3 ᠰᠠᠷ᠎ᠠ ᠶᠢᠨ 13 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠡᠵᠡᠨ᠎ᠡ ᠬᠤᠰᠢᠭᠤᠨ ᠤ ᠠᠷᠪᠠᠨ | ᠳᠥᠷᠪᠡᠳᠦᠭᠡᠷ ᠬᠤᠭᠤᠴᠠᠭᠠᠨ ᠤ ᠬᠤᠷᠢᠶᠠᠨ ᠤ ᠨᠠᠢᠮᠠᠳᠤᠭᠠᠷ ᠡᠭᠡᠯᠵᠢ ᠶᠢᠨ ᠲᠣᠭᠤᠷᠢᠨ ᠪᠠᠶᠢᠴᠠᠭᠠᠬᠤ ᠠᠵᠢᠯ ᠤᠨ | ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠪᠠ᠃ ᠬᠤᠰᠢᠭᠤᠨ ᠤ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ | ᠡᠷᠬᠢᠯᠡᠭᠴᠢ᠂ ᠬᠤᠰᠢᠭᠤᠨ ᠤ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ | ᠳᠤᠭᠤᠶᠢᠯᠠᠩ ᠤᠨ ᠳᠠᠷᠤᠭ᠎ᠠ ᠵᠠᠩ ᠪᠢᠨ ᠬᠤᠷᠠᠯ ᠳᠤ ᠣᠷᠣᠯᠴᠠᠵᠤ ᠶᠠᠷᠢᠶ᠎ᠠ ᠳᠠᠯᠪᠢᠨ᠂ ᠬᠤᠰᠢᠭᠤᠨ ᠤ ᠨᠠᠮ ᠤᠨ | ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ᠂ ᠬᠤᠰᠢᠭᠤᠨ ᠤ ᠨᠠᠮ ᠤᠨ | ᠬᠤᠷᠢᠶᠠᠨ ᠤ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠷᠧᠨ ᠰᠢᠨ | ᠹᠦ᠋ ᠠᠴᠠ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ᠂ ᠳᠡᠳ᠋ ᠳᠠᠷᠤᠭ᠎ᠠ ᠶᠢᠨ ᠡᠷᠬᠡ ᠣᠯᠭᠤᠭᠰᠠᠨ ᠨᠡᠷᠡᠰ ᠢ | ᠨᠡᠶᠢᠲᠡᠯᠡᠵᠦ᠂ ᠲᠣᠭᠤᠷᠢᠨ ᠪᠠᠶᠢᠴᠠᠭᠠᠭᠳᠠᠬᠤ ᠨᠢᠭᠡᠴᠡ ᠶᠢᠨ ᠨᠡᠷᠡᠰ ᠵᠢᠴᠢ ᠲᠣᠭᠤᠷᠢᠨ ᠪᠠᠶᠢᠴᠠᠭᠠᠬᠤ ᠳᠤᠭᠤᠶᠢᠯᠠᠩ ᠤᠨ | ᠡᠭᠦᠷᠭᠡ ᠶᠢᠨ ᠬᠤᠪᠢᠶᠠᠷᠢᠯᠠᠯ ᠢ ᠨᠡᠶᠢᠲᠡᠯᠡᠪᠡ᠃ | ᠬᠤᠷᠠᠯ ᠠᠴᠠ ᠵᠢᠭᠠᠵᠤ ᠭᠠᠷᠭᠠᠬᠤ ᠳᠠᠭᠠᠨ᠂ ᠡᠷᠬᠡᠪᠰᠢ ᠲᠣᠭᠤᠷᠢᠨ ᠪᠠᠶᠢᠴᠠᠭᠠᠬᠤ ᠠᠵᠢᠯ ᠤᠨ ᠲᠤᠬᠠᠶ ᠶᠡᠷᠦᠩᠬᠡᠶ | ᠱᠦᠵᠢ ᠰᠢ ᠶᠢᠨ ᠫᠢᠩ ᠤᠨ ᠴᠢᠬᠤᠯᠠ ᠥᠭᠦᠯᠡᠯᠲᠡ᠂ ᠲᠣᠭᠤᠷᠢᠨ ᠪᠠᠶᠢᠴᠠᠭᠠᠬᠤ ᠠᠵᠢᠯ ᠤᠨ ᠲᠤᠬᠠᠶ ᠨᠠᠮ ᠤᠨ ᠲᠥᠪ | ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ | ᠬᠤᠰᠢᠭᠤᠨ ᠤ ᠨᠠᠮ ᠤᠨ ᠬᠤᠷᠢᠶᠠᠨ ᠤ ᠬᠤᠯᠪᠣᠭᠳᠠᠯ ᠪᠥᠬᠦᠶ ᠠᠵᠢᠯ ᠤᠨ ᠱᠠᠭᠠᠷᠳᠠᠯᠭ᠎ᠠ ᠶᠢ ᠭᠦᠨᠵᠡᠭᠡᠶ ᠰᠤᠷᠤᠯᠴᠠᠨ | ᠲᠤᠤᠱᠯᠠᠭᠤᠯᠵᠤ᠂ ᠤᠯᠤᠰ ᠲᠥᠷᠥ ᠶᠢᠨ ᠵᠣᠭᠰᠣᠯᠲᠠ ᠪᠠᠨ ᠪᠠᠲᠤᠳᠬᠠᠨ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠣᠶ ᠪᠣᠯᠭᠠᠬᠤ ᠪᠠᠷ ᠭᠤᠤᠯ ᠰᠢᠵᠢᠮ ᠪᠣᠯᠭᠠᠵᠤ᠂ ᠬᠤᠶᠠᠷ ᠶᠡᠭᠡ | ᠶᠠᠪᠤᠳᠠᠯ ᠢ ᠰᠠᠶᠢᠲᠤᠷ ᠬᠢᠬᠦ᠂ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ᠂ ︽ᠵᠢᠷᠭᠤᠭᠠᠨ | ᠢᠨᠵᠧᠨᠧᠷᠢᠩ︾ ᠢ ᠬᠡᠷᠡᠭᠵᠢᠭᠦᠯᠬᠦ᠂ ︽ᠵᠢᠷᠭᠤᠭᠠᠨ ᠠᠵᠢᠯᠯᠠᠭ᠎ᠠ︾ ᠶᠢ ᠥᠷᠨᠢᠭᠦᠯᠬᠦ ᠲᠠᠢ ᠨᠢᠭᠲᠠ ᠤᠶᠠᠯᠳᠤᠭᠤᠯᠤᠨ᠂ | ᠪᠥᠬᠦ ᠠᠶᠢᠮᠠᠭ ᠤᠨ ︽157︾ ᠬᠥᠭᠵᠢᠯᠲᠡ ᠶᠢᠨ ᠰᠡᠳᠬᠢᠴᠡ᠂ ︽ᠳᠥᠷᠪᠡᠨ ᠠᠩᠬᠠᠷᠤᠯ︾ ᠤᠨ ᠬᠢᠨᠠᠯᠲᠠ ᠶᠢᠨ | ᠭᠤᠤᠯᠳᠠᠯᠭ᠎ᠠ ᠲᠠᠢ ᠠᠵᠢᠯ ᠢ ᠥᠷᠨᠢᠭᠦᠯᠵᠦ᠂ ᠲᠣᠭᠤᠷᠢᠨ ᠪᠠᠶᠢᠴᠠᠭᠠᠬᠤ ᠬᠤᠷᠴᠠ ᠰᠡᠯᠡᠮ᠎ᠡ ᠶᠢᠨ ᠦᠢᠯᠡᠳᠦᠯ ᠢ | ᠭᠦᠢᠴᠡᠳ ᠪᠠᠳᠠᠷᠠᠭᠤᠯᠤᠨ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ | ᠪᠠᠲᠤ ᠴᠢᠩᠭ᠎ᠠ ᠤᠯᠤᠰ ᠲᠥᠷᠥ ᠶᠢᠨ ᠪᠠᠲᠤᠯᠠᠭ᠎ᠠ ᠬᠠᠩᠭᠠᠬᠤ ᠬᠡᠷᠡᠭᠲᠡᠶ ᠭᠡᠪᠡ᠃ | ᠬᠤᠷᠠᠯ ᠠᠴᠠ ᠴᠢᠬᠤᠯᠠᠴᠢᠯᠠᠬᠤ ᠳᠠᠭᠠᠨ᠂ ᠡᠷᠬᠡᠪᠰᠢ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ | ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠣᠶᠢᠯᠠᠭᠠᠵᠤ᠂ | ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠪᠠᠲᠤ ᠡᠭᠦᠷᠭᠡᠯᠡᠨ᠂ ᠲᠣᠭᠤᠷᠢᠨ ᠪᠠᠶᠢᠴᠠᠭᠠᠵᠤ ᠬᠢᠨᠠᠯᠲᠠ | ᠲᠠᠯᠪᠢᠬᠤ ᠶᠢ ᠪᠣᠳᠠᠲᠠᠶᠢᠵᠢᠭᠤᠯᠬᠤ᠂ ᠣᠨᠣᠴᠠᠲᠠᠢ ᠪᠣᠯᠭᠠᠬᠤ᠂ ᠪᠠᠶᠢᠩᠭᠤᠵᠢᠭᠤᠯᠬᠤ ᠶᠢ ᠬᠦᠴᠦᠯᠡᠨ ᠠᠬᠢᠭᠤᠯᠬᠤ | ᠬᠡᠷᠡᠭᠲᠡᠢ︔ ᠵᠠᠩᠭᠢᠯᠠᠭ᠎ᠠ ᠶᠢᠨ ᠭᠤᠭᠴᠤᠭ᠎ᠠ ᠶᠢ ᠪᠠᠲᠤ ᠠᠳᠬᠤᠵᠤ᠂ ᠲᠣᠭᠤᠷᠢᠨ ᠪᠠᠶᠢᠴᠠᠭᠠᠬᠤ ᠪᠣᠳᠠᠲᠤ ᠥᠷ᠎ᠠ | ᠪᠦᠲᠦᠮᠵᠢ ᠶᠢ ᠡᠷᠬᠢᠮᠯᠡᠨ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠡᠷᠡᠰ ᠪᠠᠷᠢᠮᠲᠠᠯᠠᠵᠤ᠂ ᠬᠢᠨᠠᠯᠲᠠ ᠲᠠᠯᠪᠢᠬᠤ | ᠭᠤᠣᠯᠳᠠᠯᠭ᠎ᠠ ᠶᠢ ᠳᠣᠪᠤᠶᠢᠯᠠᠭᠠᠨ᠂ ᠠᠷᠭ᠎ᠠ ᠬᠡᠯᠪᠡᠷᠢ ᠪᠠᠨ ᠰᠢᠨᠡᠴᠢᠯᠡᠵᠦ᠂ ᠥᠷ᠎ᠠ ᠪᠦᠲᠦᠭᠡᠯ ᠤᠨ ᠬᠡᠷᠡᠭᠯᠡᠯᠲᠡ ᠶᠢ | ᠬᠦᠨᠵᠡᠭᠡᠶᠢᠷᠡᠬᠦᠯᠦᠨ᠂ ᠤᠯᠤᠰ ᠲᠦᠷᠦ ᠶᠢᠨ ᠬᠢᠨᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠠ ᠠᠰᠢᠭ ᠢ | ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ︔ ᠡᠷᠬᠡᠪᠰᠢ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠴᠠᠭᠳᠠᠨ | ᠪᠠᠶᠢᠴᠠᠭᠠᠬᠤ ᠬᠠᠮᠲᠤᠷᠠᠯ ᠤᠨ ᠬᠦᠴᠦᠨ ᠢ ᠨᠢᠭᠳᠠᠷᠠᠭᠤᠯᠣᠨ᠂ ᠴᠠᠭᠳᠠᠨ ᠪᠠᠶᠢᠴᠠᠭᠠᠭᠳᠠᠬᠤ ᠨᠢᠭᠡᠴᠢ ᠶᠢᠨ ᠬᠢᠨ | ᠬᠠᠮᠵᠢᠯᠴᠠᠭ᠎ᠠ ᠪᠠᠨ ᠴᠢᠩᠭᠠᠳᠬᠠᠵᠤ᠂ ᠠᠰᠠᠭᠤᠳᠠᠯ ᠢ ᠨᠠᠷᠢᠨ ᠬᠢᠨᠠᠮᠠᠭᠠᠢ ᠴᠡᠭᠴᠡᠯᠡᠨ ᠰᠠᠶᠢᠵᠢᠷᠠᠭᠤᠯᠬᠤ ᠬᠡᠷᠡᠭᠲᠡᠢ᠃ | ᠰᠠᠬᠢᠯᠭ᠎ᠠ ᠪᠠᠲᠤ ᠪᠠᠶᠢᠴᠠᠭᠠᠬᠤ᠂ ᠵᠣᠬᠢᠶᠠᠨ ᠪᠠᠶᠢᠭᠤᠯᠬᠤ ᠵᠡᠷᠭᠡ ᠰᠠᠯᠠᠭ᠎ᠠ ᠮᠥᠴᠢᠷ ᠡᠷᠬᠡᠪᠰᠢ ᠬᠢᠨᠠᠯᠲᠠ ᠲᠠᠯᠪᠢᠬᠤ ᠪᠠᠨ | ᠴᠢᠩᠭᠠᠳᠬᠠᠵᠤ᠂ ᠬᠤᠰᠢᠭᠤᠨ ᠤ ᠨᠠᠮ ᠤᠨ ᠬᠤᠷᠢᠶᠠᠨ ᠤ ᠴᠠᠭᠳᠠᠨ ᠪᠠᠶᠢᠴᠠᠭᠠᠬᠤ ᠠᠯᠪᠠᠨ ᠬᠡᠷ ᠲᠠᠢ ᠬᠢᠨᠠᠯᠲᠠ | ᠲᠠᠯᠪᠢᠬᠤ ᠪᠠᠨ ᠠᠭᠤᠰᠤᠯᠴᠠᠭᠤᠯᠬᠤ ᠶᠢ ᠠᠬᠢᠭᠤᠯᠵᠤ᠂ ᠴᠠᠭᠳᠠᠨ ᠪᠠᠶᠢᠴᠠᠭᠠᠬᠤ ᠦᠷ᠎ᠠ ᠪᠦᠲᠦᠮᠵᠢ ᠪᠠᠨ | ᠳᠡᠭᠡᠭᠰᠢᠯᠡᠬᠦᠯᠦᠨ᠂ ᠠᠷᠪᠠᠨ ᠳᠥᠷᠪᠡᠳᠦᠭᠡᠷ ᠬᠤᠭᠤᠴᠠᠭᠠᠨ ᠤ ᠬᠤᠰᠢᠭᠤᠨ ᠤ ᠨᠠᠮ ᠤᠨ ᠬᠤᠷᠢᠶᠠᠨ ᠤ ᠨᠠᠢᠮᠠᠳᠤᠭᠠᠷ | ᠡᠭᠡᠯᠵᠢ ᠶᠢᠨ ᠴᠠᠭᠳᠠᠨ ᠪᠠᠶᠢᠴᠠᠭᠠᠬᠤ ᠡᠭᠦᠷᠭᠡ ᠪᠠᠨ ᠴᠢᠨᠠᠷ ᠰᠠᠶᠢᠲᠠᠶ ᠪᠡᠶᠡᠯᠡᠭᠦᠯᠬᠦ ᠬᠡᠷᠡᠭᠲᠡᠶ ᠭᠡᠪᠡ᠃ | ᠬᠤᠰᠢᠭᠤᠨ ᠤ ᠨᠠᠮ ᠤᠨ ᠬᠤᠷᠢᠶᠠᠨ ᠤ ᠲᠣᠬᠢᠷᠠᠭᠤᠯᠤᠯᠲᠠ ᠶᠢ ᠦᠨᠳᠦᠰᠦᠯᠡᠨ᠂ ᠬᠤᠰᠢᠭᠤᠨ ᠤ ᠨᠠᠮ ᠤᠨ | ᠬᠤᠷᠢᠶᠠᠨ ᠤ ᠨᠠᠢᠮᠠᠳᠤᠭᠠᠷ ᠡᠭᠡᠯᠵᠢ ᠶᠢᠨ ᠲᠣᠭᠤᠷᠢᠨ ᠪᠠᠶᠢᠴᠠᠭᠠᠬᠤ ᠳᠤᠭᠤᠶᠢᠯᠠᠩ ᠨᠢ 3 ᠲᠣᠭᠤᠷᠢᠨ ᠪᠠᠶᠢᠴᠠᠭᠠᠬᠤ | ᠳᠤᠭᠤᠶᠢᠯᠠᠩ ᠢ ᠲᠣᠮᠢᠯᠠᠵᠤ᠂ ᠡᠩ ᠤᠨ ᠲᠣᠭᠤᠷᠢᠨ ᠪᠠᠶᠢᠴᠠᠭᠠᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ 9 ᠨᠠᠮ ᠤᠨ | ᠵᠣᠬᠢᠶᠠᠨ ᠪᠠᠶᠢᠭᠤᠯᠤᠯᠲᠠ ᠳᠤ ᠲᠣᠭᠤᠷᠢᠨ ᠪᠠᠶᠢᠴᠠᠭᠠᠯᠲᠠ ᠬᠢᠵᠦ ᠬᠢᠨᠠᠯᠲᠠ ᠳᠠᠯᠪᠢᠬᠤ ᠪᠣᠯᠣᠨ᠎ᠠ᠃ |