ᠮᠢᠩᠭᠠᠨ ᠵᠢᠯ ᠢ ᠲᠤᠭᠤᠯᠤᠭᠰᠠᠨ ᠤᠮᠠᠷᠠᠲᠤ ᠬᠢᠯᠢ ᠶᠢᠨ ᠰᠣᠶᠣᠯ ᠵᠢᠦᠢ ᠶᠡᠨ ᠤ ᠬᠠᠭᠤᠴᠢᠨ ᠪᠠᠭᠤᠷᠢ ᠶᠢᠨ ᠲᠡᠦᠬᠡ ᠶᠢᠨ ᠳᠤᠷᠠᠰᠬᠠᠯᠲᠤ ᠵᠦᠢᠯᠡᠰ ᠤᠨ ᠦᠵᠡᠰᠬᠦᠯᠡᠩ ᠳᠤ ᠬᠢᠯᠠᠯᠵᠠᠨ ᠳᠡᠯᠭᠡᠭᠳᠡᠨ᠎ᠡ
ᠨᠡᠶᠢᠲᠡᠯᠡᠭᠰᠡᠨ ᠴᠠᠭ᠄
2025/4/15
    ᠣᠶᠢᠷ᠎ᠠ ᠶᠢᠨ ᠡᠳᠦᠷ᠂ ᠠᠯᠠᠱᠠ ᠠᠶᠢᠮᠠᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠠᠴᠠ ᠣᠯᠠᠨ ᠪᠠᠶᠢᠭᠤᠯᠤᠮᠵᠢ ᠲᠠᠢ ᠬᠠᠮᠲᠤᠷᠠᠨ ᠡᠷᠭᠢᠯᠡᠭᠰᠡᠨ ︽ᠥᠪᠥᠷ ᠮᠣᠩᠭᠤᠯ ᠤᠨ ᠵᠢᠤᠢ ᠶᠠᠨ ᠤ ᠪᠠᠭᠤᠷᠢ ᠠᠴᠠ ᠣᠯᠳᠠᠭᠰᠠᠨ ᠲᠡᠦᠬᠡ ᠶᠢᠨ ᠳᠤᠷᠠᠰᠬᠠᠯᠲᠤ ᠵᠦᠢᠯᠡᠰ ᠤᠨ ᠦᠵᠡᠭᠦᠯᠦᠯᠭᠡ︾ ᠹᠦᠵᠧᠦ ᠬᠤᠲᠠ ᠶᠢᠨ ᠮᠦᠽᠧᠶ ᠳᠤ ᠵᠢᠩᠬᠢᠨᠢ ᠪᠠᠷ ᠶᠠᠪᠤᠭᠳᠠᠪᠠ᠃ ᠲᠤᠰ ᠤᠳᠠᠭᠠᠨ ᠤ ᠦᠵᠡᠰᠬᠦᠯᠡᠩ ᠤᠨ ᠰᠢᠰᠲ᠋ᠧᠮ ᠨᠢ ᠵᠢᠦᠢ ᠶᠡᠨ ᠣᠷᠣᠨ ᠤ ᠭᠦᠨ ᠵᠤᠵᠠᠭᠠᠨ ᠲᠡᠦᠬᠡ ᠰᠣᠶᠣᠯ ᠤᠨ ᠠᠭᠤᠯᠬᠤᠨ ᠢ ᠳᠡᠯᠭᠡᠨ ᠦᠵᠡᠭᠦᠯᠵᠦ᠂ ᠤᠮᠠᠷᠠᠲᠤ ᠬᠢᠯᠢ ᠶᠢᠨ ᠰᠣᠶᠣᠯ ᠤᠨ ᠨᠢᠭᠡ ᠤᠳᠠᠭᠠᠨ ᠤ ᠠᠭᠤᠳᠠᠯᠤᠯᠲᠠ ᠪᠤᠯᠬᠤ ᠪᠠᠷ ᠪᠠᠷᠠᠬᠤ ᠦᠭᠡᠢ ᠨᠡᠩ ᠴᠤ ᠳᠤᠮᠳᠠᠳᠤ ᠶᠢᠨ ᠪᠣᠯᠪᠠᠰᠤᠨ ᠤ ᠣᠭᠲᠠᠷᠭᠤᠢ ᠳᠦᠭᠦᠷᠡᠩ ᠤᠳᠤᠨ ᠮᠡᠴᠢᠳ ᠠᠴᠠ ᠤᠯᠠᠨ ᠡᠰᠢᠵᠢᠯᠲᠡ ᠶᠢ ᠨᠢᠭᠡ ᠴᠤᠭᠴᠠᠵᠢᠭᠰᠠᠨ ᠪᠠᠶᠢᠷᠢᠰᠢᠯ ᠳᠤ ᠬᠢᠭᠰᠡᠨ ᠠᠮᠢᠳᠤᠯᠢᠭ ᠲᠠᠶᠢᠯᠪᠤᠷᠢᠯᠠᠯᠲᠠ ᠪᠤᠯᠪᠠ᠃    ᠹᠦᠵᠧᠦ ᠬᠤᠳᠠ ᠶᠢᠨ ᠲᠡᠦᠬᠡ ᠶᠢᠨ ᠮᠦᠽᠧᠢ ᠶᠢᠨ 3 ᠳ᠋ᠤᠭᠠᠷ ᠨᠣᠮᠧᠷᠲᠤ ᠦᠵᠡᠭᠦᠯᠭᠡ ᠶᠢᠨ ᠲᠢᠩᠬᠢᠮ ᠳᠤ᠂ ᠠᠯᠠᠱᠠ ᠶᠢᠨ ᠮᠦᠽᠧᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠭᠤᠴᠢ ᠰᠤᠳᠤᠯᠤᠯ ᠤᠨ ᠰᠤᠳᠤᠯᠭᠠᠨ ᠤ ᠬᠦᠷᠢᠶᠡᠯᠡᠩ᠂ ᠡᠵᠡᠨ᠎ᠡ ᠬᠤᠰᠢᠭᠤᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠲᠥᠪ ᠤᠨ 320 ᠢᠵᠢ ᠵᠢᠦᠢ ᠶᠡᠨ ᠤ ᠬᠠᠭᠤᠴᠢᠨ ᠪᠠᠭᠤᠷᠢ ᠠᠴᠠ ᠣᠯᠳᠠᠭᠰᠠᠨ ᠲᠡᠦᠬᠡ ᠶᠢᠨ ᠳᠤᠷᠠᠰᠬᠠᠯᠲᠤ ᠵᠦᠢᠯᠡᠰ ᠢ ᠦᠵᠡᠭᠦᠯᠭᠡ ᠶᠢᠨ ᠬᠤᠷᠭᠤᠨ ᠳᠤ ᠳᠡᠯᠭᠡᠨ ᠦᠵᠡᠭᠦᠯᠵᠦ᠂ ᠦᠵᠡᠭᠦᠯᠭᠡ ᠶᠢᠨ ᠵᠦᠢᠯᠡᠰ ᠲᠤ ᠪᠠᠯᠠᠷ ᠡᠷᠲᠡᠨ ᠤ ᠦᠯᠡᠳᠡᠭᠳᠡᠯ᠂ ᠵᠢᠤᠢ ᠶᠡᠡ ᠤ ᠬᠠᠨ ᠣᠯᠣᠰ ᠤᠨ ᠬᠤᠯᠣᠰᠣᠨ ᠪᠢᠴᠢᠭ᠂ ᠬᠠᠷ᠎ᠠ ᠬᠤᠳᠠ ᠶᠢᠨ ᠪᠢᠴᠢᠭ ᠬᠠᠷ᠎ᠠ᠂ ᠪᠠᠷᠠᠭᠤᠨ ᠰᠢᠶᠠ ᠤᠯᠤᠰ ᠤᠨ ᠱᠠᠭᠠᠵᠠᠩ ᠡᠳ᠋ᠯᠡᠯ᠂ ᠶᠤᠸᠠᠨ ᠤᠯᠤᠰ ᠤᠨ ᠴᠠᠭᠠᠰᠤᠨ ᠵᠣᠭᠤᠰ ᠵᠡᠷᠭᠡ ᠬᠤᠪᠣᠷ ᠨᠠᠨᠳᠢᠨ ᠲᠡᠦᠬᠡ ᠶᠢᠨ ᠳᠤᠷᠠᠰᠬᠠᠯᠲᠤ ᠵᠦᠢᠯᠡᠰ ᠢ ᠪᠠᠭᠲᠠᠭᠠᠨ᠎ᠠ᠃ ᠥᠪᠥᠷ ᠮᠣᠩᠭᠤᠯ ᠤᠨ ᠵᠢᠤᠢ ᠶᠠᠨ ᠤ ᠪᠠᠭᠤᠷᠢ ᠠᠴᠠ ᠣᠯᠳᠠᠭᠰᠠᠨ ᠲᠡᠦᠬᠡ ᠶᠢᠨ ᠳᠤᠷᠠᠰᠬᠠᠯᠲᠤ ᠵᠦᠢᠯᠡᠰ ᠤᠨ ᠦᠵᠡᠭᠦᠯᠭᠡ ᠶᠢᠨ ᠨᠢᠭᠡᠳᠦᠭᠡᠷ ᠨᠢᠭᠡᠴᠢ ᠪᠣᠯᠬᠤ《ᠤᠮᠠᠷᠠᠲᠤ ᠬᠢᠯᠢ ᠶᠢᠨ ᠰᠣᠶᠣᠯ ᠤᠨ ᠲᠡᠦᠬᠡ ᠶᠢᠨ ᠡᠬᠢ ᠰᠤᠷᠪᠤᠯᠵᠢ》ᠪᠣᠯᠤᠨ ᠬᠤᠶᠠᠳᠤᠭᠠᠷ ᠨᠢᠭᠡᠴᠢ ᠪᠣᠯᠬᠤ《ᠲᠥᠪ ᠤᠨ ᠵᠠᠰᠠᠭ ᠤᠨ ᠵᠠᠰᠠᠯᠲᠠ》᠎ ᠨᠢ ᠰᠢᠨ᠎ᠡ ᠴᠢᠯᠠᠭᠤᠨ ᠵᠡᠪᠰᠡᠭ ᠤᠨ ᠦᠶ᠎ᠡ ᠶᠢᠨ ᠴᠢᠯᠠᠭᠤᠨ ᠵᠡᠪᠰᠡᠭ᠂ ᠸᠠᠭᠠᠷ ᠰᠠᠪᠠ ᠵᠢᠴᠢ ᠤᠷᠳᠤ ᠴᠠᠭᠠᠨ ᠬᠡᠷᠡᠮ ᠤᠨ ᠪᠠᠭᠤᠷᠢ᠂ ᠵᠢᠤᠢ ᠶᠠᠨ ᠤ ᠲᠣᠪᠴᠢ ᠪᠢᠴᠢᠭ ᠵᠡᠷᠭᠡ ᠪᠠᠷ ᠳᠠᠮᠵᠢᠨ᠂ ᠦᠵᠡᠭᠦᠯᠭᠡ ᠨᠢ ᠬᠥᠮᠦᠨ ᠲᠥᠷᠥᠯᠬᠢᠲᠡᠨ ᠤ ᠡᠷᠲᠡ ᠦᠶ᠎ᠡ ᠶᠢᠨ ᠤᠶᠤᠨ ᠤᠬᠠᠭᠠᠨ ᠢ ᠮᠥᠷᠳᠡᠵᠦ᠂ ᠲᠥᠪ ᠤᠨ ᠵᠠᠰᠠᠭ ᠤᠨ ᠬᠢᠯᠢ ᠬᠢᠵᠠᠭᠠᠷ ᠢ ᠵᠠᠰᠠᠬᠤ ᠵᠢᠴᠢ ᠤᠯᠤᠰ ᠤᠨ ᠨᠢᠭᠡᠳᠦᠯᠲᠡᠢ ᠢᠲᠡᠭᠡᠯ ᠪᠢᠰᠢᠷᠡᠯ ᠢ ᠢᠯᠡᠷᠡᠭᠦᠯᠪᠡ᠃ ᠭᠤᠷᠪᠠᠳᠤᠭᠠᠷ ᠬᠡᠰᠡᠭ ︽ᠦᠨᠳᠦᠰᠦᠲᠡᠨ ᠤ ᠠᠭᠤᠰᠤᠯᠴᠠᠯ ᠬᠥᠭᠵᠢᠯᠲᠡ︾᠎ ᠨᠢ ᠰᠦᠢ ᠲᠠᠩ ᠠᠴᠠ ᠮᠢᠩ ᠴᠢᠩ ᠬᠦᠷᠲᠡᠯᠡᠬᠢ ᠪᠠᠷᠠᠭᠤᠨ ᠰᠢᠶᠠ ᠤᠯᠤᠰ ᠤᠨ ᠱᠠᠭᠠᠵᠠᠩ ᠡᠳ᠋ᠯᠡᠯ᠂ ᠶᠤᠸᠠᠨ ᠤᠯᠤᠰ ᠤᠨ ᠴᠠᠭᠠᠰᠤᠨ ᠵᠣᠭᠤᠰ ᠵᠡᠷᠭᠡ ᠶᠢ ᠳᠡᠯᠭᠡᠨ ᠦᠵᠡᠭᠦᠯᠵᠦ᠂ ᠲᠠᠯ᠎ᠠ ᠨᠤᠲᠤᠭ ᠤᠨ ᠲᠣᠷᠭᠠᠨ ᠵᠠᠮ ᠤᠨ ᠬᠥᠭᠵᠢᠯ ᠪᠠᠳᠠᠷᠠᠯ ᠢ ᠳᠠᠬᠢᠨ ᠢᠯᠡᠷᠡᠭᠦᠯᠪᠡ᠃ ᠳᠥᠷᠪᠡᠳᠦᠭᠡᠷ ᠪᠦᠯᠦᠭ ︽ᠬᠠᠨ ᠣᠯᠣᠰ ᠤᠨ ᠬᠤᠯᠣᠰᠣᠨ ᠪᠢᠴᠢᠭ ᠤᠨ ᠪᠢᠴᠢᠭ ᠬᠠᠷ᠎ᠠ ᠳᠠᠬᠢ ᠬᠠᠷᠢᠯᠴᠠᠨ ᠲᠣᠯᠢᠯᠠᠬᠤ》᠎ ᠨᠢ ᠳᠥᠭᠦᠮᠴᠢᠯᠡᠭᠰᠡᠨ ᠪᠠ ᠪᠢᠴᠢᠭ ᠬᠠᠷ᠎ᠠ ᠪᠠᠷ ᠳᠠᠮᠵᠢᠭᠤᠯᠤᠨ᠂ ᠣᠯᠠᠨ ᠦᠨᠳᠦᠰᠦᠲᠡᠨ ᠤ ᠠᠭᠤᠰᠤᠯᠴᠠᠨ ᠬᠠᠮᠲᠤ ᠣᠷᠣᠰᠢᠬᠤ ᠲᠡᠦᠬᠡᠨ ᠵᠢᠷᠤᠭ ᠢ ᠢᠯᠡᠷᠡᠭᠦᠯᠦᠭᠰᠡᠨ ᠪᠠᠶᠢᠨ᠎ᠠ᠃ ᠲᠣᠰ ᠤᠳᠠᠭᠠᠨ ᠤ ᠦᠵᠡᠭᠦᠯᠦᠯᠭᠡ ᠨᠡᠶᠢᠲᠡ 42 ᠡᠳᠦᠷ ᠶᠠᠪᠤᠭᠳᠠᠨ᠎ᠠ᠃    ᠦᠵᠡᠭᠦᠯᠦᠯᠭᠡ ᠶᠢᠨ ᠠᠬᠤᠶ ᠲᠠᠯᠠᠪᠠᠶ ᠦᠵᠡᠭᠴᠢᠳ ᠤᠯᠠᠨ ᠤ ᠠᠩᠬᠠᠷᠤᠯ ᠢ ᠲᠠᠲᠠᠵᠤ᠂ ᠵᠠᠷᠢᠮ ᠲᠣᠭᠤᠷᠢᠨ ᠦᠵᠡᠭᠴᠢ ᠴᠠᠭᠠᠨ ᠬᠡᠷᠡᠮ ᠤᠨ ᠪᠠᠭᠤᠷᠢ ᠶᠢᠨ ᠰᠦᠷᠯᠢᠭ ᠰᠠᠶᠢᠬᠠᠨ ᠪᠠ ᠬᠠᠨ ᠣᠯᠣᠰ ᠤᠨ ᠬᠤᠯᠣᠰᠣᠨ ᠪᠢᠴᠢᠭ ᠤᠨ ᠪᠠᠶᠢᠳᠠᠯ ᠢ ᠭᠠᠶᠢᠬᠠᠨ ᠰᠣᠨᠢᠷᠬᠠᠵᠤ᠂ ᠡᠷᠲᠡᠨ ᠤ ᠳᠤᠮᠳᠠᠳᠤ ᠤᠯᠤᠰ ᠤᠨ ᠪᠣᠯᠪᠠᠰᠤᠨ ᠣᠶᠤᠨ ᠤᠬᠠᠭᠠᠨ ᠢ ᠰᠢᠭᠤᠳ ᠮᠡᠳᠡᠷᠡᠵᠡᠶ᠃    ᠹᠦᠵᠧᠦ ᠬᠤᠲᠠ ᠶᠢᠨ ᠠᠷᠠᠳ ᠳ᠋ᠠᠶ ᠵᠢᠶᠠᠨ ᠹᠧᠩ᠄ ︽ᠥᠩᠭᠡᠷᠡᠭᠰᠡᠨ ᠳᠤ ᠮᠡᠳᠡᠬᠦ ᠦᠭᠡᠶ ᠪᠠᠶᠢᠭᠰᠠᠨ᠂ ᠡᠨᠡ ᠤᠷᠲᠤ ᠴᠠᠭᠠᠨ ᠬᠡᠷᠡᠮ ᠤᠨ ᠪᠠᠭᠤᠷᠢ ᠨᠠᠳᠠ ᠳᠤ ᠡᠷᠲᠡᠨ ᠤ ᠳᠤᠮᠳᠠᠳᠤ ᠤᠯᠤᠰ ᠠᠴᠠ ᠠᠭᠤᠤ ᠶᠡᠭᠡ᠂ ᠭᠡᠷᠡᠯ ᠰᠠᠴᠤᠷᠠᠩᠭᠤᠶ ᠶᠢ ᠮᠡᠳᠡᠷᠡᠭᠦᠯᠦᠯ᠎ᠡ᠃ ᠲᠡᠷᠡ ᠨᠢ ᠳᠤᠮᠳᠠᠳᠤ ᠶᠢᠨ ᠦᠨᠳᠦᠰᠦᠲᠡᠨ ᠤ ᠰᠢᠨᠲᠠᠷᠠᠰᠢ ᠦᠭᠡᠢ ᠵᠣᠷᠢᠭ ᠰᠠᠨᠠᠭᠠᠨ ᠤ ᠪᠡᠯᠭᠡ ᠲᠡᠮᠳᠡᠭ ᠪᠣᠯᠬᠤ ᠪᠠᠷ ᠪᠠᠷᠠᠬᠤ ᠦᠭᠡᠢ᠂ ᠨᠡᠩ ᠴᠤ ᠮᠠᠨ ᠤ ᠬᠠᠮᠲᠤ ᠶᠢᠨ ᠤᠶᠤᠨ ᠰᠠᠨᠠᠭᠠᠨ ᠤ ᠭᠡᠷ ᠪᠤᠯᠤᠨ᠎ᠠ︾ ᠭᠡᠪᠡ᠃     ᠹᠦᠵᠧᠦ ᠬᠤᠲᠠ ᠶᠢᠨ ᠠᠷᠠᠳ ᠵᠠᠩ ᠴᠦᠨ ᠯᠠᠨ᠄ ︽ᠡᠳᠡᠭᠡᠷ ᠬᠠᠨ ᠣᠯᠣᠰ ᠤᠨ ᠬᠤᠯᠣᠰᠣᠨ ᠪᠢᠴᠢᠭ ᠨᠢ ᠬᠡᠳᠦ᠋ᠢᠪᠡᠷ ᠮᠢᠩᠭᠠᠨ ᠵᠢᠯ ᠢ ᠥᠩᠭᠡᠷᠡᠭᠡᠭᠰᠡᠨ ᠪᠣᠯᠪᠠᠴᠤ᠂ ᠲᠡᠷᠡ ᠨᠢ ᠮᠦᠨᠬᠦ ᠶᠡᠭᠡ ᠳᠤᠲᠤᠷᠬᠠᠢ ᠪᠠᠶᠢᠨ᠎ᠠ᠂ ᠡᠨᠡ ᠨᠢ ᠪᠠᠰᠠ ᠶᠠᠭ ᠲᠡᠷᠡ ᠴᠠᠭ ᠦᠶ᠎ᠡ ᠶᠢᠨ ᠦᠯᠢᠭᠡᠷ ᠢ ᠶᠠᠷᠢᠵᠤ ᠪᠠᠶᠢᠬᠤ ᠰᠢᠭ᠋᠂ ᠨᠠᠳᠠ ᠳᠤ ᠡᠷᠲᠡᠨ ᠤ ᠳᠤᠮᠳᠠᠳᠤ ᠤᠯᠤᠰ ᠠᠴᠠ ᠣᠶᠤᠨ ᠤᠬᠠᠭᠠᠨ ᠪᠠ ᠪᠣᠯᠪᠠᠰᠤᠨ ᠢ ᠭᠦᠨᠵᠡᠭᠡᠶ ᠮᠡᠳᠡᠷᠡᠭᠦᠯᠪᠡ︾ ᠭᠡᠪᠡ᠃    ᠬᠤᠶᠠᠷ ᠮᠢᠩᠭ᠎ᠠ ᠭᠠᠷᠤᠢ ᠵᠢᠯ ᠤᠨ ᠲᠤᠷᠰᠢ᠂ ᠵᠢᠤᠢ ᠶᠠᠨ ᠤ ᠪᠠᠭᠤᠷᠢ ᠳᠤ ᠨᠢᠭᠤᠭᠳᠠᠵᠤ ᠪᠠᠶᠢᠭᠰᠠᠨ ᠡᠯᠡᠰᠦᠨ ᠴᠦᠯ ᠭᠤᠪᠢ ᠤᠷᠤᠨ ᠨᠢ ᠶᠡᠷᠦ ᠠᠴᠠ ᠤᠮᠠᠷᠠᠲᠤ ᠶᠢᠨ ᠨᠡᠭᠦᠳᠡᠯᠴᠢᠨ ᠦᠨᠳᠦᠰᠦᠲᠡᠨ ᠤ ᠡᠮᠦᠨᠡᠰᠢ ᠳᠤᠤᠷᠠᠲᠤ ᠤᠷᠤᠰᠬᠠᠯ ᠤᠨ ᠪᠠᠷᠠᠭᠤᠨ ᠬᠤᠩᠭᠢᠯ ᠤᠨ ᠵᠠᠪᠠᠯ ᠥᠩᠭᠡᠷᠡᠬᠦ ᠵᠠᠮ ᠪᠣᠯᠤᠭᠰᠠᠭᠠᠷ ᠢᠷᠡᠵᠡᠢ᠃ ᠡᠳᠦᠭᠡ᠂ ᠡᠲᠡᠭᠡᠷ ᠲᠣᠭᠤᠰᠣᠨ ᠳᠤ ᠳᠠᠷᠤᠭᠳᠠᠭᠰᠠᠨ ᠳᠤᠷᠠᠰᠤᠮᠵᠢ ᠨᠢ ᠦᠵᠡᠰᠬᠦᠯᠡᠩ ᠢᠶᠠᠷ ᠳᠡᠮᠵᠢᠨ ᠳᠠᠬᠢᠨ ᠢᠯᠡᠷᠡᠵᠦ᠂ ᠳᠡᠯᠡᠬᠡᠶ ᠳ᠋ᠠᠬᠢᠨ ᠎ ᠤ ᠭᠦᠨ ᠵᠤᠵᠠᠭᠠᠨ ᠲᠡᠦᠬᠡᠨ ᠤᠳᠬ᠎ᠠ ᠶᠢ ᠶᠠᠷᠢᠵᠤ ᠪᠣᠶ᠃ ᠰᠢᠨ᠎ᠡ ᠴᠠᠭ ᠦᠶ᠎ᠡ ᠳᠤ᠂ ᠰᠣᠶᠣᠯ ᠦᠵᠡᠰᠬᠦᠯᠡᠩ ᠤᠨ ᠠᠵᠢᠯᠲᠠᠳ ᠴᠤᠴᠠᠯᠲᠠ ᠦᠭᠡᠢ ᠴᠢᠷᠮᠠᠶᠢᠵᠤ᠂ ᠤᠮᠠᠷᠠᠲᠤ ᠬᠢᠯᠢ ᠶᠢᠨ ᠰᠣᠶᠣᠯ ᠢ ᠪᠦᠬᠦ ᠲᠠᠯ᠎ᠠ ᠪᠠᠷ᠂ ᠤᠯᠠᠨ ᠬᠠᠷᠠᠭᠠᠰᠤ ᠎ ᠠᠴᠠ᠂ ᠭᠦᠨ ᠳᠠᠪᠬᠤᠷᠭ᠎ᠠ ᠠᠴᠠ ᠤᠬᠠᠭᠤᠯᠤᠨ ᠲᠠᠶᠢᠯᠪᠤᠷᠢᠯᠠᠵᠤ᠂ ᠳᠤᠮᠳᠠᠳᠤ ᠶᠢᠨ ᠪᠣᠯᠪᠠᠰᠤᠨ ᠢ ᠤᠯᠠᠮᠵᠢᠯᠠᠨ ᠬᠥᠭᠵᠢᠭᠦᠯᠬᠦ ᠳᠤ ᠬᠦᠴᠦᠨ ᠴᠢᠳᠠᠯ ᠢᠶᠠᠨ ᠡᠷᠭᠦᠨ᠎ᠡ᠃    ᠡᠵᠡᠨ᠎ᠡ ᠬᠤᠰᠢᠭᠤᠨ ᠤ ᠵᠢᠤᠢ ᠶᠠᠨ ᠰᠣᠶᠣᠯ ᠤᠨ ᠰᠤᠳᠤᠯᠬᠤ ᠨᠡᠶᠢᠭᠡᠮᠯᠢᠭ ᠤᠨ ᠳᠡᠳ᠋ ᠲᠡᠷᠢᠭᠦᠯᠡᠭᠴᠢ ᠯᠢ       ᠵᠢᠩ᠄ ︽ᠡᠩ ᠲᠡᠷᠢᠭᠦᠨ ᠳᠤ ᠮᠢᠨᠦ ᠦᠵᠡᠬᠦ ᠪᠠᠷ ᠡᠨᠡ ᠬᠥᠳᠡᠯᠭᠡᠭᠡᠨ ᠮᠠᠰᠢ ᠰᠠᠶᠢᠬᠠᠨ ᠪᠤᠯᠤᠯ᠎ᠠ᠂ ᠤᠴᠢᠷ ᠨᠢ ᠪᠢᠳᠡ ᠡᠨᠡ ᠤᠳᠠᠭᠠᠨ ᠤ ᠠᠵᠢᠯᠯᠠᠭ᠎ᠠ ᠪᠠᠷ ᠳᠠᠮᠵᠢᠨ ᠤᠮᠠᠷᠠᠲᠤ ᠬᠢᠯᠢ ᠶᠢᠨ ᠰᠣᠶᠣᠯ ᠤᠨ ᠬᠤᠪᠢᠯᠭᠠᠨ ᠣᠷᠣᠨ ᠤ ᠠᠶᠠᠯᠠᠯ ᠢ ᠤᠯᠠᠮᠵᠢᠯᠠᠵᠤ ᠴᠢᠳᠠᠭᠰᠠᠨ᠂ ᠣᠨᠴᠠᠭᠠᠢᠯᠠᠨ ᠮᠠᠨ ᠤ ᠡᠵᠡᠨ᠎ᠡ ᠬᠤᠰᠢᠭᠤᠨ ᠠᠴᠠ ᠣᠯᠳᠠᠭᠰᠠᠨ ᠵᠢᠤᠢ ᠶᠠᠨ ᠤ ᠬᠠᠨ ᠣᠯᠣᠰ ᠤᠨ ᠬᠤᠯᠣᠰᠣᠨ ᠪᠢᠴᠢᠭ ᠨᠢ ᠥᠨᠥᠳᠦᠷ ᠤᠨ ᠰᠣᠶᠣᠯ ᠲᠡᠦᠬᠡᠨ ᠳᠤ ᠮᠠᠰᠢ ᠶᠡᠭᠡ ᠨᠥᠯᠥᠭᠡ ᠦᠵᠡᠭᠦᠯᠵᠡᠶ᠃ ᠲᠡᠷᠡ ᠬᠠᠨ ᠣᠯᠣᠰ ᠤᠨ ᠬᠤᠯᠣᠰᠣᠨ ᠪᠢᠴᠢᠭ ᠠᠴᠠ ᠪᠢᠳᠡ ᠨᠢᠭᠡᠨ ᠦᠨᠡᠨ ᠶᠣᠰᠣ ᠶᠢ ᠳᠤᠷᠠᠳᠤᠨ ᠭᠠᠷᠭᠠᠵᠤ᠂ ᠳᠤᠮᠳᠠᠳᠤ ᠶᠢᠨ ᠦᠨᠳᠦᠰᠦᠲᠡᠨ ᠤ ᠡᠬᠡ ᠣᠷᠣᠨᠴᠢ ᠬᠠᠶᠢᠷ᠎ᠠ ᠰᠡᠳᠬᠢᠯᠭᠡ ᠨᠢ ᠪᠢᠳᠡᠨ ᠤ ᠴᠢᠰᠤᠨ ᠳᠤ ᠦᠷᠭᠦᠯᠵᠢᠯᠡᠭᠰᠡᠭᠡᠷ ᠢᠷᠡᠵᠡᠢ︾ ᠭᠡᠪᠡ᠃
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号