ᠴᠠᠭᠠᠨ ᠰᠠᠷ᠎ᠠ ᠶᠢᠨ ᠪᠠᠶᠠᠷ ᠤᠨ ᠬᠤᠭᠤᠴᠠᠭ᠎ᠠ ᠳᠠᠭᠤᠰᠴᠤ ᠮᠠᠨ ᠤ ᠬᠤᠰᠢᠭᠤᠨ ᠤ ᠬᠢᠨ ᠳᠥᠷᠥᠭᠡ ᠪᠠᠨ ᠴᠢᠩᠭᠠᠯᠠᠨ ᠰᠢᠨ᠎ᠡ ᠠᠶᠠᠨ ᠢᠶᠠᠨ ᠡᠬᠢᠯᠡᠭᠦᠯᠪᠡ
ᠨᠡᠶᠢᠲᠡᠯᠡᠭᠰᠡᠨ ᠴᠠᠭ᠄
2025/2/8
    ᠬᠦᠷ ᠨᠠᠷᠭᠢᠶᠠᠨ ᠢᠶᠠᠷ ᠪᠢᠯᠬᠠᠭᠰᠠᠨ ᠴᠠᠭᠠᠨ ᠰᠠᠷ᠎ᠠ ᠶᠢᠨ ᠪᠠᠶᠠᠷ ᠤᠨ ᠬᠤᠭᠤᠴᠠᠭ᠎ᠠ ᠳᠠᠭᠤᠰᠴᠤ᠂ ᠮᠠᠨ ᠤ ᠬᠤᠰᠢᠭᠤᠨ ᠤ ᠡᠯ᠎ᠡ ᠠᠵᠢᠯ ᠲᠥᠷᠥᠯ ᠤᠨ ᠬᠢᠨ ᠬᠦᠯᠦᠭ ᠤᠨ ᠳᠥᠷᠥᠭᠡ ᠪᠠᠨ ᠴᠢᠩᠭᠠᠯᠠᠨ ᠣᠷᠭᠢᠯᠤᠮ᠎ᠠ ᠬᠠᠯᠠᠭᠤᠨ ᠰᠡᠳᠬᠢᠯᠭᠡ ᠪᠠᠷ ᠠᠯᠤᠰ ᠤᠨ ᠠᠶᠠᠨ ᠢᠶᠠᠨ ᠡᠬᠢᠯᠡᠭᠦᠯᠪᠡ᠃    ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠳᠤ ᠤᠷᠤᠬᠤ ᠳᠤ᠂ ᠠᠭᠤᠵᠢᠮ ᠰᠠᠷᠠᠭᠤᠯ ᠣᠷᠴᠢᠨ ᠲᠣᠭᠤᠷᠢᠨ ᠨᠢ ᠬᠦᠮᠦᠰ ᠲᠤ ᠲᠠᠭᠠᠯᠠᠮᠵᠢᠲᠠᠶ ᠰᠠᠨᠠᠭᠳᠠᠨ᠎ᠠ᠃ ᠡᠯ᠎ᠡ ᠦᠢᠯᠡᠴᠢᠯᠡᠭᠡᠨ ᠤ ᠴᠣᠩᠬᠤ ᠶᠢ ᠲᠡᠷᠢ ᠲᠡᠭᠰᠢ ᠵᠢᠭᠰᠠᠭᠠᠵᠤ᠂ ᠳᠡᠭᠡᠷ᠎ᠡ ᠲᠠᠯ᠎ᠠ ᠶᠢᠨ ᠡᠯᠧᠺᠲᠷᠣᠨ ᠳᠡᠯᠭᠡᠴᠡ ᠳᠤ ᠴᠣᠩᠬᠤ ᠶᠢᠨ ᠳ᠋ᠤᠭᠠᠷ ᠪᠠ ᠲᠤᠬᠠᠶᠢᠯᠠᠭᠰᠠᠨ ᠠᠵᠢᠯ ᠤᠨ ᠲᠥᠷᠥᠯ ᠵᠦᠢᠯ ᠢ ᠲᠣᠳᠣᠷᠬᠠᠶ ᠢᠯᠡᠷᠡᠭᠦᠯᠵᠦ᠂ ᠣᠯᠠᠨ ᠲᠦᠮᠡᠨ ᠤ ᠭᠠᠷᠳᠠᠮ ᠭᠦᠢᠴᠡᠳᠬᠡᠯ ᠤᠨ ᠭᠠᠵᠠᠷ ᠢᠶᠠᠨ ᠲᠦᠷᠭᠡᠨ ᠡᠷᠢᠵᠦ ᠤᠯᠬᠤ ᠳᠤ ᠲᠥᠬᠦᠮ ᠦᠵᠡᠭᠦᠯᠦᠨ᠎ᠡ᠃ ᠡᠯ᠎ᠡ ᠴᠣᠩᠬᠤᠪᠴᠢ ᠶᠢᠨ ᠠᠵᠢᠯᠲᠠᠳ ᠠᠵᠢᠯ ᠤᠨ ᠪᠠᠶᠢᠷᠢᠨ ᠳᠠᠭᠠᠨ ᠡᠷᠲᠡᠬᠡᠨ ᠬᠦᠷᠴᠦ᠂ ᠣᠯᠠᠨ ᠲᠦᠮᠡᠨ ᠤ ᠠᠰᠠᠭᠤᠯᠲᠠ ᠳᠤ ᠬᠦᠯᠢᠴᠡᠩᠭᠦᠶ ᠪᠠᠷ ᠬᠠᠷᠢᠭᠤᠯᠲᠠ ᠥᠭᠴᠦ᠂ ᠡᠯ᠎ᠡ ᠵᠦᠢᠯ ᠤᠨ ᠲᠤᠬᠠᠶᠢᠯᠠᠭᠰᠠᠨ ᠠᠵᠢᠯ ᠢᠶᠠᠨ ᠭᠦᠢᠴᠡᠳᠭᠡᠵᠦ ᠪᠠᠶᠢᠯ᠎ᠠ᠃    ᠰᠠᠭᠤᠭᠠᠯᠢ ᠠᠷᠠᠳ ᠪᠠᠢ ᠨᠠ᠄ ︽ᠥᠨᠥᠳᠦᠷ ᠪᠣᠯ ᠠᠵᠢᠯᠯᠠᠵᠤ ᠡᠬᠢᠯᠡᠭᠰᠡᠨ ᠠᠩᠬᠠᠨ ᠤ ᠡᠳᠦᠷ᠂ ᠪᠢ ᠵᠠᠰᠠᠭ ᠤᠨ ᠶᠠᠪᠤᠳᠠᠯ ᠤᠨ ᠲᠢᠩᠬᠢᠮ ᠳᠤ ᠮᠠᠨ ᠤ ᠺᠣᠮᠫᠠᠨᠢ ᠶᠢᠨ ᠲᠠᠯ᠎ᠠ ᠪᠠᠷ ᠠᠰᠠᠭᠤᠨ ᠯᠠᠪᠯᠠᠬᠤ ᠶᠢᠨ ᠬᠠᠮᠲᠤ ᠡᠵᠡᠩᠨᠡᠯᠲᠡ ᠶᠢᠨ ᠦᠨᠡᠮᠯᠡᠯ ᠭᠦᠢᠴᠡᠳᠭᠡᠬᠦ ᠪᠠᠷ ᠢᠷᠡᠭᠰᠡᠨ᠂ ᠦᠢᠯᠡᠴᠢᠯᠡᠭᠡᠨ ᠤ ᠲᠢᠩᠬᠢᠮ ᠤᠨ ᠠᠵᠢᠯᠲᠠᠨ ᠮᠠᠰᠢ ᠬᠠᠯᠠᠭᠤᠮᠰᠤᠭ ᠢᠶᠠᠷ ᠨᠠᠳᠠ ᠳᠤ ᠲᠤᠰᠠᠯᠠᠵᠤ ᠮᠢᠨᠦ ᠪᠡᠯᠡᠳᠬᠡᠬᠦ ᠴᠢᠬᠤᠯᠠᠲᠠᠶ ᠮᠠᠲ᠋ᠧᠷᠢᠶᠠᠯ ᠤᠳ ᠢ ᠬᠡᠯᠡᠵᠦ ᠥᠭᠴᠡᠶ᠂ ᠶᠠᠪᠤᠳᠠᠯ ᠮᠠᠰᠢ ᠰᠠᠶᠢᠬᠠᠨ ᠪᠦᠲᠦᠯ᠎ᠡ︾ ᠭᠡᠵᠦ ᠪᠠᠶᠢᠯ᠎ᠠ᠃    ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠣᠩᠬᠤ ᠪᠣᠯ ᠣᠯᠠᠨ ᠲᠦᠮᠡᠨ ᠲᠠᠢ ᠬᠠᠷᠢᠯᠴᠠᠬᠤ ᠬᠠᠮᠤᠭ ᠤᠨ ᠨᠢᠭᠲᠠ ᠰᠢᠭᠤᠳ ᠨᠢᠭᠤᠷᠳᠠᠬᠤ ᠲᠠᠪᠴᠠᠩ ᠪᠠᠶᠢᠵᠤ᠂ ᠴᠣᠩᠬᠤᠪᠴᠢ ᠶᠢᠨ ᠦᠢᠯᠡᠴᠢᠯᠡᠭᠡᠨ ᠤ ᠶᠠᠰᠤ ᠴᠢᠨᠠᠷ ᠨᠢ ᠣᠯᠠᠨ ᠲᠦᠮᠡᠨ ᠤ ᠲᠣᠰ ᠪᠡᠶ᠎ᠡ ᠶᠢᠨ ᠠᠰᠢᠭ ᠲᠤᠰᠠ ᠲᠠᠢ ᠬᠤᠯᠪᠣᠭᠳᠠᠵᠤ ᠪᠠᠶᠢᠳᠠᠭ᠃ ᠣᠶᠢᠷ᠎ᠠ ᠶᠢᠨ ᠵᠢᠯ ᠤᠳ ᠲᠤ᠂ ᠡᠵᠡᠨ᠎ᠡ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ᠨᠢ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠪᠠᠷᠢᠮᠵᠢᠶᠠᠵᠢᠭᠤᠯᠬᠤ ᠵᠢᠷᠤᠮᠵᠢᠭᠤᠯᠬᠤ ᠳᠥᠭᠦᠮᠴᠢᠯᠡᠬᠦ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ᠂ ︽ᠥᠨᠳᠥᠷ ᠪᠦᠲᠦᠮᠵᠢᠲᠡᠶ ᠪᠠᠷ ᠨᠢᠭᠡ ᠶᠠᠪᠤᠳᠠᠯ ᠢ ᠭᠦᠢᠴᠡᠳᠭᠡᠵᠦ ᠳᠠᠭᠤᠰᠬᠠᠬᠤ︾ ᠥᠭᠡᠷᠡᠴᠢᠯᠡᠯᠲᠡ ᠶᠢ ᠢᠳᠡᠪᠬᠢᠲᠡᠶ ᠠᠬᠢᠭᠤᠯᠵᠤ᠂ ︽ᠰᠠᠭᠠᠳ ᠥᠬᠡᠶ ᠨᠡᠪᠲᠡᠷᠡᠬᠦ ᠵᠠᠮ︾ ᠢ ᠨᠡᠪᠲᠡᠷᠡᠭᠦᠯᠬᠦ᠂ ︽ᠣᠨᠴᠠᠭᠠᠶ ᠡᠲᠡᠭᠡᠳ ᠤᠨ ᠬᠡᠷ ᠲᠤᠨᠢ ᠬᠦᠷᠴᠦ ᠦᠢᠯᠡᠴᠢᠯᠡᠨ ᠬᠠᠪᠰᠤᠷᠤᠨ ᠭᠦᠢᠴᠡᠳᠭᠡᠵᠦ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠺᠠᠷᠲ︾ ᠢ ᠲᠠᠷᠬᠠᠭᠠᠬᠤ ᠪᠠᠷ ᠳᠠᠮᠵᠢᠭᠤᠯᠤᠨ᠂ ᠴᠠᠭ ᠢ ᠨᠢ ᠤᠷᠲᠤᠳᠬᠠᠬᠤ᠂ ᠠᠵᠤ ᠠᠬᠤᠶᠢᠯᠠᠯ ᠢ ᠲᠤᠰᠠᠯᠠᠬᠤ ᠦᠢᠯᠡᠴᠢᠯᠡᠭᠡᠨ ᠤ ᠲᠤᠰᠬᠠᠶ ᠰᠠᠭᠤᠳᠠᠯ ᠢ ᠨᠡᠮᠡᠵᠦ ᠲᠣᠬᠢᠷᠠᠭᠤᠯᠬᠤ᠂ ︽7×24︾ ᠴᠠᠭ ᠤᠨ ᠥᠪᠡᠰᠦᠪᠡᠨ ᠦᠢᠯᠡᠴᠢᠯᠡᠬᠦ ᠵᠡᠷᠭᠡ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡ ᠶᠢ ᠬᠠᠩᠭᠠᠵᠤ᠂ ᠡᠯ᠎ᠡ ᠵᠦᠢᠯ ᠤᠨ ᠠᠵᠤ ᠠᠬᠤᠶᠢᠯᠠᠯ ᠳᠤ ᠲᠥᠬᠦᠮ ᠦᠵᠡᠭᠦᠯᠵᠦ ᠠᠰᠢᠭ ᠬᠦᠷᠲᠡᠭᠡᠬᠦ ᠠᠷᠭ᠎ᠠ ᠬᠡᠮᠵᠢᠶ᠎ᠡ ᠶᠢ ᠲᠠᠰᠤᠷᠠᠯᠲᠠ ᠥᠬᠡᠶ ᠲᠡᠭᠦᠯᠳᠡᠷᠵᠢᠭᠦᠯᠦᠨ᠂ ᠲᠡᠷᠢᠭᠦᠨ ᠵᠡᠷᠭᠡ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠣᠷᠴᠢᠨ ᠨᠥᠬᠦᠴᠡᠯ ᠢ ᠴᠢᠷᠮᠠᠶᠢᠨ ᠪᠣᠶ ᠪᠣᠯᠭᠠᠪᠠ᠃    ᠡᠵᠡᠨ᠎ᠡ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠯᠢ ᠲᠢᠩ᠄ ︽ᠡᠨᠡ ᠡᠳᠦᠷ ᠪᠣᠯ ᠵᠢᠯ ᠤᠨ ᠳᠠᠷᠠᠭᠠᠬᠢ ᠠᠵᠢᠯ ᠳᠠᠭᠠᠨ ᠣᠷᠣᠭᠰᠠᠨ ᠠᠩᠬᠠᠨ ᠤ ᠡᠳᠦᠷ ᠪᠣᠯᠤᠨ᠎ᠠ᠂ ᠡᠵᠡᠨ᠎ᠡ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠡᠯ᠎ᠡ ᠴᠣᠩᠬᠤ ᠬᠡᠪ ᠤᠨ ᠶᠣᠰᠣᠭᠠᠷ ᠠᠵᠢᠯ ᠢᠶᠠᠨ ᠰᠡᠷᠭᠦᠭᠡᠵᠦ᠂ ᠣᠯᠠᠨ ᠢᠶᠠᠷ ᠢᠶᠠᠨ ᠴᠤᠭ ᠵᠢᠪᠬᠤᠭ᠎ᠠ ᠲᠡᠭᠦᠯᠳᠡᠷ᠂ ᠡᠷᠴᠢ ᠵᠣᠷᠢᠭ ᠲᠡᠭᠦᠯᠳᠡᠷ ᠪᠠᠶᠢᠨ᠎ᠠ᠃ 2025 ᠣᠨ ᠳᠤ᠂ ᠪᠢᠳᠡ ᠦᠷᠭᠦᠯᠵᠢᠯᠡᠨ ᠠᠵᠤ ᠠᠬᠤᠶᠢᠯᠠᠯ ᠪᠠ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠪᠠᠷᠢᠮᠵᠢᠶᠠᠵᠢᠭᠤᠯᠬᠤ᠂ ᠵᠢᠷᠤᠮᠵᠢᠭᠤᠯᠬᠤ᠂ ᠲᠥᠬᠦᠮ ᠪᠣᠯᠭᠠᠬᠤ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠢᠨ᠎ᠡ ᠨᠢᠭᠡ ᠪᠦᠯᠦᠭ ︽ᠨᠢᠭᠡ ᠶᠠᠪᠤᠳᠠᠯ ᠢ ᠥᠨᠳᠥᠷ ᠪᠦᠲᠦᠮᠵᠢᠲᠡᠶ ᠪᠠᠷ ᠭᠦᠢᠴᠡᠳᠭᠡᠬᠦ︾ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠵᠤ᠂ ᠵᠠᠰᠠᠭ ᠵᠠᠬᠢᠷᠭᠠᠨ ᠤ ᠬᠦᠴᠦᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠡᠭᠦᠨ ᠤ ᠬᠠᠮᠲᠤ᠂ ᠪᠢᠳᠡ ᠪᠠᠰᠠ ᠲᠢᠩᠬᠢᠮ ᠤᠨ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ᠂ ᠴᠣᠩᠬᠤᠪᠴᠢ ᠶᠢᠨ ᠠᠵᠢᠯᠲᠠᠨ ᠤ ᠦᠢᠯᠡᠴᠢᠯᠡᠭᠡᠨ ᠤ ᠤᠬᠠᠮᠰᠠᠷ ᠢ ᠴᠢᠩᠭᠠᠳᠬᠠᠵᠤ᠂ ᠠᠵᠤ ᠠᠬᠤᠶᠢᠯᠠᠯ ᠪᠠ ᠣᠯᠠᠨ ᠲᠦᠮᠡᠨ ᠳᠤ ᠨᠠᠩ ᠳᠥᠭᠦᠮ ᠳᠥᠲᠡ᠂ ᠥᠨᠳᠥᠷ ᠪᠦᠲᠦᠮᠵᠢᠲᠡᠶ᠂ ᠬᠠᠯᠠᠭᠤᠨ ᠳᠤᠯᠠᠭᠠᠨ ᠵᠠᠰᠠᠭ ᠤᠨ ᠶᠠᠪᠤᠳᠠᠯ ᠤᠨ ᠦᠢᠯᠡᠴᠢᠯᠡᠭᠡ ᠬᠠᠩᠭᠠᠨ᠎ᠠ︾ ᠭᠡᠪᠡ᠃    ᠰᠤᠪᠨᠠᠭᠤᠷ ᠨᠡᠶᠢᠭᠡᠮ ᠲᠣᠭᠤᠷᠢᠭ ᠲᠤ᠂ ᠠᠵᠢᠯᠳᠠᠨ ᠪᠦᠬᠦᠨ ᠢᠶᠠᠷ ᠢᠶᠠᠨ ᠠᠵᠢᠯ ᠤᠨ ᠪᠠᠶᠢᠷᠢ ᠳᠠᠭᠠᠨ ᠬᠦᠷᠴᠦ᠂ ᠰᠠᠭᠤᠭᠠᠯᠢ ᠠᠷᠠᠳ ᠲᠤ ᠡᠯ᠎ᠡ ᠵᠦᠢᠯ ᠤᠨ ᠳᠥᠭᠦᠮ ᠦᠵᠡᠭᠦᠯᠬᠦ ᠦᠢᠯᠡᠴᠢᠯᠡᠭᠡ ᠬᠠᠩᠭᠠᠵᠤ ᠡᠬᠢᠯᠡᠪᠡ᠃ ᠥᠷᠯᠥᠭᠡ ᠡᠷᠲᠡ᠂ ᠨᠡᠶᠢᠭᠡᠮ ᠲᠣᠭᠤᠷᠢᠭ ᠤᠨ ᠡᠷᠡᠭᠦᠯᠵᠢᠯ ᠤᠨ ᠥᠷᠲᠡᠭᠡᠨ ᠳᠤ ᠬᠡᠰᠡᠭ ᠨᠠᠰᠤᠳᠠᠶᠢᠴᠦᠳ ᠴᠣᠭᠯᠠᠷᠠᠵᠤ᠂ ᠡᠷᠡᠭᠦᠯᠵᠢᠯ ᠤᠨ ᠥᠷᠲᠡᠭᠡᠨ ᠤ ᠠᠵᠢᠯᠲᠠᠳ ᠨᠠᠰᠤᠲᠠᠶᠢᠴᠤᠳ ᠨᠢᠭᠡᠪᠦᠷᠢ ᠳᠤ ᠨᠠᠷᠢᠨ ᠬᠢᠨᠠᠮᠠᠭᠠᠶ ᠤᠶᠢᠯᠡᠴᠢᠯᠡᠭᠡ ᠬᠠᠩᠭᠠᠨ᠎ᠠ᠃ ᠪᠡᠶ᠎ᠡ ᠴᠢᠭᠢᠷᠠᠭᠵᠢᠭᠤᠯᠬᠤ ᠬᠥᠳᠡᠯᠭᠡᠭᠡᠨ ᠤ ᠭᠡᠷ ᠲᠤ᠂ ᠪᠡᠶ᠎ᠡ ᠴᠢᠭᠢᠷᠠᠭᠵᠢᠭᠤᠯᠬᠤ ᠳᠤᠷᠠᠲᠠᠶ ᠰᠠᠭᠤᠭᠠᠯᠢ ᠠᠷᠠᠳ ᠶᠠᠭ ᠫᠢᠩᠫᠠᠩ ᠪᠥᠮᠪᠦᠭᠡ ᠨᠠᠭᠠᠳᠴᠤ᠂ ᠪᠡᠶ᠎ᠡ ᠰᠡᠳᠬᠢᠯ ᠢᠶᠠᠨ ᠪᠠᠶᠠᠰᠬᠠᠨ᠎ᠠ᠃ ᠪᠠᠶᠠᠷ ᠤᠨ ᠡᠳᠦᠷ ᠤᠨ ᠳᠠᠷᠠᠭᠠᠬᠢ ᠨᠢᠭᠡᠳᠦᠭᠡᠷ ᠡᠳᠦᠷ᠂ ᠨᠡᠶᠢᠭᠡᠮ ᠲᠣᠭᠤᠷᠢᠭ ᠤᠨ ᠡᠷᠭᠢᠯᠡᠭᠰᠡᠨ ᠠᠮᠠᠷᠠᠯᠲᠠ ᠶᠢᠨ ᠬᠤᠭᠤᠴᠠᠭᠠᠨ ᠤ ᠨᠡᠶᠢᠲᠡ ᠶᠢᠨ ᠠᠰᠠᠷᠠᠮᠵᠢ ᠶᠢᠨ ᠬᠢᠴᠢᠶᠡᠯ ᠤᠨ ᠲᠠᠩᠬᠢᠮ ᠴᠤ ᠵᠢᠩᠬᠢᠨᠢ ᠪᠠᠷ ᠬᠢᠴᠢᠶᠡᠯ ᠢᠶᠠᠨ ᠰᠡᠷᠭᠦᠭᠡᠵᠦ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠴᠢᠯᠡᠭᠡ ᠶᠢᠨ ᠥᠷᠲᠡᠭᠡᠨ ᠤ ᠰᠠᠶᠢᠨ ᠲᠤᠷᠠᠴᠤᠳ ᠪᠠᠭᠰᠢ ᠪᠣᠯᠵᠣ᠂ ᠬᠠᠷᠢᠶᠠᠲᠤ ᠣᠷᠣᠨ ᠤ ᠪᠠᠭᠠᠴᠤᠳ ᠬᠡᠦᠬᠡᠳ ᠲᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠬᠢᠴᠢᠶᠡᠯ ᠢ ᠬᠠᠪᠰᠤᠷᠤᠨ ᠵᠢᠯᠣᠭᠤᠳᠪᠠ᠃    ᠰᠤᠪᠨᠠᠭᠤᠷ ᠨᠡᠶᠢᠭᠡᠮ ᠲᠣᠭᠤᠷᠢᠭ ᠤᠨ ᠨᠠᠮ ᠤᠨ ᠡᠭᠦᠷ ᠤᠨ ᠱᠦᠵᠢ᠂ ᠡᠷᠬᠢᠯᠡᠭᠴᠢ ᠵᠣᠣ ᠶᠦᠩ ᠵᠢᠶᠧ᠄       ︽ᠥᠨᠥᠳᠦᠷ ᠪᠣᠯ ᠪᠠᠶᠠᠷ ᠤᠨ ᠡᠳᠦᠷ ᠤᠨ ᠳᠠᠷᠠᠭᠠᠬᠢ ᠠᠵᠢᠯᠯᠠᠵᠤ ᠡᠬᠢᠯᠡᠭᠰᠡᠨ ᠠᠩᠬᠠᠨ ᠤ ᠡᠳᠦᠷ ᠪᠣᠯᠣᠨ᠎ᠠ᠂ ᠠᠵᠢᠯᠲᠠᠳ ᠪᠦᠬᠦᠨ ᠢᠶᠠᠷ ᠢᠶᠠᠨ ᠠᠵᠢᠯ ᠤᠨ ᠪᠠᠶᠢᠷᠢ ᠳᠠᠭᠠᠨ ᠬᠦᠷᠴᠦ᠂ ᠦᠢᠯᠡᠴᠢᠯᠡᠭᠡ ᠪᠠᠨ ᠴᠦ ᠵᠡᠷᠭᠡ ᠪᠠᠷ ᠡᠬᠢᠯᠡᠭᠦᠯᠦᠭᠰᠡᠨ᠂ ᠡᠨᠡ ᠨᠢᠭᠡ ᠵᠢᠯ ᠳᠤ᠂ ᠮᠠᠨ ᠤ ᠨᠡᠶᠢᠭᠡᠮ ᠲᠣᠭᠤᠷᠢᠭ ᠤᠨ ᠪᠦᠬᠦ ᠠᠵᠢᠯᠲᠠᠳ ᠬᠠᠮᠤᠭ ᠲᠡᠭᠦᠯᠳᠡᠷ ᠳᠦᠷᠢ ᠲᠥᠷᠬᠦ ᠪᠠᠷ ᠥᠷᠭᠡᠨ ᠣᠯᠠᠨ ᠠᠷᠠᠳ ᠲᠦᠮᠡᠨ ᠳᠤ ᠦᠢᠯᠡᠴᠢᠯᠡᠬᠦ ᠪᠠᠷ ᠴᠢᠷᠮᠠᠶᠢᠨ᠎ᠠ︾ ᠭᠡᠪᠡ᠃    ᠴᠠᠭᠠᠨ ᠰᠠᠷ᠎ᠠ ᠶᠢᠨ ᠳᠠᠷᠠᠭᠠᠬᠢ ᠠᠵᠢᠯ ᠳᠤ ᠭᠠᠷᠤᠭᠰᠠᠨ ᠠᠩᠬᠠᠨ ᠤ ᠡᠳᠦᠷ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠲᠥᠪ ᠤᠨ ᠡᠯ᠎ᠡ ᠬᠡᠯᠲᠡᠰ ᠤᠨ ᠺᠠᠳ᠋ᠷ ᠠᠵᠢᠯᠲᠠᠳ ᠠᠵᠢᠯ ᠤᠨ ᠪᠠᠶᠢᠷᠢᠨ ᠳᠠᠭᠠᠨ ᠡᠷᠲᠡᠯᠡᠨ ᠬᠦᠷᠴᠦ᠂ ᠠᠵᠢᠯᠯᠠᠬᠤ ᠠᠴᠠ ᠡᠮᠦᠨᠡᠬᠢ ᠡᠯ᠎ᠡ ᠵᠦᠢᠯ ᠤᠨ ᠪᠡᠯᠡᠳᠬᠡᠯ ᠢ ᠤᠷᠢᠳᠴᠢᠯᠠᠨ ᠰᠠᠶᠢᠲᠤᠷ ᠬᠢᠨ᠂ ᠡᠵᠡᠨ᠎ᠡ ᠬᠤᠰᠢᠭᠤᠨ ᠤ ᠳᠥᠷᠪᠡᠳᠦᠭᠡᠷ ᠤᠳᠠᠭᠠᠨ ᠤ ᠪᠦᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠭᠤᠷᠪᠠᠳᠤᠭᠠᠷ ᠱᠠᠲᠤᠨ ᠤ ᠠᠵᠢᠯ ᠢ ᠲᠤᠬᠢᠷᠠᠭᠤᠯᠤᠨ ᠪᠠᠶᠢᠷᠢᠯᠠᠭᠤᠯᠵᠤ᠂ ᠶᠠᠭᠠᠷᠠᠯᠲᠠᠢ ᠪᠥᠭᠡᠳ ᠡᠮᠬᠢ ᠳᠢᠭᠯᠢᠮ ᠲᠠᠢ ᠠᠵᠢᠯ ᠤᠨ ᠪᠠᠶᠢᠳᠠᠯ᠂ ᠣᠷᠭᠢᠯᠤᠮ᠎ᠠ ᠬᠠᠯᠠᠭᠤᠨ ᠠᠵᠢᠯ ᠤᠨ ᠤᠷᠮ᠎ᠠ ᠪᠠᠷ ᠰᠢᠨ᠎ᠡ ᠨᠢᠭᠡ ᠵᠢᠯ ᠢᠶᠠᠨ ᠰᠠᠶᠢᠲᠤᠷ ᠡᠬᠢᠯᠡᠬᠦᠯᠦᠨ᠎ᠡ᠃    ᠡᠵᠡᠨ᠎ᠡ ᠬᠤᠰᠢᠭᠤᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠲᠥᠪ ᠤᠨ ᠳᠡᠳ᠋ ᠡᠷᠬᠢᠯᠡᠭᠴᠢ ᠯᠢᠦ ᠫᠧᠩ᠄ ︽ᠥᠨᠥᠳᠦᠷ ᠪᠢᠳᠡ ᠨᠢᠭᠡᠨᠲᠡ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠲᠤᠬᠠᠢ ᠶᠢᠨ ᠲᠠᠯᠠᠪᠠᠢ ᠳᠤ ᠬᠦᠷᠴᠦ᠂ ᠲᠣᠭᠤᠷᠢᠨ ᠪᠠᠶᠢᠴᠠᠭᠠᠬᠤ ᠪᠠ ᠬᠠᠮᠠᠭᠠᠯᠠᠬᠤ ᠠᠵᠢᠯ ᠥᠷᠨᠢᠭᠦᠯᠪᠡ᠃ ᠰᠢᠨ᠎ᠡ ᠨᠢᠭᠡᠨ ᠵᠢᠯ ᠳᠤ᠂ ᠪᠢᠳᠡ ᠲᠡᠦᠬᠡ ᠶᠢᠨ ᠳᠤᠷᠠᠰᠬᠠᠯᠲᠤ ᠵᠦᠢᠯᠡᠰ ᠤᠨ ᠡᠳᠦᠷ ᠲᠤᠲᠤᠮ ᠤᠨ ᠲᠣᠭᠤᠷᠢᠨ ᠪᠠᠶᠢᠴᠠᠭᠠᠬᠤ᠂ ᠠᠷᠠᠴᠢᠯᠠᠨ ᠬᠠᠮᠠᠭᠠᠯᠠᠬᠤ ᠪᠠ ᠵᠠᠰᠠᠨ ᠰᠡᠷᠭᠦᠭᠡᠬᠦ ᠠᠵᠢᠯ ᠢ ᠦᠷᠭᠦᠯᠵᠢᠯᠡᠨ ᠰᠠᠶᠢᠲᠤᠷ       ᠬᠢᠵᠦ᠂ ︽ᠳᠥᠷᠪᠡᠨ ᠲᠦᠭᠡᠮᠡᠯᠵᠢᠭᠦᠯᠦᠯᠲᠡ︾ ᠶᠢᠨ ᠭᠤᠷᠪᠠᠳᠤᠭᠠᠷ ᠱᠠᠲᠤᠨ ᠤ ᠰᠢᠯᠵᠢᠭᠦᠯᠵᠦ ᠪᠣᠯᠤᠰᠢ ᠦᠭᠡᠢ ᠲᠡᠦᠬᠡ ᠶᠢᠨ ᠳᠤᠷᠠᠰᠬᠠᠯᠲᠤ ᠵᠦᠢᠯᠡᠰ ᠢ ᠬᠠᠤᠯᠢ ᠶᠣᠰᠣᠭᠠᠷ ᠮᠠᠭᠠᠳᠯᠠᠨ ᠲᠣᠭᠲᠠᠭᠠᠬᠤ᠂ ᠳᠠᠩᠰᠠᠯᠠᠬᠤ ᠪᠠ ᠨᠡᠶᠢᠲᠡᠯᠡᠬᠦ᠂ ᠪᠦᠬᠦ ᠠᠶᠢᠮᠠᠭ ᠤᠨ ᠰᠢᠯᠵᠢᠭᠦᠯᠵᠦ ᠪᠣᠯᠤᠰᠢ ᠦᠭᠡᠢ ᠲᠡᠦᠬᠡ ᠶᠢᠨ ᠳᠤᠷᠠᠰᠬᠠᠯᠲᠤ ᠵᠦᠢᠯᠡᠰ ᠤᠨ ᠡᠬᠢ ᠪᠠᠶᠠᠯᠢᠭ ᠤᠨ ᠶᠡᠷᠦᠩᠬᠡᠢ ᠭᠠᠷᠴᠠᠭ ᠢ ᠲᠤᠭᠤᠷᠪᠢᠬᠤ ᠵᠡᠷᠭᠡ ᠠᠵᠢᠯ ᠳᠤ ᠰᠠᠶᠢᠨ ᠰᠠᠭᠤᠷᠢ ᠲᠠᠯᠪᠢᠨ᠎ᠠ︾ ᠭᠡᠪᠡ᠃    ᠴᠠᠭᠠᠨ ᠰᠠᠷ᠎ᠠ ᠶᠢᠨ ᠰᠢᠨ᠎ᠡ ᠶᠢᠨ ᠨᠠᠢᠮᠠᠨ ᠤ ᠥᠷᠯᠥᠭᠡ ᠡᠷᠲᠡ᠂ ᠡᠵᠡᠨ᠎ᠡ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠪᠥᠬᠦ ᠡᠮᠴᠢ ᠰᠤᠪᠢᠯᠠᠭᠴᠢ ᠲᠣᠭᠲᠠᠭᠰᠠᠨ ᠴᠠᠭ ᠲᠠᠭᠠᠨ ᠠᠵᠢᠯ ᠤᠨ ᠪᠠᠶᠢᠷᠢ ᠳᠠᠭᠠᠨ ᠪᠤᠴᠠᠵᠤ᠂ ᠪᠥᠬᠦ ᠰᠡᠳᠬᠢᠯ ᠪᠥᠬᠦ ᠵᠣᠷᠢᠭ ᠢᠶᠠᠷ ᠢᠶᠠᠨ ᠪᠠᠴᠢᠮ ᠪᠥᠭᠡᠳ ᠡᠮᠬᠢ ᠵᠢᠷᠤᠮ ᠲᠠᠢ ᠡᠮᠴᠢᠯᠡᠭᠡᠨ ᠤ ᠠᠵᠢᠯ ᠳᠤ ᠣᠷᠣᠯᠴᠠᠨ᠎ᠠ᠃ ᠳᠣᠲᠣᠷ ᠰᠠᠯᠠᠭᠠᠨ ᠤ ᠡᠮᠴᠢᠯᠡᠭᠡᠨ ᠤ ᠲᠠᠰᠤᠭ ᠲᠤ᠂ ᠡᠮᠴᠢ ᠯᠢᠦ ᡁᠢ ᠭᠠᠩ ᠬᠦᠯᠢᠶᠡᠵᠦ ᠪᠠᠶᠢᠭ᠎ᠠ ᠡᠪᠡᠳᠴᠢᠲᠡᠨ ᠢ ᠨᠢᠭᠡᠳ ᠨᠢᠭᠡ ᠪᠠᠷ ᠡᠮᠴᠢᠯᠡᠵᠦ᠂ ᠲᠡᠭᠦᠨ ᠤ ᠠᠷᠤ ᠶᠢᠨ ᠬᠡᠷᠡᠮ ᠳᠡᠭᠡᠷ᠎ᠡ ᠨᠢ ᠪᠠᠰᠠ ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭᠠᠨ ᠳᠤ ᠡᠪᠡᠳᠴᠢᠲᠡᠨ ᠤ ᠬᠡᠷ ᠪᠦᠯᠢ ᠶᠢᠨ ᠬᠢᠨ ᠠᠴᠠ ᠬᠦᠷᠭᠡᠵᠦ ᠢᠷᠡᠭᠰᠡᠨ ᠬᠡᠮᠡᠷᠯᠢᠭ ᠲᠤᠭ ᠬᠠᠷᠠᠭᠳᠠᠨ᠎ᠠ᠃    ᠡᠵᠡᠨ᠎ᠡ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠬᠡᠦᠬᠡᠳ ᠤᠨ ᠳᠣᠲᠣᠷ ᠰᠠᠯᠠᠭᠠᠨ ᠤ ᠡᠷᠬᠢᠯᠡᠭᠴᠢ ᠡᠮᠴᠢ ᠯᠢᠦ ᡁᠢ ᠭᠠᠩ᠄᠄ ︽ᠡᠮᠨᠡᠯᠭᠡ ᠶᠢᠨ ᠠᠵᠢᠯᠲᠠᠨ ᠪᠣᠯᠤᠭᠰᠠᠨ ᠤ ᠬᠤᠪᠢ ᠳᠤ᠂ ᠬᠡᠳᠦ᠋ᠢᠪᠡᠷ ᠣᠯᠠᠩᠬᠢ ᠬᠥᠮᠦᠨ ᠲᠠᠢ ᠠᠳᠠᠯᠢ ᠪᠠᠷ ᠪᠠᠶᠠᠷ ᠤᠨ ᠡᠳᠦᠷ ᠢᠶᠠᠨ ᠥᠩᠭᠡᠷᠡᠭᠦᠯᠵᠦ ᠴᠢᠳᠠᠬᠤ ᠦᠭᠡᠢ ᠪᠣᠯᠪᠠᠴᠤ ᠪᠢᠳᠡ ᠠᠵᠢᠯ ᠤᠨ ᠪᠠᠶᠢᠷᠢ ᠪᠠᠨ ᠪᠠᠲᠤ ᠰᠠᠬᠢᠵᠤ᠂ ᠡᠭᠦᠷᠭᠡᠯᠡᠪᠡᠰᠦ ᠵᠣᠬᠢᠬᠤ ᠬᠠᠷᠢᠭᠤᠴᠠᠯᠭ᠎ᠠ ᠪᠠᠨ ᠰᠠᠶᠢᠳᠤᠷ ᠬᠦᠢᠴᠡᠳᠭᠡᠨ᠎ᠡ᠃ ᠴᠠᠭᠠᠨ ᠰᠠᠷ᠎ᠠ ᠶᠢᠨ ᠬᠤᠭᠤᠴᠠᠭᠠᠨ ᠳᠤ ᠬᠡᠮᠡᠷᠯᠢᠭ ᠲᠤᠭ ᠣᠯᠤᠭᠰᠠᠨ ᠨᠢ ᠨᠠᠳᠠ ᠳᠤ ᠠᠪᠴᠤ ᠬᠡᠯᠡᠪᠡᠯ ᠢᠷᠠᠭᠤ ᠠᠯᠳᠠᠷ ᠪᠣᠯᠬᠤ ᠪᠥᠭᠡᠳ ᠪᠠᠰᠠ ᠴᠤ ᠵᠣᠷᠢᠭᠵᠢᠭᠤᠯᠤᠯ ᠪᠣᠯᠬᠤ ᠶᠤᠮ᠃ ᠥᠨᠥᠳᠦᠷ ᠪᠣᠯ ᠰᠢᠨ᠎ᠡ ᠵᠢᠯ ᠤᠨ ᠳᠠᠷᠠᠭᠠᠬᠢ ᠨᠢᠭᠡᠳᠦᠭᠡᠷ ᠠᠵᠢᠯᠯᠠᠬᠤ ᠡᠳᠦᠷ ᠪᠣᠯᠤᠨ᠎ᠠ᠂ ᠪᠢᠳᠡ ᠨᠠᠩ ᠢᠲᠡᠭᠡᠯ ᠳᠦᠭᠦᠷᠡᠩ ᠠᠵᠢᠯ ᠤᠨ ᠣᠪᠣᠷ ᠢᠶᠠᠷ ᠡᠪᠡᠳᠴᠢᠲᠡᠨ ᠳᠤ ᠡᠮᠴᠢᠯᠡᠭᠡᠨ ᠤ ᠦᠢᠯᠡᠴᠢᠯᠡᠭᠡ ᠬᠠᠩᠭᠠᠨ᠎ᠠ᠂ ᠮᠥᠨᠴᠦ ᠣᠯᠠᠨ ᠢᠶᠠᠷ ᠢᠶᠠᠨ ᠰᠢᠨ᠎ᠡ ᠨᠢᠭᠡ ᠵᠢᠯ ᠳᠤ ᠪᠡᠶ᠎ᠡ ᠮᠠᠬᠠᠪᠣᠳ ᠡᠷᠡᠭᠦᠯ ᠴᠢᠭᠢᠷᠠᠭ ᠪᠠᠶᠢᠬᠤ ᠶᠢ ᠬᠦᠰᠡᠨ ᠵᠥᠩᠨᠡᠵᠦ ᠪᠠᠶᠢᠨ᠎ᠠ︾ ᠭᠡᠪᠡ᠃
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号