ᠡᠵᠡᠨ᠎ᠡ ᠬᠤᠰᠢᠭᠤᠨ ᠤ ᠤᠳᠬ᠎ᠠ ᠤᠷᠠᠯᠢᠭ ᠤᠨ ᠬᠢᠨ ᠤ ᠬᠤᠯᠪᠣᠭᠠᠲᠤ ᠬᠤᠷᠠᠯ ᠤᠨ ᠠᠩᠬᠠᠳᠤᠭᠠᠷ ᠤᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠤᠳᠠᠭᠠᠨ ᠤ ᠪᠦᠭᠦᠳᠡ ᠬᠤᠷᠠᠯ ᠠᠮᠵᠢᠯᠲᠠ ᠲᠠᠢ ᠲᠡᠭᠦᠰᠪᠡ
ᠨᠡᠶᠢᠲᠡᠯᠡᠭᠰᠡᠨ ᠴᠠᠭ᠄
2025/2/28
    2 ᠰᠠᠷ᠎ᠠ ᠶᠢᠨ 24᠎ ᠤ ᠡᠳᠦᠷ ᠤᠨ ᠦᠳᠡ ᠶᠢᠨ ᠬᠤᠶᠢᠨ᠎ᠠ᠂ ᠡᠵᠡᠨ᠎ᠡ ᠬᠤᠰᠢᠭᠤᠨ ᠤ ᠤᠳᠬ᠎ᠠ ᠤᠷᠠᠯᠢᠭ ᠤᠨ ᠎ ᠬᠢᠨ ᠤ ᠬᠤᠯᠪᠣᠭᠠᠲᠤ ᠬᠤᠷᠠᠯ ᠤᠨ ᠠᠩᠬᠠᠳᠤᠭᠠᠷ ᠤᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠬᠤᠶᠠᠳᠤᠭᠠᠷ ᠤᠳᠠᠭᠠᠨ ᠤ ᠪᠥᠬᠦᠳᠡ ᠬᠤᠷᠠᠯ ᠢ ᠬᠤᠷᠠᠯᠳᠤᠭᠤᠯᠵᠤ᠂ ᠡᠯ᠎ᠡ ᠵᠦᠢᠯ ᠤᠨ ᠵᠥᠪᠯᠡᠬᠦ ᠵᠦᠢᠯ ᠢᠶᠠᠨ ᠠᠮᠵᠢᠯᠲᠠ ᠲᠠᠢ ᠪᠡᠶᠡᠯᠡᠭᠦᠯᠦᠭᠰᠡᠨ ᠤ ᠳᠠᠷᠠᠭ᠎ᠠ ᠲᠡᠭᠦᠰᠪᠡ᠃ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠳ᠋ᠦ᠋ ᠶᠦᠩ ᠭᠠᠩ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠷᠧᠨ ᠰᠢ ᠴᠧᠨ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠰᠠᠶᠢᠨᠪᠠᠶᠠᠷ ᠬᠤᠷᠠᠯ ᠳᠤ ᠣᠷᠣᠯᠴᠠᠪᠠ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠱᠢ ᠲᠢᠩ ᠬᠤᠷᠠᠯ ᠢ ᠡᠷᠭᠢᠯᠡᠪᠡ᠃ ᠡᠯ᠎ᠡ ᠣᠯᠠᠨ ᠲᠦᠮᠡᠨ ᠤ ᠪᠦᠯᠬᠦᠮ ᠤᠨ ᠭᠤᠤᠯ ᠬᠠᠷᠢᠭᠤᠴᠠᠯᠭᠠᠲᠠᠨ ᠵᠢᠴᠢ ᠬᠤᠰᠢᠭᠤᠨ ᠤ ᠤᠳᠬ᠎ᠠ ᠤᠷᠠᠯᠢᠭ ᠤᠨ ᠬᠢᠨ ᠤ ᠬᠤᠯᠪᠣᠭᠠᠨ ᠤ ᠲᠡᠷᠢᠭᠦᠯᠡᠭᠴᠢ᠂ ᠳᠡᠳ᠋ ᠲᠡᠷᠢᠭᠦᠯᠡᠭᠴᠢ᠂ ᠡᠯ᠎ᠡ ᠤᠳᠬ᠎ᠠ ᠤᠷᠠᠯᠢᠭᠴᠢᠳ ᠤᠨ ᠨᠡᠶᠢᠭᠡᠮᠯᠢᠭ ᠤᠨ ᠲᠡᠷᠢᠭᠦᠯᠡᠭᠴᠢ ᠪᠠ ᠤᠷᠠᠯᠢᠭᠴᠢᠳ ᠤᠨ ᠲᠥᠯᠥᠭᠡᠯᠡᠭᠴᠢ ᠬᠤᠷᠠᠯ ᠳᠤ ᠣᠷᠣᠯᠴᠠᠵᠠᠶ᠃    ᠬᠤᠷᠠᠯ ᠠᠴᠠ ︽ᠡᠵᠡᠨ᠎ᠡ ᠬᠤᠰᠢᠭᠤᠨ ᠤ ᠤᠳᠬ᠎ᠠ ᠤᠷᠠᠯᠢᠭ ᠤᠨ ᠬᠢᠨ ᠤ ᠬᠤᠯᠪᠣᠭᠠᠲᠤ ᠬᠤᠷᠠᠯ ᠤᠨ ᠠᠩᠬᠠᠳᠤᠭᠠᠷ ᠬᠤᠭᠤᠴᠠᠭᠠᠨ ᠤ ᠪᠦᠭᠦ ᠭᠡᠰᠢᠭᠦᠳ ᠤᠨ ᠬᠤᠷᠠᠯ ᠤᠨ ᠲᠡᠷᠢᠭᠦᠯᠡᠭᠴᠢ᠂ ᠳᠡᠳ᠋ ᠲᠡᠷᠢᠭᠦᠯᠡᠭᠴᠢ ᠶᠢᠨ       ᠨᠡᠷᠡᠰ︾ ᠪᠣᠯᠤᠨ ︽ᠡᠵᠡᠨ᠎ᠡ ᠬᠤᠰᠢᠭᠤᠨ ᠤ ᠤᠳᠬ᠎ᠠ ᠤᠷᠠᠯᠢᠭ ᠤᠨ ᠬᠢᠨ ᠤ ᠬᠤᠯᠪᠣᠭᠠᠲᠤ ᠬᠤᠷᠠᠯ ᠤᠨ ᠠᠩᠬᠠᠳᠤᠭᠠᠷ ᠬᠤᠭᠤᠴᠠᠭᠠᠨ ᠤ ᠪᠦᠭᠦ ᠭᠡᠰᠢᠭᠦᠳ ᠤᠨ ᠬᠤᠷᠠᠯ ᠤᠨ ᠨᠠᠷᠢᠨ ᠪᠢᠴᠢᠭ ᠤᠨ ᠳᠠᠷᠤᠭ᠎ᠠ ᠶᠢ ᠤᠷᠢᠨ ᠲᠣᠮᠢᠯᠠᠬᠤ ᠲᠤᠬᠠᠢ ᠲᠣᠭᠲᠠᠭᠠᠯ︾᠎ ᠢ ᠤᠩᠰᠢᠨ ᠨᠡᠶᠢᠲᠡᠯᠡᠵᠦ᠂ ︽ᠡᠵᠡᠨ᠎ᠡ ᠬᠤᠰᠢᠭᠤᠨ ᠤ ᠤᠳᠬ᠎ᠠ ᠤᠷᠠᠯᠢᠭ ᠤᠨ ᠎ ᠬᠢᠨ ᠤ ᠬᠤᠯᠪᠣᠭᠠᠲᠤ ᠬᠤᠷᠠᠯ ᠤᠨ ᠠᠩᠬᠠᠳᠤᠭᠠᠷ ᠤᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠮᠡᠳᠡᠭᠦᠯᠦᠯᠲᠡ ᠶᠢᠨ ᠲᠤᠬᠠᠢ ᠰᠢᠢᠳᠪᠦᠷ᠊︾᠂ ︽ᠡᠵᠡᠨ᠎ᠡ ᠬᠤᠰᠢᠭᠤᠨ ᠤ ᠤᠳᠬ᠎ᠠ ᠵᠣᠬᠢᠶᠠᠯ ᠤᠷᠠᠯᠢᠭ ᠤᠨ ᠬᠢᠨ ᠤ ᠬᠤᠯᠪᠣᠭᠠᠲᠤ ᠬᠤᠷᠠᠯ ᠤᠨ ᠲᠦᠷᠢᠮ︾᠎ ᠢ ᠬᠢᠨᠠᠨ ᠵᠥᠪᠯᠡᠵᠦ ᠪᠠᠳᠤᠯᠠᠪᠠ᠃ ᠡᠵᠡᠨ᠎ᠡ ᠬᠤᠰᠢᠭᠤᠨ ᠤ ᠤᠳᠬ᠎ᠠ ᠤᠷᠠᠯᠢᠭ ᠤᠨ ᠬᠤᠯᠪᠣᠭᠠᠨ ᠤ ᠠᠩᠬᠠᠳᠤᠭᠠᠷ ᠬᠤᠭᠤᠴᠠᠭᠠᠨ ᠤ ᠤᠳᠤᠷᠢᠳᠬᠤ ᠪᠠᠶᠢᠭᠤᠯᠤᠮᠵᠢ ᠶᠢ ᠰᠣᠩᠭᠤᠨ       ᠭᠠᠷᠭᠠᠪᠠ᠃   ᠬᠤᠷᠠᠯ ᠠᠴᠠ ᠵᠢᠭᠠᠵᠤ ᠳᠠᠭᠠᠨ᠂ ᠲᠣᠰ ᠤᠳᠠᠭ᠎ᠠ ᠶᠢᠨ ᠶᠡᠭᠡ ᠬᠤᠷᠠᠯ ᠪᠣᠯ ᠪᠥᠬᠦ ᠬᠤᠰᠢᠭᠤ ᠪᠠᠷ ᠢᠶᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ᠂ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾᠎ ᠶᠢ ᠪᠡᠶᠡᠯᠡᠭᠦᠯᠬᠦ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾᠎ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ᠂ ᠡᠵᠡᠨ᠎ᠡ ᠶᠢᠨ ᠴᠢᠨᠠᠷ ᠰᠠᠶᠢᠲᠠᠶ ᠬᠥᠭᠵᠢᠯᠲᠡ ᠶᠢ ᠲᠦᠷᠭᠡᠳᠬᠡᠨ ᠠᠬᠢᠭᠤᠯᠬᠤ ᠰᠢᠨ᠎ᠡ ᠪᠠᠶᠢᠳᠠᠯ ᠳᠤᠤᠷ᠎ᠠ ᠬᠤᠷᠠᠯᠳᠤᠭᠤᠯᠤᠭᠰᠠᠨ ᠨᠢᠭᠡ ᠤᠳᠠᠭ᠎ᠠ ᠶᠢᠨ ᠴᠢᠬᠤᠯᠠ ᠬᠤᠷᠠᠯ ᠪᠣᠯᠤᠨ᠎ᠠ᠃ ᠶᠡᠭᠡ ᠬᠤᠷᠠᠯ ᠤᠨ ᠬᠤᠭᠤᠴᠠᠭᠠᠨ ᠳᠤ᠂ ᠲᠥᠯᠥᠭᠡᠯᠡᠭᠴᠢᠳ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠷ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠶ ᠭᠦᠢᠴᠡᠳᠬᠡᠵᠦ᠂ ᠤᠳᠬ᠎ᠠ ᠤᠷᠠᠯᠢᠭ ᠤᠨ ᠬᠥᠭᠵᠢᠯᠲᠡ ᠶᠢᠨ ᠶᠡᠭᠡ ᠪᠣᠳᠣᠯᠭ᠎ᠠ ᠶᠢ ᠬᠠᠮᠲᠤ ᠪᠠᠷ ᠵᠥᠪᠳᠡᠯᠴᠡᠨ᠂ ᠡᠵᠡᠨ᠎ᠡ ᠶᠢᠨ ᠤᠳᠬ᠎ᠠ ᠤᠷᠠᠯᠢᠭ ᠤᠨ ᠦᠢᠯᠡᠰ ᠤᠨ ᠴᠡᠴᠡᠭᠯᠡᠯ ᠬᠥᠭᠵᠢᠯ ᠢ ᠠᠬᠢᠭᠤᠯᠬᠤ ᠳᠤ ᠪᠠᠲᠤ ᠪᠠᠬᠢ ᠰᠠᠭᠤᠷᠢ ᠶᠢ ᠳᠠᠯᠪᠢᠪᠠ ᠭᠡᠪᠡ᠃    ᠬᠤᠷᠠᠯ ᠠᠴᠠ ᠴᠢᠬᠤᠯᠠᠴᠢᠯᠠᠬᠤ ᠳᠠᠭᠠᠨ᠂ ᠪᠥᠬᠦ ᠬᠤᠰᠢᠭᠤᠨ ᠤ ᠥᠷᠭᠡᠨ ᠣᠯᠠᠨ ᠤᠳᠬ᠎ᠠ ᠤᠷᠠᠯᠢᠭ ᠤᠨ ᠠᠵᠢᠯᠲᠠᠳ ᠡᠷᠬᠡᠪᠰᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ︽ᠬᠤᠶᠠᠷ ᠢ ᠲᠣᠭᠲᠠᠭᠠᠬᠤ︾᠎ ᠶᠢᠨ ᠰᠢᠢᠳᠪᠦᠷᠢᠯᠡᠭᠴᠢ ᠴᠢᠨᠠᠷᠲᠠᠶ ᠠᠴᠢ ᠬᠤᠯᠪᠣᠭᠳᠠᠯ ᠢ ᠭᠦᠨᠵᠡᠭᠡᠶ ᠤᠶᠢᠯᠠᠭᠠᠨ᠂ ︽ᠳᠥᠷᠪᠡᠨ ᠤᠬᠠᠮᠰᠠᠷ︾᠎ ᠢᠶᠠᠨ ᠴᠢᠩᠭᠠᠳᠬᠠᠨ᠂ ︽ᠳᠥᠷᠪᠡᠨ ᠢᠲᠡᠭᠡᠯ︾ ᠎ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾᠎ ᠶᠢ ᠪᠠᠶᠡᠯᠡᠬᠦᠯᠦᠨ᠂ ᠦᠵᠡᠯ ᠰᠠᠨᠠᠭ᠎ᠠ ᠤᠯᠤᠰ ᠲᠥᠷᠥ ᠣᠶᠢᠯᠡ ᠠᠵᠢᠯᠯᠠᠭ᠎ᠠ ᠶᠢᠨ ᠲᠠᠯ᠎ᠠ ᠪᠠᠷ ᠢᠮᠠᠭᠲᠠ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠶ ᠪᠠᠶᠢᠬᠤ ᠬᠡᠷᠡᠭᠲᠡᠶ᠃ ᠡᠷᠬᠡᠪᠰᠢ ᠰᠣᠳᠣᠨ ᠪᠦᠲᠦᠭᠡᠯ ᠤᠨ ᠤᠬᠠᠮᠰᠠᠷ ᠢ ᠪᠤᠢ ᠪᠣᠯᠭᠠᠵᠤ᠂ ᠶᠠᠰᠤ ᠴᠢᠨᠠᠷ ᠢᠶᠠᠷ ᠢᠯᠠᠬᠤ ᠶᠢ ᠡᠷᠡᠰ ᠪᠠᠷᠢᠮᠳᠠᠯᠠᠨ᠂ ᠰᠢᠯᠢᠳᠡᠭ ᠪᠦᠲᠦᠭᠡᠯ ᠢ ᠵᠣᠬᠢᠶᠠᠨ  ᠪᠦᠲᠦᠭᠡᠬᠦ ᠪᠠᠷ ᠭᠤᠣᠯ ᠭᠤᠭᠴᠤᠭ᠎ᠠ ᠪᠣᠯᠭᠠᠵᠤ᠂ ᠨᠢᠭᠲᠠ ᠠᠴᠠ ᠨᠢᠭᠲᠠ ᠪᠠᠶᠢᠵᠤ᠂ ᠰᠡᠳᠬᠢᠯ ᠰᠢᠭᠤᠳᠤᠨ ᠵᠣᠬᠢᠶᠠᠨ ᠪᠦᠲᠦᠭᠡᠵᠦ᠂ ᠦᠵᠡᠯ ᠰᠠᠨᠠᠭ᠎ᠠ ᠭᠦᠨ ᠨᠡᠩ ᠤᠯᠠᠨ ᠰᠣᠳᠣᠨ ᠪᠦᠲᠦᠭᠡᠯ ᠢ ᠴᠢᠷᠮᠠᠶᠢᠨ ᠭᠠᠷᠭᠠᠬᠤ ᠬᠡᠷᠡᠭᠲᠡᠢ᠃ ᠠᠷᠠᠳ ᠲᠦᠮᠡᠨ ᠳᠤ ᠦᠢᠯᠡᠴᠢᠯᠡᠬᠦ ᠵᠣᠷᠢᠯᠲᠠ ᠶᠢ ᠢᠮᠠᠭᠲᠠ ᠪᠠᠲᠤ ᠴᠡᠭᠡᠵᠢᠯᠡᠵᠦ᠂ ᠠᠷᠠᠳ ᠲᠦᠮᠡᠨ ᠢ ᠤᠳᠬ᠎ᠠ ᠤᠷᠠᠯᠢᠭ ᠤᠨ ᠢᠯᠡᠷᠡᠭᠦᠯᠬᠦ ᠪᠡᠶᠡᠴᠢ ᠴᠣᠭᠴᠠ ᠪᠣᠯᠭᠠᠨ᠂ ᠠᠷᠠᠳ ᠲᠦᠮᠡᠨ ᠢ ᠤᠳᠬ᠎ᠠ ᠤᠷᠠᠯᠢᠭ ᠤᠨ ᠭᠤᠸ᠎ᠠ ᠲᠠᠭᠠᠰᠢᠶᠠᠯ ᠤᠨ ᠰᠢᠡᠵᠢᠭᠴᠢ ᠪᠠ ᠰᠢᠭᠦᠮᠵᠢᠯᠡᠭᠴᠢ ᠪᠣᠯᠭᠠᠵᠤ᠂ ᠠᠷᠠᠳ ᠲᠦᠮᠡᠨ ᠤ ᠰᠡᠳᠬᠢᠯ ᠬᠠᠨᠤᠮᠵᠢᠲᠠᠢ ᠪᠠᠶᠢᠬᠤ ᠡᠰᠡᠬᠦ ᠪᠠᠷ ᠤᠳᠬ᠎ᠠ ᠤᠷᠠᠯᠢᠭ ᠤᠨ ᠠᠵᠢᠯ ᠢ ᠰᠢᠯᠭᠠᠬᠤ ᠨᠢᠭᠡᠳᠦᠭᠡᠷ ᠪᠠᠷᠢᠮᠵᠢᠶ᠎ᠠ ᠪᠣᠯᠭᠠᠬᠤ ᠬᠡᠷᠡᠭᠲᠡᠢ᠃ ᠤᠳᠬ᠎ᠠ ᠤᠷᠠᠯᠢᠭ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ ᠶᠠᠪᠤᠳᠠᠯ ᠢ ᠨᠢᠭᠡᠨ ᠴᠢᠬᠤᠯᠠ ᠡᠭᠦᠷᠭᠡ ᠪᠣᠯᠭᠠᠵᠤ᠂ ᠢᠳᠡᠪᠬᠢᠲᠡᠢ ᠪᠠᠷ ᠲᠠᠪᠴᠠᠩ ᠪᠠᠶᠢᠭᠤᠯᠤᠨ᠂ ᠦᠢᠯᠡᠴᠢᠯᠡᠭᠡᠨ ᠤ ᠲᠣᠭᠲᠠᠴᠠ ᠶᠢ ᠲᠡᠭᠦᠯᠳᠡᠷᠵᠢᠭᠦᠯᠵᠦ᠂ ᠬᠥᠮᠦᠵᠢᠭᠦᠯᠬᠦ ᠡᠷᠴᠢᠮ ᠢᠶᠠᠨ ᠴᠢᠩᠭᠠᠷᠠᠭᠤᠯᠤᠨ᠂ ᠮᠣᠷᠠᠯ ᠤᠷᠠᠯᠢᠭ ᠬᠤᠣᠰᠯᠠᠭᠰᠠᠨ ᠤᠳᠬ᠎ᠠ ᠤᠷᠠᠯᠢᠭ ᠤᠨ ᠴᠢᠳᠠᠪᠤᠷᠢᠲᠠᠨ ᠤ ᠡᠩᠨᠡᠭᠡ ᠶᠢ ᠴᠢᠷᠮᠠᠶᠢᠨ ᠪᠠᠶᠢᠭᠤᠯᠬᠤ ᠬᠡᠷᠡᠭᠲᠡᠢ᠃ ᠨᠠᠮ ᠪᠠ ᠵᠠᠰᠠᠭ ᠤᠨ ᠣᠷᠳᠣᠨ ᠤ ᠤᠳᠬ᠎ᠠ ᠤᠷᠠᠯᠢᠭ ᠤᠨ ᠡᠲᠡᠭᠡᠳ ᠯᠦᠭᠡ ᠬᠠᠷᠢᠯᠴᠠᠬᠤ ᠬᠥᠭᠦᠷᠭᠡ ᠬᠤᠯᠪᠣᠭᠠᠰᠤ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠪᠦᠯᠬᠦᠮᠳᠡᠨ ᠬᠦᠳᠦᠯᠦᠨ ᠵᠢᠯᠣᠭᠤᠳᠬᠤ᠂ ᠬᠤᠯᠪᠣᠭ᠎ᠠ ᠠᠪᠴᠤ ᠵᠣᠬᠢᠴᠠᠭᠤᠯᠬᠤ᠂ ᠦᠢᠯᠡᠴᠢᠯᠡᠭᠡ ᠬᠠᠮᠢᠶᠠᠷᠤᠯᠲᠠ ᠬᠢᠬᠦ᠂ ᠪᠡᠶ᠎ᠡ ᠪᠠᠨ ᠪᠠᠷᠢᠵᠤ ᠡᠷᠬᠡ ᠪᠠᠨ ᠬᠠᠮᠠᠭᠠᠯᠠᠬᠤ ᠡᠭᠦᠷᠭᠡ ᠴᠢᠳᠠᠪᠤᠷᠢ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠨ᠂ ᠠᠵᠢᠯ ᠤᠨ ᠲᠦᠪᠰᠢᠨ ᠢᠶᠠᠨ ᠳᠡᠭᠡᠭᠰᠢᠯᠡᠭᠦᠯᠵᠦ᠂ ᠤᠳᠬ᠎ᠠ ᠤᠷᠠᠯᠢᠭ ᠤᠨ ᠠᠵᠢᠯᠲᠠᠳ ᠤᠨ ᠬᠠᠯᠠᠭᠤᠨ ᠳᠤᠯᠠᠭᠠᠨ ᠭᠡᠷ ᠣᠷᠣᠨ ᠪᠣᠯᠭᠠᠨ ᠪᠦᠳᠦᠭᠡᠨ ᠪᠠᠶᠢᠭᠤᠯᠬᠤ ᠬᠡᠷᠡᠭᠲᠡᠢ ᠭᠡᠪᠡ᠃
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号