ᠰᠠᠨᠰᠠᠷ ᠤᠨ ᠠᠶᠠᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠠᠮᠢ ᠠᠬᠤᠢ ᠶᠢᠨ ᠠᠵᠤ ᠦᠢᠯᠡᠰ ᠲᠤ ᠡᠨᠧᠷᠭᠢ ᠣᠯᠭᠤᠵᠤ ︽ᠰᠠᠨᠰᠠᠷ ᠤᠨ ᠦᠷ᠎ᠡ︾ ᠡᠵᠡᠨ᠎ᠡ ᠳᠤ ᠦᠨᠳᠦᠰᠦᠯᠡᠪᠡ
ᠨᠡᠶᠢᠲᠡᠯᠡᠭᠰᠡᠨ ᠴᠠᠭ᠄
2025/4/15
    ᠤᠶᠢᠷ᠎ᠠ ᠶᠢᠨ ᠡᠳᠦᠷ᠂ ᠴᠠᠭᠠᠨ ᠭᠤᠶᠣᠣ ᠶᠢᠨ ︽ᠰᠠᠨᠰᠠᠷ ᠤᠨ ᠦᠷ᠎ᠡ︾ ᠠᠭᠠᠷ ᠤᠨ ᠠᠶᠠᠯᠠᠯ ᠤᠨ ᠦᠷ᠎ᠡ ᠪᠤᠶᠢᠵᠢᠭᠤᠯᠬᠤ ᠲᠤᠷᠰᠢᠯᠲᠠ ᠶᠢᠨ ᠲᠥᠷᠥᠯ ᠵᠦᠢᠯ ᠤᠯᠤᠰ ᠤᠨ ᠣᠶ ᠶᠢᠨ ᠬᠤᠷᠮᠣᠶ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠡᠵᠡᠨ᠎ᠡ ᠬᠤᠰᠢᠭᠤᠨ ᠤ ᠠᠮᠢ ᠠᠬᠤᠶ ᠶᠢᠨ ᠠᠵᠤ ᠦᠢᠯᠡᠰ ᠤᠨ ᠰᠠᠭᠤᠷᠢᠨ ᠭᠠᠵᠠᠷ ᠲᠤ ᠦᠷ᠎ᠡ ᠳᠠᠷᠢᠬᠤ ᠠᠵᠢᠯ ᠢ ᠪᠡᠶᠡᠯᠡᠭᠦᠯᠵᠦ᠂ ᠡᠯᠡᠰᠦᠨ ᠴᠥᠯ ᠤᠨ ᠴᠠᠭᠠᠨ ᠭᠤᠶᠣᠣ ᠶᠢᠨ ︽ᠰᠠᠨᠰᠠᠷ ᠤᠨ ᠦᠷ᠎ᠡ︾ ︽ᠭᠠᠵᠠᠷ ᠳᠡᠭᠡᠷ᠎ᠡ ᠰᠣᠩᠭᠤᠨ ᠪᠤᠶᠢᠵᠢᠭᠤᠯᠬᠤ︾ ᠱᠠᠲᠤᠨ ᠳᠤ ᠤᠷᠤᠭᠰᠠᠨ ᠢ ᠬᠠᠷᠠᠭᠤᠯᠵᠤ ᠪᠠᠶᠢᠨ᠎ᠠ᠃    ᠤᠶᠢᠷ᠎ᠠ ᠶᠢᠨ ᠡᠳᠦᠷ᠂ ᠳᠤᠮᠳᠠᠳᠤ ᠤᠯᠤᠰ ᠤᠨ ᠠᠨᠠᠭᠠᠬᠤ ᠤᠬᠠᠭᠠᠨ ᠤ ᠰᠢᠨᠵᠢᠯᠡᠬᠦ ᠤᠬᠠᠭᠠᠨ ᠤ ᠬᠦᠷᠢᠶᠡᠯᠡᠩ ᠤᠨ ᠡᠮᠲᠦ ᠤᠷᠭᠤᠮᠠᠯ ᠰᠤᠳᠤᠯᠬᠤ ᠭᠠᠵᠠᠷ ᠤᠨ ᠳᠠᠷᠢᠵᠤ ᠤᠷᠭᠤᠭᠤᠯᠬᠤ ᠲᠥᠪ᠂ ᠠᠯᠠᠱᠠ ᠠᠶᠢᠮᠠᠭ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠰᠤᠳᠤᠯᠭᠠᠨ ᠤ ᠭᠠᠵᠠᠷ ᠤᠨ ᠲᠤᠰᠬᠠᠶ ᠮᠡᠷᠭᠡᠵᠢᠯᠲᠡᠨ ᠬᠤᠷᠠᠨ ᠴᠤᠭᠯᠠᠷᠠᠵᠤ᠂ ᠦᠷ᠎ᠡ ᠪᠤᠶᠢᠵᠢᠭᠤᠯᠬᠤ ᠠᠵᠢᠯ ᠳᠤ ᠲᠤᠰᠬᠠᠶ ᠮᠡᠷᠭᠡᠵᠢᠯ ᠤᠨ ᠵᠢᠯᠣᠭᠤᠳᠣᠯᠭ᠎ᠠ ᠬᠠᠩᠭᠠᠪᠠ᠃ ᠡᠯᠡᠰᠦᠨ ᠴᠦᠯ ᠤᠨ ᠴᠠᠭᠠᠨ ᠭᠤᠶᠣᠣ ᠶᠢᠨ ︽ᠰᠠᠨᠰᠠᠷ ᠤᠨ ᠦᠷ᠎ᠡ︾᠎ ᠶᠢᠨ ᠥᠩᠭᠡ ᠪᠤᠳᠤᠭ ᠨᠢ ᠬᠤᠷᠴᠠ᠂ ᠮᠥᠬᠦᠯᠢᠭ ᠨᠢ ᠲᠤᠮᠤ᠂ ᠲᠡᠭᠦᠨ ᠤ ᠮᠥᠯᠵᠢᠭᠦᠷ ᠵᠠᠭ ᠨᠢ ᠴᠦ ᠮᠠᠰᠢ ᠢᠳᠡᠷᠡᠭᠦᠨ ᠪᠠᠶᠢᠳᠠᠭ᠃ ᠭᠠᠵᠠᠷ ᠲᠡᠭᠰᠢᠯᠡᠬᠦ᠂ ᠨᠦᠬᠡᠯᠡᠬᠦ ᠪᠠ ᠤᠰᠤᠯᠠᠬᠤ ᠵᠡᠷᠭᠡ ᠪᠡᠯᠡᠳᠬᠡᠯ ᠠᠵᠢᠯ ᠢᠶᠠᠷ ᠳᠠᠮᠵᠢᠨ᠂ ᠡᠳᠡᠭᠡᠷ ︽ᠰᠠᠨᠰᠠᠷ ᠤᠨ ᠦᠷ᠎ᠡ︾᠎ ᠢ ᠬᠥᠷᠥᠰᠥᠨ ᠳᠤ ᠪᠤᠯᠠᠵᠡᠢ᠃ ᠡᠭᠦᠨ ᠠᠴᠠ ᠡᠮᠦᠨ᠎ᠡ᠂ ᠳᠤᠮᠳᠠᠳᠤ ᠤᠯᠤᠰ ᠤᠨ ᠠᠨᠠᠭᠠᠬᠤ ᠤᠬᠠᠭᠠᠨ ᠤ ᠰᠢᠨᠵᠢᠯᠡᠬᠦ ᠤᠬᠠᠭᠠᠨ ᠤ ᠬᠦᠷᠢᠶᠡᠯᠡᠩ ᠤᠨ ᠡᠮᠲᠦ ᠤᠷᠭᠤᠮᠠᠯ ᠰᠤᠳᠤᠯᠬᠤ ᠭᠠᠵᠠᠷ ᠨᠢ ᠦᠷ᠎ᠡ ᠳᠤ ᠠᠩᠬᠠᠨ ᠤ ᠬᠤᠭᠤᠴᠠᠭᠠᠨ ᠤ ᠹᠢᠽᠢᠣᠯᠣᠭᠢ ᠵᠢᠴᠢ ᠶᠠᠰᠤ ᠴᠢᠨᠠᠷ ᠤᠨ ᠰᠢᠨᠵᠢ ᠪᠠᠶᠢᠳᠠᠯ ᠳᠤᠨᠢ ᠵᠠᠳᠠᠯᠤᠯᠲᠠ ᠬᠢᠭᠰᠡᠨ ᠤ ᠬᠠᠮᠲᠤ ︽ᠥᠪᠡᠷᠮᠢᠴᠡ ᠴᠢᠨᠠᠷ︾᠎ ᠲᠠᠢ ᠪᠠᠶᠢᠵᠤ᠂ ᠲᠦᠢᠯ ᠤᠨ ᠥᠨᠳᠥᠷ ᠲᠤᠷᠰᠢᠯᠲᠠ ᠶᠢᠨ ᠦᠨ᠎ᠡ ᠦᠷᠳᠡᠭ ᠲᠠᠢ ᠪᠠᠶᠢᠬᠤ ᠶᠢ ᠢᠯᠡᠷᠡᠭᠦᠯᠪᠡ᠃    ᠡᠵᠡᠨ᠎ᠡ ᠬᠤᠰᠢᠭᠤᠨ ᠤ ᠬᠤᠣ ᠯᠢᠨ ᠠᠮᠢ ᠠᠬᠤᠶ ᠶᠢᠨ ᠠᠵᠤ ᠦᠢᠯᠡᠰ ᠤᠨ ᠰᠠᠭᠤᠷᠢᠨ ᠭᠠᠵᠠᠷ ᠤᠨ ᠬᠠᠷᠢᠭᠤᠴᠠᠯᠭᠠᠲᠠᠨ ᠸᠠᠩ ᠵᠢᠶᠠᠨ ᠭᠠᠩ᠄ ︽ᠰᠠᠨᠰᠠᠷ ᠤᠨ ᠦᠷ᠎ᠡ ᠶᠢᠨ ᠲᠤᠷᠰᠢᠯᠲᠠ ᠶᠢᠨ ᠰᠠᠭᠤᠷᠢᠨ ᠪᠣᠯᠤᠭᠰᠠᠨ ᠤ ᠬᠤᠪᠢ ᠳᠤ᠂ ᠪᠢᠳᠡ ᠦᠷ᠎ᠡ ᠶᠢ ᠨᠠᠷᠢᠨ ᠨᠢᠮᠪᠠᠶ ᠬᠠᠮᠢᠶᠠᠷᠤᠨ ᠬᠠᠮᠠᠭᠠᠯᠠᠵᠤ᠂ ᠰᠢᠨᠵᠢᠯᠡᠬᠦ ᠤᠬᠠᠭᠠᠨᠴᠢ ᠬᠠᠮᠢᠶᠠᠷᠤᠯᠲᠠ ᠶᠢᠨ ᠠᠷᠭ᠎ᠠ ᠶᠢ ᠪᠠᠲᠤᠯᠠᠬᠤ ᠶᠢᠨ ᠬᠠᠮᠲᠤ᠂ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠶᠢ ᠰᠠᠶᠢᠲᠤᠷ ᠬᠢᠬᠦ ᠪᠣᠯᠤᠭᠰᠠᠨ ᠳᠠᠭᠠᠨ ᠮᠠᠰᠢ ᠠᠵᠠ ᠲᠠᠢ ᠰᠠᠨᠠᠭᠳᠠᠵᠤ ᠪᠠᠶᠢᠨ᠎ᠠ᠃ ︽ᠰᠠᠨᠰᠠᠷ ᠤᠨ ᠦᠷ᠎ᠡ︾᠂ ᠭᠤᠶᠣᠣ ᠶᠢᠨ ᠦᠢᠯᠡᠰ ᠲᠤ ᠨᠢᠭᠡᠨ ᠶᠡᠭᠡ ᠬᠤᠪᠢᠷᠠᠯᠲᠠ ᠭᠠᠷᠭᠠᠬᠤ ᠶᠢ ᠬᠦᠰᠡᠵᠦ ᠪᠠᠶᠢᠨ᠎ᠠ︾ ᠭᠡᠪᠡ᠃    ᠣᠶᠢᠯᠠᠭᠠᠭᠰᠠᠨ ᠢᠶᠠᠷ᠂ ᠲᠣᠰ ᠤᠳᠠᠭᠠᠨ ᠤ ᠴᠠᠭᠠᠨ ᠭᠤᠶᠣᠣ ᠶᠢᠨ ︽ᠰᠠᠨᠰᠠᠷ ᠤᠨ︾᠎ ᠶᠢᠨ ᠦᠷ᠎ᠡ ᠪᠤᠶᠢᠵᠢᠭᠤᠯᠬᠤ ᠲᠤᠷᠰᠢᠯᠲᠠ ᠶᠢ ᠠᠯᠠᠱᠠ ᠠᠶᠢᠮᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠠᠴᠠ ᠲᠥᠯᠥᠪᠯᠡᠵᠦ᠂ ᠡᠵᠡᠨ᠎ᠡ ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠨᠢ ᠳᠤᠮᠳᠠᠳᠤ ᠤᠯᠤᠰ ᠤᠨ ᠠᠨᠠᠭᠠᠬᠤ ᠤᠬᠠᠭᠠᠨ ᠤ ᠰᠢᠨᠵᠢᠯᠡᠬᠦ ᠤᠬᠠᠭᠠᠨ ᠤ ᠬᠦᠷᠢᠶᠡᠯᠡᠩ ᠤᠨ ᠡᠮᠲᠦ ᠤᠷᠭᠤᠮᠠᠯ ᠰᠤᠳᠤᠯᠬᠤ ᠭᠠᠵᠠᠷ ᠲᠠᠢ ᠬᠠᠮᠲᠤᠷᠠᠨ ᠭᠠᠵᠠᠷ ᠳᠡᠭᠡᠷᠡᠬᠢ ᠲᠤᠷᠰᠢᠯᠲᠠ ᠶᠢᠨ ᠲᠥᠰᠦᠯ ᠢ ᠲᠣᠭᠲᠠᠭᠠᠪᠠ᠃ ᠫᠠᠶᠢᠰᠠ ᠣᠯᠭᠤᠭᠰᠠᠨ ᠲᠤᠷᠰᠢᠯᠲᠠ ᠶᠢᠨ ᠰᠠᠭᠤᠷᠢᠨ ᠤ ᠳᠠᠷᠠᠭ᠎ᠠ ᠰᠠᠨᠰᠠᠷ ᠤᠨ ᠴᠠᠭᠠᠨ ᠭᠤᠶᠣᠣ ᠶᠢᠨ ᠦᠷ᠎ᠡ ᠶᠢ ᠦᠷᠡᠵᠢᠭᠦᠯᠦᠨ ᠪᠤᠶᠢᠵᠢᠭᠤᠯᠬᠤ ᠲᠤᠷᠰᠢᠯᠲᠠ ᠬᠢᠵᠦ᠂ ᠭᠠᠵᠠᠷ ᠤᠨ ᠭᠠᠳᠠᠷᠭᠤ ᠶᠢᠨ ᠥᠰᠥᠯᠲᠡ ᠶᠢᠨ ᠲᠤᠭ᠎ᠠ ᠪᠠᠷᠢᠮᠲᠠ ᠶᠢ ᠴᠤᠭᠯᠠᠭᠤᠯᠤᠨ᠂ ᠥᠨᠳᠥᠷ ᠤᠨᠠᠯᠲᠠ ᠲᠠᠢ᠂ ᠥᠨᠳᠥᠷ ᠢᠳᠡᠪᠬᠢ ᠪᠦᠷᠢᠯᠳᠦᠬᠦᠨ ᠤ ᠭᠡᠨᠡᠳᠲᠡ ᠶᠢᠨ ᠬᠤᠪᠢᠰᠤᠯ ᠤᠨ ᠴᠣᠭᠴᠠ ᠶᠢ ᠰᠢᠭᠰᠢᠨ ᠰᠣᠩᠭᠤᠵᠤ᠂ ᠰᠢᠨ᠎ᠡ ᠦᠷ᠎ᠡ ᠶᠢ ᠬᠠᠳᠠᠭᠠᠯᠠᠬᠤ ᠵᠢᠴᠢ ᠬᠤᠶᠢᠴᠢ ᠦᠶ᠎ᠡ ᠶᠢ ᠨᠢ ᠦᠷᠡᠵᠢᠭᠦᠯᠦᠨ ᠪᠤᠶᠢᠵᠢᠭᠤᠯᠵᠤ᠂ ᠦᠷ᠎ᠡ ᠡᠳ᠋ ᠤᠨ ᠰᠢᠨ᠎ᠡ ᠶᠢ ᠡᠭᠦᠳᠬᠦ ᠪᠡᠷᠬᠡ ᠰᠡᠳᠦᠪ ᠢ ᠰᠢᠢᠳᠪᠦᠷᠢᠯᠡᠬᠦ ᠪᠣᠯᠤᠨ᠎ᠠ᠃    ᠡᠵᠡᠨ᠎ᠡ ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠡᠯᠡᠰᠦᠨ ᠤ ᠠᠵᠤ ᠦᠢᠯᠡᠰ ᠤᠨ ᠠᠯᠪᠠᠨ ᠬᠡᠷ ᠤᠨ ᠡᠷᠬᠢᠯᠡᠭᠴᠢ ᠯᠢᠦᠶ ᠬᠤᠶ᠄ ︽ᠣᠳᠣᠬᠠᠨ ᠳᠤ ᠨᠢᠭᠡᠨᠲᠡ ᠨᠠᠷᠢᠨ ᠲᠥᠯᠥᠪᠯᠡᠭᠡ ᠲᠣᠭᠲᠠᠭᠠᠵᠤ᠂ ᠬᠡᠰᠡᠭ ᠴᠠᠭ ᠭᠠᠵᠠᠷ ᠣᠷᠣᠨ ᠬᠤᠪᠢᠶᠠᠨ ᠦᠷᠭᠦᠯᠵᠢᠯᠡᠨ ᠦᠷ᠎ᠡ ᠪᠤᠶᠢᠵᠢᠭᠤᠯᠬᠤ ᠪᠠ ᠰᠤᠳᠤᠯᠬᠤ ᠲᠤᠷᠰᠢᠯᠲᠠ ᠥᠷᠨᠢᠭᠦᠯᠬᠦ ᠶᠢᠨ ᠬᠠᠮᠲᠤ ᠪᠠᠰᠠ ᠨᠢᠭᠡ ᠪᠦᠯᠦᠭ ᠦᠷ᠎ᠡ ᠶᠢ ᠡᠵᠡᠨ᠎ᠡ ᠬᠤᠰᠢᠭᠤᠨ ᠤ ᠤᠷᠭᠤᠮᠠᠯ ᠤᠨ ᠦᠷ᠎ᠡ ᠡᠳ᠋ ᠤᠨ ᠡᠬᠢ ᠪᠠᠶᠠᠯᠢᠭ ᠤᠨ ᠬᠥᠮᠥᠷᠭᠡ ᠳᠤ ᠨᠥᠭᠡᠴᠡᠯᠡᠬᠦ ᠪᠠᠷ ᠪᠣᠶ᠃ ᠴᠠᠭᠠᠨ ᠭᠤᠶᠣᠣ ᠶᠢᠨ ︽ᠰᠠᠨᠰᠠᠷ ᠤᠨ ᠦᠷ᠎ᠡ︾᠎ ᠶᠢᠨ ᠦᠷ᠎ᠡ ᠪᠤᠶᠢᠵᠢᠭᠤᠯᠬᠤ ᠲᠤᠷᠰᠢᠯᠲᠠ ᠶᠢᠨ ᠠᠬᠢᠴᠠ ᠨᠢ ᠮᠠᠨ ᠤ ᠬᠤᠰᠢᠭᠤᠨ ᠳᠤ ᠠᠮᠢ ᠠᠬᠤᠶ ᠪᠠ ᠠᠵᠤ ᠠᠬᠤᠶ ᠶᠢᠨ ᠳᠠᠪᠬᠤᠷ ᠬᠥᠭᠵᠢᠯᠲᠡ ᠶᠢᠨ ᠠᠵᠠ ᠲᠣᠬᠢᠶᠠᠯ ᠢ ᠠᠪᠴᠢᠷᠠᠵᠤ᠂ ᠮᠠᠨ ᠤ ᠬᠤᠰᠢᠭᠤ ᠶᠢ ᠠᠯᠠᠱᠠ ᠠᠶᠢᠮᠠᠭ ᠤᠨ ᠴᠢᠬᠤᠯᠠ ᠡᠯᠡᠰᠦᠨ ᠴᠥᠯ ᠴᠠᠭᠠᠨ ᠭᠤᠶᠣᠣ ᠶᠢᠨ ᠦᠷ᠎ᠡ ᠶᠢᠨ ᠡᠬᠢ ᠪᠠᠶᠠᠯᠢᠭ ᠤᠨ ᠰᠠᠭᠤᠷᠢᠨ       ᠪᠣᠯᠭᠠᠵᠤ᠂ ᠡᠯᠡᠰᠦᠨ ᠤ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠣᠯᠤᠮᠵᠢ ᠲᠠᠢ ᠪᠠᠶᠢᠨ᠎ᠠ︾ ᠭᠡᠪᠡ᠃
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号