︽ᠵᠢᠷᠭᠤᠭᠠᠨ ᠠᠵᠢᠯᠯᠠᠭ᠎ᠠ︾᠎ ᠶᠢᠨ ᠰᠢᠷᠢᠰ ᠮᠡᠳᠡᠭᠡᠯᠡᠯ᠄ ᠡᠵᠡᠨ᠎ᠡ ᠬᠤᠰᠢᠭᠤ᠄ ︽ᠵᠠᠯᠠᠭᠤ ᠨᠠᠰᠤᠨ ᠤ ᠬᠦᠰᠡᠯ ᠵᠡᠬᠦᠳᠤ ᠪᠠᠨ ᠬᠥᠭᠡᠭᠡᠴᠡᠯᠳᠦᠵᠦ ᠠᠯᠪᠠᠨ ᠰᠢᠯᠭᠠᠯᠲᠠ ᠳᠤ ᠬᠦᠴᠦᠨ ᠨᠡᠮᠡᠷᠢᠯᠡᠶ᠎ᠡ︾ ᠭᠡᠮᠡᠬᠦ ᠰᠢᠷᠢᠰ ᠠᠵᠯᠯᠠᠭ᠎ᠠ ᠨᠢ ᠵᠠᠯᠠᠭᠤᠴᠤᠳ ᠲᠤ ᠠᠵᠢᠯ ᠣᠯᠭᠤᠬᠤ ᠰᠢᠨ᠎ᠡ ᠠᠶᠠᠯᠠᠯ ᠤᠨ ᠵᠠᠮ ᠢ ᠬᠡᠷᠡᠯᠳᠦᠬᠦᠯᠦᠨ᠎ᠡ
ᠨᠡᠶᠢᠲᠡᠯᠡᠭᠰᠡᠨ ᠴᠠᠭ᠄
2025/2/25
    ᠥᠪᠡᠷᠲᠡᠭᠡᠨ ᠵᠠᠰᠠᠬᠤ ᠣᠷᠣᠨ ᠤ ︽ᠵᠢᠷᠭᠤᠭᠠᠨ ᠠᠵᠢᠯᠯᠠᠭ᠎ᠠ︾᠎ ᠶᠢᠨ ᠠᠵᠢᠯ ᠤᠨ ᠬᠠᠷᠠᠯᠲᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠶᠢ ᠯᠠᠪᠳᠠᠭᠤᠨ ᠪᠠᠷ ᠠᠬᠢᠭᠤᠯᠣᠨ᠂ ᠪᠥᠬᠦ ᠬᠤᠰᠢᠭᠤᠨ ᠤ ᠠᠵᠢᠯ ᠣᠯᠤᠭᠠᠳᠤᠶ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠶᠢ ᠬᠥᠲᠥᠯᠦᠨ ᠵᠢᠯᠣᠭᠤᠳᠬᠤ ᠶᠢᠨ ᠳᠣᠰᠠᠳᠠ᠂ 2 ᠰᠠᠷ᠎ᠠ ᠶᠢᠨ 22᠎ ᠤᠨ ᠡᠳᠦᠷ᠂ ᠬᠤᠰᠢᠭᠤᠨ ᠤ ᠨᠠᠮ ᠪᠠ ᠣᠯᠠᠨ ᠳᠥᠮᠡᠨᠴᠢ ᠦᠢᠯᠡᠴᠢᠯᠡᠭᠡᠨ ᠤ ᠲᠥᠪ ᠤᠨ ᠬᠠᠮᠳᠤᠷᠠᠭᠰᠠᠨ ᠨᠠᠮ ᠤᠨ ᠠᠵᠢᠯᠯᠠᠬᠤ ᠬᠤᠷᠢᠶ᠎ᠠ ᠨᠢ ︽ᠵᠠᠯᠠᠭᠤ ᠨᠠᠰᠤᠨ ᠤ ᠬᠦᠰᠡᠯ ᠵᠡᠭᠦᠳᠦ ᠶᠢ ᠲᠡᠷᠭᠡᠯᠰᠢᠯᠡᠬᠦᠯᠵᠦ ᠠᠯᠪᠠᠨ ᠰᠢᠯᠭᠠᠯᠲᠠ ᠳᠤ ᠬᠦᠴᠦᠨ ᠨᠡᠮᠡᠷᠢᠯᠡᠶ᠎ᠡ︾ ᠭᠡᠬᠦ ᠰᠢᠷᠢᠰ ᠠᠵᠢᠯᠯᠠᠭ᠎ᠠ ᠡᠷᠭᠢᠯᠡᠵᠦ᠂ ᠣᠯᠠᠨ ᠡᠰᠢᠵᠢᠭᠰᠡᠨ ᠰᠤᠷᠤᠯᠴᠠᠵᠤ ᠰᠣᠯᠢᠯᠴᠠᠬᠤ ᠲᠠᠪᠴᠠᠩ ᠢ ᠪᠠᠶᠢᠭᠤᠯᠤᠨ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠰᠢᠰᠲ᠋ᠧᠮᠵᠢᠭᠰᠡᠨ᠂ ᠲᠤᠰᠬᠠᠶᠢᠵᠢᠭᠰᠠᠨ ᠵᠢᠯᠣᠭᠤᠳᠬᠤ ᠴᠢᠨᠠᠷᠲᠡᠢ ᠦᠢᠯᠡᠴᠢᠯᠡᠭᠡ ᠬᠠᠩᠭᠠᠵᠤ᠂ ᠰᠢᠯᠭᠠᠯᠲᠠ ᠬᠦᠯᠢᠶᠡᠬᠦ ᠴᠢᠳᠠᠪᠤᠷᠢ ᠪᠠ ᠶᠡᠷᠦᠩᠬᠡᠶᠢᠯᠡᠭᠰᠡᠨ ᠬᠡᠪ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠪᠡ᠃    ᠡᠵᠡᠨ᠎ᠡ ᠬᠤᠰᠢᠭᠤᠨ ᠤ ᠨᠠᠮ ᠪᠠ ᠤᠯᠠᠨ ᠳᠥᠮᠡᠨᠴᠢ ᠦᠢᠯᠡᠴᠢᠯᠡᠭᠡᠨ ᠤ ᠲᠥᠪ ᠤᠨ ᠬᠤᠶᠠᠳᠤᠭᠠᠷ ᠳᠠᠪᠬᠤᠷᠭ᠎ᠠ ᠶᠢᠨ ᠨᠠᠮ ᠤᠨ ᠪᠠᠶᠢᠭᠤᠯᠤᠯᠲᠠ ᠶᠢᠨ ᠤᠯᠠᠨ ᠴᠢᠳᠠᠮᠵᠢᠳᠤ ᠠᠵᠢᠯᠯᠠᠭᠠᠨ ᠤ ᠭᠡᠷ ᠲᠤ᠂ ᠰᠢᠯᠭᠠᠯᠲᠠ ᠶᠢᠨ ᠵᠢᠯᠤᠭᠤᠳᠤᠯᠭ᠎ᠠ ᠶᠢᠨ ᠲᠠᠶᠢᠯᠤᠮᠵᠢ ᠶᠢᠨ ᠬᠢᠴᠢᠶᠠᠯ ᠡᠬᠢᠯᠡᠪᠡ᠃ ᠠᠵᠢᠯᠯᠠᠭ᠎ᠠ ᠳᠤ ᠬᠤᠰᠢᠭᠤᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠺᠠᠳ᠋ᠷ ᠤᠨ ᠴᠢᠳᠠᠪᠤᠷᠢᠲᠠᠨ ᠤ ᠲᠠᠰᠤᠭ ᠤᠨ ᠬᠠᠷᠢᠭᠤᠴᠠᠯᠭᠠᠲᠠᠨ ᠢ ᠤᠷᠢᠵᠤ᠂ ᠲᠤᠬᠠᠶ ᠶᠢᠨ ᠲᠠᠯᠠᠪᠠᠶ ᠳᠤ ᠪᠠᠶᠢᠭ᠎ᠠ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠯᠪᠠᠲᠠᠨ ᠡᠯᠰᠡᠬᠦ ᠰᠢᠯᠭᠠᠯᠲᠠ ᠶᠢᠨ ᠲᠥᠷᠥ ᠶᠢᠨ ᠪᠣᠳᠣᠯᠭ᠎ᠠ᠂ ᠨᠡᠷ᠎ᠡ ᠮᠡᠳᠡᠭᠦᠯᠬᠦ ᠶᠠᠪᠤᠴᠠ ᠵᠢᠴᠢ ᠠᠩᠬᠠᠷᠬᠤ ᠵᠦᠢᠯᠡᠰ ᠢ ᠨᠠᠷᠢᠨ ᠲᠠᠶᠢᠯᠪᠤᠷᠢᠯᠠᠨ ᠥᠭᠴᠦ᠂ ᠲᠠᠶᠢᠯᠤᠮᠵᠢ ᠨᠢ ᠪᠠᠰᠠ ᠥᠩᠭᠡᠷᠡᠭᠰᠡᠨ ᠵᠢᠯ ᠤᠳ ᠤᠨ ᠡᠯᠰᠡᠬᠦ ᠲᠤᠭ᠎ᠠ ᠪᠠᠷᠢᠮᠲᠠ ᠲᠠᠢ ᠤᠶᠠᠯᠳᠤᠭᠤᠯᠤᠨ᠂ ᠬᠠᠯᠠᠮᠰᠢᠯ ᠠᠵᠢᠯ ᠤᠨ ᠪᠠᠶᠢᠷᠢ ᠶᠢᠨ ᠥᠷᠢᠰᠥᠯᠳᠦᠭᠡᠨ ᠤ ᠪᠠᠶᠢᠳᠠᠯ ᠵᠢᠴᠢ ᠠᠵᠢᠯ ᠤᠨ ᠪᠠᠶᠢᠷᠢ ᠰᠣᠩᠭᠤᠬᠤ ᠠᠷᠭ᠎ᠠ ᠪᠣᠳᠣᠯᠭ᠎ᠠ ᠶᠢ ᠵᠠᠳᠠᠯᠵᠤ᠂ ᠰᠢᠯᠭᠠᠭᠤᠯᠤᠭᠰᠠᠳ ᠢ ᠬᠠᠪᠰᠤᠷᠤᠨ ᠰᠢᠯᠭᠠᠯᠲᠠ ᠳᠤ ᠪᠡᠯᠡᠳᠬᠡᠬᠦ ᠲᠥᠯᠥᠪᠯᠡᠭᠡ ᠶᠢ ᠨᠠᠩ ᠰᠠᠶᠢᠨ ᠲᠣᠭᠲᠠᠭᠠᠵᠤ ᠥᠭᠴᠡᠶ᠃    ᠶᠡᠭᠡ ᠳᠡᠭᠡᠳᠦ ᠰᠤᠷᠭᠠᠭᠤᠯᠢ ᠠᠴᠠ ᠲᠡᠭᠦᠰᠦᠭᠰᠡᠨ ᠤᠶᠤᠳᠡᠨ ᠸᠠᠩ ᠲᠤᠤ᠄ ︽ᠥᠨᠥᠳᠦᠷ ᠤᠨ ᠲᠠᠶᠢᠯᠤᠮᠵᠢ ᠨᠢ ᠨᠠᠮᠠᠶᠢ ᠠᠯᠪᠠᠲᠠᠨ ᠤ ᠰᠢᠯᠭᠠᠯᠲᠠ ᠶᠢᠨ ᠲᠤᠬᠠᠶ ᠨᠠᠩ ᠲᠣᠳᠣᠷᠬᠠᠶ ᠲᠠᠨᠢᠯᠲᠠ ᠲᠠᠢ ᠪᠣᠯᠭᠠᠵᠠᠶ᠂ ᠢᠯᠠᠩᠭᠤᠶ᠎ᠠ ᠠᠵᠢᠯ ᠤᠨ ᠪᠠᠶᠢᠷᠢ ᠶᠢᠨ ᠵᠠᠳᠠᠯᠤᠯᠲᠠ ᠶᠢᠨ ᠬᠡᠰᠡᠭ ᠨᠢ ᠨᠠᠳᠠ ᠳᠤ ᠨᠡᠷ᠎ᠡ ᠮᠡᠳᠡᠭᠦᠯᠬᠦ ᠴᠢᠭᠯᠡᠯ ᠢ ᠲᠣᠳᠣᠷᠬᠠᠶ ᠪᠣᠯᠭᠠᠭᠰᠠᠨ᠃ ᠬᠤᠶᠢᠰᠢᠳᠠ ᠶᠢᠨ ᠪᠢᠷ ᠤᠨ ᠰᠢᠯᠭᠠᠯᠲᠠ ᠶᠢᠨ ᠬᠠᠪᠰᠤᠷᠤᠨ ᠵᠢᠯᠣᠭᠤᠳᠤᠯᠭ᠎ᠠ ᠪᠠ ᠳᠠᠭᠤᠷᠢᠶᠠᠮᠠᠯ ᠰᠢᠯᠭᠠᠯᠲᠠ ᠳᠤ ᠤᠯᠠᠮ ᠨᠢᠭᠡ ᠠᠯᠬᠤᠮ ᠳᠡᠭᠡᠭᠰᠢᠯᠡᠯᠳᠡ ᠲᠠᠢ ᠪᠣᠯᠬᠤ ᠶᠢ ᠬᠦᠰᠡᠵᠦ ᠪᠠᠶᠢᠨ᠎ᠠ︾ ᠭᠡᠪᠡ᠃    ᠣᠶᠢᠯᠠᠭᠠᠭᠰᠠᠨ ᠢᠶᠠᠷ᠂ ᠲᠣᠰ ᠤᠳᠠᠭᠠᠨ ᠤ ︽ᠵᠠᠯᠠᠭᠤ ᠨᠠᠰᠤᠨ ᠤ ᠬᠦᠰᠡᠯ ᠵᠡᠭᠦᠳᠦ ᠶᠢ ᠲᠡᠷᠭᠡᠯᠰᠢᠭᠦᠯᠵᠦ ᠠᠯᠪᠠᠨ ᠰᠢᠯᠭᠠᠯᠲᠠ ᠳᠤ ᠬᠦᠴᠦᠨ ᠨᠡᠮᠡᠷᠢᠯᠡᠶ᠎ᠡ︾ ᠰᠢᠷᠢᠰ ᠠᠵᠢᠯᠯᠠᠭ᠎ᠠ ᠨᠢ ᠰᠢᠯᠭᠠᠯᠲᠠ ᠳᠤ ᠪᠡᠯᠡᠳᠬᠡᠵᠦ ᠵᠢᠭᠠᠨ ᠵᠢᠯᠣᠭᠤᠳᠬᠤ ᠲᠠᠶᠢᠯᠤᠮᠵᠢ ᠠᠴᠠ ᠭᠠᠳᠠᠨ᠎ᠠ᠂ ᠪᠠᠰᠠ ᠪᠢᠷ ᠤᠨ ᠰᠢᠯᠭᠠᠯᠲᠠ ᠶᠢᠨ ᠬᠠᠪᠰᠤᠷᠤᠨ ᠵᠢᠯᠣᠭᠤᠳᠣᠯᠭ᠎ᠠ ᠶᠢ ᠵᠣᠬᠢᠶᠠᠨ ᠪᠠᠶᠢᠭᠤᠯᠵᠤ᠂ ᠳᠠᠭᠤᠷᠢᠶᠠᠮᠠᠯ ᠰᠢᠯᠭᠠᠯᠲᠠ ᠪᠠ ᠦᠨᠡᠯᠡᠯᠲᠡ ᠶᠢᠨ ᠠᠭᠤᠯᠭ᠎ᠠ ᠨᠢ ᠪᠠᠶᠠᠯᠢᠭ᠂ ᠬᠡᠯᠪᠡᠷᠢ ᠨᠢ ᠣᠯᠠᠨ ᠶᠠᠩᠵᠤ ᠎ ᠶᠢ ᠬᠠᠮᠤᠷᠠᠵᠤ ᠪᠤᠢ᠃ ᠡᠭᠦᠨ ᠳᠤ᠂ ᠪᠢᠷ ᠤᠨ ᠰᠢᠯᠭᠠᠯᠲᠠ ᠨᠢ ᠠᠯᠪᠠᠲᠠᠨ ᠤ ᠰᠢᠯᠭᠠᠯᠲᠠ ᠵᠢᠭᠠᠨ ᠰᠤᠷᠭᠠᠯᠲᠠ ᠶᠢᠨ ᠡᠯᠪᠡᠭ ᠪᠠᠶᠠᠯᠢᠭ ᠲᠤᠷᠰᠢᠯᠭ᠎ᠠ ᠲᠠᠢ ᠪᠠᠭᠰᠢ ᠶᠢ ᠤᠷᠢᠵᠤ ᠲᠤᠬᠠᠶ ᠶᠢᠨ ᠲᠠᠯᠠᠪᠤᠷ ᠲᠤ ᠬᠢᠴᠢᠶᠡᠯᠯᠡᠭᠦᠯᠵᠦ᠂ ᠰᠢᠯᠭᠠᠭᠤᠯᠤᠭᠴᠢ ᠶᠢ ᠬᠠᠪᠰᠤᠷᠤᠨ ᠠᠵᠢᠯ ᠲᠥᠷᠥᠯ ᠤᠨ ᠬᠡᠮᠵᠢᠯᠲᠡ ᠪᠠ ᠣᠨᠣᠯ ᠢ ᠰᠢᠰᠲ᠋ᠧᠮ ᠲᠠᠢ ᠰᠤᠷᠤᠯᠴᠠᠭᠤᠯᠬᠤ ᠠᠴᠠ ᠭᠠᠳᠠᠨ᠎ᠠ᠂ ᠠᠵᠢᠯᠯᠠᠭ᠎ᠠ ᠨᠢ ᠪᠠᠰᠠ ᠨᠠᠮ ᠪᠠ ᠣᠯᠠᠨ ᠳᠥᠮᠡᠨᠴᠢ ᠦᠢᠯᠡᠴᠢᠯᠡᠭᠡᠨ ᠤ ᠲᠥᠪ ᠤᠨ ᠬᠤᠶᠠᠳᠤᠭᠠᠷ ᠳᠠᠪᠬᠤᠷᠭ᠎ᠠ ᠶᠢᠨ ᠨᠠᠮ ᠤᠨ ᠪᠠᠶᠢᠭᠤᠯᠤᠯᠲᠠ ᠶᠢᠨ ᠣᠯᠠᠨ ᠴᠢᠳᠠᠮᠵᠢᠲᠤ ᠠᠵᠢᠯᠯᠠᠭᠠᠨ ᠤ ᠲᠠᠰᠤᠭ ᠪᠠ ᠨᠣᠮ ᠤᠩᠰᠢᠬᠤ ᠲᠠᠰᠤᠭ ᠲᠤ ᠰᠢᠯᠭᠠᠯᠲᠠ ᠶᠢᠨ ᠳᠠᠪᠲᠠᠯᠭ᠎ᠠ ᠶᠢᠨ ᠲᠠᠰᠤᠭ ᠪᠠ ᠰᠤᠷᠤᠯᠴᠠᠬᠤ ᠳᠤᠭᠤᠶᠢᠯᠠᠩ ᠲᠣᠬᠢᠷᠠᠭᠤᠯᠵᠤ᠂ ᠰᠢᠯᠭᠠᠭᠤᠯᠤᠭᠰᠠᠳ ᠤᠨ ᠲᠥᠪᠯᠡᠷᠡᠭᠦᠯᠦᠨ ᠰᠤᠷᠤᠯᠴᠠᠬᠤ ᠪᠠ ᠰᠣᠯᠢᠯᠴᠠᠬᠤ ᠳᠤ ᠲᠥᠬᠦᠮ ᠦᠵᠡᠭᠦᠯᠪᠡ᠃    ᠡᠵᠡᠨ᠎ᠡ ᠬᠤᠰᠢᠭᠤᠨ ᠤ ᠨᠠᠮ ᠪᠠ ᠣᠯᠠᠨ ᠳᠥᠮᠡᠨᠴᠢ ᠦᠢᠯᠡᠴᠢᠯᠡᠭᠡᠨ ᠤ ᠲᠥᠪ ᠤᠨ ᠡᠷᠬᠢᠯᠡᠭᠴᠢ ᠵᠢᠶᠣᠣ ᠹᠦ᠋ ᠰᠢᠩ᠄ ︽ᠪᠢᠳᠡ ︿ᠵᠠᠯᠠᠭᠤ ᠨᠠᠰᠤᠨ ᠤ ᠬᠦᠰᠡᠯ ᠵᠡᠭᠦᠳᠦ ᠶᠢ ᠲᠡᠷᠭᠡᠯᠰᠢᠯᠡᠬᠦᠯᠵᠦ ᠠᠯᠪᠠᠨ ᠰᠢᠯᠭᠠᠯᠲᠠ ᠳᠤ ᠬᠦᠴᠦᠨ ᠨᠡᠮᠡᠷᠢᠯᠡᠶ᠎ᠡ﹀ ᠰᠢᠷᠢᠰ ᠠᠵᠢᠯᠯᠠᠭ᠎ᠠ ᠪᠠᠷ ᠳᠡᠮᠵᠢᠨ᠂ ᠪᠥᠬᠦ ᠬᠤᠰᠢᠭᠤᠨ ᠤ ᠠᠵᠢᠯ ᠣᠯᠤᠭᠠᠳᠤᠶ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠪᠥᠬᠦ ᠲᠠᠯ᠎ᠠ ᠶᠢᠨ ᠰᠢᠯᠭᠠᠯᠲᠠ ᠳᠤ ᠪᠡᠯᠡᠳᠬᠡᠬᠦ ᠳᠡᠮᠵᠢᠯᠭᠡ ᠶᠢᠨ ᠲᠠᠪᠴᠠᠩ ᠬᠠᠩᠭᠠᠬᠤ ᠶᠢ ᠬᠦᠰᠡᠵᠦ ᠪᠠᠶᠢᠨ᠎ᠠ᠃ ᠪᠢᠳᠡ ᠲᠥᠷᠥ ᠶᠢᠨ ᠪᠣᠳᠣᠯᠭ᠎ᠠ ᠶᠢᠨ ᠲᠠᠶᠢᠯᠤᠮᠵᠢ᠂ ᠪᠢᠷ ᠤᠨ ᠰᠢᠯᠭᠠᠯᠲᠠ ᠶᠢᠨ ᠬᠠᠪᠰᠤᠷᠤᠨ ᠵᠢᠯᠣᠭᠤᠳᠣᠯᠭ᠎ᠠ᠂ ᠨᠢᠭᠤᠷᠲᠠᠨ ᠰᠢᠯᠭᠠᠬᠤ ᠪᠣᠯᠪᠠᠰᠤᠷᠠᠯ ᠵᠡᠷᠭᠡ ᠲᠤᠰᠬᠠᠶ ᠮᠡᠷᠭᠡᠵᠢᠯ ᠤᠨ ᠵᠢᠯᠣᠭᠤᠳᠣᠯᠭ᠎ᠠ ᠬᠠᠩᠭᠠᠬᠤ ᠪᠠᠷ ᠪᠠᠷᠠᠬᠤ ᠥᠬᠡᠶ᠂ ᠰᠢᠯᠭᠠᠭᠤᠯᠤᠭᠴᠢ ᠶᠢᠨ ᠰᠡᠳᠬᠢᠴᠡ ᠶᠢᠨ ᠵᠢᠯᠣᠭᠤᠳᠣᠯᠭ᠎ᠠ ᠪᠠ ᠪᠦᠯᠬᠦᠮ ᠨᠡᠶᠢᠲᠡ ᠶᠢᠨ ᠪᠠᠶᠢᠭᠤᠯᠤᠯᠲᠠ ᠶᠢ ᠴᠤ ᠣᠨᠴᠠᠭᠠᠶᠢᠯᠠᠨ ᠴᠢᠬᠤᠯᠠᠴᠢᠯᠠᠵᠤ᠂ ᠲᠡᠳᠡᠨ ᠢ ᠬᠠᠪᠰᠤᠷᠤᠨ ᠰᠢᠯᠭᠠᠯᠲᠠ ᠳᠤ ᠪᠡᠯᠡᠳᠬᠡᠬᠦ ᠶᠠᠪᠤᠴᠠ ᠳᠤ ᠢᠳᠡᠪᠬᠢᠲᠡᠶ ᠰᠡᠳᠬᠢᠯᠭᠡ ᠪᠠ ᠰᠠᠶᠢᠨ ᠰᠠᠶᠢᠬᠠᠨ ᠪᠠᠶᠢᠳᠠᠯ ᠲᠠᠢ ᠪᠣᠯᠭᠠᠨ᠎ᠠ᠃ ᠡᠲᠡᠭᠡᠷ ᠠᠵᠢᠯᠯᠠᠭ᠎ᠠ ᠪᠠᠷ ᠳᠠᠮᠵᠢᠭᠤᠯᠤᠨ᠂ ᠰᠢᠯᠭᠠᠭᠤᠯᠤᠭᠰᠠᠳ ᠪᠠᠰᠠ ᠰᠢᠯᠭᠠᠯᠲᠠ ᠶᠢᠨ ᠥᠷᠢᠰᠥᠯᠳᠦᠭᠡᠨ ᠢ ᠨᠠᠩ ᠰᠠᠶᠢᠲᠤᠷ ᠠᠷᠭᠠᠴᠠᠵᠤ᠂ ᠠᠵᠢᠯ ᠣᠯᠭᠤᠯᠲᠠ ᠶᠢᠨ ᠬᠠᠷᠠᠯᠲᠠ ᠪᠠᠨ ᠤᠷᠤᠭᠰᠢᠲᠠᠶ ᠪᠡᠶᠡᠯᠡᠭᠦᠯᠵᠦ ᠴᠢᠳᠠᠨ᠎ᠠ ᠭᠡᠳᠡᠭ ᠢ ᠪᠢᠳᠡ ᠢᠲᠡᠭᠡᠵᠦ ᠪᠠᠶᠢᠨ᠎ᠠ︾ ᠭᠡᠪᠡ᠃    ᠰᠢᠰᠲ᠋ᠧᠮᠴᠢᠯᠡᠭᠰᠡᠨ ᠰᠢᠯᠭᠠᠯᠲᠠ ᠶᠢᠨ ᠪᠡᠯᠡᠳᠬᠡᠯ ᠵᠢᠯᠣᠭᠤᠳᠣᠯᠭ᠎ᠠ ᠪᠠ ᠣᠯᠠᠨ ᠡᠰᠢᠴᠢᠯᠡᠭᠰᠡᠨ ᠰᠤᠷᠤᠯᠴᠠᠯᠭ᠎ᠠ ᠪᠠᠷ ᠳᠠᠮᠵᠢᠭᠤᠯᠤᠨ᠂ ᠰᠢᠯᠭᠠᠭᠤᠯᠤᠭᠰᠠᠳ ᠤᠨ ᠰᠢᠯᠭᠠᠯᠲᠠ ᠶᠢ ᠠᠷᠭᠠᠴᠠᠬᠤ ᠴᠢᠳᠠᠪᠤᠷᠢ ᠪᠠ ᠶᠡᠷᠦᠩᠬᠡᠶᠢᠯᠡᠭᠰᠡᠨ ᠬᠡᠪ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠳᠡᠭᠡᠳᠦ ᠰᠤᠷᠭᠠᠭᠤᠯᠢ ᠲᠡᠭᠦᠰᠦᠭᠰᠡᠳ ᠤᠨ ᠡᠵᠡᠨ᠎ᠡ ᠳᠤ ᠰᠠᠭᠤᠷᠢᠯᠡᠨ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠳᠤ ᠰᠢᠨ᠎ᠡ ᠠᠮᠢᠵᠢᠷᠠᠯ ᠤᠨ ᠬᠦᠴᠦᠨ ᠪᠠ ᠬᠥᠳᠡᠯᠭᠡᠬᠦ ᠬᠦᠴᠦᠨ ᠨᠡᠮᠡᠷᠢᠯᠡᠬᠦ ᠪᠣᠯᠤᠨ᠎ᠠ᠃
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号