ᠡᠵᠡᠨ᠎ᠡ ᠬᠤᠰᠢᠭᠤ ︽ᠤᠮᠠᠷᠠᠲᠤ ᠬᠢᠯᠢ ᠶᠢᠨ ᠰᠣᠶᠣᠯ ᠤᠨ ᠬᠤᠪᠢᠯᠭᠠᠨ ᠣᠷᠣᠨ ᠤ ᠠᠶᠠᠯᠠᠯ —— ᠡᠵᠡᠨ᠎ᠡ ᠴᠢᠮ᠎ᠠ ᠳᠤ  ᠪᠡᠯᠡᠭᠯᠡᠶ᠎ᠡ︾ ᠢᠷᠠᠭᠤ ᠨᠠᠶᠢᠷᠠᠭ ᠤᠨ ᠤᠷᠠᠨ ᠤᠩᠰᠢᠯᠭ᠎ᠠ ᠶᠢᠨ ᠠᠵᠢᠯᠯᠠᠭ᠎ᠠ ᠡᠷᠬᠢᠯᠡᠪᠡ
ᠨᠡᠶᠢᠲᠡᠯᠡᠭᠰᠡᠨ ᠴᠠᠭ᠄
2025/3/27
    3 ᠰᠠᠷ᠎ᠠ ᠶᠢᠨ 21 ᠤ ᠡᠳᠦᠷ ᠪᠣᠯ ᠬᠤᠷᠢᠨ ᠲᠠᠪᠤᠳᠠᠬᠢ ᠳᠡᠯᠡᠬᠡᠶ ᠶᠢᠨ ᠢᠷᠠᠭᠤ ᠨᠠᠶᠢᠷᠠᠭ ᠤᠨ ᠡᠳᠦᠷ ᠪᠣᠯᠤᠨ᠎ᠠ᠂  ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠤᠰᠢᠭᠤᠨ ᠤ ᠤᠳᠬ᠎ᠠ ᠤᠷᠠᠯᠢᠭ ᠤᠨ ᠬᠢᠨ ᠤ ᠬᠤᠯᠪᠣᠭ᠎ᠠ ᠲᠠᠢ  ᠬᠠᠮᠲᠤᠷᠠᠨ ᠨᠣᠮ ᠤᠨ ᠰᠠᠩ᠂ ᠲᠡᠦᠬᠡ ᠰᠣᠶᠣᠯ ᠤᠨ ᠰᠤᠳᠤᠯᠭᠠᠨ ᠤ ᠨᠡᠶᠢᠭᠡᠮᠯᠢᠭ᠂ ᠵᠣᠬᠢᠶᠠᠯᠴᠢᠳ ᠤᠨ ᠨᠡᠶᠢᠭᠡᠮᠯᠢᠭ ᠠᠴᠠ ︽ᠤᠮᠠᠷᠠᠲᠤ ᠬᠢᠯᠢ ᠶᠢᠨ ᠰᠣᠶᠣᠯ ᠤᠨ ᠬᠤᠪᠢᠯᠭᠠᠨ ᠣᠷᠣᠨ ᠤ ᠠᠶᠠᠯᠠᠯ —— ᠡᠵᠡᠨ᠎ᠡ ᠴᠢᠮ᠎ᠠ ᠳᠤ ᠪᠡᠯᠡᠭᠯᠡᠶ᠎ᠡ︾ ᠭᠡᠬᠦ ᠰᠢᠯᠦᠭ ᠤᠨ ᠤᠷᠠᠨ ᠤᠩᠰᠢᠯᠭ᠎ᠠ ᠶᠢᠨ ᠠᠵᠢᠯᠯᠠᠭ᠎ᠠ ᠡᠷᠭᠢᠯᠡᠪᠡ᠃    ᠠᠵᠢᠯᠯᠠᠭᠠᠨ ᠳᠤ᠂ ᠡᠵᠡᠨ᠎ᠡ ᠬᠤᠰᠢᠭᠤᠨ ᠤ ᠰᠢᠯᠦᠭ ᠪᠣᠯᠤᠨ ᠤᠳᠬ᠎ᠠ ᠵᠣᠬᠢᠶᠠᠯ ᠤᠨ ᠳᠤᠷ᠎ᠠ ᠪᠠᠭ᠋ᠠᠲᠠᠳ ᠨᠢᠭᠡ  ᠲᠢᠩᠬᠢᠮ ᠳᠤ ᠬᠤᠷᠠᠨ ᠴᠤᠭᠯᠠᠷᠠᠵᠤ᠂ ᠰᠢᠯᠦᠭ ᠢᠶᠠᠷ ᠵᠠᠭᠤᠴᠢ ᠪᠤᠯᠭᠠᠨ᠂ ᠲᠠᠭᠤᠨ ᠢᠶᠠᠷ ᠬᠠᠶᠢᠷ᠎ᠠ ᠰᠡᠳᠬᠢᠯᠭᠡ ᠪᠠᠨ ᠳᠠᠮᠵᠢᠭᠤᠯᠵᠤ᠂ ᠦᠰᠦᠭ ᠪᠢᠴᠢᠭ ᠢᠶᠠᠷ ᠬᠦᠰᠡᠯ ᠵᠡᠭᠦᠳᠦ ᠪᠠᠨ ᠵᠢᠷᠤᠭᠯᠠᠨ᠂ ᠰᠢᠯᠦᠭ ᠤᠨ ᠷᠢᠳᠢ ᠰᠢᠳᠢ ᠶᠢ ᠬᠠᠮᠲᠤ ᠪᠠᠷ ᠮᠡᠳᠡᠷᠡᠵᠡᠭᠡᠯ᠎ᠡ᠃ ᠰᠢᠯᠦᠭ ᠨᠢ ︽ᠡᠵᠡᠨ᠎ᠡ︾ ︽ᠮᠢᠩᠭᠠᠨ ᠣᠨ ᠤ ᠲᠣᠣᠷᠠᠢ︾ ︽ᠬᠢᠯᠢ ᠬᠢᠵᠠᠭᠠᠷ ᠤᠨ ᠠᠶᠠᠯᠠᠯ︾ ︽ᠲᠣᠣᠷᠠᠢ ᠶᠢᠨ ᠨᠢᠯᠪᠤᠰᠤ︾ ᠵᠡᠷᠭᠡ ᠶᠢ ᠤᠶᠠᠩᠭᠠᠯᠠᠨ᠂ ᠨᠤᠲᠤᠭ ᠤᠰᠤᠨ ᠳᠠᠭᠠᠨ ᠵᠣᠷᠢᠭᠤᠯᠤᠭᠰᠠᠨ ᠬᠠᠯᠠᠭᠤᠨ ᠬᠠᠶᠢᠷ᠎ᠠ ᠪᠠ ᠮᠠᠭᠲᠠᠭᠠᠯ ᠢᠶᠠᠨ ᠢᠯᠡᠷᠬᠡᠶᠢᠯᠡᠨ᠎ᠡ᠂ ︽ᠬᠥᠮᠦᠨ ᠤ ᠣᠷᠴᠢᠯᠠᠩ ᠤᠨ ᠶᠡᠷᠦ ᠪᠤᠰᠤ ᠶᠢᠨ ᠣᠨ ᠰᠠᠷ᠎ᠠ︾ ︽ᠬᠠᠮᠤᠭ ᠤᠨ ᠭᠤᠶᠣᠮᠰᠤᠭ ᠳᠦᠷᠢ︾ ᠨᠢ ᠬᠥᠮᠦᠨ ᠤ ᠠᠮᠢᠳᠤᠷᠠᠯ ᠤᠨ ᠲᠤᠬᠠᠢ ᠭᠦᠨᠵᠡᠭᠡᠢ ᠣᠶᠢᠯᠠᠭᠠᠯᠲᠠ ᠲᠠᠢ ᠪᠣᠯᠵᠠᠢ︔ ᠤᠶᠠᠩᠭᠠᠯᠠᠭᠴᠢ ᠰᠠᠴᠡᠩᠭᠤᠸ᠎ᠠ᠂ ᠠᠯᠲᠠᠨᠲᠤᠶᠠᠭ᠎ᠠ ᠨᠠᠷ ︽ᠡᠵᠢ ᠶᠢᠨ ᠬᠤᠯᠪᠤᠭᠠᠰᠤ︾ ︽ᠮᠢᠨᠦ ᠪᠠᠭᠰᠢ︾ ᠭᠡᠬᠦ ᠢᠷᠠᠭᠤ ᠨᠠᠶᠢᠷᠠᠭ ᠢᠶᠠᠨ  ᠭᠦᠨ ᠰᠡᠳᠬᠢᠯᠭᠡ ᠠᠴᠠ ᠪᠠᠨ ᠬᠦᠮᠦᠰ ᠲᠤ ᠡᠵᠢ ᠪᠠ ᠪᠠᠭᠰᠢ ᠪᠠᠨ ᠬᠦᠨᠳᠦᠳᠬᠡᠨ ᠪᠢᠰᠢᠷᠡᠵᠦ ᠪᠠᠶᠢᠬᠤ ᠰᠡᠳᠬᠢᠯᠭᠡ ᠪᠠᠨ ᠢᠯᠡᠳᠭᠡᠨ᠂ ᠲᠤᠬᠠᠶ ᠶᠢᠨ ᠲᠠᠯᠠᠪᠠᠶ ᠬᠦᠷ ᠬᠦᠭᠵᠢᠶᠡᠨ ᠢᠶᠠᠷ ᠪᠢᠯᠬᠠᠨ᠎ᠠ᠃    ᠢᠷᠠᠭᠤ ᠨᠠᠶᠢᠷᠠᠭ ᠤᠨ ᠪᠠᠭ᠋ᠠᠲᠠᠨ ᠠᠯᠲᠠᠨᠲᠤᠶᠠᠭ᠎ᠠ᠄ ︽ᠡᠨᠡ ᠬᠦᠳᠡᠯᠭᠡᠭᠡᠨ ᠨᠢ ᠪᠢᠳᠠᠨ ᠳᠤ ᠠᠪᠴᠦ ᠬᠡᠯᠡᠪᠡᠯ ᠨᠢᠭᠡ ᠵᠦᠢᠯ ᠤᠨ ᠠᠵᠠ ᠳᠤᠬᠢᠶᠠᠯ᠂ ᠡᠳᠡᠭᠡᠷ ᠢᠷᠠᠭᠤ ᠨᠠᠶᠢᠷᠠᠭ ᠨᠢ ᠪᠠᠰᠠ ᠶᠡᠭᠡ ᠰᠠᠶᠢᠨ᠂ ᠤᠯᠠᠨ ᠠᠭᠤᠯᠬᠤᠨ ᠠᠭᠤᠯᠤᠭᠳᠠᠵᠤ ᠪᠠᠶᠢᠳᠠᠭ᠂ ᠪᠢ ᠶᠡᠭᠡ ᠪᠠᠶᠠᠷᠯᠠᠵᠤ ᠪᠠᠶᠢᠨ᠎ᠠ︾ ᠭᠡᠪᠡ᠃    ᠲᠤᠰ ᠤᠳᠠᠭᠠᠨ ᠤ ᠰᠢᠯᠦᠭ ᠤᠨ ᠤᠩᠰᠢᠯᠭ᠎ᠠ ᠨᠢ ᠢᠷᠠᠭᠤ ᠨᠠᠶᠢᠷᠠᠭ ᠤᠨ ᠵᠣᠬᠢᠶᠠᠨ ᠪᠦᠲᠦᠭᠡᠭᠴᠢ ᠪᠠ ᠪᠠᠭ᠋ᠠᠷᠬᠠᠭᠴᠢᠳ ᠲᠤ ᠰᠣᠯᠢᠯᠴᠠᠭ᠎ᠠ ᠶᠢᠨ ᠲᠠᠪᠴᠠᠩ ᠪᠠᠶᠢᠭᠤᠯᠵᠤ᠂ ᠰᠢᠯᠦᠭ ᠳᠠᠭᠤᠯᠠᠯ ᠳᠤ ᠪᠠᠭ᠋ᠠᠲᠠᠢ ᠬᠥᠮᠦᠰ ᠢ ᠰᠢᠯᠦᠭ ᠤᠨ ᠬᠢᠵᠠᠭᠠᠷ ᠦᠭᠡᠢ ᠶᠢᠷᠲᠢᠨᠴᠦ ᠳᠤ ᠵᠤᠭᠠᠴᠠᠭᠤᠯᠵᠤ᠂ ᠰᠢᠯᠦᠭ ᠳᠠᠭᠤᠯᠠᠯ ᠤᠨ ᠥᠪᠡᠷᠮᠢᠴᠡ ᠷᠢᠳᠢ ᠰᠢᠳᠢ ᠶᠢ ᠮᠡᠳᠡᠷᠡᠭᠦᠯᠪᠡ᠃    ᠡᠵᠡᠨ᠎ᠡ ᠬᠤᠰᠢᠭᠤᠨ ᠤ ᠤᠳᠬ᠎ᠠ ᠵᠣᠬᠢᠶᠠᠯ ᠤᠷᠠᠯᠢᠭ ᠤᠨ ᠬᠢᠨ ᠤ ᠬᠤᠯᠪᠣᠭᠠᠲᠤ ᠬᠤᠷᠠᠯ ᠤᠨ ᠲᠡᠷᠢᠭᠦᠯᠡᠭᠴᠢ ᠯᠢ ᠴᠢᠶᠠᠨ ᠲᠢᠶᠠᠨ᠄ ︽ᠳᠡᠯᠡᠬᠡᠶ ᠶᠢᠨ ᠢᠷᠠᠭᠤ ᠨᠠᠶᠢᠷᠠᠭ ᠤᠨ ᠡᠳᠦᠷ ᠪᠣᠯ ᠢᠷᠠᠭᠤ ᠨᠠᠶᠢᠷᠠᠭ ᠳᠠᠬᠢ ᠬᠦᠨᠳᠦᠳᠬᠡᠯ ᠪᠢᠰᠢᠷᠡᠯ᠂ ᠨᠠᠩ ᠴᠤ ᠰᠣᠶᠣᠯ ᠤᠨ ᠤᠯᠠᠮᠵᠢᠯᠠᠯ ᠢ ᠤᠷᠢᠶᠠᠯᠠᠭᠰᠠᠨ ᠶᠠᠪᠤᠳᠠᠯ ᠮᠥᠨ᠂ ᠡᠨᠡ ᠬᠦ ᠣᠨᠴᠠᠭᠠᠶ ᠡᠳᠦᠷ ᠤᠳ ᠲᠤ᠂ ᠢᠷᠠᠭᠤ ᠨᠠᠶᠢᠷᠠᠭ ᠤᠨ ᠤᠶᠠᠩᠭᠠᠯᠠᠯ ᠢ ᠬᠤᠪᠢᠶᠠᠯᠴᠠᠬᠤ ᠬᠤᠷᠠᠯ ᠤᠨ ᠬᠡᠯᠪᠡᠷᠢ ᠪᠠᠷ ᠨᠠᠩ ᠣᠯᠠᠨ ᠬᠥᠮᠦᠨ ᠳᠤ ᠢᠷᠠᠭᠤ ᠨᠠᠶᠢᠷᠠᠭ ᠤᠨ ᠬᠦᠴᠦᠨ ᠢ ᠮᠡᠳᠡᠷᠡᠭᠦᠯᠵᠦ᠂ ᠣᠯᠠᠨ ᠲᠦᠮᠡᠨ ᠤ ᠤᠳᠬ᠎ᠠ ᠵᠣᠬᠢᠶᠠᠯ ᠤᠷᠠᠯᠢᠭ ᠢ ᠬᠠᠶᠢᠷᠠᠯᠠᠵᠤ ᠬᠠᠮᠲᠤ ᠪᠠᠷ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠰᠠᠬᠢᠨ ᠬᠠᠮᠠᠭᠠᠯᠠᠬᠤ ᠪᠠ ᠪᠠᠳᠠᠷᠠᠭᠤᠯᠬᠤ ᠤᠷᠮ᠎ᠠ ᠵᠣᠷᠢᠭ ᠢ ᠬᠥᠭᠵᠢᠭᠡᠭᠰᠡᠨ ᠪᠠᠶᠢᠨ᠎ᠠ︾ ᠭᠡᠪᠡ᠃ 
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号