯᠭᠠᠨ ᠬᠦᠴᠦᠨ ᠤ ᠪᠦᠯᠦᠭᠯᠡᠯ ᠤᠨ ᠠᠯᠠᠱᠠ ᠶᠢᠨ ᠡᠵᠡᠨ᠎ᠡ ᠴᠠᠬᠢᠯᠭᠠᠨ ᠬᠠᠩᠭᠠᠬᠤ ᠺᠣᠮᠫᠠᠨᠢ ᠶᠢᠨ 10 ᠺᠢᠯᠤᠸ᠋ᠯᠲ ᠤᠨ ᠳᠤᠤᠷᠴᠢᠯᠠᠭᠰᠠᠨ ᠬᠡᠯᠪᠡᠷᠢ ᠶᠢᠨ ᠡᠨᠧᠷᠭᠢ ᠬᠠᠳᠠᠭᠠᠯᠠᠬᠤ ᠴᠠᠬᠢᠯᠭᠠᠨ ᠦᠷᠳᠡᠭᠡ ᠶᠢᠨ ᠠᠵᠢᠯᠲᠠᠳ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠲᠥᠬᠦᠭᠡᠷᠦᠮᠵᠢ ᠶᠢ ᠪᠠᠶᠢᠴᠠᠭᠠᠵᠤ ᠠᠷᠠᠴᠢᠯᠠᠨ᠎ᠠ᠂ ᠠᠵᠢᠯᠲᠠᠨ ᠤ ᠲᠠᠨᠢᠯᠴᠠᠭᠤᠯᠭ᠎ᠠ ᠪᠠᠷ᠂ ᠬᠡᠯᠬᠢᠶ᠎ᠡ ᠳ᠋ᠢᠶᠠᠨ ᡂᠢ ᠶᠢᠨ ᠬᠥᠮᠥᠷᠭᠡ ᠨᠢᠭᠡᠪᠦᠷᠢ ᠨᠢ ᠳᠠᠷᠤᠢ 2.5 ᠰᠠᠶ᠎ᠠ ᠸᠠᠲ/2.5 ᠰᠠᠶ᠎ᠠ ᠸᠠᠲ ᠤᠨ ᠦᠶ᠎ᠡ ᠶᠢᠨ ᠡᠨᠧᠷᠭᠢ ᠬᠠᠳᠠᠭᠠᠯᠠᠬᠤ ᠲᠥᠬᠦᠭᠡᠷᠦᠮᠵᠢ ᠪᠠᠶᠢᠵᠦ᠂ ᠴᠠᠬᠢᠯᠭᠠᠨ ᠡᠨᠧᠷᠬᠢ ᠶᠢ ᠬᠠᠳᠠᠭᠠᠯᠠᠵᠤ ᠪᠠᠶᠢᠭ᠎ᠠ ᠪᠤᠯ ᠡᠵᠡᠨ᠎ᠡ ᠬᠤᠰᠢᠭᠤᠨ ᠤ ᠬᠤᠶᠠᠳᠤᠭᠠᠷ ᠴᠠᠬᠢᠯᠭᠠᠨ ᠡᠭᠦᠰᠬᠡᠭᠴᠢ ᠶᠢᠨ ᠴᠡᠭ ᠤᠨ ᠭᠤᠣᠯ ᠲᠥᠬᠦᠭᠡᠷᠦᠮᠵᠢ ᠪᠣᠯᠣᠨ᠎ᠠ᠂ 220 ᠺᠢᠯᠣᠸᠠᠲ ᠤᠨ ᠭᠤᠣᠯ ᠲᠣᠣᠷ ᠤᠨ ᠲᠠᠩ ᠴᠠᠬᠢᠯᠭᠠᠨ ᠡᠭᠦᠰᠬᠡᠭᠴᠢ ᠶᠢᠨ ᠲᠥᠬᠦᠭᠡᠷᠦᠮᠵᠢ ᠶᠢ ᠪᠠᠶᠢᠴᠠᠭᠠᠨ ᠵᠠᠰᠠᠬᠤ ᠪᠤᠶᠤ ᠰᠠᠭᠠᠳ ᠭᠠᠷᠬᠤ ᠦᠶ᠎ᠡ ᠳᠤ᠂ ︽ᠡᠬᠢ ᠲᠣᠣᠷ ᠤᠨ ᠴᠡᠨᠡᠭ ᠢ ᠬᠠᠳᠠᠭᠠᠯᠠᠬᠤ︾ ᠰᠢᠰᠲ᠋ᠧᠮ ᠨᠢ ᠲᠣᠣᠷ ᠠᠴᠠ ᠰᠠᠯᠬᠤ ᠪᠠᠶᠢᠳᠠᠯ ᠳᠤ ᠠᠶᠠᠨᠳᠠᠭᠠᠨ ᠰᠢᠯᠵᠢᠨ ᠣᠷᠣᠵᠤ᠂ ᠲᠣᠥᠷᠵᠢᠭ᠌ᠰᠠᠨ ᠬᠡᠯᠪᠡᠷᠢ ᠶᠢᠨ ᠡᠨᠧᠷᠭᠢ ᠬᠠᠳᠠᠭᠠᠯᠠᠬᠤ ᠥᠷᠲᠡᠭᠡ ᠵᠢᠴᠢ ᠲᠣᠰ ᠭᠠᠵᠠᠷ ᠣᠷᠣᠨ ᠤ ᠨᠢᠭᠡᠨᠲᠡ ᠲᠣᠣᠷ ᠲᠤ ᠨᠡᠶᠢᠯᠡᠭᠦᠯᠦᠭᠰᠡᠨ ᠰᠢᠨ᠎ᠡ ᠡᠨᠧᠷᠭᠢ ᠶᠢᠨ ᠲᠠᠯᠠᠪᠤᠷ ᠥᠷᠲᠡᠭᠡ ᠪᠠᠷ ᠭᠤᠣᠯ ᠬᠠᠩᠭᠠᠯᠭ᠎ᠠ ᠶᠢᠨ ᠴᠠᠬᠢᠯᠭᠠᠨ ᠡᠭᠦᠰᠬᠡᠭᠴᠢ ᠪᠣᠯᠭᠠᠵᠤ᠂ ᠡᠵᠡᠨ᠎ᠡ ᠬᠤᠰᠢᠭᠤᠨ ᠤ ᠪᠥᠬᠦ ᠴᠠᠷᠠᠭᠠᠨ ᠳᠤ ᠴᠠᠬᠢᠯᠭᠠᠨ ᠬᠠᠩᠭᠠᠨ᠎ᠠ᠃    ᠥᠪᠥᠷ ᠮᠣᠩᠭᠤᠯ ᠤᠨ ᠴᠠᠬᠢᠯᠭᠠᠨ ᠬᠦᠴᠦᠨ ᠤ ᠪᠦᠯᠦᠭᠯᠡᠯ ᠤᠨ 10 ᠺᠢᠯᠤᠸ᠋ᠯᠲ ᠤᠨ ᠳᠠᠯᠠᠶᠢᠬᠦ᠋ᠪ ᠤᠨ ᠡᠨᠧᠷᠭᠢ ᠬᠠᠳᠠᠭᠠᠯᠠᠬᠤ ᠴᠠᠬᠢᠯᠭᠠᠨ ᠥᠷᠲᠡᠭᠡ ᠶᠢᠨ ᠳᠠᠷᠤᠭ᠎ᠠ ᠭᠤᠣ ᠵᠢᠩ ᠵᠢᠩ᠄ ︽ᠴᠠᠬᠢᠯᠭᠠᠨ ᠤ ᠰᠤᠷᠪᠤᠯᠵᠢ ᠴᠠᠬᠢᠯᠭᠠᠨ ᠲᠣᠣᠷ ᠳᠠᠭᠠᠭᠠᠴᠠ ᠨᠥᠭᠡᠴᠡ︾ ᠪᠢᠴᠢᠯ ᠴᠠᠬᠢᠯᠭᠠᠨ ᠲᠣᠣᠷ ᠢ ᠡᠵᠡᠨ᠎ᠡ ᠬᠤᠰᠢᠭᠤᠨ ᠤ ᠪᠦᠬᠦ ᠬᠤᠰᠢᠭᠤᠨ ᠤ ᠬᠡᠪᠴᠢᠶᠡᠨ ᠤ ᠥᠷᠭᠡᠨ ᠴᠠᠷᠠᠭᠠᠨ ᠳᠠᠬᠢ ᠲᠣᠮᠣ ᠴᠠᠬᠢᠯᠭᠠᠨ ᠲᠣᠣᠷ ᠬᠦᠷᠲᠡᠯ᠎ᠡ ᠤᠷᠲᠤᠳᠬᠠᠵᠤ᠂ ᠴᠠᠬᠢᠯᠭᠠᠨ ᠲᠣᠣᠷ ᠪᠠᠶᠢᠭᠤᠯᠬᠤ ᠬᠡᠯᠪᠡᠷᠢ ᠶᠢᠨ ᠡᠨᠧᠷᠭᠢ ᠬᠠᠳᠠᠭᠠᠯᠠᠬᠤ ᠶᠢ ᠨᠢᠭᠡ ᠴᠣᠭᠴᠠᠵᠢᠭᠤᠯᠤᠭᠰᠠᠨ ᠲᠣᠨᠤᠭ ᠲᠥᠬᠦᠭᠡᠷᠦᠮᠵᠢ ᠶᠢᠨ ᠰᠢᠨ᠎ᠡ ᠶᠢ ᠡᠭᠦᠳᠦᠨ ᠰᠤᠳᠤᠯᠤᠨ ᠨᠡᠭᠡᠭᠡᠵᠦ᠂ ᠣᠯᠠᠨ ᠤᠯᠤᠰ ᠤᠨ ᠠᠩᠬᠠᠳᠠᠭᠴᠢ ᠤᠭᠰᠠᠷᠠᠵᠤ ᠪᠣᠯᠬᠤ ᠪᠠ ᠲᠣᠣᠷ ᠠᠴᠠ ᠰᠠᠯᠬᠤ ᠴᠠᠭ ᠬᠤᠭᠤᠴᠠᠭᠠᠨ ᠤ ᠲᠣᠭᠲᠠᠭᠤᠨ ᠡᠷᠭᠢᠯᠲᠡ ᠳᠤ ᠵᠣᠬᠢᠴᠠᠬᠤ ᠥᠷᠭᠡᠨ ᠴᠠᠷᠠᠭᠠᠨ ᠤ ᠪᠥᠬᠦ ᠪᠣᠬᠢᠷᠲᠤᠯ ᠦᠭᠡᠢ ᠴᠠᠬᠢᠯᠭᠠᠨ ᠤ ᠰᠢᠰᠲ᠋ᠧᠮ ᠢ ᠠᠮᠵᠢᠯᠲᠠ ᠲᠠᠢ ᠪᠠᠷ ᠪᠠᠶᠢᠭᠤᠯᠵᠤ᠂ 3 ᠤᠳᠠᠭ᠎ᠠ ᠠᠩᠬᠠᠨ ᠤ ᠲᠤᠷᠰᠢᠯᠲᠠ ᠵᠢᠴᠢ 2 ᠤᠳᠠᠭ᠎ᠠ ᠪᠥᠬᠦ ᠴᠠᠷᠠᠭᠠᠨ ᠤ ᠲᠣᠣᠷ ᠠᠴᠠ ᠰᠠᠯᠬᠤ ᠦᠢᠯᠡᠳᠦᠯᠭᠡ ᠪᠠᠷ ᠳᠠᠮᠵᠢᠨ᠂ ᠴᠠᠬᠢᠯᠭᠠᠨ ᠲᠣᠣᠷ ᠤᠨ ᠣᠨᠣᠯ ᠤᠨ ᠵᠥᠪ ᠣᠨᠣᠪᠴᠢᠲᠤ ᠴᠢᠨᠠᠷ ᠪᠠ ᠦᠢᠯᠡᠳᠦᠯᠭᠡ ᠶᠢᠨ ᠪᠦᠲᠦᠮᠵᠢᠲᠦ ᠴᠢᠨᠠᠷ ᠢ ᠰᠢᠯᠭᠠᠨ ᠪᠠᠶᠢᠴᠠᠭᠠᠪᠠ︾ ᠭᠡᠪᠡ᠃    ᠥᠪᠥᠷ ᠮᠣᠩᠭᠤᠯ ᠤᠨ ᠴᠠᠬᠢᠯᠭᠠᠨ ᠬᠦᠴᠦᠨ ᠤ ᠪᠦᠯᠦᠭᠯᠡᠯ ᠤᠨ ᠠᠯᠠᠱᠠ ᠶᠢᠨ ᠴᠠᠬᠢᠯᠭᠠᠨ ᠬᠠᠩᠭᠠᠬᠤ ᠺᠣᠮᠫᠠᠨᠢ 2021 ᠣᠨ ᠠᠴᠠ ᠡᠬᠢᠯᠡᠨ᠂ ᠤᠯᠤᠰ ᠤᠨ ᠳᠣᠲᠣᠭᠠᠳᠤ ᠶᠢᠨ ᠠᠩᠬᠠᠳᠠᠭᠴᠢ ᠳᠣᠣᠷ᠎ᠠ ᠳᠥᠲᠡᠯᠡᠯ ᠤᠨ ᠪᠠᠭᠲᠠᠭᠠᠮᠵᠢ᠂ ᠨᠠᠷᠮᠠᠢ ᠴᠠᠬᠢᠯᠭᠠᠨ ᠬᠦᠴᠦᠳᠡᠯ ᠤᠨ ᠲᠠᠰ᠂ ᠡᠬᠢ ᠴᠡᠨᠡᠭ ᠤᠨ ᠬᠤᠣᠰ ᠴᠢᠭᠯᠡᠯ ᠢᠶᠠᠷ ᠬᠠᠷᠢᠯᠴᠠᠨ ᠬᠥᠳᠡᠯᠦᠯᠴᠡᠭᠰᠡᠨ       ︽ᠡᠬᠢ ᠰᠤᠷᠪᠤᠯᠵᠢ ᠶᠢᠨ ᠲᠣᠣᠷ ᠲᠤ ᠬᠠᠳᠠᠭᠠᠯᠠᠵᠤ ᠨᠥᠭᠡᠴᠡᠯᠡᠬᠦ︾ ᠪᠢᠴᠢᠯ ᠴᠠᠬᠢᠯᠭᠠᠨ ᠲᠣᠣᠷ ᠤᠨ ᠨᠢᠭᠡ ᠴᠣᠭᠴᠠᠵᠢᠭᠰᠠᠨ ᠵᠢᠱᠢᠶ᠎ᠡ ᠦᠵᠡᠭᠦᠯᠬᠦ ᠲᠥᠷᠥᠯ ᠵᠦᠢᠯ ᠢ ᠪᠦᠲᠦᠭᠡᠨ ᠪᠠᠶᠢᠭᠤᠯᠵᠤ᠂ ᠲᠣᠥᠷᠵᠢᠭᠤᠯᠤᠭᠰᠠᠨ ᠬᠡᠯᠪᠡᠷᠢ ᠶᠢᠨ ᠡᠨᠧᠷᠭᠢ ᠬᠠᠳᠠᠭᠠᠯᠠᠬᠤ ᠪᠠᠷ ᠤᠯᠠᠮᠵᠢᠯᠠᠯᠲᠤ ᠢᠯᠴᠢ ᠶᠢᠨ ᠴᠠᠬᠢᠯᠭᠠᠨ᠂ ᠤᠰᠤᠨ ᠴᠠᠬᠢᠯᠭᠠᠨ ᠵᠡᠷᠭᠡ ᠴᠠᠬᠢᠯᠭᠠᠨ ᠡᠭᠦᠰᠬᠡᠭᠴᠢ ᠶᠢ ᠣᠷᠣᠯᠠᠭᠤᠯᠬᠤ ᠪᠠᠷ ᠲᠤᠯᠭᠠᠭᠤᠷᠢᠯᠠᠯ ᠪᠣᠯᠭᠠᠵᠤ᠂ ᠳᠡᠯᠡᠬᠡᠢ ᠳᠡᠭᠡᠷᠡᠬᠢ ᠠᠩᠬᠠᠳᠠᠭᠴᠢ ᠨᠡᠶᠢᠯᠡᠭᠦᠯᠬᠦ / ᠲᠣᠣᠷ ᠠᠴᠠ ᠵᠠᠶᠢᠳᠠᠭᠤ᠂ ᠵᠠᠢ ᠵᠠᠪᠰᠠᠷ ᠦᠭᠡᠢ ᠰᠣᠯᠢᠵᠤ ᠪᠣᠯᠬᠤ ᠵᠢᠴᠢ ᠲᠣᠣᠷ ᠠᠴᠠ ᠵᠠᠶᠢᠳᠠᠭᠤ ᠦᠶᠡᠯᠡᠯ ᠤᠨ ᠬᠤᠭᠤᠴᠠᠭᠠᠨ ᠳᠤ ᠠᠮᠤᠷ ᠲᠦᠪᠰᠢᠨ ᠲᠣᠭᠲᠠᠭᠤᠨ ᠢᠶᠠᠷ ᠠᠵᠢᠯᠯᠠᠵᠤ ᠪᠣᠯᠬᠤ ᠥᠷᠭᠡᠨ ᠬᠡᠪᠴᠢᠶᠡᠨ ᠤ ᠴᠡᠪᠡᠷ ᠰᠢᠨ᠎ᠡ ᠡᠨᠧᠷᠭᠢ ᠶᠢᠨ ᠴᠠᠬᠢᠯᠭᠠᠨ ᠬᠦᠴᠦᠨ ᠤ ᠰᠢᠰᠲ᠋ᠧᠮ ᠢ ᠪᠠᠶᠢᠭᠤᠯᠪᠠ᠃    ᠶᠡᠷᠦ ᠠᠴᠠ ᠠᠯᠠᠱᠠ ᠠᠶᠢᠮᠠᠭ ᠤᠨ ᠡᠵᠡᠨ᠎ᠡ ᠬᠤᠰᠢᠭᠤᠨ ᠤ 220 ᠺᠢᠯᠣᠸᠠᠲ ᠤᠨ ᠲᠠᠩ ᠪᠤᠴᠠᠯᠲᠠ ᠶᠢᠨ ᠱᠤᠭᠤᠮ ᠤᠨ ᠴᠠᠬᠢᠯᠭᠠᠨ ᠬᠠᠩᠭᠠᠯᠭ᠎ᠠ ᠶᠢᠨ ᠵᠠᠭᠪᠤᠷ ᠲᠤ ᠴᠠᠬᠢᠯᠭᠠᠨ ᠬᠠᠩᠭᠠᠵᠤ᠂ ᠵᠠᠮ ᠱᠤᠭᠤᠮ ᠨᠢ ᠰᠠᠭᠠᠳ ᠭᠠᠷᠬᠤ ᠪᠤᠶᠤ ᠪᠠᠶᠢᠴᠠᠭᠠᠨ ᠰᠡᠯᠪᠢᠬᠦ ᠦᠶ᠎ᠡ ᠳᠤ ᠪᠦᠬᠦ᠋ᠢᠯᠡ ᠡᠵᠡᠨ᠎ᠡ ᠣᠷᠣᠨ ᠤ ᠴᠠᠬᠢᠯᠭᠠᠨ ᠵᠣᠭᠰᠣᠬᠤ ᠳᠤ ᠬᠦᠷᠦᠭᠦᠯᠵᠦ᠂ ᠲᠤᠬᠠᠢ ᠶᠢᠨ ᠭᠠᠵᠠᠷ ᠤᠨ ᠨᠡᠶᠢᠭᠡᠮ ᠤᠨ ᠦᠢᠯᠡᠳᠪᠦᠷᠢᠯᠡᠯ ᠪᠠ ᠰᠠᠭᠤᠭᠠᠯᠢ ᠠᠷᠠᠳ ᠤᠨ ᠠᠮᠢᠳᠤᠷᠠᠯ ᠤᠨ ᠴᠠᠬᠢᠯᠭᠠᠨ ᠬᠡᠷᠡᠭᠯᠡᠬᠦ ᠶᠢ ᠨᠥᠯᠥᠭᠡᠯᠡᠳᠡᠭ᠃ ︽ᠡᠬᠢ ᠰᠤᠷᠪᠤᠯᠵᠢ ᠶᠢᠨ ᠲᠣᠣᠷ ᠲᠤ ᠬᠠᠳᠠᠭᠠᠯᠠᠵᠤ ᠨᠥᠭᠡᠴᠡᠯᠡᠬᠦ︾ ᠰᠢᠨ᠎ᠡ ᠬᠡᠯᠪᠡᠷᠢ ᠶᠢᠨ ᠴᠠᠬᠢᠯᠭᠠᠨ ᠬᠦᠴᠦᠨ ᠤ ᠰᠢᠰᠲ᠋ᠧᠮ ᠨᠢ ᠭᠤᠣᠯ ᠲᠣᠣᠷ ᠤᠨ ᠴᠠᠬᠢᠯᠭᠠᠨ ᠢ ᠵᠣᠭᠰᠣᠭᠠᠵᠤ ᠪᠠᠶᠢᠴᠠᠭᠠᠨ ᠵᠠᠰᠠᠬᠤ ᠬᠤᠭᠤᠴᠠᠭᠠᠨ ᠳᠤ᠂ ᠬᠡᠷᠡᠭᠯᠡᠬᠦ ᠪᠠᠷ ᠪᠡᠯᠡᠳᠬᠡᠭᠰᠡᠨ ᠨᠣᠭᠤᠭᠠᠨ ᠴᠠᠬᠢᠯᠭᠠᠨ ᠤ ᠨᠠᠶᠢᠳᠠᠪᠤᠷᠢᠲᠠᠢ ᠴᠠᠬᠢᠯᠭᠠᠨ ᠡᠭᠦᠰᠬᠡᠭᠴᠢ ᠪᠣᠯᠵᠤ᠂ ᠡᠵᠡᠨ᠎ᠡ ᠣᠷᠣᠨ ᠤ ᠲᠠᠰᠤᠷᠠᠯᠲᠠ ᠦᠭᠡᠢ ᠴᠠᠬᠢᠯᠭᠠᠨ ᠬᠠᠩᠭᠠᠬᠤ ᠶᠢ ᠪᠦᠲᠦᠮᠵᠢᠲᠡᠶ ᠪᠠᠷ ᠲᠤᠯᠭᠠᠭᠤᠷᠢᠯᠠᠵᠤ᠂ ᠪᠤᠶᠢᠳᠠ ᠪᠥᠭᠯᠡᠭᠦᠦ ᠭᠠᠵᠠᠷ ᠣᠷᠣᠨ ᠤ ᠴᠠᠬᠢᠯᠭᠠᠨ ᠲᠣᠣᠷ ᠤᠨ ᠴᠠᠬᠢᠯᠭᠠᠨ ᠬᠠᠩᠭᠠᠯᠲᠠ ᠶᠢᠨ ᠨᠠᠶᠢᠳᠠᠪᠤᠷᠢᠲᠤ ᠴᠢᠨᠠᠷ ᠢ ᠳᠡᠭᠡᠭᠰᠢᠯᠡᠭᠦᠯᠵᠦ ᠪᠣᠯᠣᠨ᠎ᠠ᠃    ᠥᠪᠥᠷ ᠮᠣᠩᠭᠤᠯ ᠤᠨ ᠴᠠᠬᠢᠯᠭᠠᠨ ᠬᠦᠴᠦᠨ ᠤ ᠪᠦᠯᠦᠭᠯᠡᠯ ᠤᠨ ᠠᠯᠠᠱᠠ ᠶᠢᠨ ᠡᠵᠡᠨ᠎ᠡ ᠳᠠᠬᠢ ᠴᠠᠬᠢᠯᠭᠠᠨ ᠬᠠᠩᠭᠠᠬᠤ ᠺᠣᠮᠫᠠᠨᠢ ᠶᠢᠨ ᠳᠠᠭᠠᠭᠠᠮᠠᠯ ᠲᠠᠩ ᠴᠥᠩ ᠨᠢᠶᠠᠨ᠄ ︽2024 ᠣᠨ ᠤ 10 ᠰᠠᠷ᠎ᠠ ᠶᠢᠨ 28 ᠤ ᠡᠳᠦᠷ᠂ 220 ᠺᠢᠯᠣᠸᠠᠲ ᠤᠨ ᠲᠦᠷᠦᠭᠦᠦ ᠱᠤᠭᠤᠮ ᠤᠨ ᠪᠠᠶᠢᠴᠠᠭᠠᠨ ᠵᠠᠰᠠᠬᠤ ᠬᠤᠭᠤᠴᠠᠭᠠᠨ ᠳᠤ᠂ ᠪᠢᠳᠡ ᠡᠬᠢ ᠰᠤᠷᠪᠤᠯᠵᠢ ᠶᠢᠨ ᠲᠣᠣᠷ ᠲᠤ ᠬᠠᠳᠠᠭᠠᠯᠠᠵᠤ ᠨᠥᠭᠡᠴᠡᠯᠡᠬᠦ︾ ᠪᠦᠷᠢᠨ ᠪᠣᠬᠢᠷᠲᠤᠯ ᠦᠭᠡᠢ ᠴᠠᠬᠢᠯᠭᠠᠨ ᠤ ᠰᠢᠰᠲ᠋ᠧᠮ ᠢᠶᠠᠷ ᠳᠡᠮᠵᠢᠨ ᠡᠵᠡᠨ᠎ᠡ ᠶᠢᠨ ᠪᠥᠬᠦ ᠴᠠᠷᠠᠭᠠᠨ ᠤ 3 ᠲᠦᠮᠡ ᠭᠠᠷᠤᠢ ᠬᠡᠷᠡᠭᠯᠡᠭᠴᠢ ᠳᠤ 14.58 ᠴᠠᠭ ᠤᠨ ᠲᠣᠣᠷ ᠠᠴᠠ ᠰᠠᠯᠤᠭᠰᠠᠨ ᠪᠣᠬᠢᠷᠲᠤᠯ ᠦᠭᠡᠢ ᠴᠠᠬᠢᠯᠭᠠᠨ ᠤ ᠬᠠᠩᠭᠠᠯᠭ᠎ᠠ ᠶᠢ ᠬᠠᠩᠭᠠᠭᠰᠠᠨ ᠪᠠᠶᠢᠨ᠎ᠠ᠃ ᠲᠣᠬᠢᠷᠠᠭᠤᠯᠭ᠎ᠠ ᠶᠢᠨ ᠵᠢᠭᠠᠪᠤᠷᠢ ᠶᠢ ᠬᠡᠷᠡᠭᠵᠢᠭᠦᠯᠦᠭᠰᠡᠨ ᠤ ᠳᠠᠷᠠᠭ᠎ᠠ᠂ ᠰᠢᠰᠲ᠋ᠧᠮ ᠨᠢ ᠰᠦᠯᠵᠢᠶᠡᠨ ᠠᠴᠠ ᠰᠠᠯᠬᠤ ᠠᠵᠢᠯᠯᠠᠭᠠᠨ ᠤ ᠵᠠᠭᠪᠤᠷ ᠲᠤ ᠠᠶᠠᠨᠳᠠᠭᠠᠨ ᠰᠣᠯᠢᠭᠳᠠᠵᠤ᠂ ᠪᠥᠬᠦ ᠬᠤᠰᠢᠭᠤᠨ ᠤ ᠰᠠᠭᠤᠭᠠᠯᠢ ᠠᠷᠠᠳ ᠵᠠᠮ ᠱᠤᠭᠤᠮ ᠢ ᠪᠠᠶᠢᠴᠠᠭᠠᠨ ᠵᠠᠰᠠᠵᠤ ᠴᠠᠬᠢᠯᠭᠠᠨ ᠵᠣᠭᠰᠣᠭᠰᠠᠨ ᠤ ᠨᠥᠯᠥᠭᠡ ᠶᠢ ᠭᠥᠷᠳᠡᠭᠰᠡᠨ ᠦᠭᠡᠢ ᠠᠴᠠ ᠪᠣᠯᠵᠤ᠂ ᠴᠠᠬᠢᠯᠭᠠᠨ ᠬᠦᠴᠦᠨ ᠤ ᠬᠠᠩᠭᠠᠯᠭ᠎ᠠ ᠬᠡᠪ ᠤᠨ ᠪᠠᠶᠢᠳᠠᠯ ᠳᠤ ᠣᠷᠣᠪᠠ︾ ᠭᠡᠪᠡ᠃    ᠣᠳᠣᠬᠠᠨ ᠪᠣᠯᠬᠤ ᠳᠤ᠂ ︽ᠡᠬᠢ ᠰᠤᠷᠪᠤᠯᠵᠢ ᠶᠢᠨ ᠲᠣᠣᠷ ᠲᠤ ᠬᠠᠳᠠᠭᠠᠯᠠᠵᠤ ᠨᠥᠭᠡᠴᠡᠯᠡᠬᠦ︾ ᠪᠦᠷᠢᠨ ᠪᠣᠬᠢᠷᠲᠤᠯ ᠦᠭᠡᠢ ᠴᠠᠬᠢᠯᠭᠠᠨ ᠤ ᠰᠢᠰᠲ᠋ᠧᠮ ᠢ 3 ᠤᠳᠠᠭ᠎ᠠ ᠠᠮᠵᠢᠯᠲᠠ ᠲᠠᠢ ᠭᠡᠷᠡᠭᠯᠡᠵᠦ᠂ ᠨᠡᠶᠢᠲᠡ 86.49 ᠴᠠᠭ ᠠᠵᠢᠯᠯᠠᠭᠤᠯᠤᠨ᠂ ᠴᠠᠬᠢᠯᠭᠠᠨ ᠬᠠᠩᠭᠠᠬᠤ ᠬᠡᠮᠵᠢᠶ᠎ᠡ 150.46 ᠲᠦᠮᠡᠨ ᠮᠢᠩᠭᠠᠨ ᠲᠦᠮᠡ ᠳᠤ ᠬᠦᠷᠴᠦ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ 455.89 ᠲᠣᠨ ᠪᠠᠭᠠᠰᠬᠠᠨ᠂ ᠡᠵᠡᠨ᠎ᠡ ᠬᠤᠰᠢᠭᠤᠨ ᠤ ᠪᠦᠬᠦ ᠣᠷᠣᠨ ᠪᠦᠰᠡ ᠶᠢᠨ ᠪᠣᠬᠢᠷᠲᠤᠯ ᠦᠭᠡᠢ ᠴᠠᠬᠢᠯᠭᠠᠨ ᠡᠭᠦᠰᠬᠡᠭᠴᠢ ᠶᠢ ᠲᠣᠣᠷ ᠠᠴᠠ ᠲᠠᠰᠤᠷᠠᠯᠳᠡ ᠦᠭᠡᠢ ᠬᠠᠩᠭᠠᠬᠤ ᠰᠢᠨ᠎ᠡ ᠬᠠᠭᠤᠳᠠᠰᠤ ᠶᠢ ᠪᠢᠴᠢᠭᠯᠡᠪᠡ᠃    ᠥᠪᠥᠷ ᠮᠣᠩᠭᠤᠯ ᠤᠨ ᠴᠠᠬᠢᠯᠭᠠᠨ ᠬᠦᠴᠦᠨ ᠤ ᠪᠦᠯᠦᠭᠯᠡᠯ ᠤᠨ ᠠᠯᠠᠱᠠ ᠶᠢᠨ ᠴᠠᠬᠢᠯᠭᠠᠨ ᠬᠠᠩᠭᠠᠬᠤ ᠺᠣᠮᠫᠠᠨᠢ ᠶᠢᠨ ᠳᠡᠳ᠋ ᠶᠡᠷᠦᠩᠬᠡᠢ ᠳᠠᠭᠠᠭᠠᠮᠠᠯ ᠯᠢᠦ ᠵᠢᠶᠠᠨ ᠵᠢᠶᠦ᠋ᠨ᠄ ︽ᠠᠯᠠᠱᠠ ᠶᠢᠨ ᠡᠵᠡᠨ᠎ᠡ ᠶᠢᠨ ︿ᠡᠬᠢ ᠰᠤᠷᠪᠤᠯᠵᠢ ᠶᠢᠨ ᠲᠣᠣᠷ ᠲᠤ ᠬᠠᠳᠠᠭᠠᠯᠠᠵᠤ ᠨᠥᠭᠡᠴᠡᠯᠡᠬᠦ ﹀ ᠪᠢᠴᠢᠯ ᠴᠠᠬᠢᠯᠭᠠᠨ ᠤ ᠲᠣᠣᠷ ᠤᠨ ᠵᠢᠱᠢᠶ᠎ᠡ ᠦᠵᠡᠭᠦᠯᠬᠦ ᠢᠨᠵᠧᠨᠧᠷᠢᠩ ᠢ ᠠᠮᠵᠢᠯᠲᠠ ᠲᠠᠢ ᠪᠠᠷ ᠬᠡᠷᠡᠭᠵᠢᠭᠦᠯᠵᠦ᠂ ᠴᠠᠬᠢᠯᠭᠠᠨ ᠬᠦᠴᠦᠨ ᠤ ᠰᠢᠰᠲ᠋ᠧᠮ ᠤᠨ ᠤᠯᠠᠮᠵᠢᠯᠠᠯᠲᠤ ᠴᠠᠬᠢᠯᠭᠠᠨ ᠬᠠᠩᠭᠠᠬᠤ ᠵᠠᠭᠪᠤᠷ ᠢ ᠬᠤᠪᠢᠷᠠᠭᠤᠯᠤᠨ᠂ ᠴᠠᠬᠢᠯᠭᠠᠨ ᠲᠣᠣᠷ ᠤᠨ ᠪᠣᠬᠢᠷᠲᠤᠯ ᠦᠭᠡᠢ ᠬᠡᠯᠪᠡᠷᠢ ᠶᠢ ᠬᠤᠪᠢᠷᠠᠭᠤᠯᠤᠨ ᠬᠥᠭᠵᠢᠭᠦᠯᠬᠦ ᠰᠢᠨ᠎ᠡ ᠠᠷᠭ᠎ᠠ ᠵᠠᠮ ᠢ ᠨᠡᠭᠡᠭᠡᠵᠦ᠂ ᠤᠯᠤᠰ ᠤᠨ ᠰᠢᠨ᠎ᠡ ᠬᠡᠯᠪᠡᠷᠢ ᠶᠢᠨ ᠴᠠᠬᠢᠯᠭᠠᠨ ᠬᠦᠴᠦᠨ ᠤ ᠰᠢᠰᠲ᠋ᠧᠮ ᠢ ᠪᠠᠶᠢᠭᠤᠯᠬᠤ ᠳᠤ ᠴᠢᠬᠤᠯᠠ ᠶᠡᠭᠡ ᠰᠦᠪᠡᠭᠴᠢᠯᠡᠯᠲᠡ ᠪᠠ ᠰᠢᠨ᠎ᠡ ᠶᠢ ᠡᠭᠦᠳᠬᠦ ᠵᠢᠱᠢᠶ᠎ᠡ ᠦᠵᠡᠭᠦᠯᠪᠡ᠃ ᠡᠨᠡ ᠪᠣᠯ ᠥᠪᠥᠷ ᠮᠣᠩᠭᠤᠯ ᠤᠨ ᠴᠠᠬᠢᠯᠭᠠᠨ ᠬᠦᠴᠦᠨ ᠤ ᠪᠦᠯᠦᠭᠯᠡᠯ ᠤᠨ ︿ᠬᠤᠶᠠᠷ ᠢ ᠲᠡᠷᠢᠭᠦᠨ ᠳᠤ ᠲᠠᠯᠪᠢᠬᠤ᠂ ᠬᠤᠶᠠᠷ ᠢ ᠳᠠᠪᠠᠭᠤᠯᠬᠤ﹀ ᠶᠢ ᠨᠠᠶᠢᠳᠠᠪᠤᠷᠢᠵᠢᠭᠤᠯᠬᠤ᠂ ᠥᠪᠡᠷᠲᠡᠭᠡᠨ ᠵᠠᠰᠠᠬᠤ ᠣᠷᠣᠨ ᠤ ︿ᠲᠠᠪᠤᠨ ᠶᠡᠭᠡ ᠡᠭᠦᠷᠭᠡ﹀ ᠶᠢ ᠪᠡᠶᠡᠯᠡᠭᠦᠯᠬᠦ ᠳᠤ ᠬᠦᠴᠦᠨ ᠨᠡᠮᠡᠷᠢᠯᠡᠬᠦ᠂ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠬᠥᠭᠵᠢᠯᠲᠡ ᠳᠤ ᠨᠡᠩ ᠰᠠᠶᠢᠨ ᠦᠢᠯᠡᠴᠢᠯᠡᠬᠦ ᠠᠮᠢᠳᠤᠯᠢᠭ ᠦᠢᠯᠡᠳᠦᠯᠭᠡ       ᠪᠣᠯᠣᠨ᠎ᠠ︾ ᠭᠡᠪᠡ᠃     ︽ᠥᠷᠭᠡᠨ ᠬᠡᠪᠴᠢᠶᠡᠨ ᠤ ᠰᠢᠨ᠎ᠡ ᠡᠨᠧᠷᠭᠢ ᠶᠢᠨ ᠴᠠᠬᠢᠯᠭᠠᠨ ᠬᠦᠴᠦᠨ ᠤ ᠰᠢᠰᠲ᠋ᠧᠮ  ᠢ ᠨᠠᠶᠢᠯᠡᠬᠦᠯᠬᠦ / ᠲᠣᠣᠷ ᠠᠴᠠ ᠰᠠᠯᠵᠤ ᠲᠣᠭᠲᠠᠭᠤᠨ ᠠᠵᠢᠯᠯᠠᠭᠤᠯᠬᠤ ᠶᠢ ᠤᠶᠠᠯᠳᠤᠭᠤᠯᠤᠭᠰᠠᠨ ᠲᠣᠥᠷᠵᠢᠭᠤᠯᠤᠭᠰᠠᠨ ᠬᠡᠯᠪᠡᠷᠢ ᠶᠢᠨ ᠡᠨᠧᠷᠭᠢ ᠬᠠᠳᠠᠭᠠᠯᠠᠬᠤ ᠶᠢ ᠨᠢᠭᠡ ᠴᠣᠭᠴᠠᠵᠢᠭᠤᠯᠤᠭᠰᠠᠨ ᠲᠤᠨᠤᠭᠯᠠᠯ︾ ᠨᠢ ᠪᠠᠰᠠ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠵᠡᠷᠭᠡ ᠨᠠᠢᠮᠠᠨ ᠶᠠᠮᠤᠨ ᠵᠥᠪᠯᠡᠯ ᠤᠨ ︽ᠪᠣᠬᠢᠷᠲᠤᠯ ᠦᠭᠡᠢ ᠮᠡᠷᠭᠡᠵᠢᠯ ᠢ ᠳᠡᠯᠭᠡᠷᠡᠭᠦᠯᠬᠦ ᠭᠠᠷᠴᠠᠭ ︵2024 ᠣᠨ ᠤ ᠬᠡᠪᠯᠡᠯ︶︾᠂ ᠳᠤᠮᠳᠠᠳᠤ ᠤᠯᠤᠰ ᠤᠨ ᠴᠠᠬᠢᠯᠭᠠᠨ ᠬᠦᠴᠦᠨ ᠤ ᠬᠤᠯᠪᠣᠭ᠎ᠠ ᠶᠢᠨ ᠴᠠᠬᠢᠯᠭᠠᠨ ᠬᠦᠴᠦᠨ ᠤ ᠰᠢᠨ᠎ᠡ ᠶᠢ ᠡᠭᠦᠳᠦᠭᠰᠡᠨ ᠱᠠᠩᠨᠠᠯ ᠤᠨ ᠣᠨᠴᠠ ᠳᠡᠰ ᠤᠨ ᠱᠠᠩᠨᠠᠯ ᠵᠡᠷᠭᠡ 16 ᠵᠦᠢᠯ ᠤᠨ ᠣᠨᠴᠠ ᠢᠷᠠᠭᠤ ᠠᠯᠳᠠᠷ ᠢ ᠬᠦᠷᠲᠡᠵᠦ᠂ ᠥᠪᠡᠷᠲᠡᠭᠡᠨ ᠵᠠᠰᠠᠬᠤ ᠣᠷᠣᠨ ᠤ ᠡᠨᠧᠷᠭᠢ ᠴᠠᠬᠢᠯᠭᠠᠨ ᠬᠦᠴᠦᠨ ᠤ ᠲᠣᠨᠣᠭᠯᠠᠯ ᠤᠨ ︽ᠰᠢᠨᠵᠢᠯᠡᠬᠦ ᠤᠬᠠᠭᠠᠨ ᠮᠡᠷᠭᠡᠵᠢᠯ ᠤᠨ ᠪᠦᠰᠡᠯᠡᠯᠲᠡ ᠶᠢ ᠰᠢᠪᠲᠤᠯᠬᠤ ︾ ᠶᠢ ᠪᠡᠶᠡᠯᠡᠭᠦᠯᠬᠦ ᠳᠤ ᠢᠳᠡᠪᠬᠢᠲᠡᠢ ᠬᠤᠪᠢ ᠨᠡᠮᠡᠷᠢ ᠦᠵᠡᠭᠦᠯᠪᠡ᠃
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号