2 ᠰᠠᠷ᠎ᠠ ᠶᠢᠨ 28 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ | ᠪᠠᠶ ᠬᠠᠶ ᠯᠢᠨ ᠠᠯᠠᠱᠠ ᠪᠠᠷᠠᠭᠤᠨ ᠬᠤᠰᠢᠭᠤ᠂ ᠠᠯᠠᠱᠠ ᠵᠡᠭᠦᠨ ᠬᠤᠰᠢᠭᠤ ᠪᠣᠯᠤᠨ ᠬᠤᠶᠠᠷᠬᠤᠳᠳᠤᠭ ᠤᠨ ᠬᠦᠳᠡᠭᠡ | ᠠᠮᠢ ᠠᠬᠤᠶ ᠨᠡᠭᠦᠳᠡᠯ ᠠᠷᠠᠳ ᠤᠨ ᠵᠢᠱᠢᠶ᠎ᠡ ᠦᠵᠡᠭᠦᠯᠬᠦ ᠣᠷᠣᠨ ᠳᠤ ᠭᠦᠨᠵᠡᠭᠡᠶᠢᠷᠡᠵᠦ᠂ ᠭᠠᠵᠠᠷ ᠬᠥᠳᠡᠯᠦᠯᠲᠡ ᠠᠴᠠ | ᠰᠡᠷᠭᠡᠶᠢᠯᠡᠵᠦ ᠭᠠᠮᠰᠢᠭ ᠢ ᠪᠠᠭᠠᠰᠬᠠᠬᠤ᠂ ᠡᠯᠡᠰᠦᠷᠭᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ᠂ ᠬᠠᠪᠤᠷ ᠤᠨ | ᠲᠠᠷᠢᠶᠠᠯᠠᠭ᠎ᠠ ᠶᠢᠨ ᠪᠡᠯᠡᠳᠬᠡᠯ ᠠᠵᠢᠯ᠂ ᠠᠵᠢᠯ ᠦᠢᠯᠡᠳᠪᠦᠷᠢᠯᠡᠯ ᠢᠶᠠᠨ ᠰᠡᠷᠭᠦᠭᠡᠬᠦ ᠪᠠ ᠠᠶᠤᠯᠭᠦᠶ ᠦᠢᠯᠡᠳᠪᠦᠷᠢᠯᠡᠯ | ᠵᠡᠷᠭᠡ ᠠᠵᠢᠯ ᠢ ᠪᠠᠶᠢᠴᠠᠭᠠᠨ ᠰᠤᠳᠤᠯᠪᠠ᠃ | ᠠᠯᠠᠱᠠ ᠪᠠᠷᠠᠭᠤᠨ ᠬᠤᠰᠢᠭᠤᠨ ᠤ ᠪᠠᠶᠠᠨᠭᠤᠤᠯ ᠰᠤᠮᠤ ᠳᠤ᠂ ᠪᠠᠶ ᠬᠠᠶ ᠯᠢᠨ ᠪᠠᠴᠢᠮ ᠪᠠᠶᠢᠳᠠᠯ ᠢ ᠠᠷᠭᠠᠴᠠᠭᠠᠬᠤ | ᠡᠳ᠋ ᠪᠣᠳᠠᠰ ᠨᠥᠭᠡᠴᠡᠯᠡᠬᠦ ᠬᠥᠮᠥᠷᠭᠡ ᠶᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠳᠠᠯᠳᠠ ᠬᠡᠮ ᠢ | ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠭᠰᠠᠨ ᠪᠠᠶᠢᠳᠠᠯ ᠢ ᠨᠠᠷᠢᠨ ᠣᠶᠢᠯᠠᠭᠠᠵᠤ᠂ ᠬᠤᠷᠢᠭ᠎ᠠ ᠱᠤᠭᠤᠮ ᠤᠨ | ᠰᠡᠳᠬᠢᠬᠦᠶ ᠶᠢ ᠪᠠᠲᠤ ᠪᠣᠶ ᠪᠣᠯᠭᠠᠵᠤ᠂ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ᠂ ᠠᠵᠢᠯᠳᠠᠨ ᠢ | ᠪᠣᠯᠪᠠᠰᠤᠷᠠᠭᠤᠯᠵᠤ ᠠᠵᠢᠯ ᠳᠤ ᠪᠡᠯᠡᠳᠬᠡᠬᠦ ᠳᠤ ᠰᠠᠭᠤᠷᠢᠯᠠᠵᠤ᠂ ᠭᠠᠮᠰᠢᠭ ᠢ ᠬᠢᠨᠠᠨ ᠬᠡᠮᠵᠢᠵᠦ ᠤᠷᠢᠳᠴᠢᠯᠠᠨ | ᠰᠡᠷᠡᠮᠵᠢᠯᠡᠭᠦᠯᠬᠦ᠂ ᠡᠳ᠋ ᠪᠣᠳᠠᠰ ᠨᠥᠭᠡᠴᠡᠯᠡᠬᠦ᠂ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ᠂ ᠳᠠᠯᠳᠠ ᠬᠡᠮ ᠢ | ᠴᠡᠭᠴᠡᠯᠡᠨ ᠰᠠᠶᠢᠵᠢᠷᠠᠭᠤᠯᠬᠤ᠂ ᠤᠬᠠᠭᠤᠯᠵᠤ ᠬᠥᠲᠥᠯᠦᠨ ᠵᠢᠯᠣᠭᠤᠳᠬᠤ ᠵᠡᠷᠭᠡ ᠡᠷᠴᠢᠮ ᠢᠶᠠᠨ ᠤᠯᠠᠮ ᠨᠢᠭᠡ ᠠᠯᠬᠤᠮ | ᠴᠢᠩᠭᠠᠷᠠᠭᠤᠯᠵᠤ᠂ ᠡᠷᠬᠢᠨ ᠲᠣᠭᠤᠷᠢᠨ ᠤ ᠭᠠᠵᠠᠷ ᠣᠷᠣᠨ᠂ ᠬᠠᠮᠢᠶ᠎ᠠ ᠪᠥᠬᠦᠶ ᠠᠵᠤ ᠠᠬᠤᠶᠢᠯᠠᠯ ᠪᠠ ᠰᠠᠯᠠᠭ᠎ᠠ | ᠮᠥᠴᠢᠷ ᠯᠦᠭᠡ ᠵᠣᠬᠢᠴᠠᠯᠳᠤᠨ ᠬᠤᠯᠪᠣᠭᠠᠯᠠᠨ ᠬᠥᠳᠡᠯᠦᠯᠴᠡᠬᠦ ᠪᠠᠨ ᠴᠢᠩᠭᠠᠳᠬᠠᠵᠤ᠂ ᠠᠷᠠᠳ ᠣᠯᠠᠨ ᠤ ᠠᠮᠢ ᠨᠠᠰᠤ | ᠡᠳ᠋ ᠬᠥᠷᠥᠩᠭᠡ ᠶᠢᠨ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃ | | ᠠᠯᠠᠱᠠ ᠵᠡᠭᠦᠨ ᠬᠤᠰᠢᠭᠤᠨ ᠤ ᠡᠷᠬᠡᠬᠠᠰᠢᠬ᠎ᠠ ᠰᠤᠮᠤ᠂ ᠤᠨᠳᠤᠷᠤᠯᠲᠤ ᠪᠠᠯᠭᠠᠰᠤ ᠳᠤ᠂ ᠪᠠᠢ ᠬᠠᠢ ᠯᠢᠨ ᠵᠠᠮ | ᠳᠠᠭᠠᠤ ᠡᠯᠡᠰᠦᠷᠭᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠭᠰᠠᠨ ᠪᠠ ᠥᠪᠥᠷ ᠮᠣᠩᠭᠤᠯ ᠭᠠᠨᠰᠤ ᠶᠢᠨ ᠬᠢᠯᠢ ᠳᠠᠭᠠᠤ ᠤᠢ | ᠰᠢᠭᠤᠢ ᠡᠪᠡᠰᠦ ᠪᠡᠯᠴᠢᠭᠡᠷ ᠤᠨ ᠪᠦᠰᠡ ᠶᠢᠨ ᠪᠦᠳᠦᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠦᠵᠡᠪᠡ᠃ | ᠲᠡᠷᠡ᠂ ︽ᠭᠤᠷᠪᠠᠨ ᠤᠮᠠᠷᠠᠲᠤ︾ ᠶᠢᠨ ᠵᠢᠷᠭᠤᠳᠤᠭᠠᠷ ᠬᠤᠭᠤᠴᠠᠭᠠᠨ ᠤ ᠠᠮᠢ ᠠᠬᠤᠢ ᠶᠢᠨ ᠵᠠᠰᠠᠯᠲᠠ ᠶᠢᠨ | ᠢᠨᠵᠧᠨᠧᠷᠢᠩ ᠵᠡᠷᠭᠡ ᠳᠤ ᠭᠦᠢᠴᠡᠳ ᠲᠦᠰᠢᠭᠯᠡᠨ᠂ ᠡᠪᠡᠰᠦ ᠲᠠᠷᠢᠵᠤ ᠣᠶᠢᠵᠢᠭᠤᠯᠬᠤ ᠠᠰᠢᠭᠲᠠᠢ ᠴᠠᠭ ᠲᠣᠬᠢᠶᠠᠯ ᠢ | ᠠᠮᠵᠢᠵᠤ᠂ ᠴᠢᠬᠢ ᠮᠣᠳᠣ ᠶᠢ ᠭᠦᠢᠴᠡᠳ ᠪᠡᠯᠡᠳᠬᠡᠵᠦ᠂ ᠬᠦᠴᠦᠨ ᠤ ᠣᠷᠣᠭᠤᠯᠤᠯᠲᠠ ᠪᠠᠨ ᠨᠡᠮᠡᠭᠳᠡᠭᠦᠯᠦᠨ᠂ | ᠬᠠᠮᠢᠶᠠᠷᠤᠨ ᠬᠠᠮᠠᠭᠠᠯᠠᠵᠤ ᠠᠰᠢᠭᠯᠠᠬᠤ ᠶᠢ ᠴᠢᠩᠭᠠᠳᠬᠠᠵᠤ᠂ ᠡᠯᠡᠰᠦᠷᠭᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ | ᠬᠤᠭᠤᠰᠣᠨ ᠢ ᠨᠥᠬᠦᠪᠦᠷᠢᠯᠡᠵᠦ᠂ ᠠᠮᠢ ᠠᠬᠤᠢ ᠶᠢᠨ ᠨᠣᠭᠤᠭᠠᠷᠠᠭᠤᠯᠬᠤ ᠪᠦᠰᠡ ᠶᠢ ᠰᠠᠶᠢᠲᠤᠷ ᠪᠠᠶᠢᠭᠤᠯᠬᠤ ᠬᠡᠷᠡᠭᠲᠡᠢ | ᠭᠡᠵᠡᠢ᠃ | ᠤᠨᠳᠤᠷᠤᠯᠲᠤ ᠪᠠᠯᠭᠠᠰᠤᠨ ᠤ ᠹᠦ᠋ ᠰᠢᠨ ᠬᠤᠷᠰᠢᠶᠠᠵᠢᠯ ᠳᠤ᠂ ᠪᠠᠢ ᠬᠠᠢ ᠯᠢᠨ ᠲᠠᠷᠢᠶᠠᠯᠠᠩ ᠤᠨ ᠬᠡᠷᠡᠭᠰᠡᠯ ᠤᠨ | ᠬᠠᠩᠭᠠᠯᠭ᠎ᠠ᠂ ᠲᠠᠷᠢᠶᠠᠯᠠᠩ ᠤᠨ ᠮᠠᠰᠢᠨ ᠤ ᠦᠢᠯᠡᠴᠢᠯᠡᠭᠡ ᠵᠡᠷᠭᠡ ᠪᠠᠶᠢᠳᠠᠯ ᠢ ᠨᠠᠷᠢᠨ ᠬᠢᠨᠠᠮᠠᠭᠠᠢ ᠣᠶᠢᠯᠠᠭᠠᠵᠤ᠂ | ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ | ᠲᠠᠷᠢᠶᠠᠯᠠᠩ ᠤᠨ ᠬᠡᠷᠡᠭᠰᠡᠯ ᠤᠨ ᠬᠠᠩᠭᠠᠯᠭ᠎ᠠ ᠶᠢ ᠪᠠᠲᠤᠯᠠᠵᠤ ᠦᠨ᠎ᠡ ᠶᠢ ᠲᠣᠭᠲᠠᠪᠤᠷᠢᠵᠢᠭᠤᠯᠬᠤ ᠶᠢ ᠴᠢᠩᠭᠠᠳᠬᠠᠵᠤ᠂ | ᠲᠠᠷᠢᠶᠠᠨ ᠭᠠᠵᠠᠷ ᠤᠨ ᠬᠦᠴᠦ ᠪᠣᠯᠤᠨ ᠤᠰᠤ ᠠᠷᠪᠢᠯᠠᠬᠤ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠵᠦ᠂ | ᠲᠠᠷᠢᠶᠠᠯᠠᠩ ᠢ ᠬᠦᠴᠦᠷᠬᠡᠭᠵᠢᠭᠦᠯᠦᠨ ᠬᠥᠳᠡᠭᠡ ᠲᠣᠰᠬᠤᠨ ᠤ ᠰᠠᠶᠢᠨ ᠰᠠᠶᠢᠬᠠᠨ᠂ ᠲᠠᠷᠢᠶᠠᠴᠢᠳ ᠢ ᠪᠠᠶᠠᠵᠢᠭᠤᠯᠬᠤ ᠶᠢ | ᠠᠬᠢᠭᠤᠯᠵᠤ᠂ ᠭᠠᠴᠠᠭᠠᠨ ᠤ ᠬᠠᠮᠲᠤ ᠶᠢᠨ ᠠᠵᠤ ᠠᠬᠤᠢ ᠶᠢ ᠲᠠᠰᠤᠷᠠᠯᠲᠠ ᠦᠭᠡᠢ ᠪᠤᠵᠠᠭᠠᠶᠢᠷᠠᠭᠤᠯᠵᠤ᠂ ᠬᠥᠳᠡᠭᠡ | ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠬᠡᠷᠡᠭᠲᠡᠢ ᠭᠡᠵᠦ | ᠴᠢᠬᠤᠯᠠᠴᠢᠯᠠᠪᠠ᠃ ᠰᠢᠨ ᠰᠢ ᠵᠢᠩ ᠨᠡᠭᠦᠷᠡᠰᠦᠨ ᠠᠭᠤᠷᠬᠠᠢ᠂ ᠴᠢᠩ ᠯᠢᠩ ᠨᠡᠭᠦᠷᠡᠰᠦᠨ ᠠᠭᠤᠷᠬᠠᠢ ᠪᠣᠯᠤᠨ | ᠬᠠᠷ᠎ᠠ ᠶᠢᠨ ᠠᠭᠤᠯᠠ ᠶᠢᠨ ᠬᠦᠳᠡᠷ ᠤᠨ ᠬᠡᠪᠳᠡᠰᠢ ᠳᠤ᠂ ᠪᠠᠢ ᠬᠠᠢ ᠯᠢᠨ ᠠᠭᠤᠷᠬᠠᠢ ᠶᠢᠨ ᠣᠷᠣᠨ ᠤ ᠣᠳᠣᠬᠢ | ᠪᠠᠶᠢᠳᠠᠯ ᠪᠣᠯᠤᠨ ᠠᠵᠤ ᠠᠬᠤᠶᠢᠯᠠᠯ ᠤᠨ ᠠᠵᠢᠯ ᠦᠢᠯᠡᠳᠪᠦᠷᠢᠯᠡᠯ ᠢᠶᠠᠨ ᠰᠡᠷᠭᠦᠭᠡᠭᠰᠡᠨ ᠪᠠᠶᠢᠳᠠᠯ ᠢ ᠪᠠᠶᠢᠴᠠᠭᠠᠨ | ᠦᠵᠡᠭᠰᠡᠨ ᠤ ᠲᠠᠷᠠᠭ᠎ᠠ᠂ ᠨᠡᠭᠦᠷᠡᠰᠦᠨ ᠤ ᠠᠵᠤ ᠦᠢᠯᠡᠰ ᠤᠨ ᠬᠥᠭᠵᠢᠯᠲᠡ ᠶᠢ ᠰᠢᠨᠵᠢᠯᠡᠬᠦ ᠤᠬᠠᠭᠠᠨᠴᠢ ᠪᠠᠷ | ᠲᠥᠯᠥᠪᠵᠢᠭᠦᠯᠵᠦ᠂ ᠡᠬᠢ ᠪᠠᠶᠠᠯᠢᠭ ᠢ ᠨᠡᠶᠢᠳᠬᠡᠵᠦ᠂ ᠪᠠᠶᠢᠷᠢᠰᠢᠭᠤᠯᠤᠯᠲᠠ ᠪᠠᠨ ᠰᠢᠯᠢᠳᠡᠭᠵᠢᠭᠦᠯᠵᠦ᠂ ᠠᠶᠤᠯᠭᠦᠢ | ᠦᠢᠯᠡᠳᠪᠦᠷᠢᠯᠡᠯ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠠᠵᠢᠯ ᠢ ᠴᠢᠩᠭ᠎ᠠ ᠰᠠᠶᠢᠲᠤᠷ ᠬᠢᠵᠦ᠂ | ᠨᠥᠬᠦᠴᠡᠯ ᠳᠤ ᠨᠡᠶᠢᠴᠡᠬᠦ ᠠᠭᠤᠷᠬᠠᠢ ᠶᠢᠨ ᠣᠷᠣᠨ ᠤ ᠡᠮᠬᠢ ᠵᠢᠷᠤᠮ ᠲᠠᠢ ᠪᠠᠷ ᠠᠵᠢᠯ ᠦᠢᠯᠡᠳᠪᠦᠷᠢᠯᠡᠯ ᠢᠶᠠᠨ | ᠰᠡᠷᠭᠦᠭᠡᠬᠦ ᠶᠢ ᠵᠣᠷᠢᠭᠵᠢᠭᠤᠯᠤᠨ ᠳᠡᠮᠵᠢᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠶᠠᠷᠬᠤᠳᠳᠤᠭ ᠤᠨ ᠬᠦᠳᠡᠭᠡ ᠠᠮᠢ ᠠᠬᠤᠢ ᠨᠡᠭᠦᠳᠡᠯ ᠠᠷᠠᠳ ᠤᠨ ᠵᠢᠱᠢᠶ᠎ᠡ ᠦᠵᠡᠭᠦᠯᠬᠦ ᠣᠷᠣᠨ ᠤ ᠦᠪᠦᠷ | ᠮᠣᠩᠭᠤᠯ ᠨᠢᠩᠰᠢᠶᠠ ᠶᠢᠨ ᠬᠢᠯᠢ ᠳᠤ ᠬᠦᠷᠴᠦ᠂ ᠪᠠᠢ ᠬᠠᠢ ᠯᠢᠨ ᠲᠩᠷᠢ ᠡᠯᠡᠰᠦᠨ ᠤ ᠭᠡᠷᠡᠯ ᠴᠡᠨᠡᠭ ᠢᠶᠠᠷ ᠬᠢᠯᠢ ᠶᠢ | ᠬᠠᠭᠠᠵᠤ ᠡᠯᠡᠰᠦ ᠶᠢ ᠵᠠᠰᠠᠭᠰᠠᠨ ᠪᠠᠶᠢᠳᠠᠯ ᠢ ᠪᠠᠶᠢᠴᠠᠭᠠᠨ ᠦᠵᠡᠵᠦ᠂ ᠡᠯᠡᠰᠦᠷᠭᠡᠭᠵᠢᠯ ᠢ ᠰᠡᠷᠭᠡᠶᠢᠯᠡᠵᠦ ᠡᠯᠡᠰᠦ ᠶᠢ | ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ᠂ ᠬᠢᠯᠢ ᠶᠢ ᠰᠠᠬᠢᠵᠤ ᠬᠢᠯᠢ ᠶᠢ ᠬᠠᠮᠠᠭᠠᠯᠠᠬᠤ ᠶᠢ ᠨᠢᠭᠡ | ᠴᠤᠬᠴᠠᠵᠢᠭᠤᠯᠬᠤ ᠢᠨᠵᠧᠨᠧᠷᠢᠩ ᠢᠶᠠᠷ ᠭᠠᠷᠳᠠᠴᠠ ᠪᠣᠯᠭᠠᠵᠤ᠂ ᠴᠡᠪᠡᠷ ᠡᠨᠧᠷᠭᠢ ᠶᠢᠨ ᠠᠵᠤ ᠦᠢᠯᠡᠰ ᠤᠨ | ᠬᠡᠯᠬᠢᠶ᠎ᠡ ᠶᠢᠨ ᠪᠠᠶᠢᠷᠢᠰᠢᠭᠤᠯᠤᠯᠲᠠ ᠪᠠ ᠬᠢᠯᠢ ᠶᠢ ᠬᠠᠭᠠᠵᠤ ᠡᠯᠡᠰᠦ ᠶᠢ ᠵᠠᠰᠠᠬᠤ ᠳᠣᠭᠳᠠᠯᠴᠠᠭ᠎ᠠ ᠶᠢᠨ ᠵᠠᠰᠠᠯᠲᠠ ᠶᠢ | ᠴᠢᠩᠭᠠᠳᠬᠠᠵᠤ᠂ ᠡᠷᠬᠢᠨ ᠲᠣᠭᠤᠷᠢᠨ ᠤ ᠮᠤᠵᠢ ᠣᠷᠣᠨ ᠯᠤᠭ᠎ᠠ ᠶᠢᠨ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ | ᠵᠠᠰᠠᠬᠤ ᠶᠢ ᠭᠦᠨᠵᠡᠭᠡᠶᠢᠷᠡᠭᠦᠯᠵᠦ᠂ ᠠᠮᠢ ᠠᠬᠤᠢ ᠶᠢ ᠬᠠᠮᠲᠤᠪᠠᠷ ᠵᠠᠰᠠᠬᠤ᠂ ᠨᠣᠭᠤᠭᠠᠷᠠᠭᠤᠯᠵᠤ ᠪᠠᠶᠠᠵᠢᠭᠤᠯᠬᠤ ᠶᠢ | ᠬᠦᠴᠦ ᠪᠠᠨ ᠬᠠᠮᠲᠤᠳᠬᠠᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ |