ᠴᠠᠭᠠᠨ ᠰᠠᠷ᠎ᠠ ᠶᠢᠨ ᠬᠤᠭᠤᠴᠠᠭᠠᠨ ᠳᠤ᠂ ᠠᠷᠠᠳ ᠤᠨ ᠴᠢᠯᠥᠭᠡᠯᠡᠬᠦ ᠴᠡᠷᠢᠭ ᠤᠨ ᠶᠡᠷᠦᠩᠬᠡᠢ ᠡᠮᠨᠡᠯᠭᠡ ᠶᠢᠨ | ᠬᠤᠷᠢᠶᠠᠨ ᠤ ᠶᠢᠰᠦᠳᠦᠭᠡᠷ ᠠᠨᠠᠭᠠᠬᠤ ᠤᠬᠠᠭᠠᠨ ᠤ ᠲᠥᠪ ᠤᠨ ᠡᠵᠡᠨ᠎ᠡ ᠶᠢ ᠬᠠᠪᠰᠤᠷᠤᠨ ᠲᠡᠳᠬᠦᠬᠦ ᠲᠤᠰᠬᠠᠢ | ᠮᠡᠷᠭᠡᠵᠢᠯᠲᠡᠨ ᠤ ᠳᠤᠭᠤᠶᠢᠯᠠᠩ ᠮᠥᠨ ᠬᠦ ᠠᠵᠢᠯ ᠤᠨ ᠪᠠᠶᠢᠷᠢ ᠪᠠᠨ ᠪᠠᠲᠤ ᠰᠠᠬᠢᠵᠤ᠂ ᠬᠠᠷᠢᠭᠤᠴᠠᠯᠭ᠎ᠠ ᠪᠠ | ᠡᠭᠦᠷᠭᠡᠯᠡᠯ ᠢᠶᠠᠷ ᠢᠶᠠᠨ ᠠᠷᠠᠳ ᠲᠦᠮᠡᠨ ᠤ ᠡᠷᠡᠬᠦᠯ ᠮᠡᠨᠳᠤ ᠶᠢ ᠬᠠᠮᠠᠭᠠᠯᠠᠨ᠎ᠠ᠃ | ᠪᠠᠶᠠᠷ ᠤᠨ ᠡᠳᠦᠷ ᠤᠨ ᠬᠤᠭᠤᠴᠠᠭᠠᠨ ᠳᠤ᠂ ᠡᠵᠡᠨ᠎ᠡ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠮᠥᠨ | ᠬᠦ ᠶᠠᠭᠠᠷᠠᠯᠲᠠᠶ ᠠᠵᠢᠯᠯᠠᠵᠤ᠂ ᠳ᠋ᠤᠭᠠᠷᠯᠠᠬᠤ ᠭᠠᠵᠠᠷ ᠲᠤ ᠡᠪᠡᠳᠴᠢᠨ ᠦᠵᠡᠭᠦᠯᠬᠦ ᠪᠠᠷ ᠬᠦᠯᠢᠶᠡᠵᠦ ᠪᠠᠶᠢᠭ᠎ᠠ | ᠡᠪᠡᠳᠴᠢᠲᠡᠨ ᠴᠥᠭᠡᠨ ᠪᠤᠰᠤ ᠪᠠᠶᠢᠵᠤ᠂ ᠮᠡᠰᠡ ᠵᠠᠰᠠᠯ ᠤᠨ ᠲᠠᠰᠤᠭ ᠴᠤ ᠪᠠᠴᠢᠮ ᠶᠠᠭᠠᠷᠠᠯᠲᠠᠶ ᠠᠵᠢᠯᠯᠠᠵᠤ ᠪᠠᠶᠢᠪᠠ᠃ | ᠴᠢᠯᠥᠭᠡᠯᠡᠬᠦ ᠴᠡᠷᠢᠭ ᠤᠨ ᠶᠡᠷᠦᠩᠬᠡᠶ ᠡᠮᠨᠡᠯᠭᠡ ᠶᠢᠨ ᠬᠤᠷᠢᠶᠠᠨ ᠤ ᠶᠢᠰᠦᠳᠦᠭᠡᠷ ᠠᠨᠠᠭᠠᠬᠤ ᠤᠬᠠᠭᠠᠨ ᠤ ᠲᠥᠪ ᠤᠨ | ᠰᠢᠭᠡᠰᠦ ᠰᠢᠭᠦᠷᠡᠭᠦᠯᠬᠦ ᠭᠠᠳᠠᠷ ᠰᠠᠯᠠᠭᠠᠨ ᠤ ᠳᠡᠳ᠋ ᠡᠷᠬᠢᠯᠡᠭᠴᠢ ᠡᠮᠴᠢ ᠯᠢ ᠵᠢᠶᠠ ᠺᠤᠸᠠᠨ ᠭᠤᠣᠯ ᠡᠮᠴᠢ ᠪᠣᠯᠤᠭᠰᠠᠨ ᠤ | ᠬᠤᠪᠢ ᠳᠤ᠂ ᠲᠡᠷᠡᠪᠡᠷ ᠮᠠᠰᠢ ᠶᠠᠭᠠᠷᠠᠯᠳᠠᠢ ᠪᠠᠶᠢᠵᠦ᠂ ᠡᠪᠡᠳᠴᠢᠲᠡᠨ ᠤ ᠪᠠᠶᠢᠳᠠᠯ ᠢ ᠰᠡᠳᠬᠢᠯ ᠲᠠᠯᠪᠢᠨ ᠠᠩᠬᠠᠷᠴᠤ᠂ | ᠲᠤᠰᠠᠯᠠᠭᠴᠢᠳ ᠨᠢ ᠥᠪᠡᠷ ᠥᠪᠡᠷ ᠤᠨ ᠡᠭᠦᠷᠭᠡ ᠲᠤᠰᠢᠶᠠᠯ ᠢᠶᠠᠨ ᠰᠠᠶᠢᠳᠤᠷ ᠬᠦᠢᠴᠡᠳᠭᠡᠨ᠎ᠡ᠃ | ᠴᠢᠯᠥᠭᠡᠯᠡᠬᠦ ᠴᠡᠷᠢᠭ ᠤᠨ ᠶᠡᠷᠦᠩᠬᠡᠶ ᠡᠮᠨᠡᠯᠭᠡ ᠶᠢᠨ ᠬᠤᠷᠢᠶᠠᠨ ᠤ ᠶᠢᠰᠦᠳᠦᠭᠡᠷ ᠠᠨᠠᠭᠠᠬᠤ ᠤᠬᠠᠭᠠᠨ ᠤ ᠲᠥᠪ ᠤᠨ | ᠰᠢᠭᠡᠰᠦ ᠰᠢᠭᠦᠷᠡᠭᠦᠯᠬᠦ ᠭᠠᠳᠠᠷ ᠰᠠᠯᠠᠭᠠᠨ ᠤ ᠳᠡᠳ᠋ ᠡᠷᠬᠢᠯᠡᠭᠴᠢ ᠡᠮᠴᠢ ᠯᠢ ᠵᠢᠶᠠ ᠺᠤᠸᠠᠨ᠄ ︽ᠡᠨᠡ ᠬᠤᠶᠠᠷ ᠰᠠᠷ᠎ᠠ | ᠭᠠᠷᠤᠶ ᠶᠢᠨ ᠬᠠᠪᠰᠤᠷᠤᠨ ᠲᠡᠳᠬᠦᠬᠦ ᠠᠵᠢᠯ ᠤᠨ ᠳᠤᠮᠳᠠ ᠪᠢ ᠮᠠᠰᠢ ᠣᠯᠠᠨ ᠡᠪᠡᠳᠴᠢᠲᠡᠨ ᠢ ᠭᠥᠯᠢᠶᠡᠨ | ᠣᠨᠣᠰᠢᠯᠠᠵᠤ᠂ ᠨᠢᠭᠡ ᠪᠦᠯᠦᠭ ᠰᠢᠨ᠎ᠡ ᠲᠤᠬᠠᠶᠢᠯᠠᠭᠰᠠᠨ ᠠᠵᠢᠯ ᠢ ᠥᠷᠨᠢᠬᠦᠯᠦᠡ᠂ ᠵᠣᠬᠢᠬᠤ ᠲᠣᠭᠠᠨ ᠤ ᠡᠪᠡᠳᠴᠢᠨ ᠤ | ᠵᠢᠱᠢᠶ᠎ᠡ ᠶᠢ ᠬᠤᠷᠠᠮᠳᠤᠭᠤᠯᠵᠠᠶ᠂ ᠮᠥᠨᠴᠦ ᠶᠠᠭ ᠴᠠᠭᠠᠨ ᠰᠠᠷ᠎ᠠ ᠶᠢᠨ ᠬᠤᠭᠤᠴᠠᠭ᠎ᠠ ᠶᠢ ᠠᠰᠢᠭᠯᠠᠨ᠂ ᠡᠲᠡᠭᠡᠷ | ᠡᠪᠡᠳᠴᠢᠨ ᠤ ᠵᠢᠱᠢᠶ᠎ᠡ ᠶᠢ ᠡᠮᠬᠢᠯᠡᠵᠦ᠂ ᠳᠠᠷᠠᠭ᠎ᠠ ᠨᠢ ᠠᠯᠬᠤᠮ ᠳᠠᠷᠠᠭ᠎ᠠ ᠲᠠᠢ ᠪᠠᠷ ᠮᠥᠷᠳᠡᠨ ᠪᠠᠶᠢᠴᠠᠭᠠᠵᠤ ᠡᠮᠨᠡᠨ | ᠵᠠᠰᠠᠨ᠎ᠠ︾ ᠭᠡᠪᠡ᠃ | ᠴᠠᠭᠠᠨ ᠰᠠᠷ᠎ᠠ ᠶᠢᠨ ᠰᠢᠨ᠎ᠡ ᠶᠢᠨ ᠵᠢᠷᠭᠤᠭᠠᠨ ᠳᠤ᠂ ᠬᠠᠪᠰᠤᠷᠤᠨ ᠲᠡᠳᠬᠦᠬᠦ ᠡᠮᠴᠢᠯᠡᠭᠡᠨ ᠤ ᠠᠩᠭᠢ ᠶᠢᠨ ᠲᠤᠰᠬᠠᠶ | ᠮᠡᠷᠭᠡᠵᠢᠯᠲᠡᠨ ᠤ ᠪᠦᠯᠬᠦᠮ ᠨᠢ ᠵᠢᠤᠢ ᠶᠠᠨ ᠨᠡᠶᠢᠭᠡᠮ ᠲᠣᠭᠤᠷᠢᠭ ᠤᠨ ᠬᠠᠨ ᠢᠦᠶ ᠰᠢᠶᠠᠩ ᠤᠨ ᠬᠡᠷ ᠢᠶᠠᠷ ᠬᠦᠷᠴᠦ᠂ | ᠡᠪᠡᠳᠴᠢᠨ ᠤ ᠪᠠᠶᠢᠳᠠᠯ ᠵᠢᠴᠢ ᠡᠳᠦᠷ ᠲᠤᠲᠤᠮ ᠤᠨ ᠠᠮᠢᠳᠤᠷᠠᠯ ᠤᠨ ᠳᠠᠳᠬᠠᠯ ᠪᠣᠯᠤᠨ ᠪᠡᠶ᠎ᠡ ᠮᠠᠬᠠᠪᠣᠳ ᠤᠨ | ᠪᠠᠶᠢᠳᠠᠯ ᠢ ᠨᠢ ᠨᠠᠷᠢᠨ ᠠᠰᠠᠭᠤᠨ ᠤᠶᠢᠯᠠᠭᠠᠵᠤ᠂ ᠡᠮᠨᠡᠯᠭᠡ ᠶᠢᠨ ᠠᠵᠢᠯᠲᠠᠨ ᠲᠤᠬᠠᠶ ᠶᠢᠨ ᠲᠠᠯᠠᠪᠠᠶ ᠳᠤ ᠲᠡᠭᠦᠨ ᠤ | ᠴᠢᠰᠤᠨ ᠳᠠᠷᠤᠯᠲᠠ᠂ ᠴᠢᠰᠤᠨ ᠰᠢᠬᠢᠷ ᠢ ᠨᠢ ᠬᠡᠮᠵᠢᠵᠦ᠂ ᠥᠩᠭᠡᠷᠡᠭᠰᠡᠨ ᠤ ᠡᠪᠡᠳᠴᠢᠨ ᠤ ᠲᠡᠦᠬᠡ ᠲᠠᠢ ᠨᠢ | ᠤᠶᠠᠯᠳᠤᠭᠤᠯᠤᠨ ᠥᠪᠡᠷᠮᠢᠴᠡ ᠣᠨᠣᠰᠢᠯᠠᠨ ᠡᠮᠨᠡᠬᠦ ᠲᠥᠰᠦᠯ ᠲᠣᠭᠲᠠᠭᠠᠭᠰᠠᠨ ᠪᠥᠭᠡᠳ ᠢᠳᠡᠵᠦ ᠤᠤᠭᠤᠬᠤ᠂ | ᠬᠤᠨᠣᠵᠤ ᠬᠡᠪᠲᠡᠬᠦ᠂ ᠡᠮ ᠬᠡᠷᠡᠭᠯᠡᠬᠦ ᠵᠡᠷᠭᠡ ᠲᠠᠯ᠎ᠠ ᠶᠢᠨ ᠮᠡᠳᠡᠯᠭᠡ ᠶᠢ ᠨᠠᠷᠢᠨ ᠲᠠᠶᠢᠯᠪᠤᠷᠢᠯᠠᠵᠠᠶ᠃ | ᠣᠶᠢᠯᠠᠭᠠᠭᠰᠠᠨ ᠢᠶᠠᠷ᠂ ᠲᠣᠰ ᠤᠳᠠᠭᠠᠨ ᠤ ᠡᠷᠦᠬᠡ ᠳᠤ ᠣᠷᠣᠬᠤ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠨᠢ | ᠭᠤᠤᠯᠳᠠᠭᠤ ᠥᠨᠳᠥᠷ ᠨᠠᠰᠤᠲᠠᠶ᠂ ᠴᠢᠳᠠᠯ ᠲᠡᠩᠬᠡᠭᠡ ᠪᠠᠨ ᠠᠯᠳᠠᠭᠰᠠᠨ ᠣᠨᠴᠠᠭᠠᠶ ᠬᠥᠮᠦᠰ ᠲᠤ ᠡᠮᠴᠢᠯᠡᠭᠡᠨ ᠤ | ᠦᠢᠯᠡᠴᠢᠯᠡᠭᠡ ᠬᠠᠩᠭᠠᠵᠤ᠂ ᠭᠤᠤᠯᠳᠠᠯᠭ᠎ᠠ ᠲᠠᠢ ᠬᠠᠪᠰᠤᠷᠤᠨ ᠲᠡᠳᠬᠦᠬᠦ ᠡᠲᠡᠭᠡᠳ ᠲᠤ ᠬᠠᠨᠳᠤᠯᠭᠠᠲᠤ ᠦᠢᠯᠡᠴᠢᠯᠡᠭᠡ | ᠵᠢᠴᠢ ︽ᠮᠥᠷᠳᠡᠬᠦ ᠮᠠᠶ᠋ᠢᠭ︾ ᠤᠨ ᠡᠷᠡᠭᠦᠯ ᠮᠡᠨᠳᠦ ᠶᠢᠨ ᠦᠢᠯᠡᠴᠢᠯᠡᠭᠡ ᠶᠢ ᠬᠦᠷᠲᠡᠭᠡᠪᠡ᠃ | ᠴᠢᠯᠥᠭᠡᠯᠡᠬᠦ ᠴᠡᠷᠢᠭ ᠤᠨ ᠶᠡᠷᠦᠩᠬᠡᠶ ᠡᠮᠨᠡᠯᠭᠡ ᠶᠢᠨ ᠬᠤᠷᠢᠶᠠᠨ ᠤ ᠶᠢᠰᠦᠳᠦᠭᠡᠷ ᠠᠨᠠᠭᠠᠬᠤ ᠤᠬᠠᠭᠠᠨ ᠤ ᠲᠥᠪ ᠤᠨ | ᠰᠢᠭᠡᠰᠦ ᠰᠢᠬᠦᠷᠡᠭᠦᠯᠬᠦ ᠭᠠᠳᠠᠷ ᠰᠠᠯᠠᠭᠠᠨ ᠤ ᠳᠡᠳ᠋ ᠡᠷᠬᠢᠯᠡᠭᠴᠢ ᠡᠮᠴᠢ ᠯᠢ ᠵᠢᠶᠠ ᠺᠤᠸᠠᠨ᠄ ︽ᠪᠢᠳᠡ ︿ᠠᠷᠠᠳ | ᠲᠦᠮᠡᠨ ᠳᠤ ᠦᠢᠯᠡᠴᠢᠯᠡᠬᠦ﹀ ᠵᠣᠷᠢᠯᠭ᠎ᠠ ᠪᠠᠷ᠂ ᠡᠨᠡ ᠬᠠᠭᠠᠰ ᠵᠢᠯ ᠤᠨ ᠴᠠᠭ ᠢᠶᠠᠨ ᠨᠠᠨᠳᠢᠩᠨᠠᠵᠤ᠂ ᠣᠷᠣᠨ | ᠨᠤᠲᠤᠭ ᠤᠨ ᠠᠷᠠᠳ ᠪᠣᠯᠤᠨ ᠰᠠᠭᠤᠭ᠎ᠠ ᠭᠠᠵᠠᠷ ᠤᠨ ᠳᠠᠷᠤᠭ᠎ᠠ ᠪᠠᠶᠢᠯᠳᠤᠭᠴᠢᠳ ᠲᠤ ᠴᠢᠳᠠᠯ ᠤᠨ ᠢᠶᠠᠨ ᠬᠢᠷᠢ ᠪᠠᠷ | ᠠᠯᠪᠠᠨ ᠵᠢᠷᠤᠮ ᠡᠮᠴᠢᠯᠡᠭᠡ ᠬᠢᠵᠦ᠂ ᠡᠮᠴᠢᠯᠡᠭᠡᠨ ᠤ ᠦᠢᠯᠡᠴᠢᠯᠡᠭᠡ ᠶᠢ ᠰᠠᠶᠢᠳᠤᠷ ᠬᠠᠩᠭᠠᠪᠠ︾ ᠭᠡᠪᠡ᠃ | ᠣᠶᠢᠯᠠᠭᠠᠭᠰᠠᠨ ᠢᠶᠠᠷ᠂ ᠯᠢ ᠵᠢᠶᠠ ᠺᠤᠸᠠᠨ ᠡᠮᠴᠢ ᠶᠢᠨ ᠪᠠᠶᠢᠭ᠎ᠠ ᠡᠨᠠᠬᠦ ᠬᠠᠪᠰᠤᠷᠤᠨ ᠲᠡᠳᠬᠦᠬᠦ ᠳᠥᠷᠪᠡᠳᠦᠭᠡᠷ | ᠪᠦᠯᠦᠭ ᠤᠨ ᠲᠤᠰᠬᠠᠶ ᠮᠡᠷᠭᠡᠵᠢᠯᠲᠡᠨ ᠤ ᠳᠤᠭᠤᠶᠢᠯᠠᠩ 11 ᠰᠠᠷ᠎ᠠ ᠠᠴᠠ ᠡᠬᠢᠯᠡᠨ ᠡᠵᠡᠨ᠎ᠡ ᠬᠤᠰᠢᠭᠤᠨ ᠤ | ᠠᠷᠠᠳ ᠤᠨ ᠡᠮᠨᠡᠯᠭᠡ ᠶᠢᠨ ᠬᠤᠷᠢᠶ᠎ᠠ ᠳᠤ 6 ᠰᠠᠷ᠎ᠠ ᠶᠢᠨ ᠬᠤᠭᠤᠴᠠᠭ᠎ᠠ ᠲᠠᠢ ᠬᠠᠪᠰᠤᠷᠤᠨ ᠲᠡᠳᠬᠦᠵᠦ ᠣᠨᠣᠰᠢᠯᠠᠨ | ᠡᠮᠨᠡᠬᠦ ᠠᠵᠢᠯ ᠢᠶᠠᠨ ᠡᠬᠢᠯᠡᠭᠦᠯᠪᠡ᠃ ᠲᠤᠰᠬᠠᠶ ᠮᠡᠷᠭᠡᠵᠢᠯᠲᠡᠨ ᠤ ᠳᠤᠭᠤᠶᠢᠯᠠᠩ ᠳᠤ ᠰᠢᠭᠡᠰᠦ ᠰᠢᠭᠦᠷᠡᠬᠦᠯᠬᠦ ᠭᠠᠳᠠᠷ | ᠰᠠᠯᠠᠭ᠎ᠠ᠂ ᠮᠡᠳᠡᠷᠡᠯ ᠤᠨ ᠭᠠᠳᠠᠷ ᠰᠠᠯᠠᠭ᠎ᠠ ᠵᠡᠷᠭᠡ ᠣᠯᠠᠨ ᠰᠠᠯᠠᠭ᠎ᠠ ᠪᠠᠭᠲᠠᠵᠤ ᠪᠤᠢ᠃ ᠡᠭᠦᠨ ᠳᠤ᠂ ᠬᠢᠲᠠᠳ | ᠡᠮᠨᠡᠯᠭᠡ ᠶᠢᠨ ᠰᠠᠯᠠᠭ᠎ᠠ ᠬᠠᠪᠰᠤᠷᠤᠨ ᠲᠡᠳᠬᠦᠬᠦ ᠬᠤᠭᠤᠴᠠᠭᠠᠨ ᠳᠤ ᠬᠥᠮᠦᠰ ᠤᠨ ᠠᠩᠬᠠᠷᠤᠯ ᠢ ᠶᠡᠬᠡᠳᠡ ᠲᠠᠲᠠᠵᠤ᠂ | ᠴᠢᠯᠥᠭᠡᠯᠡᠬᠦ ᠴᠡᠷᠢᠭ ᠤᠨ ᠶᠡᠷᠦᠩᠬᠡᠶ ᠡᠮᠨᠡᠯᠭᠡ ᠶᠢᠨ ᠬᠤᠷᠢᠶᠠᠨ ᠤ ᠶᠢᠰᠦᠳᠦᠭᠡᠷ ᠠᠨᠠᠭᠠᠬᠤ ᠤᠬᠠᠭᠠᠨ ᠤ ᠲᠥᠪ ᠤᠨ | ᠬᠢᠲᠠᠳ ᠡᠮᠨᠡᠯᠭᠡ ᠶᠢᠨ ᠰᠠᠯᠠᠭᠠᠨ ᠤ ᠭᠤᠤᠯ ᠡᠮᠴᠢ ᠯᠢ ᠰᠢᠶᠤᠤ ᠵᠢᠶᠦ᠋ᠨ ᠠᠰᠠᠭᠤᠨ ᠣᠨᠣᠰᠢᠯᠠᠬᠤ ᠪᠠᠷ ᠢᠷᠡᠭᠰᠡᠨ | ᠡᠪᠡᠳᠴᠢᠲᠡᠨ ᠳᠤ ᠬᠠᠨᠳᠤᠯᠭᠠᠲᠤ ᠴᠢᠨᠠᠷᠲᠠᠶ ᠰᠠᠨᠠᠯ ᠰᠠᠨᠠᠭᠤᠯᠭ᠎ᠠ ᠬᠠᠩᠭᠠᠵᠠᠶ᠃ | ᠴᠢᠯᠥᠭᠡᠯᠡᠬᠦ ᠴᠡᠷᠢᠭ ᠤᠨ ᠶᠡᠷᠦᠩᠬᠡᠶ ᠡᠮᠨᠡᠯᠭᠡ ᠶᠢᠨ ᠬᠤᠷᠢᠶᠠᠨ ᠤ ᠶᠢᠰᠦᠳᠦᠭᠡᠷ ᠠᠨᠠᠭᠠᠬᠤ ᠤᠬᠠᠭᠠᠨ ᠤ ᠲᠥᠪ ᠤᠨ | ᠬᠢᠲᠠᠳ ᠡᠮᠨᠡᠯᠭᠡ ᠶᠢᠨ ᠰᠠᠯᠠᠭᠠᠨ ᠤ ᠭᠤᠤᠯ ᠡᠮᠴᠢ ᠯᠢ ᠰᠢᠶᠤᠤ ᠵᠢᠶᠦ᠋ᠨ᠄ ︽ᠬᠤᠶᠠᠷ ᠰᠠᠷ᠎ᠠ ᠭᠠᠷᠤᠶ ᠶᠢᠨ | ᠬᠠᠪᠰᠤᠷᠤᠨ ᠲᠡᠳᠬᠦᠬᠦ ᠪᠠᠷ ᠳᠡᠮᠵᠢᠨ᠂ ᠡᠵᠡᠨ᠎ᠡ ᠬᠤᠰᠢᠭᠤᠨ ᠤ ᠰᠠᠭᠤᠭᠠᠯᠢ ᠠᠷᠠᠳ ᠲᠤ ᠳᠠᠪᠤᠰᠤ ᠥᠭᠡᠬᠦ | ᠳᠡᠶᠢᠯᠦᠩᠬᠡᠢ ᠢᠳᠡᠭᠡᠨ ᠢᠳᠡᠳᠡᠭ ᠳᠠᠳᠬᠠᠯ ᠨᠡᠶᠢᠳᠡᠮ ᠣᠷᠣᠰᠢᠵᠤ᠂ ᠨᠠᠰᠤᠲᠠᠶᠢᠴᠤᠳ ᠤᠨ ᠠᠭᠤᠰᠬᠢᠨ ᠤ ᠰᠦᠷᠢᠶ᠎ᠡ᠂ | ᠵᠠᠯᠠᠭᠤᠴᠤᠳ ᠤᠨ ᠬᠤᠷᠭᠤᠰᠣᠯᠠᠬᠤ ᠡᠪᠡᠳᠴᠢᠨ ᠡᠭᠦᠰᠬᠦ ᠨᠣᠷᠮ᠎ᠠ ᠨᠡᠯᠢᠶᠡᠳ ᠥᠨᠳᠥᠷ ᠪᠠᠶᠢᠬᠤ ᠶᠢ ᠣᠯᠵᠤ ᠮᠡᠳᠡᠵᠡᠶ᠃ | ᠴᠠᠭᠠᠨ ᠰᠠᠷ᠎ᠠ ᠪᠠᠨ ᠪᠠᠶᠠᠷ ᠬᠥᠷ ᠲᠠᠢ ᠥᠩᠭᠡᠷᠡᠭᠦᠯᠬᠦ ᠶᠢᠨ ᠬᠠᠮᠲᠤ᠂ ᠢᠳᠡᠭᠡᠨ ᠤᠮᠳᠠᠭᠠᠨ ᠢᠶᠠᠨ ᠲᠣᠬᠢᠷᠠᠭᠤᠯᠬᠤ ᠶᠢ | ᠠᠩᠬᠠᠷᠴᠤ᠂ ᠰᠢᠬᠢᠷ ᠠᠷᠢᠬᠢ ᠶᠢ ᠴᠡᠭᠡᠷᠯᠡᠨ᠂ ᠵᠣᠬᠢᠬᠤ ᠬᠡᠮᠵᠢᠶᠡᠨ ᠤ ᠬᠥᠳᠡᠯᠭᠡᠭᠡᠨ ᠬᠢᠵᠦ᠂ ᠪᠡᠶ᠎ᠡ ᠪᠠᠨ | ᠳᠤᠯᠠᠭᠠᠯᠠᠬᠤ ᠶᠢ ᠠᠩᠬᠠᠷᠬᠤ ᠴᠢᠬᠤᠯᠠᠲᠠᠢ ᠪᠠᠶᠢᠨ᠎ᠠ︾ ᠭᠡᠪᠡ᠃ | ᠴᠢᠯᠥᠭᠡᠯᠡᠬᠦ ᠴᠡᠷᠢᠭ ᠤᠨ ᠶᠡᠷᠦᠩᠬᠡᠢ ᠡᠮᠨᠡᠯᠭᠡ ᠶᠢᠨ ᠬᠤᠷᠢᠶᠠᠨ ᠤ ᠶᠢᠰᠦᠳᠦᠭᠡᠷ ᠠᠨᠠᠭᠠᠬᠤ ᠤᠬᠠᠭᠠᠨ ᠤ ᠲᠥᠪ ᠤᠨ | ᠲᠤᠰᠬᠠᠢ ᠮᠡᠷᠭᠡᠵᠢᠯᠲᠡᠳ ᠥᠪᠡᠷ ᠤᠨ ᠪᠣᠳᠠᠲᠤ ᠠᠵᠢᠯᠯᠠᠭ᠎ᠠ ᠪᠠᠷ ᠢᠶᠠᠨ ᠪᠦᠬᠦ ᠰᠡᠳᠬᠢᠯ ᠪᠦᠬᠦ ᠵᠣᠷᠢᠭ ᠢᠶᠠᠷ ᠢᠶᠠᠨ | ᠡᠪᠡᠳᠴᠢᠲᠡᠨ ᠳᠤ ᠦᠢᠯᠡᠴᠢᠯᠡᠬᠦ ᠣᠶᠢᠯᠠᠭᠠᠭᠳᠠᠬᠤᠨ ᠢ ᠦᠢᠯᠡᠳᠦᠯᠭᠡᠵᠢᠭᠦᠯᠵᠦ᠂ ᠳᠡᠳᠡ ᠨᠠᠷ ᠤᠨ ︽ᠠᠷᠤ ᠭᠡᠷ ᠢᠶᠠᠨ | ᠣᠷᠬᠢᠵᠤ᠂ ᠤᠯᠠᠨ ᠤ ᠲᠥᠯᠥᠭᠡ ᠵᠢᠳᠬᠦᠬᠦ︾ ᠡᠷᠬᠢᠮ ᠳᠡᠭᠡᠳᠦ ᠴᠢᠨᠠᠷ ᠨᠢ ᠴᠠᠭᠠᠨ ᠰᠠᠷ᠎ᠠ ᠶᠢᠨ ᠬᠤᠭᠤᠴᠠᠭᠠᠨ ᠳᠠᠬᠢ | ᠥᠪᠡᠷᠮᠢᠴᠡ ᠬᠢᠯᠢᠰ ᠴᠡᠭ ᠨᠢ ᠪᠣᠯᠵᠠᠢ᠃ |