2 ᠰᠠᠷ᠎ᠠ ᠶᠢᠨ 21 ᠤ ᠡᠳᠦᠷ᠂ ᠤᠯᠤᠰ ᠤᠨ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ | ᠵᠦᠢᠯ ᠪᠣᠯᠬᠤ ︽ᠮᠣᠩᠭᠤᠯ ᠦᠨᠳᠦᠰᠦᠲᠡᠨ ᠤ ᠰᠠᠪᠠᠷᠳᠠᠩ︾ ᠪᠦᠵᠢᠭ ᠤᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠶ | ᠪᠣᠯᠪᠠᠰᠤᠷᠠᠯ ᠤᠨ ᠠᠩᠭᠢ ᠵᠢᠩᠬᠢᠨᠢ ᠪᠠᠷ ᠬᠢᠴᠢᠶᠡᠯ ᠡᠬᠢᠯᠡᠪᠡ᠃ | ᠲᠣᠰ ᠤᠳᠠᠭᠠᠨ ᠤ ᠪᠣᠯᠪᠠᠰᠤᠷᠠᠯ ᠨᠢ 10 ᠡᠳᠦᠷ ᠤᠨ ᠬᠤᠭᠤᠴᠠᠭ᠎ᠠ ᠲᠠᠢ ᠶᠠᠪᠤᠭᠳᠠᠬᠤ ᠪᠠᠷ ᠪᠠᠶᠢᠵᠦ᠂ ᠡᠯ᠎ᠡ | ᠰᠤᠮᠤ ᠪᠠᠯᠭᠠᠰᠤ᠂ ᠨᠡᠶᠢᠭᠡᠮ ᠤᠨ ᠪᠦᠯᠬᠦᠮ ᠵᠢᠴᠢ ᠡᠯ᠎ᠡ ᠠᠵᠢᠯ ᠲᠥᠷᠥᠯ ᠤᠨ 140 ᠭᠠᠷᠣᠢ ᠤᠳᠬ᠎ᠠ ᠤᠷᠠᠯᠢᠭ ᠲᠤ | ᠳᠤᠷ᠎ᠠ ᠪᠠᠭ᠋ᠠᠲᠠᠶ ᠬᠥᠮᠦᠰ ᠢᠳᠡᠪᠬᠢᠯᠡᠨ ᠣᠷᠣᠯᠴᠠᠵᠠᠶ᠃ ᠪᠣᠯᠪᠠᠰᠤᠷᠠᠯ ᠳᠤ ᠳᠣᠰᠬᠠᠶᠢᠯᠠᠨ ︽ᠮᠣᠩᠭᠤᠯ | ᠦᠨᠳᠦᠰᠦᠲᠡᠨ ᠤ ᠰᠠᠪᠠᠷᠳᠠᠩ ᠪᠦᠵᠢᠭ︾ ᠤᠨ ᠵᠠᠯᠭᠠᠮᠵᠢᠯᠠᠭᠴᠢ᠂ ᠲᠤᠰᠬᠠᠢ ᠮᠡᠷᠭᠡᠵᠢᠯ ᠤᠨ ᠪᠥᠵᠢᠭ ᠤᠨ ᠪᠠᠭᠰᠢ ᠶᠢ | ᠤᠷᠢᠵᠤ᠂ ︽ᠮᠣᠩᠭᠤᠯ ᠦᠨᠳᠦᠰᠦᠲᠡᠨ ᠤ ᠰᠠᠪᠠᠷᠳᠠᠩ ᠪᠦᠵᠢᠭ︾ ᠤᠨ ᠦᠨᠳᠦᠰᠦᠨ ᠣᠨᠴᠠᠯᠢᠭ ᠪᠠ ᠤᠷᠠᠯᠢᠭ ᠤᠨ | ᠠᠭᠤᠯᠤᠭᠳᠠᠬᠤᠨ ᠤ ᠳᠤᠭᠤᠷᠢᠨ ᠳᠤ ᠬᠢᠴᠢᠶᠡᠯᠯᠡᠬᠦᠯᠬᠦ ᠪᠣᠯᠣᠨ᠎ᠠ᠃ ᠪᠣᠯᠪᠠᠰᠤᠷᠠᠯ ᠤᠨ ᠠᠬᠤᠢ ᠲᠠᠯᠠᠪᠠᠢ ᠳᠤ᠂ ᠪᠠᠭᠰᠢ | ᠠᠴᠠ ᠲᠤᠰ ᠪᠥᠵᠢᠭ ᠤᠨ ᠬᠡᠯᠪᠡᠷᠢ ᠪᠠᠶᠢᠳᠠᠯ᠂ ᠬᠥᠳᠡᠯᠦᠯ ᠤᠨ ᠤᠷ᠎ᠠ ᠮᠡᠷᠭᠡᠵᠢᠯ ᠢ ᠤᠯᠠᠨ ᠳᠤ ᠳᠡᠯᠭᠡᠨ | ᠥᠵᠡᠬᠦᠯᠬᠦ ᠶᠢᠨ ᠳᠠᠭᠠᠣ ᠰᠤᠷᠤᠯᠭᠠᠲᠠᠳ ᠲᠤ ᠰᠠᠪᠠᠷᠲᠡᠩ ᠪᠦᠵᠢᠭ ᠤᠨ ᠬᠦᠳᠡᠯᠣᠯ ᠪᠠᠷᠢᠯ ᠢ ᠨᠢᠭᠡᠳ ᠨᠢᠭᠡ ᠪᠠᠷ ᠨᠠᠷᠢᠨ | ᠳᠠᠶᠢᠯᠪᠣᠷᠢᠯᠡᠨ ᠵᠢᠭᠠᠵᠤ᠂ ᠤᠯᠠᠨ ᠢᠶᠠᠷ ᠢᠶᠠᠨ ᠰᠡᠳᠬᠢᠯ ᠳᠠᠯᠪᠢᠨ ᠬᠢᠨᠠᠮᠠᠭᠠᠢ ᠰᠤᠷᠤᠯᠴᠠᠨ᠂ ᠤᠯᠠᠮᠵᠢᠯᠠᠯᠲᠤ | ᠰᠣᠶᠣᠯ ᠳᠤ ᠬᠠᠶᠢᠷᠠᠲᠠᠢ ᠪᠠᠶᠢᠬᠤ ᠰᠡᠳᠬᠢᠯᠬᠡ ᠪᠠᠨ ᠬᠦᠢᠴᠡᠳ ᠢᠯᠡᠳᠬᠡᠨ᠎ᠡ᠃ | ᠰᠤᠷᠤᠯᠭᠠᠳᠠᠨ ᠵᠢᠶᠠᠩ ᠯᠢᠨ ᠯᠢᠨ᠄ ︽ᠪᠢ ᠰᠠᠪᠠᠷᠳᠠᠩ ᠪᠥᠵᠢᠭ ᠲᠤ ᠮᠠᠰᠢ ᠰᠣᠨᠢᠷᠬᠠᠯ ᠲᠠᠢ᠂ ᠲᠡᠷᠡ ᠪᠣᠯ | ᠮᠣᠩᠭᠤᠯ ᠦᠨᠳᠦᠰᠦᠲᠡᠨ ᠤ ᠤᠯᠠᠮᠵᠢᠯᠠᠯᠲᠤ ᠪᠥᠵᠢᠭ᠂ ᠲᠡᠭᠦᠨ ᠳᠤ ᠭᠦᠨ ᠵᠤᠵᠠᠭᠠᠨ ᠲᠡᠦᠬᠡ ᠰᠣᠶᠣᠯ ᠤᠨ | ᠠᠭᠤᠯᠬᠤᠨ ᠠᠭᠤᠯᠤᠭᠳᠠᠵᠤ ᠪᠠᠶᠢᠳᠠᠭ᠃ ᠡᠨᠡ ᠪᠥᠵᠢᠭ ᠢ ᠰᠤᠷᠬᠤ ᠨᠢ ᠪᠡᠶ᠎ᠡ ᠪᠠᠨ ᠪᠣᠯᠪᠠᠰᠤᠷᠠᠭᠤᠯᠬᠤ ᠪᠠᠷ ᠪᠠᠷᠠᠬᠤ | ᠦᠭᠡᠢ ᠪᠠᠰᠠ ᠮᠠᠨ ᠤ ᠦᠨᠳᠦᠰᠦᠲᠡᠨ ᠤ ᠰᠣᠶᠣᠯ ᠢ ᠨᠠᠩ ᠰᠠᠶᠢᠨ ᠣᠶᠢᠯᠠᠭᠠᠨ ᠤᠯᠠᠮᠵᠢᠯᠠᠨ᠎ᠠ᠃ ᠡᠶᠢᠮᠦ ᠠᠴᠠ᠂ ᠡᠨᠡ | ᠤᠳᠠᠭᠠᠨ ᠤ ᠪᠣᠯᠪᠠᠰᠤᠷᠠᠯ ᠤᠨ ᠠᠩᠭᠢ ᠪᠠᠶᠢᠬᠤ ᠶᠢ ᠮᠡᠳᠡᠭᠡᠳ᠂ ᠪᠢ ᠥᠴᠦᠬᠡᠨ ᠴᠦ ᠲᠠᠲᠠᠭᠠᠯᠵᠠᠯ ᠦᠭᠡᠢ ᠪᠠᠷ | ᠨᠡᠷ᠎ᠡ ᠪᠠᠨ ᠮᠡᠳᠡᠭᠦᠯᠪᠡ︾ ᠭᠡᠪᠡ᠃ | ᠲᠣᠰ ᠤᠳᠠᠭᠠᠨ ᠤ ᠪᠣᠯᠪᠠᠰᠤᠷᠠᠯ ᠨᠢ ︽ᠮᠣᠩᠭᠤᠯ ᠦᠨᠳᠦᠰᠦᠲᠡᠨ ᠤ ᠰᠠᠪᠠᠷᠳᠠᠩ ᠪᠦᠵᠢᠭ︾ ᠲᠤ ᠲᠣᠷ᠎ᠠ | ᠪᠠᠭ᠋ᠠᠲᠠᠶ ᠬᠥᠮᠦᠰ ᠲᠤ ᠰᠤᠷᠤᠯᠴᠠᠬᠤ ᠪᠠ ᠰᠣᠯᠢᠯᠴᠠᠬᠤ ᠲᠠᠪᠴᠠᠩ ᠬᠠᠩᠭᠠᠵᠤ᠂ ᠤᠯᠤᠰ ᠤᠨ ᠲᠠᠰ ᠤᠨ ᠪᠣᠳᠠᠰ ᠤᠨ | ᠪᠤᠰᠤ ᠰᠣᠶᠣᠯ ᠤᠨ ᠥᠪ ᠤᠨ ᠲᠥᠷᠥᠯ ᠵᠦᠢᠯ ᠢ ᠤᠯᠠᠮᠵᠢᠯᠠᠨ ᠬᠥᠭᠵᠢᠭᠦᠯᠬᠦ ᠳᠤ ᠤᠯᠠᠮ ᠨᠢᠭᠡ ᠠᠯᠬᠤᠮ ᠬᠦᠴᠦᠨ | ᠨᠡᠮᠡᠷᠢᠯᠡᠪᠡ᠃ | ᠡᠵᠡᠨ᠎ᠡ ᠬᠤᠰᠢᠭᠤᠨ ᠤ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ ᠲᠥᠪ ᠤᠨ ᠡᠷᠬᠢᠯᠡᠭᠴᠢ | ᠯᠢ ᠹᠧᠩ ᠴᠦᠨ᠄ ︽ᠪᠢᠳᠡ ᠡᠨᠡ ᠤᠳᠠᠭᠠᠨ ᠤ ᠰᠠᠪᠠᠷᠲᠡᠩ ᠪᠥᠵᠢᠭ ᠤᠨ ᠠᠩᠭᠢ ᠡᠬᠢᠯᠡᠬᠦ ᠶᠢ ᠬᠦᠰᠡᠨ ᠬᠦᠯᠢᠶᠡᠵᠦ | ᠪᠠᠶᠢᠨ᠎ᠠ᠃ ᠡᠨᠡ ᠨᠢ ᠦᠨᠳᠦᠰᠦᠲᠡᠨ ᠤ ᠰᠣᠶᠣᠯ ᠤᠨ ᠷᠢᠳᠢ ᠰᠢᠳᠢ ᠶᠢ ᠢᠯᠡᠷᠡᠭᠦᠯᠬᠦ ᠲᠣᠬᠢᠶᠠᠯ ᠪᠣᠯᠬᠤ ᠪᠠᠷ ᠪᠠᠷᠠᠬᠤ | ᠦᠭᠡᠢ᠂ ᠨᠡᠩ ᠴᠤ ᠪᠦᠬᠦ ᠠᠷᠠᠳ ᠤᠨ ᠰᠣᠶᠣᠯ ᠤᠨ ᠬᠡᠪ ᠴᠢᠨᠠᠷ ᠢ ᠳᠡᠭᠡᠭᠰᠢᠯᠡᠭᠦᠯᠬᠦ ᠦᠪᠡᠳᠡᠭᠰᠢ ᠴᠤᠭᠯᠠᠭᠠᠨ ᠪᠣᠯᠬᠤ | ᠶᠤᠮ᠃ ᠪᠢᠳᠡ ᠡᠨᠡ ᠤᠳᠠᠭᠠᠨ ᠤ ᠠᠵᠢᠯᠯᠠᠭ᠎ᠠ ᠪᠠᠷ ᠳᠡᠮᠵᠢᠨ᠂ ᠨᠠᠩ ᠣᠯᠠᠨ ᠬᠦᠮᠦᠰ ᠤᠨ ᠦᠨᠳᠦᠰᠦᠲᠡᠨ ᠤ | ᠪᠥᠵᠢᠭ ᠲᠤ ᠬᠠᠨᠳᠤᠭᠤᠯᠤᠭᠰᠠᠨ ᠬᠠᠶᠢᠷ᠎ᠠ ᠪᠠ ᠬᠥᠭᠡᠭᠡᠴᠡᠯᠳᠦᠯ ᠢ ᠬᠥᠭᠵᠢᠭᠡᠬᠦ ᠶᠢᠨ ᠬᠠᠮᠲᠤ ᠰᠤᠷᠤᠭᠴᠢᠳ ᠤᠨ | ᠰᠤᠷᠤᠯᠴᠠᠯᠭ᠎ᠠ ᠶᠢᠨ ᠳᠤᠮᠳᠠ ᠲᠠᠰᠤᠷᠠᠯᠲᠠ ᠥᠬᠡᠶ ᠳᠡᠪᠰᠢᠵᠦ᠂ ᠰᠠᠪᠠᠷᠲᠡᠩ ᠪᠥᠵᠢᠭ ᠢ ᠤᠯᠠᠮᠵᠢᠯᠠᠨ ᠪᠠᠳᠠᠷᠠᠭᠤᠯᠬᠤ | ᠲᠤᠯᠭᠠᠭᠤᠷᠢ ᠬᠦᠴᠦᠨ ᠪᠣᠯᠬᠤ ᠶᠢ ᠬᠦᠰᠡᠵᠦ ᠪᠠᠶᠢᠨ᠎ᠠ᠃ ᠪᠢᠳᠡ ᠡᠨᠡ ᠤᠳᠠᠭᠠᠨ ᠤ ᠠᠵᠢᠯᠯᠠᠭ᠎ᠠ ᠶᠢ ᠪᠦᠬᠦ | ᠬᠦᠴᠦᠨ ᠢᠶᠠᠷ ᠳᠡᠮᠵᠢᠬᠦ ᠶᠢᠨ ᠬᠠᠮᠲᠤ ᠰᠤᠷᠤᠭᠴᠢᠳ ᠲᠤ ᠬᠠᠮᠤᠭ ᠰᠠᠶᠢᠨ ᠰᠤᠷᠤᠯᠴᠠᠬᠤ ᠣᠷᠴᠢᠨ ᠲᠣᠭᠤᠷᠢᠨ ᠪᠠ | ᠡᠬᠢ ᠪᠠᠶᠠᠯᠢᠭ ᠢ ᠬᠠᠩᠭᠠᠨ᠎ᠠ︾ ᠭᠡᠪᠡ᠃ | |