︽ᠠᠪᠠᠭ᠎ᠠ ᠡ᠂ ᠢᠩᠬᠢᠵᠦ ᠵᠢᠭᠳᠡ ᠰᠠᠴᠤᠪᠠᠯ ᠰᠠᠶ᠋ᠢ ᠬᠦᠷᠦᠰᠦ ᠰᠢᠷᠤᠢ ᠶᠢᠨ ︿ᠰᠢᠮ᠎ᠡ ᠲᠡᠵᠢᠭᠡᠯ﹀ | ᠲᠡᠩᠴᠡᠬᠦᠷᠢᠲᠠᠢ ᠪᠤᠯᠵᠦ ᠴᠢᠳᠠᠨ᠎ᠠ ᠁︾ 2 ᠰᠠᠷ᠎ᠠ ᠶᠢᠨ 23 ᠤ ᠡᠳᠦᠷ᠂ ᠪᠦᠬᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠬᠢᠩᠭᠠᠨ ᠠᠶᠢᠮᠠᠭ ᠤᠨ ᠵᠠᠯᠠᠶᠢᠳ ᠬᠤᠰᠢᠭᠤᠨ ᠤ | ᠬᠤᠯᠪᠣᠭ᠎ᠠ ᠪᠠᠯᠭᠠᠰᠤᠨ ᠤ ᠡᠦ ᠳ᠋ᠤᠤ ᠾᠧ ᠽᠢ ᠲᠠᠷᠢᠶᠠᠯᠠᠩ ᠮᠠᠯ ᠠᠵᠤ ᠠᠬᠤᠢ ᠶᠢᠨ ᠲᠤᠰᠬᠠᠢ ᠬᠤᠷᠰᠢᠶ᠎ᠠ ᠶᠢᠨ ᠬᠡᠷᠡᠭ | ᠡᠷᠬᠢᠯᠡᠭᠴᠢᠳ ᠤᠨ ᠳᠠᠷᠤᠭ᠎ᠠ ᠳ᠋ᠦ᠋ ᠭᠠᠩ ᠲᠠᠷᠢᠶᠠᠴᠢᠳ ᠲᠤ ᠪᠤᠷᠳᠤᠭᠤᠷ ᠢ ᠵᠦᠪ ᠰᠠᠴᠤᠬᠤ ᠠᠷᠭ᠎ᠠ ᠮᠡᠷᠭᠡᠵᠢᠯ ᠢ | ᠬᠦᠯᠢᠴᠡᠩᠭᠦᠢ ᠵᠢᠭᠠᠨ ᠵᠢᠯᠣᠭᠤᠳᠤᠨ᠎ᠠ᠃ ᠦᠭᠡ ᠬᠡᠯᠡᠬᠦ ᠶᠢᠨ ᠳᠠᠭᠠᠥ ᠳ᠋ᠦ᠋ ᠭᠠᠩ ᠪᠤᠷᠳᠤᠭᠤᠷ ᠰᠠᠴᠤᠬᠤ ᠲᠡᠷᠭᠡᠨ ᠳᠤ | ᠭᠠᠷᠴᠤ᠂ ᠲᠠᠷᠢᠶᠠᠨ ᠭᠠᠵᠠᠷ ᠢᠶᠠᠷ ᠨᠠᠭᠠᠰᠢ ᠴᠠᠭᠠᠰᠢ ᠰᠦᠯᠵᠢᠯᠳᠦᠨ᠎ᠡ᠃ | ᠠᠵᠢᠯᠴᠢ ᠬᠥᠮᠦᠨ ᠬᠠᠪᠤᠷ ᠡᠷᠲᠡ ᠠᠴᠠ ᠬᠦᠳᠡᠯᠳᠡᠭ᠃ ᠴᠠᠭᠠᠨ ᠰᠠᠷ᠎ᠠ ᠥᠩᠭᠡᠷᠡᠮᠡᠭᠴᠡ᠂ ᠳ᠋ᠦ᠋ ᠭᠠᠩ | ︽ᠬᠠᠪᠤᠷ ᠤᠨ ᠲᠠᠷᠢᠶᠠᠯᠠᠭ᠎ᠠ ᠶᠢᠨ ᠵᠠᠭᠪᠤᠷ︾ ᠢ ᠡᠬᠢᠯᠡᠭᠦᠯᠵᠦ᠂ ᠬᠤᠷᠰᠢᠶ᠎ᠠ ᠶᠢᠨ ᠭᠡᠰᠢᠭᠦᠳ ᠲᠠᠢ ᠪᠠᠨ ᠬᠠᠮᠲᠤ | ᠲᠠᠷᠢᠶᠠᠯᠠᠩ ᠤᠨ ᠮᠠᠰᠢᠨ ᠪᠠᠭᠠᠵᠢ ᠪᠠᠨ ᠪᠠᠶᠢᠴᠠᠭᠠᠨ ᠰᠡᠯᠪᠢᠵᠦ᠂ ᠬᠠᠷ᠎ᠠ ᠬᠥᠷᠥᠰᠥᠲᠦ ᠭᠠᠵᠠᠷ ᠲᠤ ᠣᠷᠭᠠᠨᠢᠭ | ᠪᠤᠷᠳᠤᠭᠤᠷ ᠣᠷᠣᠭᠤᠯᠪᠠ ᠁ | ᠡᠳᠦᠷ ᠲᠡᠭᠡᠨ ᠲᠠᠷᠢᠶᠠᠨ ᠠᠵᠢᠯ ᠳᠤ ᠬᠦᠶᠦᠵᠦ᠂ ᠤᠷᠤᠢ ᠳᠠᠭᠠᠨ ᠰᠠᠨᠠᠯ ᠰᠠᠨᠠᠭᠤᠯᠭ᠎ᠠ ᠪᠢᠴᠢᠵᠦ ᠶᠠᠭᠠᠷᠠᠨ᠎ᠠ᠃ | ᠪᠥᠬᠦ ᠤᠯᠤᠰ ᠤᠨ ᠬᠤᠶᠠᠷ ᠬᠤᠷᠠᠯ ᠤᠳᠠᠯ ᠥᠬᠡᠶ ᠬᠤᠷᠠᠯᠳᠤᠬᠤ ᠪᠠᠷ ᠪᠣᠶ᠂ ᠡᠨᠡ ᠬᠡᠳᠦᠨ ᠡᠳᠦᠷ ᠳ᠋ᠦ᠋ ᠭᠠᠩ ᠨᠠᠩ | ᠴᠤ ᠶᠠᠭᠠᠷᠠᠦ ᠪᠤᠯᠵᠠᠢ᠃ | ︽ᠲᠠᠷᠢᠶᠠᠨ ᠠᠵᠢᠯ ᠬᠢᠬᠦ ᠨᠢ ᠪᠠᠰᠠ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠬᠤᠷᠢᠶᠠᠬᠤ ᠰᠠᠶᠢᠨ ᠴᠠᠭ | ᠲᠣᠬᠢᠶᠠᠯ ᠮᠥᠨ᠃︾ ᠳ᠋ᠦ᠋ ᠭᠠᠩ᠂ ᠭᠠᠭᠴᠠ ᠬᠦ ᠠᠷᠠᠳ ᠤᠯᠠᠨ ᠤ ᠳᠤᠮᠲᠠ ᠬᠦᠨᠵᠡᠬᠡᠶᠢᠷᠡᠵᠤ᠂ ᠤᠯᠠᠨ | ᠲᠦᠮᠡᠨ ᠲᠠᠢ ᠰᠡᠳᠭᠢᠯ ᠨᠢᠭᠡᠳᠦᠨ ᠬᠦᠴᠦᠨ ᠢᠶᠠᠨ ᠬᠠᠮᠲᠤᠳᠬᠠᠪᠠᠯ ᠰᠠᠶ᠋ᠢ ᠤᠯᠠᠨ ᠲᠦᠮᠡᠨ ᠤ ᠪᠤᠳᠤᠯ ᠰᠠᠨᠠᠭ᠎ᠠ ᠶᠢ | ᠣᠶᠢᠯᠠᠭᠠᠵᠤ᠂ ᠠᠷᠠᠳ ᠲᠦᠮᠡᠨ ᠠᠴᠠ ᠣᠯᠭᠤᠭᠰᠠᠨ ᠡᠷᠬᠡ ᠪᠠᠨ ᠰᠠᠶᠢᠲᠤᠷ ᠬᠡᠷᠡᠭᠵᠢᠭᠦᠯᠵᠦ᠂ ᠠᠷᠠᠳ ᠤᠨ | ᠲᠥᠯᠥᠭᠡᠯᠡᠭᠴᠢ ᠶᠢᠨ ᠡᠭᠦᠷᠭᠡ ᠬᠠᠷᠢᠭᠤᠴᠠᠯᠭ᠎ᠠ ᠪᠠᠨ ᠰᠠᠶᠢᠲᠤᠷ ᠦᠢᠯᠡᠳᠦᠯᠭᠡᠵᠢᠭᠦᠯᠵᠦ ᠴᠢᠳᠠᠨ᠎ᠠ ᠭᠡᠪᠡ᠃ | ᠳ᠋ᠦ᠋ ᠭᠠᠩ ᠢᠩᠭᠢᠵᠦ ᠬᠡᠯᠡᠭᠰᠡᠨ ᠪᠦᠭᠡᠳ ᠮᠥᠨ ᠢᠩᠭᠢᠵᠦ ᠬᠢᠭᠰᠡᠭᠡᠷ ᠢᠷᠡᠵᠡᠢ᠃ ᠪᠦᠬᠦ ᠤᠯᠤᠰ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠠᠷ ᠰᠣᠩᠭᠤᠭᠳᠠᠭᠰᠠᠨ ᠠᠴᠠ ᠨᠠᠭᠠᠰᠢ᠂ | ᠲᠡᠷᠡ ᠦᠷᠭᠦᠯᠵᠢ ᠲᠠᠷᠢᠶᠠᠨ ᠦᠵᠦᠬᠦᠷ᠂ ᠲᠣᠰᠬᠤᠨ ᠤ ᠠᠷᠠᠳ ᠤᠨ ᠭᠡᠷ ᠲᠤ ᠬᠦᠷᠴᠦ᠂ ᠤᠯᠠᠨ ᠲᠦᠮᠡᠨ ᠤ ᠬᠦᠰᠡᠯ | ᠱᠠᠭᠠᠷᠳᠠᠯᠭ᠎ᠠ ᠶᠢ ᠭᠦᠨᠵᠡᠭᠡᠢ ᠤᠢᠢᠯᠠᠭᠠᠨ᠂ ᠤᠯᠠᠨ ᠲᠦᠮᠡᠨ ᠤ ᠬᠦᠴᠢᠷᠳᠡᠯ ᠢ ᠴᠠᠭ ᠲᠤᠬᠠᠢ ᠳᠤᠨᠢ ᠰᠢᠢᠳᠪᠦᠷᠢᠯᠡᠵᠦ᠂ | ᠨᠤᠲᠤᠭ ᠤᠨ ᠠᠬ᠎ᠠ ᠳᠡᠭᠦᠦ ᠨᠡᠷ ᠤᠨ ᠴᠢᠩ ᠰᠡᠳᠭᠢᠯ ᠤᠨ ᠬᠦᠰᠡᠯ ᠡᠷᠡᠮᠡᠯᠵᠡᠯ ᠢ ᠨᠢᠭᠡᠳ ᠨᠢᠭᠡ ᠪᠠᠷ ᠴᠢᠨᠠᠷ ᠰᠠᠶᠢᠲᠠᠢ | ᠰᠠᠨᠠᠯ ᠰᠠᠨᠠᠭᠤᠯᠭ᠎ᠠ ᠪᠣᠯᠭᠠᠨ ᠬᠤᠪᠢᠷᠠᠭᠤᠯᠪᠠ᠃ ︽ᠳ᠋ᠦ᠋ ᠭᠠᠩ ᠪᠣᠯ ᠪᠢᠳᠡᠨ ᠤ ᠳᠣᠲᠣᠨᠣ ᠬᠥᠮᠦᠨ᠂ ᠤᠴᠢᠷ ᠶᠠᠪᠤᠳᠠᠯ | ᠪᠦ᠋ᠬᠦᠨ ᠢ ᠪᠦᠷ ᠪᠢᠳᠡᠨ ᠤ ᠡᠮᠦᠨ᠎ᠡ ᠠᠴᠠ ᠪᠤᠳᠤᠯᠬᠢᠯᠠᠲᠠᠭ᠃ ᠪᠢᠳᠡᠨ ᠢ ᠬᠠᠪᠰᠤᠷᠴᠤ ᠲᠠᠷᠢᠵᠦ ᠤᠷᠭᠤᠭᠤᠯᠬᠤ | ᠮᠡᠷᠭᠡᠵᠢᠯ ᠤᠨ ᠰᠢᠨ᠎ᠡ ᠶᠢ ᠡᠭᠦᠳᠴᠦ᠂ ᠪᠣᠷᠣᠯᠠᠭᠤᠯᠭ᠎ᠠ ᠶᠢᠨ ᠵᠠᠮ ᠢ ᠥᠷᠭᠡᠳᠭᠡᠵᠦ᠂ ᠲᠠᠷᠢᠶᠠᠴᠢᠳ ᠤᠨ ᠣᠷᠣᠯᠭ᠎ᠠ ᠶᠢ | ᠳᠠᠬᠢᠨ ᠢᠶᠠᠷ ᠨᠡᠮᠡᠭᠳᠡᠭᠦᠯᠵᠡᠢ︾ ᠭᠡᠵᠦ ᠵᠠᠯᠠᠶᠢᠳ ᠬᠤᠰᠢᠭᠤᠨ ᠤ ᠬᠤᠯᠪᠣᠭ᠎ᠠ ᠪᠠᠯᠭᠠᠰᠤᠨ ᠤ ᠡᠦ ᠳ᠋ᠤᠤ ᠾᠧ ᠽᠢ | ᠲᠣᠰᠬᠤᠨ ᠤ ᠠᠷᠠᠳ ᠰᠦ᠋ ᠬᠠᠢ ᠵᠢᠶᠦ᠋ᠨ ᠪᠠᠶᠠᠷᠲᠠᠢ ᠬᠡᠯᠡᠨ᠎ᠡ᠃ | ︽ᠠᠷᠠᠳ ᠤᠨ ᠲᠥᠯᠥᠭᠡᠯᠡᠭᠴᠢ ᠤᠯᠠᠨ ᠲᠦᠮᠡᠨ ᠲᠠᠢ ᠰᠡᠳᠭᠢᠯ ᠵᠢᠷᠦᠬᠡ ᠪᠠᠨ ᠬᠤᠯᠪᠣᠵᠤ᠂ ᠦᠨᠡᠨ | ᠰᠡᠳᠭᠢᠯ ᠠᠴᠠ ᠪᠠᠨ ᠤᠯᠠᠨ ᠲᠦᠮᠡᠨ ᠳᠤ ᠪᠣᠳᠠᠲᠤ ᠶᠠᠪᠤᠳᠠᠯ ᠬᠢᠵᠦ᠂ ᠬᠦᠴᠢᠷ ᠠᠰᠠᠭᠤᠳᠠᠯ ᠢ ᠨᠢ ᠰᠢᠢᠳᠪᠦᠷᠢᠯᠡᠵᠦ᠂ | ︿ᠠᠷᠠᠳ ᠲᠦᠮᠡᠨ ᠨᠠᠮ᠎ᠠ ᠶᠢ ᠲᠥᠯᠥᠭᠡᠯᠡᠭᠴᠢ ᠪᠠᠷ ᠰᠣᠩᠭᠤᠵᠤ᠂ ᠮᠢᠨᠦ ᠲᠥᠯᠥᠭᠡᠯᠡᠭᠴᠢ ᠪᠤᠯᠬᠤ ᠨᠢ ᠠᠷᠠᠳ | ᠲᠦᠮᠡᠨ ᠤ ᠲᠥᠯᠥᠭᠡ ᠪᠠᠶᠢᠬᠤ﹀ ᠲᠥᠪ ᠴᠢᠩᠭ᠎ᠠ ᠠᠮᠠᠯᠠᠯᠲᠠ ᠪᠠᠨ ᠪᠣᠳᠠᠲᠠᠢ ᠠᠵᠢᠯᠯᠠᠭ᠎ᠠ ᠪᠠᠷ ᠢᠶᠠᠨ | ᠦᠢᠯᠡᠳᠦᠯᠭᠡᠵᠢᠭᠦᠯᠦᠨ᠎ᠠ︾ ᠬᠡᠬᠦ ᠳ᠋ᠦ᠋ ᠭᠠᠩ ᠤᠨ ᠦᠭᠡ ᠰᠢᠭᠤᠷᠬᠠᠢ ᠪᠦᠭᠡᠳ ᠬᠦᠴᠦ ᠲᠠᠢ᠃ | ︽85 ᠣᠨ ᠠᠴᠠ ᠰᠡᠭᠦᠯᠡᠷ ᠲᠥᠷᠥᠭᠰᠡᠨ︾ ᠰᠢᠨ᠎ᠡ ᠲᠠᠷᠢᠶᠠᠴᠢᠨ ᠪᠣᠯᠤᠭᠰᠠᠨ ᠤ ᠬᠤᠪᠢ ᠳᠤ᠂ ᠳ᠋ᠦ᠋ ᠭᠠᠩ | ᠤᠷᠢᠶᠠᠯᠠᠭ᠎ᠠ ᠶᠢ ᠢᠳᠡᠪᠬᠢᠲᠡᠶ ᠴᠤᠤᠷᠢᠶᠠᠲᠤᠨ ᠳᠠᠭᠠᠵᠤ᠂ ᠣᠶᠤᠨᠴᠢ ᠲᠠᠷᠢᠶᠠᠯᠠᠩ᠂ ᠠᠮᠢ ᠠᠬᠤᠶ ᠶᠢᠨ ᠲᠠᠷᠢᠶᠠᠯᠠᠩ᠂ | ᠣᠨᠴᠠᠯᠢᠭᠲᠤ ᠲᠠᠷᠢᠶᠠᠯᠠᠩ ᠢ ᠬᠥᠭᠵᠢᠭᠦᠯᠬᠦ ᠳᠡᠭᠡᠷ᠎ᠡ ᠦᠷᠭᠦᠯᠵᠢᠯᠡᠨ ᠬᠦᠴᠦᠯᠡᠵᠤ᠂ ᠲᠠᠷᠢᠶᠠᠴᠢᠨ ᠡᠷᠦᠬᠡ ᠶᠢ | ᠳᠠᠭᠠᠭᠤᠯᠤᠨ ᠣᠯᠠᠨ ᠵᠦᠢᠯ ᠤᠨ ᠠᠮᠤ ᠪᠤᠳᠠᠭ᠎ᠠ ᠳᠠᠷᠢᠵᠤ᠂ ᠴᠢᠨᠠᠷᠯᠢᠭ ᠠᠮᠤ ᠪᠤᠳᠠᠭ᠎ᠠ ᠳᠠᠷᠢᠪᠠ᠃ ᠰᠢᠷᠭᠠᠭᠤ | ᠬᠥᠳᠡᠯᠮᠦᠷᠢ ᠶᠢᠨ ᠬᠠᠷᠢᠭᠤ ᠦᠷ᠎ᠡ ᠪᠦᠲᠦᠭᠡᠯ ᠡᠯᠪᠡᠭ᠃ ᠡᠤ ᠳ᠋ᠣᠣ ᠾᠧ ᠽᠢ ᠲᠠᠷᠢᠶᠠᠯᠠᠩ ᠮᠠᠯ ᠠᠵᠤ ᠠᠬᠤᠶ ᠶᠢᠨ | ᠲᠤᠰᠬᠠᠶ ᠬᠤᠷᠰᠢᠶ᠎ᠠ ᠶᠢᠨ 1.2 ᠲᠦᠮᠡᠨ ᠮᠥ ᠲᠠᠷᠢᠮᠠᠯ ᠵᠢᠯ ᠳᠠᠷᠠᠭᠠᠯᠠᠨ ᠡᠯᠪᠡᠭ ᠬᠤᠷᠢᠶᠠᠯᠲᠠ ᠣᠯᠵᠤ᠂ ᠨᠢᠳᠤᠨᠤᠨ ᠤ | ᠠᠮᠤ ᠪᠤᠳᠠᠭᠠᠨ ᠤ ᠶᠡᠷᠦᠩᠬᠡᠶ ᠤᠨᠠᠯᠲᠠ 10000 ᠲᠣᠨ ᠢ ᠳᠠᠪᠠᠪᠠ᠃ ᠲᠣᠰᠬᠤᠨ ᠤ ᠠᠷᠠᠳ ᠤᠨ ᠤᠷᠤᠯᠭ᠎ᠠ | ᠨᠡᠮᠡᠭᠳᠡᠵᠦ ᠠᠮᠢᠳᠤᠷᠠᠯ ᠤᠯᠠᠮ ᠰᠠᠶᠢᠵᠢᠷᠠᠪᠠ᠃ ᠡᠨᠡ ᠵᠢᠯ ᠤᠨ ᠪᠥᠬᠦ ᠤᠯᠤᠰ ᠤᠨ ᠬᠤᠶᠠᠷ ᠬᠤᠷᠠᠯ ᠳᠤ᠂ ᠳ᠋ᠦ᠋ ᠭᠠᠩ | ︽ᠭᠤᠤᠯ ᠪᠣᠯᠬᠤ ᠠᠮᠤ ᠲᠣᠰᠣᠨ ᠤ ᠲᠠᠷᠢᠮᠠᠯ ᠤᠨ ᠲᠠᠯᠠᠪᠠᠶ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ | ᠢᠨᠵᠧᠨᠧᠷᠢᠩ ᠤᠨ ᠲᠤᠬᠠᠶ ᠰᠠᠨᠠᠭᠤᠯᠭ᠎ᠠ︾ ᠶᠢ ᠳᠡᠪᠰᠢᠭᠦᠯᠬᠦ ᠪᠠᠷ ᠪᠡᠯᠡᠳᠭᠡᠵᠦ᠂ ᠠᠮᠤ ᠪᠤᠳᠠᠭᠠᠨ ᠤ ᠤᠨᠠᠯᠲᠠ ᠶᠢᠨ | ᠨᠡᠮᠡᠭᠳᠡᠯ᠂ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠢ ᠤᠯᠠᠮ ᠠᠬᠢᠭᠤᠯᠬᠤ ᠳᠤ ᠠᠷᠭ᠎ᠠ ᠤᠬᠠᠭᠠᠨ | ᠳᠡᠪᠰᠢᠭᠦᠯᠬᠦ ᠪᠠᠷ ᠪᠤᠢ᠃ | ︽ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠣᠯ ᠢᠷᠠᠭᠤ ᠠᠯᠳᠠᠷ ᠮᠥᠷᠲᠡᠭᠡᠨ | ᠬᠦᠨᠳᠦ ᠬᠠᠷᠢᠭᠤᠴᠠᠯᠭ᠎ᠠ ᠮᠥᠨ᠂ ᠪᠢ ᠥᠩᠭᠡᠷᠡᠭᠰᠡᠨ ᠲᠠᠢ ᠪᠠᠨ ᠠᠳᠠᠯᠢᠬᠠᠨ ᠦᠨᠳᠦᠰᠦᠨ ᠱᠠᠲᠤᠨ ᠳᠤ ᠬᠦᠨᠵᠡᠭᠡᠶᠢᠷᠡᠨ | ᠣᠯᠠᠨ ᠲᠦᠮᠡᠨ ᠳᠤ ᠦᠢᠯᠡᠴᠢᠯᠡᠵᠦ᠂ ᠬᠥᠳᠡᠭᠡ ᠲᠣᠰᠬᠤᠨ ᠲᠠᠢ ᠰᠡᠳᠬᠢᠯ ᠢᠶᠠᠨ ᠬᠤᠯᠪᠤᠨ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠭᠡᠵᠦ᠂ ᠣᠯᠠᠨ ᠲᠦᠮᠡᠨ ᠢ ᠳᠠᠭᠠᠭᠤᠯᠤᠨ ᠣᠷᠣᠯᠭ᠎ᠠ ᠶᠢ ᠨᠢ ᠨᠡᠮᠡᠭᠳᠡᠭᠦᠯᠦᠨ | ᠪᠠᠶᠠᠵᠢᠭᠤᠯᠵᠤ᠂ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠨ᠎ᠡ︾ | ᠭᠡᠵᠦ ᠳ᠋ᠦ᠋ ᠭᠠᠩ ᠢᠯᠡᠳᠬᠡᠪᠡ᠃ | ᠰᠤᠷᠪᠤᠯᠵᠢᠯᠠᠭᠴᠢ ᠶᠢᠨ ᠡᠪᠦᠷ ᠲᠡᠮᠳᠡᠭᠯᠡᠯ | ᠴᠢᠨᠠᠷ ᠰᠠᠶᠢᠲᠠᠶ ᠰᠠᠨᠠᠭᠤᠯᠭ᠎ᠠ ᠪᠠᠷ ᠣᠯᠠᠨ ᠲᠦᠮᠡᠨ ᠤ ᠬᠦᠰᠡᠯ ᠡᠷᠡᠮᠡᠯᠵᠡᠯ ᠳᠤ ᠬᠠᠷᠢᠭᠤᠯᠲᠠ ᠥᠭᠭᠦᠨ᠎ᠡ | ᠳ᠋ᠦ᠋ ᠭᠠᠩ ᠲᠥᠯᠥᠭᠡᠯᠡᠭᠴᠢ ᠶᠢ ᠰᠤᠷᠪᠤᠯᠵᠢᠯᠠᠬᠤ ᠦᠶ᠎ᠡ ᠳᠤ᠂ ᠲᠡᠷᠡ ᠶᠠᠭ ᠲᠠᠷᠢᠶᠠᠨ ᠭᠠᠵᠠᠷ ᠲᠠᠭᠠᠨ ᠮᠠᠰᠢᠨ | ᠵᠢᠯᠣᠭᠤᠳᠴᠤ ᠣᠷᠭᠠᠨᠢᠭ ᠪᠣᠷᠲᠣᠭᠤᠷ ᠰᠠᠴᠤᠨ ᠶᠠᠭᠠᠷᠠᠵᠤ ᠪᠠᠶᠢᠯ᠎ᠠ᠃ ᠠᠵᠢᠯ ᠤᠨ ᠵᠠᠪᠰᠠᠷ ᠲᠠᠭᠠᠨ ᠲᠠᠷᠢᠶᠠᠴᠢᠳ ᠤᠨ | ᠳᠠᠷᠢᠵᠤ ᠤᠷᠭᠤᠭᠤᠯᠬᠤ ᠤᠷ᠎ᠠ ᠮᠡᠷᠭᠡᠵᠢᠯ ᠢ ᠵᠢᠯᠣᠭᠤᠳᠴᠦ᠂ ᠣᠯᠠᠨ ᠲᠦᠮᠡᠨ ᠤ ᠬᠦᠰᠡᠯ ᠡᠷᠡᠮᠡᠯᠵᠡᠯ ᠢ ᠠᠰᠠᠭᠤᠨ | ᠬᠠᠯᠠᠮᠵᠢᠯᠠᠨ᠎ᠠ᠃ ᠯᠠᠪᠳᠠᠭᠤᠨ ᠪᠠᠲᠤᠲᠠᠢ ᠪᠠᠷ ᠤᠯᠠᠨ ᠲᠦᠮᠡᠨ ᠳᠤ ᠪᠣᠳᠠᠲᠠᠢ ᠠᠵᠢᠯ ᠬᠢᠵᠦ᠂ ᠬᠦᠴᠢᠷ | ᠠᠰᠠᠭᠤᠳᠠᠯ ᠢ ᠨᠢ ᠰᠢᠢᠳᠪᠦᠷᠢᠯᠡᠵᠦ᠂ ᠪᠣᠳᠠᠲᠤ ᠠᠵᠢᠯᠯᠠᠭ᠎ᠠ ᠪᠠᠷ ᠢᠶᠠᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠥᠯᠥᠭᠡᠯᠡᠭᠴᠢ ᠶᠢᠨ ᠡᠭᠦᠷᠭᠡ ᠬᠠᠷᠢᠭᠤᠴᠠᠯᠭ᠎ᠠ ᠶᠢ ᠦᠢᠯᠡᠳᠦᠯᠭᠡᠵᠢᠭᠦᠯᠦᠨ᠎ᠠ᠃ ᠲᠡᠷᠡ ᠪᠣᠯ ᠤᠯᠠᠨ | ᠲᠦᠮᠡᠨ ᠤ ᠰᠡᠳᠭᠢᠯ ᠢ ᠮᠡᠳᠡᠭᠴᠢ᠂ ᠣᠷᠣᠨ ᠨᠤᠲᠤᠭ ᠤᠨ ᠬᠥᠭᠵᠢᠯᠲᠡ ᠶᠢ ᠠᠬᠢᠭᠤᠯᠤᠭᠴᠢ ᠮᠥᠨ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠠᠵᠢᠯ ᠤᠨ ᠪᠠᠶᠢᠷᠢ ᠳᠡᠭᠡᠷ᠎ᠡ ᠪᠠᠨ ᠲᠡᠷᠡ ᠪᠠᠰᠠ | ᠦᠷᠭᠦᠯᠵᠢᠯᠡᠨ ᠡᠷᠡᠮᠡᠬᠡᠶᠢᠯᠡᠨ ᠤᠷᠤᠭᠰᠢᠯᠠᠵᠤ᠂ ᠠᠷᠠᠳ ᠲᠦᠮᠡᠨ ᠳᠤ ᠦᠢᠯᠡᠴᠢᠯᠡᠬᠦ ᠪᠣᠯᠤᠨ᠎ᠠ᠃ | ︽ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠣᠯ ᠤᠯᠠᠨ ᠲᠦᠮᠡᠨ ᠤ ᠣᠷᠣᠯᠠᠨ | ᠥᠭᠦᠯᠡᠭᠴᠢ ᠮᠥᠨ᠃ ᠵᠦᠪᠭᠡᠨ ᠲᠠᠷᠢᠶᠠᠨ ᠭᠠᠵᠠᠷ ᠲᠤ ᠭᠦᠨᠵᠡᠭᠡᠶᠢᠷᠡᠵᠦ᠂ ᠠᠷᠠᠳ ᠤᠨ ᠪᠠᠶᠢᠳᠠᠯ ᠢ ᠤᠶᠢᠯᠠᠭᠠᠨ᠂ | ᠠᠷᠠᠳ ᠤᠨ ᠰᠠᠨᠠᠭ᠎ᠠ ᠶᠢ ᠰᠣᠨᠣᠰᠪᠠᠯ ᠰᠠᠶ᠋ᠢ ᠬᠠᠯᠠᠭᠤᠨ ᠳᠤᠯᠠᠭᠠᠨ᠂ ᠭᠦᠨ ᠭᠦᠨᠵᠡᠭᠡᠢ ᠰᠠᠨᠠᠭᠤᠯᠭ᠎ᠠ ᠭᠠᠷᠭᠠᠵᠦ | ᠴᠢᠳᠠᠨ᠎ᠠ︾᠃ ᠳ᠋ᠦ᠋ ᠭᠠᠩ ᠬᠤᠶᠢᠰᠢᠳᠠ ᠶᠢᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠵᠠᠮ ᠳᠡᠭᠡᠷ᠎ᠡ᠂ ᠴᠢᠨᠠᠷ | ᠰᠠᠶᠢᠲᠠᠶ ᠰᠠᠨᠠᠭᠤᠯᠭ᠎ᠠ ᠪᠠᠷ ᠠᠷᠠᠳ ᠲᠦᠮᠡᠨ ᠤ ᠬᠦᠰᠡᠯ ᠡᠷᠡᠮᠡᠯᠵᠡᠯ ᠳᠤ ᠬᠠᠷᠢᠭᠤᠯᠲᠠ ᠥᠭᠴᠦ᠂ ᠣᠯᠠᠨ ᠲᠦᠮᠡᠨ ᠤ | ᠵᠣᠯ ᠵᠢᠷᠭᠠᠯ ᠤᠨ ᠵᠢᠭᠠᠯᠲᠠ ᠲᠤᠭ᠎ᠠ ᠶᠢ ᠳᠡᠭᠡᠭᠰᠢᠯᠡᠭᠦᠯᠦᠨ᠎ᠡ ᠭᠡᠵᠦ ᠶᠠᠷᠢᠵᠦ ᠪᠠᠶᠢᠯ᠎ᠠ᠃ |