ᠣᠶᠢᠷ᠎ᠠ ᠶᠢᠨ ᠵᠢᠯ ᠤᠳ ᠲᠤ᠂ ᠡᠵᠡᠨ᠎ᠡ ᠬᠤᠰᠢᠭᠤᠨ ᠤ ᠡᠮ ᠡᠮᠨᠡᠯᠭᠡ ᠶᠢᠨ ᠳᠠᠭᠠᠳᠬᠠᠯ ᠤᠨ ᠰᠠᠯᠠᠭ᠎ᠠ ᠮᠥᠴᠢᠷ | ᠡᠮ ᠡᠮᠨᠡᠯᠭᠡ ᠶᠢᠨ ᠳᠠᠭᠠᠳᠬᠠᠯ ᠤᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠠᠷᠠᠳ ᠲᠤ ᠲᠥᠬᠦᠮ | ᠦᠵᠡᠭᠦᠯᠵᠦ ᠠᠷᠠᠳ ᠲᠤ ᠠᠰᠢᠭ ᠬᠦᠷᠲᠡᠭᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠠᠪᠴᠤ᠂ ᠣᠯᠠᠨ ᠲᠦᠮᠡᠨ ᠤ | ᠳᠠᠷᠤᠭᠠᠰᠤ ᠶᠢ ᠬᠥᠩᠭᠡᠷᠡᠭᠦᠯᠵᠦ᠂ ︽ᠡᠪᠡᠳᠴᠢᠯᠡᠪᠡᠯ ᠦᠵᠡᠭᠦᠯᠬᠦ ᠡᠮᠨᠡᠯᠭᠡ ᠲᠠᠢ ᠪᠠᠶᠢᠬᠤ︾ ᠠᠷᠠᠳ ᠤᠨ | ᠠᠮᠢᠳᠤᠷᠠᠯ ᠤᠨ ᠠᠮᠠᠯᠠᠯᠲᠠ ᠶᠢ ᠦᠨᠡᠨ ᠪᠣᠳᠠᠲᠠᠶ ᠬᠦᠷᠲᠡᠮᠵᠢ ᠶᠢᠨ ᠲᠥᠷᠥᠭᠳᠡᠯ ᠪᠣᠯᠭᠠᠨ ᠬᠤᠪᠢᠷᠠᠭᠤᠯᠪᠠ᠃ | ᠪᠦᠷᠢᠳᠬᠡᠯ ᠢ ᠦᠨᠳᠦᠰᠦᠯᠡᠪᠡᠯ᠂ ᠡᠵᠡᠨ᠎ᠡ ᠬᠤᠰᠢᠭᠤᠨ ᠤ ᠤᠳᠠᠭᠠᠨ ᠴᠢᠨᠠᠷᠳᠠᠢ ᠡᠪᠡᠳᠴᠢᠨ ᠲᠠᠢ ᠪᠥᠭᠡᠳ | ᠠᠪᠤᠷᠠᠨ ᠲᠤᠰᠠᠯᠠᠬᠤ ᠲᠥᠷᠥ ᠶᠢᠨ ᠪᠣᠳᠣᠯᠭ᠎ᠠ ᠶᠢ ᠭᠥᠷᠳᠡᠭᠰᠡᠨ ᠣᠯᠠᠨ ᠲᠦᠮᠡᠨ ᠵᠠᠭᠤ ᠭᠠᠷᠤᠶ ᠬᠥᠮᠦᠨ ᠪᠠᠶᠢᠵᠤ᠂ | ᠬᠠᠪᠤᠳᠠᠷ᠂ ᠲᠠᠷᠢᠬᠢᠨ ᠤ ᠲᠦᠭᠵᠢᠷᠡᠯ᠂ ᠤᠳᠠᠭᠠᠨ ᠴᠢᠨᠠᠷᠲᠠᠶ ᠠᠭᠤᠰᠬᠢᠨ ᠤ ᠠᠵᠢᠯᠯᠠᠭ᠎ᠠ ᠮᠠᠭᠤᠳᠠᠭᠰᠠᠨ ᠵᠡᠷᠭᠡ | ᠡᠪᠡᠳᠴᠢᠨ ᠳᠤ ᠨᠡᠷᠪᠡᠭᠳᠡᠵᠡᠶ᠃ ᠵᠢᠤᠢ ᠶᠠᠨ ᠨᠡᠶᠢᠭᠡᠮ ᠲᠣᠭᠤᠷᠢᠭ ᠲᠤ ᠰᠠᠭᠤᠵᠤ ᠪᠠᠶᠢᠭ᠎ᠠ ᠨᠠᠭᠠᠳᠤ ᠵᠠᠬ᠎ᠠ ᠶᠢᠨ | ᠪᠠᠲᠤᠯᠠᠭ᠎ᠠ ᠭᠥᠷᠳᠡᠵᠦ ᠪᠠᠶᠢᠭ᠎ᠠ ᠡᠷᠦᠬᠡ ᠸᠠᠩ ᠬᠠᠶ ᠴᠢᠩ ᠪᠣᠯ ᠡᠭᠦᠨ ᠤ ᠳᠣᠲᠣᠷᠠᠬᠢ ᠨᠢᠭᠡ ᠨᠢ ᠪᠣᠯᠤᠨ᠎ᠠ᠂ 2023 | ᠣᠨ ᠳᠤ ᠡᠮ ᠡᠮᠨᠡᠯᠭᠡ ᠶᠢᠨ ᠠᠪᠤᠷᠠᠨ ᠲᠤᠰᠠᠯᠠᠬᠤ ᠬᠡᠪᠴᠢᠶᠡᠨ ᠳᠤ ᠣᠷᠣᠭᠤᠯᠤᠭᠰᠠᠨ ᠠᠴᠠ ᠨᠠᠰᠢ᠂ ᠲᠡᠭᠦᠨ ᠤ | ᠳᠣᠲᠣᠷ ᠪᠥᠭᠡᠷ᠎ᠡ ᠮᠠᠭᠤᠳᠠᠭᠰᠠᠨ ᠪᠠ ᠵᠢᠷᠦᠬᠡᠨ ᠲᠢᠲᠢᠮ ᠤᠨ ᠡᠪᠡᠳᠴᠢᠨ ᠠᠴᠠ ᠪᠣᠯᠤᠭᠰᠠᠨ ᠡᠮᠴᠢᠯᠡᠭᠡᠨ ᠤ ᠵᠠᠷᠤᠳᠠᠯ | ᠨᠢ ᠶᠡᠭᠡ ᠪᠠᠷ ᠪᠠᠭᠤᠷᠠᠵᠠᠶ᠃ ᠡᠨᠡ ᠵᠢᠯ᠂ ᠲᠡᠭᠦᠨ ᠤ 2 ᠤᠳᠠᠭ᠎ᠠ ᠡᠮᠨᠡᠯᠭᠡ ᠳᠤ ᠰᠠᠭᠤᠭᠰᠠᠨ ᠪᠠ 28 ᠤᠳᠠᠭ᠎ᠠ ᠶᠢᠨ | ᠡᠭᠦᠳᠡᠨ ᠡᠮᠨᠡᠯᠭᠡ ᠶᠢᠨ ᠵᠠᠷᠤᠳᠠᠯ ᠤᠨ ᠲᠠᠩᠰᠠ ᠲᠠᠶᠢᠯᠬᠤ ᠬᠠᠷᠢᠴᠠᠯ ᠴᠥᠮ 85% ᠶᠢ ᠳᠠᠪᠠᠵᠤ᠂ ᠲᠠᠩᠰᠠ ᠲᠠᠶᠢᠯᠬᠤ | ᠲᠠᠰ ᠳᠠᠷᠠᠭᠠᠯᠠᠯ ᠴᠤ ᠨᠠᠩ ᠲᠥᠬᠦᠮ ᠪᠥᠭᠡᠳ ᠲᠦᠷᠭᠡᠨ ᠪᠣᠯᠵᠠᠶ᠂ ᠡᠨᠡ ᠨᠢ ᠸᠠᠩ ᠬᠠᠶ ᠴᠢᠩ ᠳᠤ ᠲᠥᠷᠥ ᠶᠢᠨ | ᠪᠣᠳᠣᠯᠭ᠎ᠠ ᠶᠢᠨ ᠪᠠᠲᠤᠯᠠᠭ᠎ᠠ ᠠᠴᠠ ᠪᠣᠯᠤᠭᠰᠠᠨ ︽ᠡᠮᠴᠢᠯᠡᠭᠡ︾ ᠶᠢᠨ ᠲᠦᠰᠢᠭ ᠢ ᠦᠨᠡᠨ ᠬᠦ ᠮᠡᠳᠡᠷᠡᠭᠦᠯᠪᠡ᠃ | ᠠᠰᠢᠭ ᠬᠦᠷᠳᠡᠭᠴᠢ ᠸᠠᠩ ᠬᠠᠶ ᠴᠢᠩ᠄ ︽ᠥᠩᠭᠡᠷᠡᠭᠰᠡᠨ ᠳᠤ ᠲᠠᠩᠰᠠ ᠲᠠᠶᠢᠯᠬᠤ ᠳᠤ ᠵᠢᠯ ᠪᠦᠷᠢ ᠤᠷᠢᠳᠠᠪᠠᠷ | ᠥᠪᠡᠷ ᠢᠶᠠᠨ ᠳᠥᠯᠥᠬᠦ ᠬᠡᠷᠡᠭᠲᠡᠶ᠂ ᠵᠢᠯ ᠪᠦᠷᠢ ᠪᠤᠴᠠᠭᠠᠵᠤ ᠠᠪᠴᠢᠷᠠᠪᠠᠯ ᠰᠠᠶ᠋ᠢ ᠲᠠᠩᠰᠠ ᠳᠡᠶᠢᠯᠵᠦ ᠪᠣᠯᠤᠨ᠎ᠠ᠃ᠣᠲᠣ | ᠲᠥᠷᠥ ᠶᠢᠨ ᠪᠣᠳᠣᠯᠭ᠎ᠠ ᠰᠠᠶᠢᠨ ᠪᠣᠯᠤᠭᠰᠠᠨ᠂ ᠬᠠᠮᠢᠭ᠎ᠠ ᠴᠤ ᠭᠡᠳ ᠲᠠᠩᠰᠠ ᠳᠡᠶᠢᠯᠵᠦ ᠪᠣᠯᠤᠨ᠎ᠠ᠂ ᠣᠲᠣ ᠡᠪᠡᠳᠴᠢᠨ | ᠦᠵᠡᠬᠦᠯᠬᠦ ᠶᠢᠨ ᠬᠠᠮᠳᠤ ᠲᠠᠩᠰᠠ ᠳᠡᠶᠢᠯᠵᠦ ᠪᠤᠯᠤᠨ᠎ᠠ᠂ ᠲᠠᠩᠰᠠ ᠲᠠᠶᠢᠯᠬᠤ ᠬᠠᠷᠢᠴᠠᠯ ᠴᠤ ᠮᠠᠰᠢ ᠥᠨᠳᠥᠷ᠂ | ᠮᠠᠨ ᠤ ᠡᠲᠡᠭᠡᠷ ᠡᠪᠡᠳᠴᠢᠲᠡᠨ ᠤ ᠲᠠᠷᠤᠭᠠᠰᠤ ᠶᠢ ᠴᠤ ᠬᠥᠩᠭᠡᠷᠡᠭᠦᠯᠵᠡᠶ︾ ᠭᠡᠪᠡ᠃ | ᠣᠶᠢᠯᠠᠭᠠᠭᠰᠠᠨ ᠢᠶᠠᠷ᠂ ᠡᠮ ᠡᠮᠨᠡᠯᠭᠡ ᠶᠢᠨ ᠳᠠᠭᠠᠳᠬᠠᠯ ᠤᠨ ᠦᠨᠳᠦᠰᠦᠨ ᠵᠦᠢᠯ ᠢ ᠪᠠᠲᠤᠯᠠᠬᠤ ᠦᠢᠯᠡᠳᠦᠯ ᠢ | ᠴᠢᠩᠭᠠᠳᠬᠠᠬᠤ ᠶᠢᠨ ᠲᠥᠯᠥᠭᠡ᠂ ᠡᠵᠡᠨ᠎ᠡ ᠬᠤᠰᠢᠭᠤᠨ ᠤ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠠᠴᠠ | ᠣᠨᠴᠠ ᠬᠦᠴᠢᠷᠳᠡᠯᠲᠡᠶ ᠬᠥᠮᠦᠰ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠭᠥᠷᠳᠡᠭᠰᠡᠳ᠂ ᠳᠠᠬᠢᠨ | ᠶᠠᠳᠠᠭᠤᠷᠠᠭᠰᠠᠨ ᠪᠠ ᠶᠠᠳᠠᠭᠤᠷᠠᠭᠰᠠᠨ ᠬᠥᠮᠦᠰ ᠤᠨ ᠬᠦᠨᠳᠦ ᠡᠪᠡᠳᠴᠢᠨ ᠤ ᠳᠠᠭᠠᠳᠬᠠᠯ ᠤᠨ ᠡᠬᠢᠯᠡᠵᠦ ᠳᠥᠯᠥᠬᠦ | ᠪᠠᠷᠢᠮᠵᠢᠶ᠎ᠠ ᠶᠢ 14000 ᠲᠥᠭᠦᠷᠢᠭ ᠠᠴᠠ 7000 ᠲᠥᠭᠦᠷᠢᠭ ᠪᠣᠯᠭᠠᠨ ᠪᠠᠭᠤᠷᠠᠭᠤᠯᠵᠤ᠂ ᠲᠠᠩᠰᠠ ᠲᠠᠶᠢᠯᠬᠤ | ᠬᠠᠷᠢᠴᠠᠯ ᠢ 60% ᠪᠠᠶᠢᠭᠰᠠᠨ ᠠᠴᠠ 75% ᠪᠣᠯᠭᠠᠨ ᠳᠡᠭᠡᠭᠰᠢᠯᠡᠭᠦᠯᠵᠦ᠂ ᠲᠡᠭᠡᠭᠰᠢ ᠪᠠᠨ ᠬᠢᠵᠠᠭᠠᠷ ᠲᠤᠭᠳᠠᠭᠠᠬᠤ | ᠦᠬᠡᠢ᠃ ᠡᠭᠦᠨ ᠤ ᠬᠠᠮᠲᠤ᠂ ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠮᠡᠳᠡᠭᠡ ᠵᠠᠩᠭᠢ ᠶᠢᠨ ᠲᠠᠪᠴᠠᠩ ᠳᠤ | ᠲᠦᠰᠢᠭᠯᠡᠨ᠂ ᠬᠦᠴᠢᠷᠳᠡᠯᠲᠡᠶ ᠬᠥᠮᠦᠰ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ᠂ ᠬᠦᠨᠳᠦ ᠡᠪᠡᠳᠴᠢᠨ ᠤ | ᠳᠠᠭᠠᠳᠬᠠᠯ᠂ ᠡᠮ ᠡᠮᠨᠡᠯᠭᠡ ᠶᠢᠨ ᠠᠪᠤᠷᠠᠨ ᠲᠤᠰᠠᠯᠠᠯᠲᠠ ᠵᠡᠷᠭᠡ ᠭᠤᠷᠪᠠᠨ ᠳᠠᠪᠬᠤᠷ ᠪᠠᠲᠤᠯᠠᠭ᠎ᠠ ᠶᠢᠨ ︽ᠨᠢᠭᠡ | ᠥᠷᠲᠡᠭᠡ ᠮᠠᠶ᠋ᠢᠭ︾ ᠢᠶᠠᠷ ᠳ᠋ᠦᠩᠨᠡᠨ ᠪᠤᠳᠤᠬᠤ ᠶᠢ ᠪᠡᠶᠡᠯᠡᠭᠦᠯᠵᠦ᠂ ᠭᠦᠢᠴᠡᠳᠭᠡᠬᠦ ᠬᠦᠴᠦᠨ ᠲᠠᠢ ᠬᠤᠭᠤᠴᠠᠭ᠎ᠠ ᠶᠢ | ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠬᠦᠴᠢᠷᠳᠡᠯᠲᠡᠶ ᠣᠯᠠᠨ ᠲᠦᠮᠡᠨ ᠤ ᠡᠮ ᠡᠮᠨᠡᠯᠭᠡ ᠶᠢᠨ ᠳᠠᠭᠠᠳᠬᠠᠯ ᠤᠨ | ᠬᠠᠷᠠᠭᠠᠯᠵᠠᠯ ᠢ ᠴᠠᠭ ᠲᠤᠬᠠᠶ ᠳᠤᠨᠢ ᠳᠥᠭᠦᠮ ᠳᠥᠲᠡ ᠭᠥᠷᠳᠡᠬᠦ ᠶᠢ ᠦᠨᠡᠨ ᠬᠦ ᠪᠠᠲᠤᠯᠠᠨ᠎ᠠ᠃ | ᠡᠵᠡᠨ᠎ᠡ ᠬᠤᠰᠢᠭᠤᠨ ᠤ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ | ᠳᠤᠭᠤᠶᠢᠯᠠᠩ ᠤᠨ ᠪᠦᠷᠢᠯᠳᠦᠬᠦᠨ᠂ ᠬᠠᠷᠠᠭᠠᠯᠵᠠᠯ ᠪᠠᠲᠤᠯᠠᠭ᠎ᠠ ᠶᠢᠨ ᠲᠠᠰᠤᠭ ᠤᠨ ᠳᠠᠷᠤᠭ᠎ᠠ ᠯᠢ ᠨᠠ᠄ ︽ᠦᠨᠦ ᠵᠢᠯ᠂ | ᠡᠮ ᠡᠮᠨᠡᠯᠭᠡ ᠶᠢᠨ ᠠᠪᠤᠷᠠᠨ ᠲᠤᠰᠠᠯᠠᠬᠤ ᠣᠷᠣᠨ ᠤ ᠳᠣᠲᠣᠨ᠎ᠠ ᠭᠠᠳᠠᠨᠠᠬᠢ ᠨᠢᠭᠡ ᠥᠷᠲᠡᠭᠡ ᠮᠠᠶ᠋ᠢᠭ ᠢᠶᠠᠷ ᠰᠢᠭᠤᠳ | ᠳ᠋ᠦᠩᠨᠡᠨ ᠪᠤᠳᠤᠬᠤ ᠠᠵᠢᠯ ᠢ ᠡᠵᠡᠨ᠎ᠡ ᠬᠤᠰᠢᠭᠤᠨ ᠤ 2025 ᠣᠨ ᠤ ᠠᠷᠠᠳ ᠤᠨ ᠠᠮᠢᠳᠤᠷᠠᠯ ᠤᠨ ᠪᠣᠳᠠᠲᠤ | ᠶᠠᠪᠤᠳᠠᠯ ᠤᠨ ᠲᠥᠷᠥᠯ ᠵᠦᠢᠯ ᠳᠤ ᠣᠷᠣᠭᠤᠯᠪᠠ᠂ 3 ᠰᠠᠷ᠎ᠠ ᠪᠣᠯᠲᠠᠯ᠎ᠠ᠂ ᠨᠢᠭᠡᠨᠲᠡ 135 ᠬᠥᠮᠦᠨ ᠤᠳᠠᠭ᠎ᠠ ᠶᠢᠨ | ᠬᠠᠷᠠᠭᠠᠯᠵᠠᠯ ᠭᠥᠷᠳᠡᠵᠦ᠂ ᠣᠯᠠᠨ ᠲᠦᠮᠡᠨ ᠤ ᠣᠷᠣᠯᠠᠨ ᠦᠭᠬᠦ ᠳᠠᠷᠤᠭᠠᠰᠤ ᠶᠢ ᠨᠡᠶᠢᠲᠡ 30.71 ᠲᠦᠮᠡᠨ | ᠲᠥᠭᠦᠷᠢᠭ ᠬᠥᠩᠭᠡᠷᠡᠭᠦᠯᠪᠡ᠃ ᠲᠠᠷᠠᠭᠠᠴᠢ ᠶᠢᠨ ᠠᠯᠬᠤᠮ ᠳᠤ᠂ ᠮᠠᠨ ᠤ ᠲᠣᠪᠴᠢᠶ᠎ᠠ ᠡᠮ ᠡᠮᠨᠡᠯᠭᠡ ᠶᠢᠨ | ᠳᠠᠭᠠᠳᠬᠠᠯ ᠤᠨ ᠲᠦᠷᠢᠮ ᠤᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠭᠠᠷᠲᠠᠨ ᠭᠦᠢᠴᠡᠳᠭᠡᠬᠦ | ᠴᠤᠪᠤᠷᠠᠯ ᠢ ᠲᠠᠰᠤᠷᠠᠯᠲᠠ ᠥᠬᠡᠶ ᠰᠢᠯᠢᠳᠡᠭᠵᠢᠭᠦᠯᠵᠦ᠂《ᠭᠤᠷᠪᠠ ᠶᠢ ᠪᠠᠲᠤᠯᠠᠬᠤ》ᠨᠢᠭᠡ ᠥᠷᠲᠡᠭᠡ ᠮᠠᠶ᠋ᠢᠭ ᠤᠨ | ᠳ᠋ᠦᠩᠨᠡᠨ ᠪᠤᠳᠤᠬᠤ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠦᠨᠡᠨ ᠬᠦ | ᠪᠠᠲᠤᠯᠠᠵᠤ᠂ ᠳᠠᠭᠠᠳᠬᠠᠯ ᠳᠤ ᠣᠷᠣᠯᠴᠠᠭᠰᠠᠨ ᠣᠯᠠᠨ ᠲᠦᠮᠡᠨ ᠤ ᠰᠡᠳᠬᠢᠯ ᠢ ᠲᠤᠯᠠᠭᠠᠴᠠᠭᠤᠯᠤᠨ᠎ᠠ︾ ᠭᠡᠪᠡ᠃ |