︽ᠵᠢᠷᠭᠤᠭᠠᠨ ᠠᠵᠢᠯᠯᠠᠭ᠎ᠠ︾᠎ ᠶᠢᠨ ᠰᠢᠷᠢᠰ ᠮᠡᠳᠡᠭᠡᠯᠡᠯ᠄  ᠴᠡᠭᠡ ᠪᠣᠭᠤᠮᠲᠠ ᠶᠢᠨ ᠥᠨᠳᠥᠷ ᠪᠦᠲᠦᠮᠵᠢᠲᠡᠶ ︽ᠡᠯᠧᠺᠲᠷᠣᠨ ᠵᠢᠩᠯᠡᠭᠦᠷ︾ ᠵᠢᠩᠬᠢᠨᠢ ᠪᠠᠷ ᠠᠵᠢᠯᠯᠠᠵᠤ ᠬᠢᠯᠢ ᠠᠯᠤᠰᠯᠠᠭᠰᠠᠨ ᠪᠠᠷᠠᠭᠠᠨ ᠤ ᠬᠦᠢᠯᠭᠡᠭᠡ ᠶᠢ ᠲᠦᠷᠭᠡᠳᠬᠡᠨ ᠠᠬᠢᠭᠤᠯᠪᠠ
ᠨᠡᠶᠢᠲᠡᠯᠡᠭᠰᠡᠨ ᠴᠠᠭ᠄
2025/3/11
    ᠪᠥᠬᠦ ᠠᠶᠢᠮᠠᠭ ᠤᠨ ︽ᠵᠢᠷᠭᠤᠭᠠᠨ ᠠᠵᠢᠯᠯᠠᠭ᠎ᠠ︾᠎ ᠶᠢᠨ ᠪᠠᠶᠢᠷᠢᠯᠠᠭᠤᠯᠤᠯᠲᠠ ᠶᠢ ᠠᠬᠢᠭᠤᠯᠬᠤ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠳᠤᠰᠠᠳᠠ᠂ 3 ᠰᠠᠷ᠎ᠠ ᠶᠢᠨ 6᠎ ᠤ ᠡᠳᠦᠷ᠂ ᠴᠡᠭᠡ ᠪᠣᠭᠤᠮᠲᠠ ᠶᠢᠨ ᠠᠵᠤ ᠠᠬᠤᠶ ᠶᠢᠨ ᠨᠡᠭᠡᠭᠡᠯᠲᠡ ᠶᠢᠨ ᠤᠷᠤᠨ ᠨᠢ ᠠᠯᠠᠱᠠ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ᠂ ᠠᠯᠠᠱᠠ ᠠᠶᠢᠮᠠᠭ ᠤᠨ ᠬᠢᠨᠠᠨ ᠪᠠᠶᠢᠴᠠᠭᠠᠵᠤ ᠬᠢᠨᠠᠨ ᠬᠡᠮᠵᠢᠬᠦ ᠲᠥᠪ᠂ ᠴᠡᠭᠡ ᠪᠣᠭᠤᠮᠲᠠ ᠶᠢᠨ ᠨᠡᠭᠦᠷᠡᠰᠦᠨ ᠤ ᠨᠡᠶᠢᠭᠡᠮᠯᠢᠭ ᠲᠠᠢ ᠬᠠᠮᠲᠤᠷᠠᠨ 200 ᠲᠣᠨ ᠤ ᠡᠯᠧᠺᠲᠷᠣᠨ ᠮᠠᠰᠢᠨ ᠲᠡᠷᠭᠡᠨ ᠤ ᠵᠢᠩᠨᠡᠯᠲᠡ ᠶᠢᠨ ᠪᠡᠶ᠎ᠡ ᠪᠠᠨ ᠳᠠᠭᠠᠭᠠᠵᠤ ᠰᠢᠯᠭᠠᠨ ᠲᠣᠭᠲᠠᠭᠠᠬᠤ ᠠᠵᠢᠯ ᠢ ᠡᠬᠢᠯᠡᠬᠦᠯᠪᠡ᠃ ᠡᠨᠡ ᠨᠢ ᠪᠣᠭᠤᠮᠲᠠ ᠶᠢᠨ ᠠᠷᠠᠯᠵᠢᠶᠠᠨ ᠤ ᠬᠡᠮᠵᠢᠯᠲᠡ ᠶᠢᠨ ᠦᠢᠯᠡᠴᠢᠯᠡᠭᠡ ᠥᠨᠳᠥᠷ ᠪᠦᠲᠦᠮᠵᠢᠲᠡᠶ᠂ ᠲᠤᠰᠬᠠᠶᠢᠵᠢᠭᠰᠠᠨ ᠰᠢᠨ᠎ᠡ ᠱᠠᠲᠤᠨ ᠳᠤ ᠤᠷᠤᠭᠰᠠᠨ ᠢ ᠬᠠᠷᠠᠭᠤᠯᠵᠤ  ᠪᠤᠢ᠃    ᠡᠬᠢᠯᠡᠯᠲᠡ ᠶᠢᠨ ᠶᠣᠰᠣᠯᠠᠯ ᠤᠨ ᠠᠬᠤᠶ ᠲᠠᠯᠠᠪᠠᠶ ᠳᠤ᠂ ᠪᠠᠷᠠᠭ᠎ᠠ ᠳᠦᠭᠦᠷᠲᠡᠯ᠎ᠡ ᠲᠡᠭᠡᠭᠡᠭᠰᠡᠨ ᠬᠡᠳᠦᠨ ᠬᠦᠨᠳᠦ ᠬᠡᠯᠪᠡᠷᠢ ᠶᠢᠨ ᠠᠴᠢᠶᠠᠨ ᠤ ᠮᠠᠰᠢᠨ ᠲᠡᠷᠭᠡ ᠰᠢᠨ᠎ᠡ ᠪᠠᠷ ᠣᠷᠣᠭᠤᠯᠤᠭᠰᠠᠨ ᠡᠯᠧᠺᠲᠷᠣᠨ ᠮᠠᠰᠢᠨ ᠲᠡᠷᠭᠡᠨ ᠤ ᠵᠢᠩᠯᠡᠭᠦᠷ ᠢᠶᠠᠷ ᠠᠯᠭᠤᠷᠬᠠᠨ ᠥᠩᠭᠡᠷᠡᠵᠦ᠂ ᠮᠡᠷᠭᠡᠵᠢᠯᠲᠡᠨ ᠲᠣᠭᠠᠴᠢᠯᠠᠭᠰᠠᠨ ᠲᠥᠬᠦᠭᠡᠷᠦᠮᠵᠢ ᠪᠠᠷ ᠬᠡᠮᠵᠢᠯᠲᠡ ᠶᠢᠨ ᠨᠠᠷᠢᠯᠢᠭᠴᠠ ᠶᠢ ᠴᠠᠭ ᠲᠤᠬᠠᠶ ᠳᠤᠨᠢ ᠰᠢᠯᠭᠠᠨ ᠠᠪᠣᠨ᠎ᠠ᠃ ᠪᠣᠭᠤᠮᠲᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ᠂ ᠠᠵᠤ ᠠᠬᠤᠶᠢᠯᠠᠯ ᠤᠨ ᠲᠥᠯᠥᠭᠡᠯᠡᠭᠴᠢ᠂ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠠᠵᠢᠯᠲᠠᠨ ᠲᠣᠰ ᠲᠥᠬᠦᠭᠡᠷᠦᠮᠵᠢ ᠶᠢ ᠠᠩᠬ᠎ᠠ ᠤᠳᠠᠭ᠎ᠠ ᠪᠡᠶ᠎ᠡ ᠪᠠᠨ ᠳᠠᠭᠠᠭᠠᠵᠤ ᠰᠢᠯᠭᠠᠨ ᠲᠣᠭᠲᠠᠭᠠᠬᠤ ᠶᠠᠪᠤᠴᠠ ᠶᠢ ᠬᠠᠮᠲᠤ ᠪᠠᠷ ᠭᠡᠷᠡᠴᠢᠯᠡᠪᠡ᠃     ᠥᠪᠥᠷ ᠮᠣᠩᠭᠤᠯ ᠤᠨ ᠪᠥᠸᠧ ᠶᠤᠸᠠᠨ ᠲᠤᠬᠠᠢ ᠶᠢᠨ ᠭᠠᠵᠠᠷ ᠤᠨ ᠡᠨᠧᠷᠭᠢ ᠶᠢᠨ ᠬᠢᠵᠠᠭᠠᠷᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ ᠦ᠋ ᠢᠦᠢ ᠵᠢᠶᠦ᠋ᠨ᠄ ︽ᠡᠨᠡ ᠬᠦ ᠲᠦᠷᠦᠯ ᠵᠦᠢᠯ ᠤᠨ ᠠᠵᠢᠯ ᠡᠬᠢᠯᠡᠭᠰᠡᠨ ᠨᠢ ᠬᠢᠯᠢ ᠶᠢᠨ ᠪᠣᠭᠤᠮᠲᠠ ᠶᠢᠨ  ᠰᠢᠯᠭᠠᠨ ᠬᠡᠮᠵᠢᠯᠳᠡ ᠎ ᠶᠢᠨ ᠠᠵᠢᠯ ᠢ  ᠤᠯᠠᠮ ᠥᠨᠳᠥᠷ ᠪᠦᠲᠦᠮᠵᠢᠲᠡᠢ᠂ ᠳᠥᠭᠦᠮ ᠳᠥᠲᠡ ᠪᠣᠯᠭᠠᠭᠰᠠᠨ ᠢ ᠬᠠᠷᠠᠭᠤᠯᠵᠤ ᠪᠤᠢ᠃  ᠮᠥᠨᠴᠦ ᠠᠵᠤ ᠠᠬᠤᠶᠢᠯᠠᠯ ᠤᠨ ᠬᠡᠷᠡᠭᠯᠡᠭᠴᠢ ᠪᠤᠶᠤ ᠵᠠᠬ᠎ᠠ ᠳᠡᠯᠭᠡᠭᠦᠷ ᠲᠤ ᠮᠠᠰᠢ ᠰᠠᠶᠢᠨ ᠨᠥᠯᠥᠭᠡ ᠦᠵᠡᠭᠦᠯᠵᠦ ᠴᠢᠳᠠᠭᠰᠠᠨ ᠪᠠᠷ ᠪᠠᠷᠠᠬᠤ ᠦᠬᠡᠢ ᠪᠣᠭᠤᠮᠲᠠ ᠶᠢᠨ ᠪᠣᠭᠤᠮᠲᠠ ᠥᠩᠭᠡᠷᠡᠬᠦ ᠦᠷ᠎ᠠ ᠪᠦᠲᠦᠮᠵᠢ ᠶᠢ  ᠳᠡᠭᠡᠭᠰᠢᠡᠯᠬᠦᠯᠵᠦ᠂ ᠠᠵᠤ ᠠᠬᠤᠢᠯᠠᠯ ᠤᠨ ᠲᠣᠭᠤᠷᠢᠨ ᠪᠠᠶᠢᠴᠠᠭᠠᠬᠤ ᠲᠠᠰᠤᠭ ᠲᠤ ᠨᠢᠭᠡ ᠦᠶᠡᠯᠡᠯ ᠤᠨ ᠬᠤᠭᠤᠴᠠᠭ᠎ᠠ ᠶᠢ ᠬᠦᠯᠢᠶᠡᠳᠡᠭ ᠪᠠᠶᠢᠭᠰᠠᠨ ᠴᠠᠭ ᠢ ᠪᠣᠭᠤᠨᠢᠰᠬᠠᠵᠤ᠂ ᠪᠠᠰᠠ ᠥᠪᠡᠷ ᠤᠨ ᠥᠷᠲᠡᠭ ᠤᠨ ᠲᠠᠯ᠎ᠠ ᠪᠠᠷ ᠠᠷᠪᠢᠯᠠᠨ ᠭᠠᠮᠨᠠᠬᠤ ᠵᠡᠷᠭᠡ ᠥᠨᠳᠥᠷ ᠪᠦᠲᠦᠮᠵᠢᠲᠡᠶ ᠥᠷ᠎ᠠ ᠳ᠋ᠦᠩ ᠢ ᠠᠪᠴᠢᠷᠠᠭᠰᠠᠨ ᠪᠠᠶᠢᠨ᠎ᠠ︾ ᠭᠡᠪᠡ᠃    ᠣᠶᠢᠷ᠎ᠠ ᠶᠢᠨ ᠵᠢᠯ ᠠᠴᠠ ᠨᠠᠰᠢ᠂ ᠴᠡᠭᠡ ᠬᠢᠯᠢ ᠶᠢᠨ ᠪᠣᠭᠤᠮᠲᠠ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠪᠠᠷ ᠪᠣᠭᠤᠮᠲᠠ ᠶᠢᠨ ᠨᠡᠭᠡᠭᠡᠯᠲᠡ ᠬᠥᠭᠵᠢᠯᠲᠡ ᠶᠢ ᠳᠠᠶᠢᠴᠢᠯᠠᠬᠤ ᠶᠡᠷᠦᠩᠬᠡᠶᠢᠯᠡᠨ ᠵᠢᠯᠣᠭᠤᠳᠬᠤ ᠴᠢᠨᠠᠷᠲᠠᠶ ᠭᠠᠷᠳᠠᠴᠠ ᠪᠣᠯᠭᠠᠬᠤ ᠶᠢ ᠪᠠᠷᠢᠮᠲᠠᠯᠠᠵᠤ᠂         ︽ᠲᠣᠭᠲᠠᠭᠤᠨ᠂ ᠬᠥᠭᠵᠢᠯᠲᠡ᠂ ᠬᠢᠯᠢ ᠬᠢᠵᠠᠭᠠᠷ ᠢ ᠬᠥᠭᠵᠢᠭᠦᠯᠬᠦ᠂ ᠠᠷᠠᠳ ᠢ ᠪᠠᠶᠠᠵᠢᠭᠤᠯᠬᠤ︾ ᠳᠥᠷᠪᠡᠨ ᠶᠡᠭᠡ ᠶᠠᠪᠤᠳᠠᠯ ᠤᠨ ᠲᠣᠭᠤᠷᠢᠨ ᠳᠤ᠂ ᠬᠢᠯᠢ ᠶᠢᠨ ᠠᠵᠤ ᠦᠢᠯᠡᠰ ᠤᠨ ᠬᠥᠭᠵᠢᠯᠲᠡ ᠶᠢ ᠬᠦᠴᠦᠯᠡᠨ ᠲᠦᠷᠭᠡᠳᠬᠡᠵᠦ᠂ ᠬᠢᠯᠢ ᠶᠢᠨ ᠠᠵᠤ ᠠᠬᠤᠶ ᠠᠷᠠᠯᠵᠢᠶᠠᠨ ᠤ ᠰᠣᠯᠢᠯᠴᠠᠭ᠎ᠠ ᠶᠢ ᠥᠷᠭᠡᠳᠬᠡᠪᠡ᠃ ᠠᠵᠤ ᠠᠬᠤᠶᠢᠯᠠᠯ ᠤᠨ ᠬᠥᠭᠵᠢᠯᠲᠡ ᠶᠢᠨ ᠬᠦᠴᠢᠷ ᠠᠰᠠᠭᠤᠳᠠᠯ ᠢ ᠤᠯᠠᠮ ᠨᠢᠭᠡ ᠠᠯᠬᠤᠮ ᠰᠢᠢᠳᠪᠦᠷᠢᠯᠡᠵᠦ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠨᠡᠨ ᠬᠦ ᠰᠢᠯᠢᠳᠡᠭᠵᠢᠭᠦᠯᠬᠦ ᠶᠢᠨ ᠲᠥᠯᠥᠭᠡ᠂ ᠲᠣᠰ ᠤᠳᠠᠭ᠎ᠠ ᠴᠡᠭᠡ ᠪᠣᠭᠤᠮᠲᠠ ᠨᠢ ᠠᠵᠤ ᠠᠬᠤᠶᠢᠯᠠᠯ ᠤᠨ ᠬᠦᠴᠢᠷᠳᠡᠯ ᠲᠠᠢ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠵᠠᠬ᠎ᠠ ᠳᠡᠯᠭᠡᠭᠦᠷ ᠤᠨ ᠬᠡᠷᠡᠭᠴᠡᠭᠡ ᠪᠠᠷ ᠴᠢᠭᠯᠡᠯ ᠪᠣᠯᠭᠠᠵᠤ᠂ ︽ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ︾᠎ ᠪᠠᠷ ᠵᠢᠯᠣᠭᠤᠳᠣᠯᠭ᠎ᠠ  ᠪᠣᠯᠭᠠᠨ ᠂ ︽ᠥᠪᠡᠷ ᠤᠨ ᠥᠷᠲᠡᠭ ᠢ ᠪᠠᠭᠤᠷᠠᠭᠤᠯᠤᠨ  ᠦᠷ᠎ᠠ ᠠᠰᠢᠭ ᠢ ᠨᠡᠮᠡᠭᠳᠡᠭᠦᠯᠬᠦ︾᠎ ᠪᠠᠷ ᠵᠣᠷᠢᠯᠭ᠎ᠠ ᠪᠣᠯᠭᠠᠵᠤ᠂ 200 ᠲᠣᠨ ᠤ ᠡᠯᠧᠺᠲᠷᠣᠨ ᠮᠠᠰᠢᠨ ᠲᠡᠷᠭᠡᠨ ᠤ ᠵᠢᠩᠨᠡᠯᠲᠡ ᠶᠢᠨ ᠪᠡᠶ᠎ᠡ ᠪᠠᠨ ᠳᠠᠭᠠᠭᠠᠵᠤ ᠰᠢᠯᠭᠠᠨ ᠲᠣᠭᠲᠠᠭᠠᠬᠤ ᠠᠵᠢᠯ ᠢ ᠡᠬᠢᠯᠡᠭᠦᠯᠵᠦ᠂ ᠴᠡᠭᠡ ᠪᠣᠭᠤᠮᠲᠠ ᠶᠡᠭᠡ ᠬᠡᠮᠵᠢᠶᠡᠨ ᠤ ᠠᠷᠠᠯᠵᠢᠶᠠᠨ ᠤ ᠬᠡᠮᠵᠢᠯᠲᠡ ᠶᠢ ᠰᠢᠯᠭᠠᠨ ᠲᠣᠭᠲᠠᠭᠠᠬᠤ ᠶᠢ ᠪᠡᠶ᠎ᠡ ᠪᠠᠨ ᠳᠠᠭᠠᠭᠠᠬᠤ᠂ ᠲᠤᠰᠬᠠᠶᠢᠵᠢᠬᠤ᠂ ᠥᠨᠳᠥᠷ ᠪᠦᠲᠦᠮᠵᠢᠲᠡᠶ ᠪᠣᠯᠭᠠᠬᠤ ᠶᠢ ᠪᠡᠶᠡᠯᠡᠭᠦᠯᠵᠦ᠂ ᠠᠵᠤ ᠠᠬᠤᠶᠢᠯᠠᠯ ᠤᠨ ︽ᠡᠷᠢᠵᠦ ᠪᠠᠶᠢᠴᠠᠭᠠᠬᠤ ᠲᠠᠯ᠎ᠠ᠂ ᠵᠡᠷᠭᠡ ᠶᠢᠨ ᠦᠶᠡᠯᠡᠯ᠂ ᠥᠪᠡᠷ ᠤᠨ ᠥᠷᠲᠡᠭ ᠢ       ᠬᠤᠷᠣᠭᠳᠠᠭᠤᠯᠬᠤ︾ ᠠᠰᠠᠭᠤᠳᠠᠯ ᠢ ᠡᠴᠦᠰᠯᠡᠭᠦᠯᠵᠦ᠂ ᠬᠡᠮᠵᠢᠯᠲᠡ ᠶᠢᠨ ᠦᠢᠯᠡᠴᠢᠯᠡᠭᠡ ᠶᠢᠨ ︽ᠡᠴᠦᠰ ᠤᠨ ᠨᠢᠭᠡ ᠺᠢᠯᠣᠮᠧᠲᠷ︾᠎ ᠢ  ᠨᠡᠪᠲᠡᠷᠡᠬᠦᠯᠦᠨ᠂ ᠠᠵᠤ ᠠᠬᠤᠶᠢᠯᠠᠯ ᠤᠨ ᠳᠠᠷᠤᠭᠠᠰᠤ ᠶᠢ ᠬᠥᠩᠭᠡᠷᠡᠭᠦᠯᠵᠦ᠂ ᠠᠷᠠᠯᠵᠢᠶ᠎ᠠ ᠶᠢ ᠰᠠᠭᠠᠳ ᠥᠬᠡᠶ ᠨᠡᠪᠲᠡᠷᠡᠬᠦᠯᠦᠨ᠂ ︽ᠪᠠᠶᠢᠴᠠᠭᠠᠵᠤ ᠭᠠᠷᠭᠠᠬᠤ ᠦᠷ᠎ᠠ ᠪᠦᠲᠦᠮᠵᠢ᠂ ᠲᠥᠪ ᠭᠤᠤᠯᠴᠢ ᠪᠠᠷ ᠬᠡᠮᠵᠢᠵᠦ ᠳᠡᠶᠢᠯᠬᠦ᠂ ᠢᠲᠡᠭᠡᠯ ᠵᠣᠷᠢᠭ ᠢ ᠲᠣᠭᠲᠠᠪᠤᠷᠢᠵᠢᠭᠤᠯᠬᠤ︾᠎ ᠶᠢ ᠦᠨᠡᠨ ᠬᠦ ᠪᠡᠶᠡᠯᠡᠭᠦᠯᠪᠡ᠃     ᠲᠠᠷᠠᠭᠠᠴᠢ ᠶᠢᠨ ᠠᠯᠬᠤᠮ ᠳᠤ᠂ ᠴᠡᠭᠡ  ᠪᠣᠭᠤᠮᠲᠠ ᠦᠨᠳᠦᠰᠦᠨ ᠱᠠᠲᠤᠨ ᠤ ᠬᠠᠤᠯᠢ ᠳᠤ ᠲᠣᠭᠲᠠᠭᠠᠭᠰᠠᠨ ᠬᠡᠮᠵᠢᠯᠲᠡ ᠶᠢᠨ ᠮᠡᠷᠭᠡᠵᠢᠯ ᠤᠨ ᠲᠤᠯᠭᠠᠭᠤᠷᠢᠯᠠᠯ ᠤᠨ ᠰᠠᠭᠤᠷᠢ ᠶᠢ ᠦᠷᠭᠦᠯᠵᠢᠯᠡᠨ ᠪᠠᠬᠢᠵᠢᠭᠦᠯᠵᠦ᠂ ᠠᠵᠤ ᠠᠬᠤᠶᠢᠯᠠᠯ ᠤᠨ ᠬᠥᠭᠵᠢᠯᠲᠡ ᠶᠢᠨ ᠬᠦᠴᠢᠷ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ᠂ ᠣᠨᠣᠴᠠᠲᠠᠶ ᠪᠠᠷ ᠠᠷᠭ᠎ᠠ ᠪᠣᠳᠣᠯᠭ᠎ᠠ ᠬᠡᠷᠡᠭᠵᠢᠭᠦᠯᠵᠦ᠂ ᠣᠨᠣᠴᠠᠲᠠᠶ ᠪᠠᠷ ᠬᠦᠴᠦᠯᠡᠨ᠂ ᠠᠵᠤ ᠠᠬᠤᠶᠢᠯᠠᠯ ᠤᠨ ᠤᠷᠤᠭᠰᠢᠯᠠᠬᠤ ᠶᠢ ᠬᠠᠷᠰᠢᠯᠠᠵᠤ ᠪᠠᠶᠢᠭ᠎ᠠ ᠪᠠᠬᠢᠯᠡᠯᠲᠡ ᠶᠢ ᠪᠥᠬᠦ ᠬᠦᠴᠦᠨ ᠢᠶᠠᠷ ᠠᠷᠢᠯᠭᠠᠵᠤ᠂ ᠪᠣᠭᠤᠮᠲᠠ ᠶᠢᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠠᠰᠢ ᠲᠣᠭᠲᠠᠭᠤᠨ ᠢᠶᠠᠷ ᠤᠷᠤᠭᠰᠢᠯᠠᠬᠤ ᠶᠢ ᠨᠠᠩ ᠪᠠᠲᠤ ᠪᠠᠬᠢ ᠬᠡᠮᠵᠢᠯᠲᠡ ᠶᠢᠨ ᠪᠠᠲᠤᠯᠠᠭ᠎ᠠ ᠪᠠᠷ ᠠᠬᠢᠭᠤᠯᠬᠤ ᠪᠣᠯᠤᠨ᠎ᠠ᠃
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号