ᠮᠠᠨ ᠤ ᠬᠤᠰᠢᠭᠤᠨ ᠤ ᠡᠯᠡᠰᠦᠨ ᠤ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠤᠯᠠᠮ ᠨᠢᠭᠡ ᠠᠯᠬᠤᠮ | ᠠᠬᠢᠭᠤᠯᠵᠤ᠂ ᠮᠠᠯᠴᠢᠨ ᠲᠠᠷᠢᠶᠠᠴᠢᠨ ᠤ ᠳᠠᠷᠢᠵᠤ ᠤᠷᠭᠤᠭᠤᠯᠬᠤ ᠤᠯᠠᠭᠠᠨ ᠭᠤᠶᠣᠣ᠂ ᠡᠯᠡᠰᠦᠨ ᠴᠠᠭᠠᠨ | ᠭᠤᠶᠣᠣ ᠶᠢᠨ ᠮᠡᠷᠭᠡᠵᠢᠯ ᠤᠨ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠬᠦ ᠶᠢᠨ ᠲᠥᠯᠥᠭᠡ᠂ 4 ᠰᠠᠷ᠎ᠠ ᠶᠢᠨ | 8 ᠤ ᠡᠳᠦᠷ᠂ ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠡᠯᠡᠰᠦᠨ ᠤ ᠠᠵᠤ | ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠰᠢᠪᠲᠤᠯᠤᠯᠲᠠ ᠶᠢᠨ | ᠪᠣᠯᠪᠠᠰᠤᠷᠠᠭᠤᠯᠤᠯ ᠤᠨ ᠬᠤᠷᠠᠯ ᠡᠷᠭᠢᠯᠡᠪᠡ᠃ ᠬᠤᠰᠢᠭᠤ ᠡᠯᠡᠰᠦᠨ ᠤ ᠠᠵᠤ ᠦᠢᠯᠡᠰ ᠤᠨ ᠬᠤᠷᠰᠢᠶᠠᠵᠢᠯ᠂ | ᠲᠠᠷᠢᠮᠠᠯ ᠤᠨ ᠲᠣᠮᠣ ᠡᠷᠦᠬᠡ᠂ ᠮᠠᠯᠴᠢᠨ ᠲᠠᠷᠢᠶᠠᠴᠢᠨ ᠵᠡᠷᠭᠡ 60 ᠭᠠᠷᠤᠶ ᠬᠥᠮᠦᠨ ᠣᠷᠣᠯᠴᠠᠵᠠᠶ᠃ | ᠪᠣᠯᠪᠠᠰᠤᠷᠠᠭᠤᠯᠤᠯ ᠤᠨ ᠬᠤᠷᠠᠯ ᠨᠢ ᠣᠨᠣᠯ ᠤᠨ ᠲᠠᠶᠢᠯᠤᠮᠵᠢ ᠪᠠ ᠲᠤᠬᠠᠶ ᠶᠢᠨ ᠲᠠᠯᠠᠪᠠᠶ ᠳᠤ ᠲᠣᠭᠤᠷᠢᠨ ᠦᠵᠡᠬᠦ | ᠠᠷᠭ᠎ᠠ ᠮᠠᠶ᠋ᠢᠭ ᠢᠶᠠᠷ ᠥᠷᠨᠢᠭᠦᠯᠵᠦ᠂ ᠣᠨᠣᠯ ᠤᠨ ᠲᠠᠶᠢᠯᠤᠮᠵᠢ ᠪᠣᠯᠪᠠᠰᠤᠷᠠᠭᠤᠯᠤᠯ ᠤᠨ ᠲᠤᠬᠠᠶ ᠶᠢᠨ ᠲᠠᠯᠠᠪᠠᠶ ᠳᠤ᠂ | ᠠᠯᠠᠱᠠ ᠠᠶᠢᠮᠠᠭ ᠤᠨ ᠣᠶ ᠰᠢᠭᠤᠶ ᠨᠤᠲᠤᠭ ᠪᠡᠯᠴᠢᠭᠡᠷ ᠤᠨ ᠰᠤᠳᠤᠯᠭᠠᠨ ᠤ ᠭᠠᠵᠠᠷ ᠤᠨ ᠣᠶ ᠰᠢᠭᠤᠶ ᠶᠢᠨ | ᠢᠨᠵᠧᠨ᠋ᠷᠢᠩ ᠸᠠᠩ ᠸᠧᠨ ᠱᠤ᠋《ᠠᠯᠠᠱᠠ ᠶᠢᠨ ᠤᠯᠠᠭᠠᠨ ᠭᠤᠶᠣᠣ᠂ ᠡᠯᠡᠰᠦᠨ ᠴᠦᠯ ᠤᠨ ᠴᠠᠭᠠᠨ ᠭᠤᠶᠣᠣ ᠶᠢᠨ | ᠰᠢᠷᠢᠰ ᠪᠠᠷᠢᠮᠵᠢᠶ᠎ᠠ》 ᠶᠢ ᠨᠠᠷᠢᠨ ᠲᠠᠶᠢᠯᠪᠤᠷᠢᠯᠠᠭᠰᠠᠨ ᠪᠥᠭᠡᠳ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠤᠯᠠᠭᠠᠨ ᠭᠤᠶᠣᠣ ᠶᠢᠨ 7 ᠪᠠᠷᠢᠮᠵᠢᠶᠠᠲᠤ ᠨᠣᠮ ᠪᠢᠴᠢᠭ ᠢ 60 ᠢᠵᠢ ᠲᠠᠷᠬᠠᠭᠠᠪᠠ᠃ ᠳᠤᠮᠳᠠᠳᠤ | ᠤᠯᠤᠰ ᠤᠨ ᠠᠨᠠᠭᠠᠬᠤ ᠤᠬᠠᠭᠠᠨ ᠤ ᠰᠢᠨᠵᠢᠯᠡᠬᠦ ᠤᠬᠠᠭᠠᠨ ᠤ ᠬᠦᠷᠢᠶᠡᠯᠡᠩ ᠤᠨ ᠡᠮᠲᠦ ᠤᠷᠭᠤᠮᠠᠯ ᠰᠤᠳᠤᠯᠬᠤ | ᠭᠠᠵᠠᠷ ᠤᠨ ᠳᠠᠷᠢᠵᠤ ᠪᠤᠶᠢᠵᠢᠭᠤᠯᠬᠤ ᠲᠥᠪ ᠤᠨ ᠰᠤᠳᠤᠯᠤᠭᠴᠢ ᠰᠢᠤᠢ ᠷᠦᠩ ᠴᠠᠭᠠᠨ ᠭᠤᠶᠣᠣ ᠶᠢᠨ ᠠᠭᠠᠷ ᠤᠨ | ᠠᠶᠠᠯᠠᠯ ᠢᠶᠠᠷ ᠦᠷ᠎ᠡ ᠪᠤᠶᠢᠵᠢᠭᠤᠯᠬᠤ ᠵᠢᠴᠢ ᠭᠠᠷᠤᠯᠲᠠ ᠶᠢᠨ ᠣᠷᠣᠨ ᠤ ᠡᠳ᠋ᠰᠢᠭᠦᠯᠬᠦ ᠵᠠᠩᠭᠢᠯᠠᠭ᠎ᠠ ᠶᠢᠨ ᠮᠡᠷᠭᠡᠵᠢᠯ ᠤᠨ | ᠬᠤᠷᠠᠮᠠᠯ ᠰᠢᠨ᠎ᠡ ᠶᠢ ᠡᠭᠦᠳᠬᠦ ᠪᠠ ᠵᠢᠱᠢᠶ᠎ᠡ ᠦᠵᠡᠭᠦᠯᠬᠦ ᠬᠡᠷᠡᠭᠯᠡᠯᠲᠡ ᠶᠢᠨ ᠲᠣᠭᠤᠷᠢᠨ ᠳᠤ᠂ ᠡᠯᠡᠰᠦᠨ ᠴᠠᠭᠠᠨ | ᠭᠤᠶᠣᠣ ᠳᠠᠷᠢᠵᠤ ᠡᠳ᠋ᠰᠢᠭᠦᠯᠬᠦ ᠮᠡᠷᠭᠡᠵᠢᠯ ᠤᠨ ᠦᠷ᠎ᠡ ᠪᠦᠲᠦᠭᠡᠯ ᠢ ᠬᠤᠪᠢᠶᠠᠯᠴᠠᠪᠠ᠃ | ᠲᠣᠭᠤᠷᠢᠨ ᠦᠵᠡᠬᠦ ᠳᠤᠮᠳᠠ᠂ ᠣᠶ ᠰᠢᠭᠤᠶ ᠶᠢᠨ ᠲᠤᠰᠬᠠᠶ ᠮᠡᠷᠭᠡᠵᠢᠯᠲᠡᠨ ᠮᠠᠯᠴᠢᠨ ᠲᠠᠷᠢᠶᠠᠴᠢᠨ ᠲᠠᠢ ᠬᠠᠮᠲᠤ | ᠥᠪᠥᠷ ᠮᠣᠩᠭᠤᠯ ᠤᠨ ᠮᠢᠩ ᠺᠧ ᠣᠨᠴᠠ ᠭᠠᠷᠤᠯᠲᠠ ᠶᠢᠨ ᠬᠢᠵᠠᠭᠠᠷᠲᠤ ᠺᠣᠮᠫᠠᠨᠢ ᠶᠢᠨ ᠦᠢᠯᠡᠳᠪᠦᠷᠢᠯᠡᠨ | ᠪᠣᠯᠪᠠᠰᠤᠷᠠᠭᠤᠯᠬᠤ ᠦᠢᠯᠡᠳᠪᠦᠷᠢ᠂ ᠬᠤᠰᠢᠭᠤᠨ ᠤ ᠡᠯᠡᠰᠦᠨ ᠤ ᠠᠵᠤ ᠦᠢᠯᠡᠰ ᠤᠨ ᠵᠢᠱᠢᠶ᠎ᠡ ᠦᠵᠡᠭᠦᠯᠬᠦ ᠰᠠᠭᠤᠷᠢᠨ | ᠭᠠᠵᠠᠷ ᠤᠨ ᠴᠠᠭᠠᠨ ᠡᠯᠡᠰᠦᠨ ᠤ ᠠᠵᠤ ᠦᠢᠯᠡᠰ ᠤᠨ ᠲᠤᠰᠬᠠᠶ ᠬᠤᠷᠰᠢᠶ᠎ᠠ᠂ ᠤᠯᠤᠰ ᠤᠨ ᠣᠶ ᠶᠢᠨ ᠵᠢᠱᠢᠶ᠎ᠡ | ᠦᠵᠡᠭᠦᠯᠬᠦ ᠰᠠᠭᠤᠷᠢᠨ ᠭᠠᠵᠠᠷ ᠤᠨ ᠡᠵᠡᠨ᠎ᠡ ᠬᠤᠰᠢᠭᠤᠨ ᠤ ᠬᠤᠤ ᠯᠢᠨ ᠠᠮᠢ ᠠᠬᠤᠶ ᠶᠢᠨ ᠠᠵᠤ ᠦᠢᠯᠡᠰ ᠤᠨ | ᠰᠠᠭᠤᠷᠢᠨ ᠭᠠᠵᠠᠷ ᠵᠡᠷᠭᠡ ᠭᠠᠵᠠᠷ ᠬᠦᠷᠴᠦ᠂ ᠮᠠᠨ ᠤ ᠬᠤᠰᠢᠭᠤᠨ ᠤ ᠡᠯᠡᠰᠦᠨ ᠤ ᠠᠵᠤ ᠦᠢᠯᠡᠰ ᠤᠨ ᠲᠠᠷᠢᠮᠠᠯ ᠤᠨ | ᠨᠥᠬᠦᠴᠡᠯ᠂ ᠨᠠᠷᠢᠯᠢᠭ ᠡᠳ᠋ᠰᠢᠭᠦᠯᠦᠨ ᠪᠣᠯᠪᠠᠰᠤᠷᠠᠭᠤᠯᠬᠤ᠂ ᠠᠮᠢ ᠠᠬᠤᠶ ᠶᠢᠨ ᠠᠵᠤ ᠦᠢᠯᠡᠰ ᠤᠨ ᠠᠭᠤᠰᠤᠯᠴᠠᠨ | ᠬᠥᠭᠵᠢᠵᠦ ᠪᠠᠶᠢᠭ᠎ᠠ ᠪᠠᠶᠢᠳᠠᠯ ᠢ ᠭᠦᠨᠵᠡᠭᠡᠶ ᠣᠶᠢᠯᠠᠭᠠᠪᠠ᠃ | ᠮᠠᠯᠴᠢᠨ ᠲᠠᠷᠢᠶᠠᠴᠢᠨ ᠽᠧᠩ ᠰᠢᠶᠠᠨ ᠭᠦᠸᠧ᠄ ︽ᠡᠨᠡ ᠤᠳᠠᠭᠠᠨ ᠤ ᠪᠣᠯᠪᠠᠰᠤᠷᠠᠯ ᠨᠢ ᠨᠠᠮᠠᠶᠢ ᠮᠠᠰᠢ ᠣᠯᠠᠨ | ᠶᠠᠭᠤᠮ᠎ᠠ ᠰᠤᠷᠤᠯᠴᠠᠭᠤᠯᠵᠤ᠂ ᠲᠤᠰᠬᠠᠶ ᠮᠡᠷᠭᠡᠵᠢᠯᠲᠡᠨ ᠤ ᠲᠠᠶᠢᠯᠤᠮᠵᠢ ᠶᠢ ᠰᠣᠨᠣᠰᠤᠮᠠᠭᠴᠠ ᠪᠢ ᠰᠠᠶ᠋ᠢ ᠤᠤᠯ ᠨᠢ | ᠡᠯᠡᠰᠦᠨ ᠦᠢᠯᠡᠰ ᠲᠤ ᠪᠠᠰᠠ ᠡᠶᠢᠮᠦ ᠣᠯᠠᠨ ᠳᠠᠯᠳᠠ ᠬᠦᠴᠦᠨ ᠪᠠ ᠵᠠᠪᠰᠢᠶᠠᠨ ᠪᠠᠶᠢᠬᠤ ᠶᠢ ᠣᠯᠵᠤ ᠮᠡᠳᠡᠵᠡᠶ ᠲᠠᠳᠠ | ᠵᠠᠭ᠂ ᠴᠠᠭᠠᠨ ᠭᠤᠶᠣᠣ ᠶᠢᠨ ᠭᠠᠷᠤᠯᠲᠠ ᠶᠢ ᠬᠡᠷᠬᠢᠨ ᠳᠡᠭᠡᠭᠰᠢᠯᠡᠭᠦᠯᠬᠦ ᠲᠤᠬᠠᠶ ᠶᠠᠷᠢᠵᠠᠶ᠂ ᠪᠢ ᠬᠠᠷᠢᠭᠠᠳ ᠲᠡᠳᠡᠭᠡᠷ | ᠰᠢᠨ᠎ᠡ ᠠᠷᠭ᠎ᠠ ᠶᠢ ᠲᠤᠷᠰᠢᠵᠤ ᠦᠵᠡᠶ᠎ᠡ ᠭᠡᠵᠦ ᠪᠠᠶᠢᠨ᠎ᠠ᠂ ᠲᠡᠭᠡᠪᠡᠯ ᠮᠢᠨᠤ ᠴᠠᠭᠠᠨ ᠭᠤᠶᠣᠣ ᠪᠣᠯᠤᠨ ᠤᠯᠠᠭᠠᠨ | ᠭᠤᠶᠣᠣ ᠶᠢ ᠤᠯᠠᠮ ᠨᠢᠭᠡ ᠳᠠᠪᠬᠤᠷᠭ᠎ᠠ ᠳᠤ ᠭᠠᠷᠭᠠᠵᠤ ᠲᠠᠶᠢᠯᠤᠨ᠎ᠠ ᠤᠤ ᠥᠬᠡᠶ ᠶᠤᠤ ᠶᠢ ᠦᠵᠡᠶ᠎ᠡ︾ ᠭᠡᠪᠡ᠃ | ᠪᠣᠯᠪᠠᠰᠤᠷᠠᠭᠤᠯᠤᠯ ᠤᠨ ᠬᠤᠷᠠᠯ ᠨᠢ ᠠᠵᠤ ᠠᠬᠤᠶᠢᠯᠠᠯ ᠪᠠ ᠮᠠᠯᠴᠢᠨ ᠲᠠᠷᠢᠶᠠᠴᠢᠨ ᠤ ᠡᠯᠡᠰᠦᠨ ᠤ ᠠᠵᠤ | ᠦᠢᠯᠡᠰ ᠤᠨ ᠬᠠᠮᠢᠶᠠᠷᠤᠯᠲᠠ ᠶᠢᠨ ᠬᠠᠮᠤᠭ ᠤᠨ ᠰᠢᠨ᠎ᠡ ᠲᠥᠷᠥ ᠶᠢᠨ ᠪᠣᠳᠣᠯᠭ᠎ᠠ᠂ ᠪᠠᠷᠢᠮᠵᠢᠶ᠎ᠠ ᠵᠢᠴᠢ ᠮᠡᠷᠭᠡᠵᠢᠯ ᠢ ᠴᠠᠭ | ᠲᠤᠬᠠᠶ ᠳᠤᠨᠢ ᠡᠵᠡᠮᠰᠢᠨ ᠣᠶᠢᠯᠠᠭᠠᠵᠤ᠂ ᠡᠯᠡᠰᠦᠨ ᠤ ᠠᠵᠤ ᠦᠢᠯᠡᠰ ᠤᠨ ᠭᠤᠤᠯ ᠬᠦᠴᠦᠨ ᠵᠦᠢᠯ ᠵᠢᠴᠢ ᠡᠯᠡᠰᠦᠨ ᠤ | ᠠᠵᠤ ᠦᠢᠯᠡᠰ ᠤᠨ ᠪᠦᠷᠢᠨ ᠪᠦᠲᠦᠨ ᠴᠢᠨᠠᠷ ᠪᠠ ᠵᠢᠷᠤᠮᠵᠢᠯᠲᠤ ᠴᠢᠨᠠᠷ ᠢ ᠣᠨᠣᠪᠴᠢᠲᠠᠶ ᠡᠵᠡᠮᠰᠢᠬᠦ ᠳᠤ ᠬᠦᠴᠦᠲᠡᠶ | ᠲᠤᠯᠭᠠᠭᠤᠷᠢᠯᠠᠯ ᠬᠠᠩᠭᠠᠬᠤ ᠪᠣᠯᠤᠨ᠎ᠠ᠃ | ᠡᠵᠡᠨ᠎ᠡ ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠡᠯᠡᠰᠦᠨ ᠤ ᠠᠵᠤ | ᠦᠢᠯᠡᠰ ᠤᠨ ᠠᠯᠪᠠᠨ ᠬᠡᠷ ᠤᠨ ᠡᠷᠬᠢᠯᠡᠭᠴᠢ ᠯᠢᠦᠶ ᠬᠤᠶ᠄ ︽ᠲᠠᠷᠠᠭᠠᠴᠢ ᠶᠢᠨ ᠠᠯᠬᠤᠮ ᠳᠤ᠂ ᠡᠵᠡᠨ᠎ᠡ ᠬᠤᠰᠢᠭᠤᠨ ᠤ | ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ (ᠡᠯᠡᠰᠦᠨ ᠤ ᠠᠵᠤ ᠦᠢᠯᠡᠰ ᠤᠨ ᠲᠣᠪᠴᠢᠶ᠎ᠠ) ᠠᠴᠠ ᠠᠶᠢᠮᠠᠭ᠂ | ᠬᠤᠰᠢᠭᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠠᠯᠠᠭ᠎ᠠ ᠮᠥᠴᠢᠷ ᠲᠠᠢ ᠬᠠᠮᠲᠤᠷᠠᠨ ᠴᠠᠭᠠᠨ ᠭᠤᠶᠣᠣ᠂ | ᠤᠯᠠᠭᠠᠨ ᠭᠤᠶᠣᠣ ᠵᠡᠷᠭᠡ ᠡᠯᠡᠰᠦᠨ ᠤ ᠤᠷᠭᠤᠮᠠᠯ ᠢ ᠪᠠᠷᠢᠮᠵᠢᠶᠠᠵᠢᠭᠤᠯᠤᠨ ᠳᠠᠷᠢᠵᠤ ᠲᠦᠭᠡᠮᠡᠯᠵᠢᠭᠦᠯᠬᠦ ᠡᠷᠴᠢᠮ ᠢᠶᠠᠨ | ᠦᠷᠭᠦᠯᠵᠢᠯᠡᠨ ᠴᠢᠩᠭᠠᠷᠠᠭᠤᠯᠵᠤ᠂ ᠴᠠᠭᠠᠨ ᠭᠤᠶᠣᠣ ᠶᠢᠨ ᠠᠭᠠᠷ ᠤᠨ ᠠᠶᠠᠯᠠᠯ ᠢᠶᠠᠷ ᠦᠷ᠎ᠡ ᠪᠤᠶᠢᠵᠢᠭᠤᠯᠬᠤ ᠵᠢᠴᠢ | ᠭᠠᠷᠤᠯᠲᠠ ᠶᠢᠨ ᠣᠷᠣᠨ ᠤ ᠡᠳ᠋ᠰᠢᠭᠦᠯᠦᠨ ᠪᠣᠯᠪᠠᠰᠤᠷᠠᠭᠤᠯᠬᠤ ᠵᠠᠩᠭᠢᠯᠠᠭ᠎ᠠ ᠶᠢᠨ ᠮᠡᠷᠭᠡᠵᠢᠯ ᠤᠨ ᠰᠢᠨ᠎ᠡ ᠶᠢ ᠡᠭᠦᠳᠬᠦ ᠪᠠ | ᠵᠢᠱᠢᠶ᠎ᠡ ᠦᠵᠡᠭᠦᠯᠬᠦ ᠬᠡᠷᠡᠭᠯᠡᠯᠲᠡ ᠶᠢ ᠢᠳᠡᠪᠬᠢᠲᠡᠶ ᠥᠷᠨᠢᠭᠦᠯᠵᠦ᠂ ᠰᠠᠯᠠᠭ᠎ᠠ ᠮᠥᠴᠢᠷ ᠤᠨ ᠵᠣᠬᠢᠴᠠᠯᠳᠤᠨ | ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠨ᠂ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠶᠢᠨ ᠰᠢᠨᠵᠢᠯᠡᠬᠦ | ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠦᠢᠯᠡᠳᠦᠯ ᠢ ᠭᠦᠢᠴᠡᠳ ᠪᠠᠳᠠᠷᠠᠭᠤᠯᠵᠤ᠂ ᠡᠵᠡᠨ᠎ᠡ ᠬᠤᠰᠢᠭᠤᠨ ᠤ | ᠡᠯᠡᠰᠦᠨ ᠤ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠳᠥᠯᠭᠢᠨ ᠠᠬᠢᠭᠤᠯᠤᠨ᠎ᠠ︾ ᠭᠡᠪᠡ᠃ | |