ᠮᠠᠨ ᠤ ᠬᠤᠰᠢᠭᠤ ︽ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠬᠥᠭᠵᠢᠭᠡᠵᠦ᠂ ᠴᠢᠨᠠᠷ ᠰᠠᠶᠢᠲᠠᠶ ᠬᠥᠭᠵᠢᠯᠲᠡ ᠶᠢᠨ ᠵᠠᠮ ᠢ ᠬᠠᠮᠲᠤ ᠪᠠᠷ ᠪᠠᠶᠢᠭᠤᠯᠬᠤ︾ ᠴᠢᠨᠠᠷ ᠰᠠᠶᠢᠲᠠᠶ ᠠᠭᠤᠷᠬᠠᠶ ᠶᠢᠨ ᠡᠷᠬᠡ ᠶᠢ ᠲᠠᠨᠢᠯᠴᠠᠭᠤᠯᠬᠤ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/4/15
   ᠣᠶᠢᠷ᠎ᠠ ᠶᠢᠨ ᠡᠳᠦᠷ᠂ ᠮᠠᠨ ᠤ ᠬᠤᠰᠢᠭᠤ ︽ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠬᠥᠭᠵᠢᠭᠡᠵᠦ᠂ ᠴᠢᠨᠠᠷ ᠰᠠᠶᠢᠲᠠᠶ ᠬᠥᠭᠵᠢᠯᠲᠡ ᠶᠢᠨ ᠵᠠᠮ ᠢ ᠬᠠᠮᠲᠤ ᠪᠠᠷ ᠪᠠᠶᠢᠭᠤᠯᠬᠤ︾ ᠴᠢᠨᠠᠷ ᠰᠠᠶᠢᠲᠠᠶ ᠠᠭᠤᠷᠬᠠᠶ ᠶᠢᠨ ᠡᠷᠬᠡ ᠶᠢ ᠲᠠᠨᠢᠯᠴᠠᠭᠤᠯᠬᠤ ᠬᠤᠷᠠᠯ ᠢ ᠬᠤᠷᠠᠯᠳᠤᠭᠤᠯᠵᠤ᠂ ᠬᠤᠷᠠᠯ ᠳᠤ ᠮᠠᠨ ᠤ ᠬᠤᠰᠢᠭᠤᠨ ᠤ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠳᠠᠪᠠᠭᠤᠯᠢᠭ ᠪᠠ ᠠᠵᠤ ᠦᠢᠯᠡᠰ ᠤᠨ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠨᠢᠯᠴᠠᠭᠤᠯᠵᠤ᠂ ᠦᠢᠯᠡᠳᠪᠦᠷᠢ ᠠᠭᠤᠷᠬᠠᠶ ᠶᠢᠨ ᠠᠵᠤ ᠠᠬᠤᠶᠢᠯᠠᠯ ᠢ ᠣᠷᠢᠨ ᠪᠠᠯᠠ ᠣᠷᠤᠭᠤᠯᠵᠤ ᠦᠢᠯᠡᠰ ᠬᠦᠭᠵᠢᠬᠦᠯᠦᠨ᠂ ᠨᠡᠶᠢᠯᠡᠮᠡᠯ ᠬᠦᠴᠦᠨ ᠢ ᠪᠦᠷᠢᠯᠳᠦᠬᠦᠯᠵᠦ᠂ ᠡᠵᠡᠨ᠎ᠡ ᠬᠤᠰᠢᠭᠤᠨ ᠤ ᠠᠭᠤᠷᠬᠠᠶ ᠶᠢᠨ ᠦᠢᠯᠡᠰ ᠤᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠬᠠᠮᠲᠤ ᠪᠠᠷ ᠠᠬᠢᠭᠤᠯᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤ ᠳᠠᠷᠤᠭ᠎ᠠ᠂ ᠴᠡᠭᠡ ᠪᠣᠭᠤᠮᠲᠠ ᠶᠢᠨ ᠠᠵᠤ ᠠᠬᠤᠶ ᠶᠢᠨ ᠨᠡᠭᠡᠭᠡᠯᠲᠡ ᠶᠢᠨ ᠣᠷᠣᠨ ᠤ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠪᠦᠬᠡ ᠬᠤᠷᠠᠯ ᠳᠤ ᠣᠷᠣᠯᠴᠠᠵᠤ ᠪᠠᠶᠠᠷ ᠤᠨ ᠦᠭᠡ ᠬᠡᠯᠡᠪᠡ᠃ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠰᠢᠭᠤᠨ  ᠤ ᠳᠡᠳ᠋ ᠳᠠᠷᠤᠭ᠎ᠠ ᠶᠠᠩ ᠶᠦᠩ ᠴᠢ ᠬᠤᠷᠠᠯ ᠢ ᠡᠷᠭᠢᠯᠡᠵᠦ᠂ ᠠᠶᠢᠮᠠᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠵᠢᠴᠢ ᠬᠤᠰᠢᠭᠤᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠬᠤᠷᠡᠯ ᠳᠤ ᠣᠷᠣᠯᠴᠠᠵᠠᠶ᠃    ᠪᠦᠬᠡ ᠠᠵᠤ ᠠᠬᠤᠶᠢᠯᠠᠯᠲᠠᠨ ᠤ ᠬᠦᠷᠦᠯᠴᠡᠨ ᠢᠷᠡᠭᠰᠡᠨ ᠳᠤ ᠬᠠᠯᠠᠭᠤᠨ ᠢᠶᠠᠷ ᠪᠠᠶᠠᠷᠯᠠᠨ ᠤᠭᠳᠤᠬᠤ ᠶᠢᠨ ᠬᠠᠮᠲᠤ ᠡᠯ᠎ᠡ ᠠᠵᠤ ᠠᠬᠤᠶᠢᠯᠠᠯ ᠤᠨ ᠡᠵᠡᠨ᠎ᠡ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠶᠢ ᠬᠠᠯᠠᠮᠵᠢᠯᠠᠨ ᠳᠡᠮᠵᠢᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ ᠬᠡᠯᠡᠬᠦ ᠳᠡᠭᠡᠨ᠂ ᠣᠳᠣᠬᠠᠨ ᠳᠤ ᠥᠪᠡᠷᠲᠡᠭᠡᠨ ᠵᠠᠰᠠᠬᠤ ᠣᠷᠣᠨ ᠶᠠᠭ ᠲᠠᠪᠤᠨ ᠶᠡᠭᠡ ᠡᠭᠦᠷᠭᠡ ᠶᠢ ᠨᠠᠶᠢᠳᠠᠪᠤᠷᠢᠵᠢᠭᠤᠯᠬᠤ ᠶᠢ ᠪᠦᠬᠦ ᠬᠦᠴᠦᠨ ᠢᠶᠠᠷ ᠠᠬᠢᠭᠤᠯᠵᠤ ᠪᠤᠢ᠃ ᠡᠭᠦᠨ ᠳᠤ ᠴᠢᠬᠤᠯᠠ ᠡᠭᠦᠷᠭᠡ ᠶᠢᠨ ᠨᠢᠭᠡ ᠪᠣᠯ ᠳᠠᠷᠤᠢ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠤᠳᠤᠯᠭ᠎ᠠ ᠶᠢᠨ ᠡᠬᠢ ᠪᠠᠶᠠᠯᠢᠭ ᠤᠨ ᠰᠠᠭᠤᠷᠢᠨ ᠢ ᠪᠦᠳᠦᠭᠡᠨ ᠪᠠᠶᠢᠭᠤᠯᠬᠤ ᠶᠠᠪᠤᠳᠠᠯ ᠪᠣᠯᠤᠨ᠎ᠠ᠃ ᠤᠷᠳᠦ ᠬᠤᠭᠤᠴᠠᠭᠠᠨ ᠤ ᠲᠤᠷᠰᠢ᠂ ᠡᠵᠡᠨ᠎ᠡ ᠬᠤᠰᠢᠭᠤᠨ ᠤ ᠠᠭᠤᠷᠬᠠᠢ ᠶᠢᠨ ᠡᠬᠢ ᠪᠠᠶᠠᠯᠢᠭ ᠤᠨ ᠲᠠᠪᠠᠭᠤᠯᠢᠭ ᠢ ᠬᠦᠢᠴᠡᠳ ᠪᠠᠳᠠᠷᠠᠭᠤᠯᠤᠭᠠᠳᠤᠢ ᠪᠠᠶᠢᠭᠰᠠᠭᠠᠷ᠂ ᠡᠬᠢ ᠪᠠᠶᠠᠯᠢᠭ ᠡᠳ᠋ ᠬᠦᠷᠦᠩᠭᠡ ᠶᠢᠨ ᠲᠠᠪᠠᠭᠤᠯᠢᠭ ᠢ ᠠᠵᠦ ᠠᠬᠤᠢ ᠶᠢᠨ ᠬᠦᠭᠵᠢᠯᠳᠡ ᠶᠢᠨ ᠲᠠᠪᠠᠭᠤᠯᠢᠭ ᠪᠤᠯᠭᠠᠨ ᠬᠤᠪᠢᠷᠠᠭᠤᠯᠬᠤ ᠪᠤᠯ ᠤᠳᠤᠬᠠᠨ ᠤ ᠢᠳᠡᠪᠬᠢᠲᠡᠢ ᠰᠤᠳᠤᠯᠤᠨ ᠶᠠᠷᠢᠯᠴᠠᠬᠤ ᠴᠢᠬᠤᠯᠠ ᠰᠡᠳᠦᠪ ᠪᠤᠯᠵᠦ᠂ ᠮᠠᠨ ᠤ ᠬᠤᠰᠢᠭᠤ ᠨᠢ ᠠᠭᠤᠷᠬᠠᠢ ᠶᠢᠨ ᠠᠵᠦ ᠠᠬᠤᠢ ᠶᠢᠨ ᠬᠡᠯᠪᠡᠷᠢ ᠶᠢ ᠬᠤᠪᠢᠷᠠᠭᠤᠯᠤᠨ ᠬᠦᠭᠵᠢᠬᠦᠯᠬᠦ ᠵᠠᠩᠬᠢᠯᠠᠭ᠎ᠠ ᠶᠢᠨ ᠱᠠᠳᠤᠨ ᠳᠤ ᠤᠷᠤᠭᠰᠠᠨ ᠪᠠᠶᠢᠨ᠎ᠠ᠃ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠥᠩᠭᠡᠷᠡᠭᠰᠡᠨ ᠲᠠᠢ ᠪᠠᠨ ᠠᠳᠠᠯᠢ ᠪᠠᠷ ᠠᠭᠤᠷᠬᠠᠶ ᠶᠢᠨ ᠠᠵᠤ ᠠᠬᠤᠶᠢᠯᠠᠯ ᠤᠨ ᠬᠥᠭᠵᠢᠯᠲᠡ ᠶᠢ ᠬᠠᠯᠠᠮᠵᠢᠯᠠᠨ       ᠳᠡᠮᠵᠢᠵᠦ᠂ ᠦᠨᠡᠨᠴᠢ ᠢᠲᠡᠭᠡᠮᠵᠢᠲᠡᠶ ᠵᠠᠰᠠᠭ ᠤᠨ ᠣᠷᠳᠣᠨ ᠤ ᠪᠥᠲᠥᠭᠡᠨ ᠪᠠᠶᠢᠭᠤᠯᠤᠯᠲᠠ ᠪᠠ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ ᠬᠦᠴᠦᠯᠡᠴᠠ ᠪᠠᠨ ᠤᠯᠠᠮ ᠴᠢᠩᠭᠠᠳᠬᠠᠵᠤ᠂ ᠡᠯ᠎ᠡ ᠠᠭᠤᠷᠬᠠᠶ ᠶᠢᠨ ᠠᠵᠤ ᠠᠬᠤᠶᠢᠯᠠᠯ ᠳᠤ ᠰᠠᠶᠢᠨ ᠰᠠᠶᠢᠬᠠᠨ ᠣᠷᠴᠢᠨ ᠲᠣᠭᠤᠷᠢᠨ ᠪᠠ ᠨᠥᠬᠦᠴᠡᠯ ᠢ ᠪᠥᠬᠦ ᠬᠦᠴᠦᠨ ᠢᠶᠠᠷ ᠢᠶᠠᠨ ᠪᠣᠶ ᠪᠤᠯᠭᠠᠨ᠎ᠠ᠃ ᠡᠯ᠎ᠡ ᠠᠵᠤ ᠠᠬᠤᠶᠢᠯᠠᠯ ᠤᠨ ᠬᠢᠨ ᠲᠣᠰ ᠤᠳᠠᠭᠠᠨ ᠤ ᠲᠠᠨᠢᠯᠴᠠᠭᠤᠯᠭ᠎ᠠ ᠶᠢᠨ ᠬᠤᠷᠠᠯ ᠢᠶᠠᠷ ᠠᠵᠠ ᠲᠣᠬᠢᠶᠠᠯ ᠪᠣᠯᠭᠠᠵᠤ᠂ ᠡᠵᠡᠨ᠎ᠠ ᠳᠤ ᠨᠠᠩ ᠢᠯᠡᠬᠦᠤ ᠠᠩᠬᠠᠷᠤᠯ ᠢᠶᠠᠨ ᠳᠥᠪᠯᠡᠷᠡᠬᠦᠯᠦᠨ᠂ ᠨᠠᠩ ᠣᠯᠠᠨ ᠡᠬᠢ ᠪᠠᠶᠠᠯᠢᠭ ᠢ ᠡᠵᠡᠨ᠎ᠡ ᠳᠤ ᠣᠷᠣᠭᠤᠯᠵᠤ᠂ ᠨᠠᠩ ᠣᠯᠠᠨ ᠲᠥᠷᠥᠯ ᠵᠦᠢᠯ ᠤᠨ ᠪᠠᠶᠢᠷᠢᠰᠢᠭᠤᠯᠤᠯᠲᠠ ᠬᠢᠨ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠬᠠᠭᠤᠳᠠᠰᠤ ᠶᠢ ᠬᠠᠮᠲᠤ ᠪᠠᠷ ᠪᠢᠴᠢᠭᠯᠡᠬᠦ ᠶᠢ ᠬᠦᠰᠡᠵᠦ ᠪᠠᠶᠢᠨ᠎ᠠ ᠭᠡᠪᠡ᠃    ᠥᠪᠥᠷ ᠮᠣᠩᠭᠤᠯ ᠤᠨ ᠭᠠᠵᠠᠷ ᠰᠢᠨᠵᠢᠯᠡᠭᠡ ᠠᠭᠤᠷᠬᠠᠢ ᠶᠢᠨ ᠭᠠᠷᠤᠯᠲᠠ ᠶᠢᠨ ᠬᠠᠶᠢᠨ ᠪᠠᠶᠢᠴᠠᠭᠠᠯᠲᠠ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠡᠵᠡᠨ᠎ᠡ ᠬᠤᠰᠢᠭᠤᠨ ᠤ ᠬᠤᠪᠢᠶᠠᠷᠢ ᠺᠣᠮᠫᠠᠨᠢ ᠶᠢᠨ ᠬᠠᠷᠢᠭᠤᠴᠠᠯᠭᠠᠲᠠᠨ ︽ᠡᠵᠡᠨ᠎ᠡ ᠬᠤᠰᠢᠭᠤᠨ ᠤ ᠬᠤᠶᠢᠲᠤ ᠠᠭᠤᠯᠠ ᠶᠢᠨ ᠡᠷᠦᠳᠡᠰᠦ ᠶᠢᠨ ᠪᠦᠰᠡ ᠶᠢᠨ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠳᠠᠪᠠᠭᠤᠯᠢᠭ᠂ ᠬᠠᠶᠢᠨ ᠪᠠᠶᠢᠴᠠᠭᠠᠵᠤ ᠨᠡᠭᠡᠭᠡᠨ ᠬᠥᠭᠵᠢᠭᠦᠯᠬᠦ ᠣᠳᠣᠬᠢ ᠪᠠᠶᠢᠳᠠᠯ ᠵᠢᠴᠢ ᠠᠭᠤᠷᠬᠠᠶ ᠡᠷᠢᠬᠦ ᠴᠢᠭᠯᠡᠯ ᠤᠨ ᠬᠠᠶᠢᠨ ᠰᠢᠨᠵᠢᠯᠡᠯᠲᠡ︾᠎ ᠶᠢᠨ ᠲᠣᠭᠤᠷᠢᠨ ᠳᠤ ᠲᠤᠰᠬᠠᠶ ᠰᠡᠳᠦᠪᠲᠦ ᠮᠡᠳᠡᠭᠦᠯᠦᠯᠲᠡ ᠬᠢᠪᠠ᠃ ᠡᠵᠡᠨ᠎ᠡ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠬᠠᠷᠢᠭᠤᠴᠠᠯᠭᠠᠲᠠᠨ ᠭᠤᠤᠯᠳᠠᠯᠭ᠎ᠠ ᠲᠠᠢ ᠠᠭᠤᠷᠬᠠᠶ ᠶᠢᠨ ᠦᠢᠯᠡᠰ ᠤᠨ ᠲᠥᠷᠥᠯ ᠵᠦᠢᠯ ᠢ ᠲᠤᠬᠠᠶ ᠶᠢᠨ ᠲᠠᠯᠠᠪᠠᠶ ᠳᠤ ᠲᠠᠨᠢᠯᠴᠠᠭᠤᠯᠬᠤ ᠶᠢᠨ ᠬᠠᠮᠲᠤ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠬᠥᠭᠵᠢᠭᠦᠯᠬᠦ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠵᠡᠷᠭᠡ ᠲᠠᠯ᠎ᠠ ᠶᠢᠨ ᠪᠣᠳᠠᠲᠠᠶ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠪᠠ᠃    ᠡᠵᠡᠨ᠎ᠡ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠳᠠᠷᠤᠭ᠎ᠠ ᠲᠢᠶᠠᠨ ᠳ᠋ᠧ       ᠷᠦᠩ᠄ ︽ᠲᠣᠰ ᠤᠳᠠᠭᠠᠨ ᠤ ᠲᠠᠨᠢᠯᠴᠠᠭᠤᠯᠭ᠎ᠠ ᠶᠢᠨ ᠬᠤᠷᠠᠯ ᠨᠢ ᠭᠤᠤᠯ ᠪᠣᠯᠬᠤ 40 ᠭᠠᠷᠤᠶ ᠠᠭᠤᠷᠬᠠᠶ ᠶᠢᠨ ᠦᠢᠯᠡᠰ ᠤᠨ ᠡᠷᠬᠡ ᠲᠠᠢ ᠪᠠᠶᠢᠵᠤ᠂ ᠠᠯᠲᠠ᠂ ᠬᠠᠷ᠎ᠠ ᠲᠤᠭᠤᠯᠭ᠎ᠠ᠂ ᠴᠠᠶᠢᠷ᠂ ᠵᠡᠰ ᠤᠨ ᠣᠯᠠᠨ ᠲᠡᠮᠦᠷᠯᠢᠭ᠂ ᠮᠤᠯᠢᠪᠳᠧᠨ᠂ ᠬᠠᠶᠢᠯᠤᠭᠤᠷ ᠵᠣᠩᠰᠢ᠂ ᠳᠠᠪᠤᠰᠤ ᠵᠡᠷᠭᠡ ᠣᠯᠠᠨ ᠵᠦᠢᠯ ᠤᠨ ᠴᠢᠬᠤᠯᠠ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠲᠤ ᠬᠤᠯᠪᠣᠭᠳᠠᠵᠤ ᠪᠤᠢ᠃ ᠠᠭᠤᠷᠬᠠᠶ ᠶᠢᠨ ᠦᠢᠯᠡᠰ ᠤᠨ ᠡᠷᠬᠡ ᠨᠢ ᠴᠥᠮ ᠤᠮᠠᠷᠠᠲᠤ ᠠᠭᠤᠯᠠ ᠶᠢᠨ ᠡᠷᠦᠳᠡᠰᠦ ᠶᠢᠨ ᠪᠦᠰᠡ ᠶᠢᠨ ᠵᠡᠭᠦᠨ ᠬᠡᠰᠡᠭ ᠤᠨ ᠭᠤᠤᠯ ᠣᠷᠣᠨ ᠳᠤ ᠣᠷᠣᠰᠢᠵᠤ᠂ ᠠᠭᠤᠷᠬᠠᠶ ᠶᠢᠨ ᠪᠦᠲᠦᠭᠰᠡᠨ ᠨᠥᠬᠦᠴᠡᠯ ᠳᠠᠪᠠᠭᠤᠯᠢᠭ᠃ ᠲᠥᠪᠯᠡᠷᠡᠩᠭᠦᠶ ᠵᠠᠯᠭᠠᠯᠳᠤᠭᠰᠠᠨ ᠬᠡᠯᠪᠡᠷᠢ ᠪᠠᠷ ᠢᠯᠡᠷᠡᠭᠦᠯᠦᠭᠰᠡᠨ ᠶᠡᠭᠡ᠂ ᠳᠤᠮᠳᠠ ᠬᠡᠯᠪᠡᠷᠢ ᠶᠢᠨ ᠠᠭᠤᠷᠬᠠᠶ ᠪᠤᠶᠤ ᠠᠭᠤᠷᠬᠠᠢ ᠶᠢᠨ ᠭᠠᠷᠤᠯᠲᠠ ᠶᠢᠨ ᠭᠠᠵᠠᠷ ᠤᠨ ᠡᠷᠬᠢᠨ ᠲᠣᠭᠤᠷᠢᠨ ᠳᠤ ᠲᠠᠷᠬᠠᠵᠤ᠂ ᠡᠬᠢ ᠪᠠᠶᠠᠯᠢᠭ ᠤᠨ ᠬᠠᠳᠠᠭᠠᠯᠠᠭᠳᠠᠴᠠ ᠶᠢᠨ ᠳᠠᠯᠳᠠ ᠬᠦᠴᠦᠨ ᠯᠤᠲᠤ ᠶᠡᠭᠡ ᠪᠠᠶᠢᠵᠤ᠂ ᠶᠡᠷᠦᠩᠬᠡᠶᠢᠯᠡᠨ ᠨᠡᠭᠡᠭᠡᠨ ᠠᠰᠢᠭᠯᠠᠬᠤ ᠠᠯᠤᠰ ᠬᠡᠲᠦ ᠶᠢᠨ ᠲᠥᠯᠥᠪ ᠪᠠᠷ ᠶᠡᠭᠡ ᠰᠠᠶᠢᠨ ᠪᠤᠢ︾ ᠭᠡᠪᠡ᠃    ᠲᠠᠨᠢᠯᠴᠠᠭᠤᠯᠬᠤ ᠬᠤᠷᠠᠯ ᠳᠡᠭᠡᠷ᠎ᠡ᠂ ᠬᠡᠰᠡᠭ ᠪᠡᠯᠡ ᠣᠷᠣᠭᠤᠯᠤᠯᠲᠠ ᠶᠢᠨ ᠰᠠᠨᠠᠮᠵᠢ ᠶᠢᠨ ᠠᠵᠤ ᠠᠬᠤᠶᠢᠯᠠᠯ ᠤᠨ ᠲᠥᠯᠥᠭᠡᠯᠡᠭᠴᠢ᠂ ᠠᠭᠤᠷᠬᠠᠢ ᠶᠢᠨ ᠦᠢᠯᠡᠰ ᠤᠨ ᠡᠷᠬᠡᠲᠦ ᠬᠥᠮᠦᠨ ᠤ ᠲᠥᠯᠥᠭᠡᠯᠡᠭᠴᠢ ᠲᠡᠰ ᠳᠠᠷᠠᠭᠠᠯᠠᠨ ᠶᠠᠷᠢᠶ᠎ᠠ ᠲᠠᠯᠪᠢᠵᠤ᠂ ᠪᠡᠯᠡ ᠣᠷᠣᠭᠤᠯᠤᠯᠲᠠ᠂ ᠬᠠᠮᠲᠤᠷᠠᠯᠴᠠᠭ᠎ᠠ ᠶᠢ ᠡᠷᠢᠯᠬᠢᠯᠡᠬᠦ ᠬᠦᠰᠡᠯ ᠢᠶᠠᠨ ᠢᠯᠡᠳᠬᠡᠪᠡ᠃ ᠶᠠᠷᠢᠯᠴᠠᠬᠤ ᠬᠤᠷᠠᠯ ᠳᠡᠭᠡᠷ᠎ᠡ᠂ ᠠᠭᠤᠷᠬᠠᠢ ᠶᠢᠨ ᠦᠢᠯᠡᠰ ᠤᠨ ᠡᠷᠬᠡᠲᠦ ᠬᠥᠮᠦᠨ ᠪᠣᠯᠤᠨ ᠰᠠᠨᠠᠮᠵᠢ ᠶᠢᠨ ᠪᠡᠯᠡ ᠣᠷᠣᠭᠤᠯᠤᠯᠲᠠ ᠶᠢᠨ ᠠᠵᠤ ᠠᠬᠤᠶᠢᠯᠠᠯ ᠲᠦᠷᠦᠯ ᠵᠦᠢᠯ ᠤᠨ ᠨᠠᠷᠢᠨ ᠵᠦᠢᠯᠡᠰ᠂ ᠮᠡᠷᠭᠡᠵᠢᠯ ᠤᠨ ᠬᠡᠷᠡᠭᠴᠡᠭᠡ᠂ ᠬᠠᠮᠲᠤᠷᠠᠯᠴᠠᠭᠠᠨ ᠤ ᠵᠠᠭᠪᠤᠷ ᠵᠡᠷᠭᠡ ᠶᠢᠨ ᠲᠣᠭᠤᠷᠢᠨ ᠳᠤ ᠭᠦᠨᠵᠡᠭᠡᠢ ᠵᠣᠯᠭᠠᠭᠤᠯᠬᠤ ᠶᠢᠨ ᠬᠠᠮᠲᠤ ᠠᠭᠤᠷᠬᠠᠢ ᠶᠢᠨ ᠦᠢᠯᠡᠰ ᠤᠨ ᠡᠷᠬᠡ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠤ ᠭᠠᠷ ᠤᠨ ᠦᠰᠦᠭ ᠵᠢᠷᠤᠪᠠ᠃    ᠥᠪᠥᠷ ᠮᠣᠩᠭᠤᠯ ᠤᠨ ᠮᠧᠩ ᠰᠢᠨ ᠨᠡᠭᠦᠷᠡᠰᠦᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠶᠡᠷᠦᠩᠬᠡᠶ ᠢᠨᠵᠧᠨᠧᠷ ᠾᠧᠦ ᠳ᠋ᠢᠶᠠᠨ ᠺᠦᠨ᠄ ︽ᠠᠭᠤᠷᠬᠠᠶ ᠶᠢᠨ ᠡᠷᠬᠡ ᠶᠢᠨ ᠲᠠᠨᠢᠯᠴᠠᠭᠤᠯᠭ᠎ᠠ ᠮᠠᠰᠢ ᠰᠠᠶᠢᠨ᠂ ᠠᠭᠤᠷᠬᠠᠶ ᠶᠢᠨ ᠲᠥᠷᠥᠯ ᠵᠦᠢᠯ ᠴᠦ ᠨᠡᠯᠢᠶᠡᠳ ᠠᠷᠪᠢᠨ᠂ ᠪᠡᠯᠡᠳᠬᠡᠯ ᠨᠢ ᠪᠠᠰᠠ ᠮᠠᠰᠢ ᠬᠦᠢᠴᠡᠳ ᠪᠠᠶᠢᠨ᠎ᠠ᠂ ᠪᠢᠳᠠᠨᠠᠷ ᠪᠦᠷ ᠪᠦᠷᠢᠨ ᠰᠠᠶᠢᠬᠠᠨ ᠤᠶᠢᠯᠠᠭᠠᠯ᠎ᠠ᠃ ᠪᠢᠳᠡ ᠡᠬᠢ ᠪᠠᠶᠠᠯᠢᠭ ᠢ ᠬᠤᠳᠠᠯᠳᠤᠨ ᠠᠪᠬᠤ ᠪᠠᠷ ᠪᠡᠯᠡᠳᠬᠡᠵᠦ ᠪᠠᠶᠢᠨ᠎ᠠ᠂ ᠡᠨᠡ ᠬᠦ ᠬᠠᠶᠢᠯᠤᠭᠤᠷ ᠵᠣᠩᠰᠢ ᠶᠢᠨ ᠠᠭᠤᠷᠬᠠᠢ᠂ ᠴᠢᠯᠠᠭᠤᠨ ᠮᠠᠲ᠋ᠧᠷᠢᠶᠠᠯ᠂ ᠵᠡᠰ᠂ ᠠᠯᠳᠠ᠂ ᠮᠣᠯᠢᠪᠳᠧᠨ ᠵᠡᠷᠭᠡ ᠠᠭᠤᠷᠬᠠᠢ ᠳᠤ ᠪᠢᠳᠡ ᠮᠠᠰᠢ ᠰᠣᠨᠢᠷᠬᠠᠯ ᠲᠠᠢ ᠪᠠᠶᠢᠨ᠎ᠠ︾ ᠭᠡᠪᠡ᠃    ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤᠨ  ᠤ ᠳᠡᠳ᠋ ᠳᠠᠷᠤᠭ᠎ᠠ ᠶᠠᠩ ᠶᠦᠩ ᠴᠢ᠄ ︽ᠲᠣᠰ ᠤᠳᠠᠭᠠᠨ ᠤ ᠲᠠᠨᠢᠯᠴᠠᠭᠤᠯᠭ᠎ᠠ ᠶᠢᠨ ᠬᠤᠷᠠᠯ ᠨᠢ ᠤᠯᠤᠰ ᠤᠨ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠬᠠᠶᠢᠨ ᠪᠠᠶᠢᠴᠠᠭᠠᠵᠤ ᠨᠡᠭᠡᠭᠡᠨ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠦᠢᠯᠡᠳᠪᠦᠷᠢ ᠠᠭᠤᠷᠬᠠᠶ ᠶᠢᠨ ᠠᠵᠤ ᠠᠬᠤᠶᠢᠯᠠᠯ ᠤᠨ ᠰᠣᠯᠢᠯᠴᠠᠭ᠎ᠠ ᠬᠠᠮᠲᠤᠷᠠᠯᠴᠠᠭᠠᠨ ᠤ ᠲᠠᠪᠴᠠᠩ ᠢ ᠪᠠᠶᠢᠭᠤᠯᠬᠤ ᠪᠠᠷ ᠳᠠᠮᠵᠢᠭᠤᠯᠤᠨ᠂ ᠠᠭᠤᠷᠬᠠᠶ ᠶᠢᠨ ᠡᠷᠬᠡ ᠶᠢᠨ ᠡᠷᠭᠢᠯᠲᠡ᠂ ᠮᠡᠷᠭᠡᠵᠢᠯ ᠤᠨ ᠬᠠᠮᠲᠤᠷᠠᠯᠴᠠᠭ᠎ᠠ᠂ ᠪᠠᠯᠠ ᠣᠷᠣᠭᠤᠯᠵᠤ ᠪᠠᠯᠠ ᠲᠣᠬᠢᠷᠠᠭᠤᠯᠬᠤ ᠶᠢ ᠵᠣᠯᠭᠠᠭᠤᠯᠬᠤ ᠶᠢ ᠠᠬᠢᠭᠤᠯᠬᠤ ᠶᠢᠨ ᠲᠥᠯᠥᠭᠡ ᠶᠤᠮ᠃ ᠡᠭᠦᠨ ᠤ ᠬᠠᠮᠲᠤ᠂ ᠤᠯᠤᠰ ᠵᠢᠴᠢ ᠣᠷᠣᠨ ᠨᠤᠲᠤᠭ ᠤᠨ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠬᠠᠶᠢᠨ ᠪᠠᠶᠢᠴᠠᠭᠠᠵᠤ ᠨᠡᠭᠡᠭᠡᠨ ᠠᠰᠢᠭᠯᠠᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠳᠤ ᠬᠠᠷᠢᠭᠤᠯᠲᠠ ᠥᠭᠬᠦ ᠪᠠᠷ ᠳᠠᠮᠵᠢᠭᠤᠯᠤᠨ᠂ ᠠᠵᠤ ᠠᠬᠤᠶᠢᠯᠠᠯ ᠤᠨ ᠪᠡᠯᠡ ᠣᠷᠣᠭᠤᠯᠤᠯᠲᠠ ᠳᠤ ᠢᠲᠡᠭᠡᠯ ᠨᠡᠮᠡᠷᠢᠯᠡᠵᠦ᠂ ᠡᠵᠡᠨ᠎ᠡ ᠬᠤᠰᠢᠭᠤᠨ ᠤ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠬᠠᠶᠢᠨ ᠰᠢᠨᠵᠢᠯᠡᠵᠦ ᠨᠡᠭᠡᠭᠡᠨ ᠠᠰᠢᠭᠯᠠᠬᠤ ᠵᠢᠴᠢ ᠬᠠᠮᠢᠶ᠎ᠠ ᠪᠦᠬᠦᠢ ᠠᠵᠤ ᠦᠢᠯᠡᠰ ᠤᠨ ᠬᠡᠯᠬᠢᠶ᠎ᠡ ᠶᠢᠨ ᠬᠠᠮᠵᠢᠯᠴᠠᠨ ᠬᠥᠭᠵᠢᠬᠦ ᠶᠢ ᠬᠠᠮᠲᠤᠪᠠᠷ ᠠᠬᠢᠭᠤᠯᠤᠨ᠎ᠠ︾ ᠭᠡᠪᠡ᠃    ᠥᠪᠥᠷ ᠮᠣᠩᠭᠤᠯ ᠤᠨ ᠹᠦ᠋ ᠶᠤᠸᠠᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠰᠢᠶᠠᠮᠧᠨ ᠤ ᠤᠯᠤᠰ ᠤᠨ ᠠᠷᠠᠯᠵᠢᠶᠠᠨ ᠤ ᠲᠡᠮᠦᠷᠯᠢᠭ ᠨᠡᠭᠦᠷᠡᠰᠦ ᠬᠡᠤᠷᠰᠢᠭᠦᠯᠬᠦ ᠬᠢᠵᠠᠭᠠᠷᠲᠤ ᠺᠣᠮᠫᠠᠨᠢ᠂ ᠹᠦᠵᠢᠶᠠᠨ ᠤ ᠵᠦᠩ ᠴᠧᠨ ᠪᠦᠯᠦᠭᠯᠡᠯ ᠤᠨ ᠬᠢᠵᠠᠭᠠᠷᠲᠤ ᠺᠣᠮᠫᠠᠨᠢ᠂ ᠵᠢᠶᠠ ᠢᠦᠢ ᠭᠤᠸᠠᠨ ᠯᠢ ᠳ᠋ᠠ ᠯᠠᠢ ᠲᠧ ᠠᠭᠤᠷᠬᠠᠢ ᠶᠢᠨ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠡᠵᠡᠨ᠎ᠡ ᠬᠤᠰᠢᠭᠤᠨ ᠤ ᠶᠤᠸᠠᠨ ᠲᠦᠩ ᠠᠭᠤᠷᠬᠠᠢ ᠶᠢᠨ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠵᠡᠷᠭᠡ 30 ᠭᠠᠷᠤᠢ ᠭᠤᠣᠯᠳᠠᠯᠭ᠎ᠠ ᠲᠠᠢ ᠦᠢᠯᠡᠳᠪᠦᠷᠢ ᠠᠭᠤᠷᠬᠠᠢ ᠶᠢᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠨᠢᠯᠴᠠᠭᠤᠯᠬᠤ ᠬᠤᠷᠠᠯ ᠳᠤ ᠣᠷᠣᠯᠴᠠᠪᠠ᠃
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号