2025 ᠣᠨ ᠳᠤ ᠬᠤᠳᠠᠯᠳᠤᠭᠠᠨ ᠤ ᠰᠠᠨᠰᠠᠷ ᠠᠶᠠᠯᠠᠯ ᠨᠢ ︽ᠰᠢᠵᠢᠷ ᠠᠯᠳᠠᠨ︾ ᠬᠥᠭᠵᠢᠨ ᠮᠠᠨᠳᠤᠬᠤ ᠥᠶ᠎ᠡ ᠳᠤ ᠣᠷᠣᠨ᠎ᠠ
ᠨᠡᠶᠢᠲᠡᠯᠡᠭᠰᠡᠨ ᠴᠠᠭ᠄
2025/2/6
    2025 ᠣᠨ ᠤ 02 ᠰᠠᠷ᠎ᠠ ᠶᠢᠨ 5᠎ ᠤ ᠡᠳᠦᠷ ᠤᠨ 07 ᠴᠠᠭ 30    ᠰᠣᠨᠢᠨ ᠮᠡᠳᠡᠭᠡ ᠶᠢ ᠦᠨᠳᠦᠰᠦᠯᠡᠪᠡᠯ᠂ 2024 ᠣᠨ ᠤ 12 ᠰᠠᠷ᠎ᠠ ᠪᠣᠯᠲᠠᠯ᠎ᠠ᠂ ᠮᠠᠨ ᠤ ᠤᠯᠤᠰ ᠤᠨ ᠨᠡᠶᠢᠲᠡᠯᠡᠭᠰᠡᠨ ᠳᠠᠭᠠᠭᠤᠯᠢ ᠣᠳᠣᠨ ᠤ ᠶᠡᠷᠦᠩᠬᠡᠢ ᠲᠤᠭ᠎ᠠ ᠨᠢ ᠨᠢᠭᠡᠨᠲᠡ 8 ᠲᠦᠮᠡ ᠬᠦᠷᠪᠡ︔ ᠡᠨᠡ ᠨᠢ ᠮᠠᠨ ᠤ ᠤᠯᠤᠰ ᠤᠨ ᠥᠨᠳᠥᠷ ᠨᠢᠭᠲᠠᠴᠠ ᠲᠠᠢ ᠬᠤᠳᠠᠯᠳᠤᠭᠠᠨ ᠤ ᠳᠠᠭᠠᠭᠤᠯᠢ ᠣᠳᠣ ᠬᠠᠷᠪᠤᠬᠤ ᠰᠠᠭᠤᠷᠢ ᠲᠦᠭᠦᠭᠡᠷᠦᠮᠵᠢ         ︵ᠳᠠᠭᠠᠭᠤᠯᠢ ᠣᠳᠣ ᠦᠢᠯᠡᠳᠬᠦ᠂ ᠲᠡᠶᠢᠷᠦᠯᠲᠦ ᠰᠤᠮᠤ ᠰᠤᠳᠤᠯᠤᠨ ᠨᠡᠭᠡᠭᠡᠬᠦ᠂ ᠬᠠᠷᠪᠤᠯᠲᠠ ᠶᠢᠨ ᠲᠠᠯᠠᠪᠠᠶ ᠶᠢᠨ ᠪᠦᠲᠦᠭᠡᠨ ᠪᠠᠶᠢᠭᠤᠯᠤᠯᠲᠠ︶᠎ ᠶᠢᠨ ᠪᠦᠲᠦᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠪᠡ︔ ᠡᠭᠦᠨ ᠠᠴᠠ ᠭᠠᠳᠠᠨ᠎ᠠ᠂ ᠤᠯᠤᠰ ᠪᠠ ᠣᠷᠣᠨ ᠨᠤᠲᠤᠭ ᠤᠨ ᠲᠠᠰ ᠠᠴᠠ ᠬᠤᠳᠠᠯᠳᠤᠭᠠᠨ ᠤ ᠰᠠᠨᠰᠠᠷ ᠤᠨ ᠠᠶᠠᠯᠠᠯ ᠵᠢᠴᠢ ᠳᠠᠭᠠᠭᠤᠯᠢ ᠣᠳᠣᠨ ᠤ ᠢᠨᠲ᠋ᠧᠷ ᠰᠦᠯᠵᠢᠶᠡᠨ ᠤ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢ ᠵᠠᠯᠭᠠᠭ᠎ᠠ ᠪᠠᠷ ᠬᠡᠷᠡᠭᠵᠢᠭᠦᠯᠪᠡ᠃ ᠡᠶᠢᠮᠦ ᠠᠴᠠ 2025᠎ ᠤᠨ ᠪᠣᠯ ᠮᠠᠨ ᠤ ᠤᠯᠤᠰ ᠤᠨ ᠳᠠᠭᠠᠭᠤᠯᠢ ᠣᠳᠣᠨ ᠤ ᠬᠠᠷᠪᠤᠯᠲᠠ ᠵᠢᠴᠢ ᠳᠠᠭᠠᠭᠤᠯᠢ ᠣᠳᠣᠨ ᠤ ᠲᠣᠤᠷ ᠪᠠᠶᠢᠭᠤᠯᠬᠤ ᠲᠣᠤᠷ ᠤᠨ ᠪᠥᠲᠥᠭᠡᠨ ᠪᠠᠶᠢᠭᠤᠯᠤᠯᠲᠠ ᠶᠢᠨ ᠡᠭᠦᠰᠬᠦ ᠬᠤᠭᠤᠴᠠᠭ᠎ᠠ ᠮᠥᠨ᠂ ᠬᠤᠳᠠᠯᠳᠤᠭᠠᠨ ᠤ ᠰᠠᠨᠰᠠᠷ ᠤᠨ ᠠᠶᠠᠯᠠᠯ ᠤᠳᠠᠯ ᠥᠬᠡᠶ ᠰᠢᠵᠢᠷ ᠠᠯᠲᠠᠨ ᠴᠠᠭ ᠦᠶ᠎ᠡ ᠶᠢ ᠤᠭᠲᠤᠬᠤ ᠭᠡᠵᠦ ᠪᠠᠶᠢᠨ᠎ᠠ ᠭᠡᠳᠡᠭ ᠢ ᠵᠢᠱᠢᠵᠦ ᠣᠯᠵᠤ ᠮᠡᠳᠡᠵᠦ ᠪᠣᠯᠤᠨ᠎ᠠ᠃
 
ᠢᠷᠡᠯᠲᠡ᠄ ᠡᠵᠡᠨ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号