ᠡᠩᠬᠡ ᠲᠠᠶᠢᠪᠤᠩ ᠤᠨ ᠬᠠᠮᠠᠭᠠᠯᠠᠭᠴᠢ ᠴᠡᠷᠢᠭ ᠠᠴᠠ ᠬᠢᠯᠢ ᠬᠢᠵᠠᠭᠠᠷ ᠤᠨ ᠰᠠᠬᠢᠨ ᠬᠠᠮᠠᠭᠠᠯᠠᠭᠴᠢ ᠪᠤᠯᠤᠭᠰᠠᠨ ᠤᠯᠤᠰ ᠨᠤᠲᠤᠭ ᠤᠨ ᠰᠠᠬᠢᠭᠴᠢ—— ᠬᠦᠰᠡᠯᠡᠩ
ᠨᠡᠶᠢᠲᠡᠯᠡᠭᠰᠡᠨ ᠴᠠᠭ᠄
2025/4/15
    ᠠᠯᠠᠱᠠ ᠠᠶᠢᠮᠠᠭ ᠤᠨ ᠡᠵᠡᠨ᠎ᠡ ᠬᠤᠰᠢᠭᠤᠨ ᠤ ᠵᠡᠭᠦᠨ ᠬᠡᠰᠡᠭ ᠲᠤ ᠪᠠᠶᠢᠷᠢᠯᠠᠵᠤ ᠪᠠᠶᠢᠭ᠎ᠠ ᠦᠩᠲᠤᠭᠤᠤᠯ ᠰᠤᠮᠤ ᠶᠢᠨ ᠬᠢᠯᠢ ᠶᠢᠨ ᠱᠤᠭᠤᠮ ᠤᠨ ᠤᠷᠳᠤ ᠨᠢ 78.64 ᠺᠢᠯᠣᠮᠧᠲᠷ ᠪᠠᠶᠢᠵᠤ᠂ ᠡᠨᠡ ᠬᠦ ᠮᠤᠷᠤᠶ ᠰᠠᠷᠤᠶ ᠬᠢᠯᠢ ᠶᠢᠨ ᠱᠤᠭᠤᠮ ᠨᠢ ᠡᠩᠬᠦᠯ ᠳᠤᠩᠬᠤᠯ ᠡᠯᠡᠰᠦᠨ ᠳᠣᠪᠣᠴᠠᠭ ᠤᠨ ᠳᠤᠮᠳᠠ ᠰᠤᠨᠵᠢᠯᠳᠤᠵᠤ᠂ ᠶᠠᠭ ᠨᠢᠭᠡᠨ ᠨᠠᠷᠢᠨ ᠰᠤᠳᠠᠰᠤ ᠰᠢᠭ᠋ ᠢᠶᠠᠷ ᠡᠬᠡ ᠤᠯᠤᠰ ᠤᠨ ᠬᠢᠯᠢ ᠬᠢᠵᠠᠭᠠᠷ ᠪᠠ ᠳᠣᠲᠣᠷ ᠭᠠᠵᠠᠷ ᠢ ᠬᠤᠯᠪᠣᠵᠤ ᠪᠠᠶᠢᠳᠠᠭ᠃ ᠡᠨᠡᠬᠦ ᠬᠢᠯᠢ ᠶᠢᠨ ᠱᠤᠭᠤᠮ ᠢ ᠰᠠᠶᠢᠲᠤᠷ ᠰᠠᠬᠢᠨ ᠬᠠᠮᠠᠭᠠᠯᠠᠬᠤ ᠪᠣᠯ ᠵᠠᠯᠠᠭᠤ ᠬᠢᠯᠢ ᠬᠠᠮᠠᠭᠠᠯᠠᠭᠴᠢ ᠵᠢᠪᠬᠤᠯᠠᠩ ᠤᠨ ᠰᠡᠳᠬᠢᠯ ᠳᠠᠬᠢ ᠬᠠᠮᠤᠭ ᠤᠨ ᠴᠢᠬᠤᠯᠠ ᠡᠭᠦᠷᠭᠡ ᠪᠠᠶᠢᠵᠤ᠂ ᠲᠡᠷᠡ ᠮᠠᠨᠢ ᠦᠩᠲᠤᠭᠤᠤᠯ ᠤᠨ ᠬᠢᠯᠢ ᠶᠢᠨ ᠲᠣᠮᠢᠯᠠᠭᠰᠠᠨ ᠰᠠᠯᠪᠤᠷᠢ ᠶᠢᠨ ︽ᠬᠠᠷᠢᠶᠠᠲᠤ ᠨᠤᠲᠤᠭ ᠤᠨ ᠬᠢᠯᠢ ᠬᠠᠮᠠᠭᠠᠯᠠᠬᠤ ᠠᠩᠬᠢ︾᠎ ᠶᠢᠨ ᠭᠡᠰᠢᠭᠦᠨ ᠪᠣᠯᠤᠭᠰᠠᠨ ᠤ ᠬᠤᠪᠢ ᠳᠤ᠂ ᠦᠨᠡᠨᠴᠢ ᠰᠢᠳᠤᠷᠭᠤ ᠪᠠᠷ ᠡᠬᠡ ᠤᠯᠤᠰ ᠤᠨ ᠢᠶᠠᠨ ᠬᠢᠯᠢ ᠶᠢ ᠬᠠᠮᠠᠭᠠᠯᠠᠬᠤ ᠢᠷᠠᠭᠤ ᠠᠯᠳᠠᠷᠲᠤ ᠬᠠᠭᠤᠳᠠᠰᠤ ᠶᠢ ᠦᠷᠭᠦᠯᠵᠢᠯᠡᠨ ᠪᠢᠴᠢᠭᠯᠡᠨ᠎ᠡ᠃    ᠦᠩᠲᠤᠭᠤᠤᠯ ᠤᠨ ᠬᠢᠯᠢ ᠶᠢᠨ ᠲᠣᠮᠢᠯᠠᠭᠰᠠᠨ ᠰᠠᠯᠪᠤᠷᠢ ᠶᠢᠨ ︽ᠬᠠᠷᠢᠶᠠᠲᠤ ᠨᠤᠲᠤᠭ ᠤᠨ ᠬᠢᠯᠢ ᠬᠠᠮᠠᠭᠠᠯᠠᠬᠤ ᠠᠩᠬᠢ︾ ᠰᠠᠷ᠎ᠠ ᠪᠦᠷᠢ ᠲᠣᠭᠲᠠᠭᠰᠠᠨ ᠬᠤᠭᠤᠴᠠᠭ᠎ᠠ ᠲᠠᠢ ᠪᠠᠷ ᠬᠢᠯᠢ ᠶᠢᠨ ᠪᠠᠶᠢᠴᠠᠭᠠᠯᠲᠠ ᠬᠢᠵᠦ᠂ ᠮᠡᠳᠡᠭᠳᠡᠯ ᠲᠤᠰᠤᠭᠰᠠᠨ ᠵᠢᠪᠬᠤᠯᠠᠩ ᠥᠷᠯᠥᠭᠡ ᠡᠷᠲᠡ ᠪᠠᠷ ᠮᠠᠰᠢᠨ ᠵᠢᠯᠣᠭᠤᠳᠤᠨ ᠬᠢᠯᠢ ᠶᠢᠨ ᠱᠤᠭᠤᠮ ᠳᠤ ᠪᠠᠶᠢᠴᠠᠭᠠᠯᠲᠠ ᠬᠢᠳᠡᠭ ᠪᠠᠶᠢᠨ᠎ᠠ᠃ ᠮᠣᠷᠳᠠᠬᠤ ᠠᠴᠠ ᠪᠠᠨ ᠡᠮᠦᠨ᠎ᠡ᠂ ᠲᠡᠷᠡ ᠵᠤᠷᠰᠢᠯ ᠶᠣᠰᠣᠭᠠᠷ ᠥᠪᠡᠷ ᠤᠨ ︽ᠬᠠᠷᠢᠭᠤᠴᠠᠯᠭᠠᠲᠤ ᠳᠡᠮᠤᠷ ᠵᠠᠮ ᠤᠨ ᠲᠣᠭᠤᠷᠢᠭ︾᠎ ᠲᠠᠭᠠᠨ ᠬᠦᠷᠴᠦ᠂ ᠳᠡᠮᠤᠷ ᠵᠠᠮ ᠤᠨ ᠤᠢᠢᠷᠠᠯᠴᠠᠭᠠᠬᠢ ᠬᠦᠷᠢᠶ᠎ᠡ ᠴᠠᠷᠠᠭᠠᠨ ᠤ ᠡᠪᠳᠡᠭᠳᠡᠭᠰᠡᠨ ᠡᠰᠡᠬᠦ ᠶᠢ ᠪᠠᠶᠢᠴᠠᠭᠠᠨ᠂ ᠮᠠᠯᠴᠢᠳ ᠤᠨ ᠮᠠᠯ ᠤᠨᠤᠭ᠎ᠠ ᠶᠢ ᠵᠠᠮ ᠳᠡᠮᠤᠷ ᠲᠤ ᠳᠠᠭᠠᠷᠢᠭᠳᠠᠬᠤ ᠶᠢ ᠰᠡᠷᠭᠡᠶᠢᠯᠡᠳᠡᠭ᠃ ᠦᠩᠲᠤᠭᠤᠤᠯ ᠰᠤᠮᠤ ᠶᠢᠨ ︽ᠬᠠᠷᠢᠶᠠᠲᠤ ᠨᠤᠲᠤᠭ ᠤᠨ ᠬᠢᠯᠢ ᠬᠠᠮᠠᠭᠠᠯᠠᠬᠤ ᠠᠩᠬᠢ︾᠎ ᠶᠢᠨ ᠵᠠᠯᠠᠭᠤ ᠬᠢᠯᠢ ᠬᠠᠮᠠᠭᠠᠯᠠᠭᠴᠢ ᠪᠣᠯᠤᠭᠰᠠᠨ ᠤ ᠬᠤᠪᠢ ᠳᠤ᠂ ᠵᠢᠪᠬᠤᠯᠠᠩ ᠬᠢᠯᠢ ᠶᠢᠨ ᠱᠤᠭᠤᠮ ᠢ ᠰᠠᠬᠢᠨ ᠬᠠᠮᠠᠭᠠᠯᠠᠬᠤ ᠶᠢᠨ ᠬᠠᠮᠲᠤ᠂ ᠲᠡᠮᠦᠷ ᠵᠠᠮ ᠢ ᠴᠤ ᠰᠠᠬᠢᠨ ᠬᠠᠮᠠᠭᠠᠯᠠᠨ᠎ᠠ᠃    ᠠᠯᠠᠱᠠ ᠶᠢᠨ ᠬᠢᠯᠢ ᠶᠢᠨ ᠬᠠᠮᠢᠶᠠᠷᠤᠯᠲᠠ ᠶᠢᠨ ᠰᠠᠯᠪᠤᠷᠢ ᠠᠩᠭᠢ ᠶᠢᠨ ᠦᠩᠲᠤᠭᠤᠤᠯ ᠬᠢᠯᠢ ᠶᠢᠨ ᠲᠣᠮᠢᠯᠠᠭᠰᠠᠨ ᠰᠠᠯᠪᠤᠷᠢ ᠶᠢᠨ ᠬᠢᠯᠢ ᠬᠠᠮᠠᠭᠠᠯᠠᠭᠴᠢ ᠵᠢᠪᠬᠤᠯᠠᠩ᠄ ︽ᠮᠢᠨᠦ ᠬᠠᠷᠢᠭᠤᠴᠠᠵᠤ ᠪᠠᠶᠢᠭ᠎ᠠ ᠪᠠᠶᠢᠴᠠᠭᠠᠯᠲᠠ ᠶᠢᠨ ᠬᠦᠷᠢᠶ᠎ᠡ ᠴᠠᠷᠠᠭᠠᠨ ᠳᠤ ᠲᠡᠮᠦᠷ ᠵᠠᠮ ᠪᠠᠷᠤᠭ ᠠᠷᠪᠠᠨ ᠬᠡᠳᠦᠨ ᠺᠢᠯᠣᠮᠧᠲᠷ ᠪᠠᠶᠢᠳᠠᠭ᠂ ᠭᠤᠣᠯᠳᠠᠭᠤ ᠡᠩ ᠤᠨ ᠦᠶ᠎ᠡ ᠳᠤ ᠲᠡᠮᠦᠷ ᠵᠠᠮ ᠳᠤ ᠮᠠᠯ ᠤᠨᠤᠭ᠎ᠠ ᠠᠳᠡᠯ ᠭᠠᠷᠤᠭᠰᠠᠨ ᠡᠰᠡᠬᠦ᠂ ᠬᠠᠰᠢᠯᠭ᠎ᠠ ᠡᠪᠳᠡᠭᠳᠡᠭᠰᠡᠨ ᠡᠰᠡᠬᠦ ᠶᠢ ᠦᠵᠡᠵᠦ᠂ ᠶᠠᠮᠠᠷ ᠠᠰᠠᠭᠤᠳᠠᠯ ᠪᠠᠶᠢᠪᠠᠯ ᠲᠡᠮᠦᠷ ᠵᠠᠮ ᠤᠨ ᠰᠠᠯᠠᠭ᠎ᠠ ᠮᠥᠴᠢᠷ ᠲᠤ ᠴᠠᠭ ᠲᠤᠬᠠᠶ ᠳᠤᠨᠢ ᠠᠵᠢᠯ ᠢᠶᠠᠨ ᠬᠠᠷᠢᠭᠤ ᠮᠡᠳᠡᠭᠦᠯᠳᠡᠭ︾ ᠭᠡᠪᠡ᠃    2010 ᠣᠨ ᠳᠤ ᠶᠡᠭᠡ ᠰᠤᠷᠭᠠᠭᠤᠯᠢ ᠪᠠᠨ ᠲᠡᠭᠦᠰᠦᠭᠰᠡᠨ ᠤ ᠲᠠᠷᠠᠭ᠎ᠠ᠂ ᠲᠡᠷᠡ ᠢᠷᠠᠭᠤ ᠠᠯᠳᠠᠷᠲᠠᠢ ᠪᠠᠷ ᠴᠡᠷᠢᠭ ᠲᠤ ᠣᠷᠣᠪᠠ᠂ ᠲᠦᠷᠪᠡᠨ ᠵᠢᠯ ᠤᠨ ᠲᠠᠷᠠᠭ᠎ᠠ᠂ ᠲᠡᠷᠡ ᠴᠡᠷᠢᠭ ᠤᠨ ᠶᠠᠪᠤᠳᠠᠯ ᠤᠨ ᠴᠠᠭᠠᠷᠠᠭᠰᠠᠨ ᠬᠡᠪ ᠪᠣᠯᠪᠠᠰᠤᠷᠠᠯ ᠢᠶᠠᠷ ᠢᠶᠠᠨ ᠳᠤᠮᠳᠠᠳᠤ ᠤᠯᠤᠰ ᠤᠨ ᠡᠩᠬᠡ ᠲᠠᠶᠢᠪᠤᠩ ᠢ ᠬᠠᠮᠠᠭᠠᠯᠠᠬᠤ ᠬᠦᠴᠦᠷᠬᠡᠭᠯᠡᠯ ᠢ ᠰᠡᠷᠭᠡᠶᠢᠯᠡᠬᠦ ᠠᠩᠬᠢ ᠳᠤ ᠰᠣᠩᠭᠤᠭᠳᠠᠵᠤ᠂ ᠠᠯᠤᠰ ᠬᠤᠯᠠ ᠠᠹᠷᠢᠺᠠ ᠲᠢᠪ ᠤᠨ ᠯᠢᠪᠧ ᠳᠤ ᠬᠦᠷᠴᠦ ᠡᠭᠦᠷᠭᠡ ᠭᠦᠢᠴᠡᠳᠬᠡᠪᠡ᠃ ᠡᠩᠬᠡ ᠲᠠᠶᠢᠪᠤᠩ ᠢ ᠬᠠᠮᠠᠭᠠᠯᠠᠬᠤ ᠬᠤᠭᠤᠴᠠᠭᠠᠨ ᠳᠤ᠂ ᠵᠢᠪᠬᠤᠯᠠᠩ ᠲᠤᠬᠠᠢ ᠶᠢᠨ ᠭᠠᠵᠠᠷ ᠤᠨ ᠠᠷᠠᠳ ᠲᠦᠮᠡᠨ ᠳᠤ ᠦᠢᠯᠡᠴᠢᠯᠡᠵᠦ᠂ ᠡᠩᠬᠡ ᠲᠠᠶᠢᠪᠤᠩ ᠢ ᠬᠠᠮᠠᠭᠠᠯᠠᠬᠤ ᠡᠯ᠎ᠡ ᠵᠦᠢᠯ ᠤᠨ ᠡᠭᠦᠷᠭᠡ ᠪᠠᠨ ᠪᠡᠶᠡᠯᠡᠭᠦᠯᠦᠨ᠂ ᠪᠣᠳᠠᠲᠤ ᠠᠵᠢᠯᠯᠠᠭ᠎ᠠ ᠪᠠᠷ ᠢᠶᠠᠨ ᠳᠤᠮᠳᠠᠳᠤ ᠤᠯᠤᠰ ᠤᠨ ᠴᠡᠷᠢᠭ ᠬᠥᠮᠦᠨ ᠤ ᠡᠭᠦᠷᠭᠡᠯᠡᠯ ᠢ ᠲᠠᠶᠢᠯᠪᠤᠷᠢᠯᠠᠵᠡᠢ᠃ ᠰᠢᠯᠢᠳᠡᠭ ᠢᠯᠡᠷᠡᠯ ᠢᠶᠠᠷ ᠢᠶᠠᠨ ᠲᠡᠷᠡ ᠤᠯᠠᠨ ᠤᠯᠤᠰ ᠤᠨ ᠬᠤᠯᠪᠣᠭᠠᠲᠤ ᠪᠠᠶᠢᠭᠤᠯᠤᠯᠭ᠎ᠠ ᠠᠴᠠ ᠣᠯᠭᠤᠭᠰᠠᠨ ︽ᠡᠩᠬᠡ ᠲᠠᠶᠢᠪᠤᠩ ᠤᠨ ᠭᠠᠪᠢᠶᠠᠨ ᠳᠡᠮᠳᠡᠭ︾ ᠪᠠ ︽ᠡᠩᠬᠡ ᠲᠠᠶᠢᠪᠤᠩ ᠢ ᠬᠠᠮᠠᠭᠠᠯᠠᠬᠤ ᠳᠡᠯᠪᠡᠷᠡᠯᠲᠡ ᠶᠢ ᠰᠡᠷᠭᠡᠶᠢᠯᠡᠬᠦ ᠴᠠᠭᠳᠠᠭ᠎ᠠ ᠶᠢᠨ ᠱᠠᠩᠨᠠᠯ ᠤᠨ ᠳᠡᠮᠳᠡᠭ︾᠎ ᠢ ᠢᠷᠠᠭᠤ ᠠᠯᠳᠠᠷᠲᠠᠢ ᠪᠠᠷ ᠬᠦᠷᠳᠡᠪᠡ᠃ 2015 ᠣᠨ ᠤ 4 ᠰᠠᠷ᠎ᠠ ᠳᠤ᠂ ᠴᠡᠷᠢᠭ ᠠᠴᠠ ᠬᠠᠯᠠᠭᠳᠠᠭᠰᠠᠨ ᠵᠢᠪᠬᠤᠯᠠᠩ᠂ ᠨᠤᠲᠤᠭ ᠤᠰᠤ ᠪᠠᠨ ᠮᠥᠷᠥᠭᠡᠳᠦᠨ ᠰᠠᠨᠠᠭᠠᠯᠵᠠᠵᠤ᠂ ᠢᠷᠡᠭᠡᠳᠦᠢ ᠶᠢᠨ ᠲᠤᠬᠠᠢ ᠬᠦᠰᠡᠯ ᠡᠷᠡᠮᠡᠯᠵᠡᠯ ᠢᠶᠠᠨ ᠡᠪᠦᠷᠯᠡᠨ᠂ ᠡᠵᠡᠨ᠎ᠡ ᠬᠤᠰᠢᠭᠤᠨ ᠳᠠᠭᠠᠨ ᠪᠤᠴᠠᠵᠤ ᠢᠷᠡᠪᠡ᠃     2022 ᠣᠨ ᠳᠤ᠂ ᠦᠩᠲᠤᠭᠤᠤᠯ ᠬᠢᠯᠢ ᠶᠢᠨ ᠲᠣᠮᠢᠯᠠᠭᠰᠠᠨ ᠰᠠᠯᠪᠤᠷᠢ ︽ᠬᠠᠷᠢᠶᠠᠲᠤ ᠨᠤᠲᠤᠭ ᠤᠨ ᠬᠢᠯᠢ ᠬᠠᠮᠠᠭᠠᠯᠠᠬᠤ ᠠᠩᠬᠢ︾᠎ ᠶᠢ ᠪᠠᠶᠢᠭᠤᠯᠵᠤ᠂ ᠤᠯᠤᠰ ᠲᠠᠭᠠᠨ ᠪᠤᠴᠠᠵᠤ ᠢᠷᠡᠭᠰᠡᠨ ᠬᠠᠷᠢᠶᠠᠲᠤ ᠨᠠᠷ ᠤᠨ ᠬᠤᠶᠢᠴᠢᠰ ᠪᠣᠯᠤᠭᠰᠠᠨ ᠤ ᠬᠤᠪᠢ ᠳᠤ᠂ ᠵᠢᠪᠬᠤᠯᠠᠩ ᠬᠢᠯᠢ ᠬᠢᠵᠠᠭᠠᠷ ᠤᠨ ᠠᠮᠤᠷ ᠲᠣᠭᠲᠠᠭᠤᠨ᠂ ᠨᠤᠲᠤᠭ ᠤᠷᠤᠨ ᠤ ᠬᠥᠭᠵᠢᠯᠲᠡ ᠳᠤ ᠦᠵᠡᠭᠦᠯᠬᠦ ᠴᠢᠬᠤᠯᠠ ᠴᠢᠨᠠᠷ ᠢ ᠭᠦᠨᠵᠡᠭᠡᠢ ᠣᠶᠢᠯᠠᠭᠠᠵᠤ᠂ ᠤᠯᠤᠰ ᠤᠨ ᠤᠷᠢᠶᠠᠯᠠᠭ᠎ᠠ ᠶᠢ ᠢᠳᠡᠪᠬᠢᠲᠡᠢ ᠴᠤᠤᠷᠢᠶᠠᠲᠤᠨ᠂ ᠨᠢᠭᠡᠨ ᠬᠢᠯᠢ ᠬᠠᠮᠠᠭᠠᠯᠠᠭᠴᠢ ᠪᠤᠯᠵᠤ᠂ ᠲᠡᠮᠦᠷ ᠵᠠᠮ ᠪᠣᠯᠤᠨ ᠬᠢᠯᠢ ᠶᠢᠨ ᠱᠤᠭᠤᠮ ᠢ ᠰᠠᠬᠢᠨ ᠬᠠᠮᠠᠭᠠᠯᠠᠬᠤ ᠬᠦᠨᠳᠦ ᠡᠭᠦᠷᠭᠡ ᠶᠢ ᠡᠭᠦᠷᠭᠡᠯᠡᠨ᠂ ᠤᠳᠠᠭ᠎ᠠ ᠪᠦᠷᠢ ᠶᠢᠨ ᠬᠢᠯᠢ ᠶᠢ ᠲᠣᠭᠤᠷᠢᠨ ᠪᠠᠶᠢᠴᠠᠭᠠᠬᠤ ᠡᠭᠦᠷᠭᠡ ᠶᠢ ᠭᠦᠢᠴᠡᠳᠬᠡᠬᠦ ᠳᠤ᠂ ᠵᠢᠪᠬᠤᠯᠠᠩ ᠢᠳᠡᠪᠬᠢᠲᠡᠢ ᠣᠷᠣᠯᠴᠠᠵᠤ᠂ ᠭᠡᠰᠢᠭᠦᠳ ᠲᠠᠢ ᠬᠠᠮᠲᠤ ᠪᠠᠷ ᠬᠢᠯᠢ ᠶᠢᠨ ᠵᠠᠭᠠᠭ ᠤᠨ ᠡᠷᠬᠢᠨ ᠲᠣᠭᠤᠷᠢᠨ ᠤ ᠲᠣᠣᠷ᠂ ᠬᠢᠯᠢ ᠶᠢᠨ ᠬᠦᠰᠢᠶ᠎ᠡ ᠵᠡᠷᠭᠡ ᠲᠥᠬᠦᠭᠡᠷᠦᠮᠵᠢ ᠶᠢ ᠪᠠᠶᠢᠴᠠᠭᠠᠵᠤ᠂ ᠰᠡᠷᠭᠡᠶᠢᠯᠡᠨ ᠬᠠᠮᠠᠭᠠᠯᠠᠬᠤ ᠲᠥᠬᠦᠭᠡᠷᠦᠮᠵᠢ ᠶᠢᠨ ᠬᠡᠮ ᠰᠣᠭᠤᠭ ᠢ ᠪᠠᠶᠢᠴᠠᠭᠠᠨ ᠰᠡᠷᠭᠦᠭᠡᠵᠦ᠂ ᠪᠣᠳᠠᠲᠤ ᠠᠵᠢᠯᠯᠠᠭ᠎ᠠ ᠪᠠᠷ ᠢᠶᠠᠨ ᠬᠢᠯᠢ ᠬᠢᠵᠠᠭᠠᠷ ᠤᠨ ᠠᠮᠤᠷ ᠲᠦᠪᠰᠢᠨ ᠢ ᠬᠠᠮᠠᠭᠠᠯᠠᠬᠤ ᠲᠠᠷᠬᠠᠨ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠵᠡᠢ᠃    ᠠᠯᠠᠱᠠ ᠶᠢᠨ ᠬᠢᠯᠢ ᠶᠢᠨ ᠬᠠᠮᠢᠶᠠᠷᠤᠯᠲᠠ ᠶᠢᠨ ᠰᠠᠯᠪᠤᠷᠢ ᠠᠩᠭᠢ ᠶᠢᠨ ᠦᠩᠲᠤᠭᠤᠤᠯ ᠬᠢᠯᠢ ᠶᠢᠨ ᠲᠣᠮᠢᠯᠠᠭᠰᠠᠨ ᠰᠠᠯᠪᠤᠷᠢ ᠶᠢᠨ ᠬᠢᠯᠢ ᠬᠠᠮᠠᠭᠠᠯᠠᠭᠴᠢ ᠵᠢᠪᠬᠤᠯᠠᠩ᠄ ︽ᠪᠢ ᠴᠡᠷᠢᠭ ᠪᠠᠶᠢᠭᠰᠠᠨ᠂ ᠡᠩᠭᠡ ᠲᠠᠶᠢᠪᠤᠩ ᠤᠨ ᠬᠠᠮᠠᠭᠠᠯᠠᠭᠴᠢ ᠪᠠᠶᠢᠵᠤ ᠥᠩᠭᠡᠷᠡᠭᠰᠡᠨ᠂ ᠡᠶᠢᠮᠦ ᠠᠴᠠ ᠪᠢ ᠨᠤᠲᠤᠭ ᠲᠠᠭᠠᠨ ᠬᠠᠷᠢᠭᠰᠠᠨ ᠤ ᠳᠠᠷᠠᠭ᠎ᠠ ᠬᠢᠯᠢ ᠬᠢᠵᠠᠭᠠᠷ ᠢ ᠬᠠᠮᠠᠭᠠᠯᠠᠬᠤ ᠠᠵᠢᠯ ᠳᠤ ᠴᠤ ᠬᠦᠴᠦ ᠪᠠᠨ ᠡᠷᠭᠦᠶ᠎ᠡ ᠭᠡᠵᠦ ᠪᠤᠳᠤᠭᠰᠠᠨ᠂ ᠮᠥᠨ ᠴᠦ ᠴᠡᠷᠢᠭ ᠪᠣᠯᠤᠭᠰᠠᠨ ᠤ ᠬᠤᠪᠢ ᠳᠤ᠂ ᠴᠡᠷᠢᠭ ᠠᠴᠠ ᠬᠠᠯᠠᠭᠳᠠᠭᠰᠠᠳ ᠤᠨ ᠡᠭᠦᠷᠭᠡ ᠬᠠᠷᠢᠭᠤᠴᠠᠯᠭ᠎ᠠ ᠠᠴᠠ ᠪᠣᠯᠤᠭᠰᠠᠨ᠂ ᠪᠢ ᠨᠤᠲᠤᠭ ᠤᠰᠤᠨ ᠤ ᠪᠠᠨ ᠭᠠᠵᠠᠷ ᠰᠢᠷᠣᠶ᠂ ᠬᠢᠯᠢ ᠶᠢᠨ ᠱᠤᠭᠤᠮ ᠢᠶᠠᠨ ᠰᠠᠶᠢᠨ ᠬᠠᠮᠠᠭᠠᠯᠠᠵᠤ᠂ ᠬᠠᠷᠢᠭᠤᠴᠠᠯᠭ᠎ᠠ ᠪᠠᠨ ᠭᠦᠢᠴᠡᠳᠭᠡᠶ᠎ᠡ ᠭᠡᠵᠦ ᠪᠣᠳᠣᠵᠤ ᠪᠠᠶᠢᠨ᠎ᠠ︾ ᠭᠡᠪᠡ᠃    ᠭᠤᠪᠢ ᠨᠤᠲᠤᠭ ᠤᠨ ᠡᠪᠤᠯ ᠶᠠᠰᠤ ᠶᠠᠩᠭᠢᠨᠠᠮ᠎ᠠ ᠬᠦᠢᠲᠡᠨ ᠰᠠᠯᠬᠢ ᠰᠡᠩᠬᠢᠨᠠᠵᠤ᠂ ᠵᠤᠨ ᠳᠠᠭᠠᠨ ᠭᠠᠯ ᠬᠠᠯᠠᠭᠤᠨ ᠨᠠᠷᠠ ᠲᠦᠭᠡᠨᠡᠵᠦ᠂ ᠪᠠᠶᠢᠩᠭᠤ ᠰᠢᠭᠤᠷᠭ᠎ᠠ ᠳᠡᠭᠳᠡᠳᠡᠭ ᠳᠦᠷᠪᠡᠨ ᠤᠯᠠᠷᠢᠯ ᠤᠨ ᠪᠠᠶᠢᠭᠠᠯᠢ ᠶᠢᠨ ᠬᠡᠴᠡᠭᠦᠤ ᠪᠠᠶᠢᠳᠠᠯ ᠨᠢ ᠵᠢᠪᠬᠤᠯᠠᠩ ᠤᠨ ᠴᠠᠭᠳᠠᠨ ᠪᠠᠶᠢᠴᠠᠭᠠᠬᠤ ᠠᠯᠬᠤᠭ᠎ᠠ ᠶᠢ ᠬᠤᠷᠢᠭᠯᠠᠵᠤ ᠴᠢᠳᠠᠭᠰᠠᠨ ᠦᠭᠡᠢ᠃ ᠡᠩᠬᠡ ᠲᠠᠶᠢᠪᠤᠩ ᠢ ᠬᠠᠮᠠᠭᠠᠯᠠᠬᠤ ᠳᠠᠶᠢᠨ ᠤ ᠲᠠᠯᠠᠪᠤᠷ ᠠᠴᠠ ᠡᠯᠡᠰᠦᠨ ᠴᠦᠯ ᠤᠨ ᠬᠢᠯᠢ ᠶᠢᠨ ᠪᠣᠭᠤᠮᠲᠠ ᠬᠦᠷᠲᠡᠯ᠎ᠡ᠂ ᠵᠢᠪᠬᠤᠯᠠᠩ ᠤᠨ ᠠᠮᠢᠳᠤᠷᠠᠯ ᠤᠨ ᠳᠦᠷᠢ ᠲᠠᠰᠤᠷᠠᠯᠲᠠ ᠦᠭᠡᠢ ᠰᠣᠯᠢᠭᠳᠠᠵᠤ ᠪᠠᠶᠢᠭ᠎ᠠ ᠪᠤᠯᠪᠠᠴᠤ ᠲᠡᠭᠦᠨ ᠤ ᠰᠡᠳᠬᠢᠯ ᠳᠠᠬᠢ ᠡᠬᠡ ᠤᠯᠤᠰ᠂ ᠨᠤᠲᠤᠭ ᠤᠰᠤ᠂ ᠠᠷᠠᠳ ᠲᠦᠮᠡᠨ ᠳᠡᠭᠡᠨ ᠬᠠᠨᠳᠤᠭᠰᠠᠨ ᠬᠠᠶᠢᠷ᠎ᠠ ᠪᠠ ᠬᠠᠷᠢᠭᠤᠴᠠᠯᠭ᠎ᠠ ᠬᠤᠪᠢᠷᠠᠭ᠎ᠠ ᠦᠭᠡᠢ ᠶᠤᠮ᠃    ᠣᠶᠢᠷ᠎ᠠ ᠶᠢᠨ ᠬᠡᠳᠦᠨ ᠵᠢᠯ ᠳᠤ᠂ ᠬᠢᠯᠢ ᠬᠢᠵᠠᠭᠠᠷ ᠣᠷᠣᠨ ᠤ ᠡᠪᠡᠰᠦ ᠪᠣᠷᠳᠤᠭ᠎ᠠ ᠳᠤᠲᠠᠭᠳᠠᠵᠤ ᠪᠠᠶᠢᠬᠤ ᠪᠠ ᠬᠤᠳᠠᠯᠳᠤᠨ ᠠᠪᠬᠤ ᠥᠪᠡᠷ ᠤᠨ ᠥᠷᠲᠡᠭ ᠬᠡᠲᠦ ᠥᠨᠳᠥᠷ ᠪᠠᠶᠢᠬᠤ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ᠂ ᠵᠢᠪᠬᠤᠯᠠᠩ ᠲᠤᠬᠠᠶ ᠶᠢᠨ ᠭᠠᠵᠠᠷ ᠲᠤ ᠪᠠᠶᠢᠴᠠᠭᠠᠨ ᠰᠤᠷᠤᠯᠴᠠᠬᠤ ᠪᠠᠷ ᠳᠡᠮᠵᠢᠨ᠂ ᠦᠩᠲᠤᠭᠤᠤᠯ ᠰᠤᠮᠤᠨ ᠳᠤ 30 ᠲᠦᠮᠡᠨ ᠲᠥᠭᠦᠷᠢᠭ ᠤᠨ ᠪᠠᠯᠠ ᠣᠷᠣᠭᠤᠯᠵᠤ ᠪᠠᠷᠢᠮᠵᠢᠶᠠᠵᠢᠭᠤᠯᠤᠭᠰᠠᠨ ᠲᠠᠷᠢᠮᠠᠯ ᠤᠨ ᠰᠠᠭᠤᠷᠢᠨ ᠭᠠᠵᠠᠷ ᠢ ᠪᠠᠶᠢᠭᠤᠯᠪᠠ᠃ ᠲᠡᠭᠦᠨ ᠤ ︽ᠤᠰᠤ ᠪᠠᠷ ᠤᠷᠭᠤᠭᠤᠯᠬᠤ ᠲᠡᠵᠢᠭᠡᠯ ᠡᠪᠡᠰᠦ︾᠎ ᠶᠢ ᠠᠮᠵᠢᠯᠲᠠ ᠲᠠᠢ ᠣᠷᠣᠭᠤᠯᠤᠨ ᠠᠪᠴᠢᠷᠠᠭᠰᠠᠨ ᠬᠥᠷᠥᠰᠥ ᠦᠬᠡᠢ ᠪᠠᠷ ᠤᠷᠭᠤᠭᠤᠯᠵᠤ ᠪᠤᠶᠢᠵᠢᠭᠤᠯᠬᠤ ᠲᠦᠷᠦᠯ ᠵᠦᠢᠯ ᠨᠢ ᠡᠳᠦᠷ ᠪᠦᠷᠢ 400 ᠺᠢᠯᠤᠭ᠍ᠷᠤᠮ ᠤᠨ ᠴᠢᠨᠠᠷ ᠰᠠᠶᠢᠲᠠᠢ ᠲᠡᠵᠢᠭᠡᠯ ᠡᠪᠡᠰᠦ ᠶᠢ ᠦᠢᠯᠡᠳᠪᠦᠷᠢᠯᠡᠵᠦ᠂ ᠡᠨᠡ ᠬᠦ ᠮᠡᠷᠭᠡᠵᠢᠯ ᠨᠢ ᠲᠡᠵᠢᠭᠡᠯ ᠡᠪᠡᠰᠦ ᠪᠣᠷᠳᠤᠭ᠎ᠠ ᠳᠤᠲᠠᠭᠳᠠᠵᠤ ᠪᠠᠶᠢᠭ᠎ᠠ ᠠᠰᠠᠭᠤᠳᠠᠯ ᠢ ᠪᠦᠲᠦᠮᠵᠢᠲᠡᠢ ᠨᠠᠮᠳᠠᠭᠤᠯᠤᠭᠰᠠᠨ ᠢᠶᠠᠷ ᠪᠠᠷᠠᠬᠤ ᠦᠬᠡᠢ ᠪᠠᠰᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠬᠠᠩᠭᠠᠯᠭ᠎ᠠ ᠶᠢᠨ ᠴᠢᠳᠠᠪᠤᠷᠢ ᠶᠢ ᠢᠯᠡᠳᠲᠡ ᠳᠡᠭᠡᠭᠰᠢᠯᠡᠭᠦᠯᠵᠦ᠂ ᠲᠤᠬᠠᠢ ᠶᠢᠨ ᠭᠠᠵᠠᠷ ᠤᠨ ᠮᠠᠯ ᠠᠵᠤ ᠠᠬᠤᠢ ᠶᠢᠨ ᠦᠷᠭᠦᠯᠵᠢᠯᠡᠬᠦ ᠬᠥᠭᠵᠢᠯᠲᠡ ᠳᠤ ᠴᠢᠬᠤᠯᠠ ᠲᠤᠯᠭᠠᠭᠤᠷᠢᠯᠠᠯ ᠬᠠᠩᠭᠠᠵᠠᠢ᠃ ᠡᠭᠦᠨ ᠤ ᠬᠠᠮᠲᠤ᠂ ᠡᠨᠡᠬᠦ ᠰᠢᠨ᠎ᠡ ᠶᠢ ᠡᠭᠦᠳᠦᠭᠰᠡᠨ ᠦᠢᠯᠡᠳᠪᠦᠷᠢᠯᠡᠯ ᠤᠨ ᠵᠠᠭᠪᠤᠷ ᠨᠢ ᠡᠷᠬᠢᠨ ᠲᠣᠭᠤᠷᠢᠨ ᠤ ᠮᠠᠯᠴᠢᠳ ᠢ ᠲᠠᠶᠢᠴᠢᠯᠠᠨ ᠣᠷᠣᠯᠭ᠎ᠠ ᠶᠢ ᠨᠢ ᠲᠣᠭᠲᠠᠭᠤᠨ ᠢᠶᠠᠷ ᠨᠡᠮᠡᠭᠳᠡᠭᠦᠯᠵᠦ᠂ ᠵᠢᠪᠬᠤᠯᠠᠩ ᠴᠤ ᠡᠭᠦᠨ ᠠᠴᠠ ᠪᠤᠯᠵᠤ ᠪᠠᠶᠠᠵᠢᠨ ᠴᠢᠨᠡᠭᠡᠯᠢᠭᠵᠢᠬᠦ ᠶᠢᠨ ᠨᠢᠭᠡᠨ ᠨᠡᠷ᠎ᠡ ᠨᠢᠳᠡᠷ ᠲᠡᠭᠡᠨ ᠨᠡᠶᠢᠴᠡᠭᠰᠡᠨ ᠵᠠᠯᠠᠭᠤᠴᠤᠳ ᠤᠨ ᠲᠠᠭᠠᠭᠤᠯᠤᠭ᠍ᠴᠢ ᠪᠣᠯᠵᠠᠢ᠃
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号