ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠳᠤ ᠬᠡᠷᠡᠭᠯᠡᠬᠦ ᠭᠠᠵᠠᠷ ᠤᠨ ᠲᠡᠦᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ ᠠᠵᠢᠯ ᠤᠨ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠢ ᠲᠠᠮᠵᠢᠭᠤᠯᠤᠨ ᠶᠠᠪᠤᠭᠤᠯᠬᠤ ᠲᠤᠬᠠᠢ ᠡᠵᠡᠨ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠠᠯᠠᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2025/2/26
ᠪᠥᠬᠦ ᠬᠤᠰᠢᠭᠤᠨ ᠤ ᠡᠯ᠎ᠡ ᠨᠢᠭᠡᠴᠡ᠄    ᠪᠥᠬᠦ ᠬᠤᠰᠢᠭᠤᠨ ᠤ ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠳᠤ ᠬᠡᠷᠡᠭᠯᠡᠬᠦ ᠭᠠᠵᠠᠷ ᠤᠨ ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠠᠵᠢᠯ ᠢ ᠦᠨᠡᠨ ᠬᠦ ᠴᠢᠩᠭᠠᠳᠬᠠᠵᠤ᠂ ᠭᠠᠵᠠᠷ ᠳᠡᠭᠡᠷᠡᠬᠢ ᠲᠡᠤᠬᠡ ᠶᠢᠨ ᠳᠤᠷᠠᠰᠬᠠᠯᠲᠤ ᠵᠦᠢᠯᠡᠰ ᠢ ︽ᠤᠷᠢᠳᠠᠪᠠᠷ ᠪᠠᠶᠢᠴᠠᠭᠠᠵᠤ᠂ ᠳᠠᠷᠠᠭ᠎ᠠ ᠨᠢ ᠪᠥᠲᠥᠭᠡᠨ ᠪᠠᠶᠢᠭᠤᠯᠬᠤ︾᠂ ᠭᠠᠵᠠᠷ ᠳᠣᠤᠷᠠᠬᠢ ᠲᠡᠤᠬᠡ ᠶᠢᠨ ᠳᠤᠷᠠᠰᠬᠠᠯᠲᠤ ᠵᠦᠢᠯᠡᠰ ᠳᠤ ︽ᠤᠷᠢᠳ ᠢᠶᠠᠷ ᠬᠠᠭᠤᠴᠢ ᠰᠤᠳᠤᠯᠤᠯ ᠬᠢᠵᠦ᠂ ᠳᠠᠷᠠᠭ᠎ᠠ ᠨᠢ ᠰᠢᠯᠵᠢᠭᠦᠯᠦᠨ ᠬᠤᠳᠠᠯᠳᠤᠬᠤ︾ ᠲᠦᠷᠢᠮ ᠢ ᠨᠠᠶᠢᠳᠠᠪᠤᠷᠢᠵᠢᠭᠤᠯᠬᠤ ᠶᠢᠨ ᠲᠥᠯᠥᠭᠡ᠂ ︽ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠲᠡᠤᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠶᠢᠨ ᠤᠷᠢᠳᠠᠴᠢ ᠬᠢᠨᠠᠨ ᠪᠠᠶᠢᠴᠠᠭᠠᠬᠤ ᠠᠵᠢᠯ ᠢ ᠴᠢᠩᠭᠠᠳᠬᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ᠥᠪᠥᠷ ᠵᠠᠰᠠᠭ ᠠᠯᠪᠠᠨ ᠲᠠᠷᠬᠠᠭᠠᠭᠰᠠᠨ ︹2020︺ 40 ᠳ᠋ᠦ᠋ᠭᠡᠷ ᠲᠣᠭᠠᠲᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠲᠡᠤᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ ᠶᠢᠨ ᠮᠡᠳᠡᠭᠳᠡᠯ︾ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠤᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ︹2024︺55 ᠳ᠋ᠤᠭᠠᠷ ᠲᠣᠭᠠᠲᠤ ᠪᠢᠴᠢᠭ ᠮᠠᠲ᠋ᠧᠷᠢᠶᠠᠯ ᠢ ᠦᠨᠳᠦᠰᠦᠯᠡᠨ᠂ ᠣᠲᠣ ᠪᠥᠬᠦ ᠬᠤᠰᠢᠭᠤᠨ ᠤ ᠡᠯ᠎ᠡ ᠨᠢᠭᠡᠴᠡ ᠳᠤ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠳᠤᠮᠳᠠ ᠲᠡᠤᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠢ ᠤᠯᠠᠮᠵᠢᠯᠠᠨ ᠲᠠᠷᠬᠠᠭᠠᠵᠤ᠂ ᠡᠯ᠎ᠡ ᠨᠢᠭᠡᠴᠡ ᠠᠴᠠ ᠪᠢᠴᠢᠭ ᠮᠠᠲ᠋ᠧᠷᠢᠶᠠᠯ ᠤᠨ ᠠᠭᠤᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠲᠡᠤᠬᠡ ᠶᠢᠨ ᠳᠤᠷᠠᠰᠬᠠᠯᠲᠤ ᠵᠦᠢᠯᠡᠰ ᠲᠤ ᠬᠤᠯᠪᠣᠭᠳᠠᠭᠰᠠᠨ ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠨᠢᠭᠡᠴᠡ ᠨᠢ ᠱᠠᠭᠠᠷᠳᠠᠯᠭ᠎ᠠ ᠶᠣᠰᠣᠭᠠᠷ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠤᠷᠢᠳᠠᠴᠢ ᠬᠢᠨᠠᠨ ᠵᠥᠪᠰᠢᠶᠡᠷᠡᠵᠦ ᠳᠠᠩᠰᠠᠯᠠᠬᠤ ᠵᠡᠷᠭᠡ ᠠᠵᠢᠯ ᠢ ᠰᠠᠶᠢᠲᠤᠷ ᠬᠢᠬᠦ ᠬᠡᠷᠡᠭᠲᠡᠶ᠃    ᠣᠨᠴᠠᠭᠠᠶᠢᠯᠠᠨ ᠮᠡᠳᠡᠭᠳᠡᠪᠡ᠃    ᠳᠠᠭᠠᠯᠳᠤᠭᠤᠯᠤᠯ᠄ 1. ︽ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠳᠤ ᠲᠡᠤᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠤᠷᠢᠳᠠᠴᠢ ᠬᠢᠨᠠᠨ ᠪᠠᠶᠢᠴᠠᠭᠠᠬᠤ ᠠᠵᠢᠯ ᠢ ᠴᠢᠩᠭᠠᠳᠬᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ︹2020︺ 40 ᠳ᠋ᠦ᠋ᠭᠡᠷ ᠲᠣᠭᠠᠲᠤ ᠪᠢᠴᠢᠭ ᠮᠠᠲ᠋ᠧᠷᠢᠶᠠᠯ    2. ︽ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠳᠤ ᠬᠡᠷᠡᠭᠯᠡᠬᠦ ᠭᠠᠵᠠᠷ ᠤᠨ ᠲᠡᠤᠬᠡ ᠶᠢᠨ ᠳᠤᠷᠠᠰᠬᠠᠯᠲᠤ ᠵᠦᠢᠯ ᠤᠨ ᠬᠠᠮᠠᠭᠠᠯᠠᠯᠲᠠ ᠶᠢᠨ ᠠᠵᠢᠯ ᠢ ᠴᠢᠩᠭᠠᠳᠬᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠮᠡᠳᠡᠭᠳᠡᠯ︾ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠤᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ︹2024︺34 ᠳ᠋ᠦ᠋ᠭᠡᠷ ᠲᠣᠭᠠᠲᠤ ᠪᠢᠴᠢᠭ ᠮᠠᠲ᠋ᠧᠷᠢᠶᠠᠯ    3. ︽ᠦᠨᠳᠦᠰᠦᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠠᠭᠤᠴᠢ ᠰᠤᠳᠤᠯᠤᠯ ᠤᠨ ᠠᠵᠢᠯ ᠢ ᠰᠠᠶᠢᠲᠤᠷ ᠬᠢᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠤᠬᠡ ᠶᠢᠨ ᠳᠤᠷᠠᠰᠬᠠᠯᠲᠤ ᠵᠦᠢᠯ ᠤᠨ ᠲᠣᠪᠴᠢᠶ᠎ᠠ ᠶᠢᠨ ᠮᠡᠳᠡᠭᠳᠡᠯ︾ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠤᠬᠡ ᠶᠢᠨ ᠳᠤᠷᠠᠰᠬᠠᠯᠲᠤ ᠵᠦᠢᠯ ᠤᠨ ᠲᠤᠪᠴᠢᠶ᠎ᠠ ︹2024︺ 55 ᠳ᠋ᠤᠭᠠᠷ ᠲᠣᠭᠠᠲᠤ ᠪᠢᠴᠢᠭ ᠮᠠᠲ᠋ᠧᠷᠢᠶᠠᠯ                                   2024 ᠣᠨ ᠤ 11 ᠰᠠᠷ᠎ᠠ ᠶᠢᠨ 4 ᠤ ᠡᠳᠦᠷ      ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠳᠤ ᠬᠡᠷᠡᠭᠯᠡᠬᠦ ᠭᠠᠵᠠᠷ ᠤᠨ ᠲᠡᠦᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ ᠠᠵᠢᠯ ᠤᠨ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠢ ᠲᠠᠮᠵᠢᠭᠤᠯᠤᠨ ᠶᠠᠪᠤᠭᠤᠯᠬᠤ ᠲᠤᠬᠠᠢ ᠡᠵᠡᠨ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠠᠯᠠᠪᠠᠨ ᠭᠡᠷ ᠤᠨ ᠮᠡᠳᠡᠭᠳᠡᠯ 
 
ᠢᠷᠡᠯᠲᠡ᠄ ᠡᠵᠡᠨ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号