ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 11 ᠤ ᠴᠠᠭᠢᠯᠭᠠᠨ ᠮᠡᠳᠡᠭᠡ 4 ᠰᠠᠷ᠎ᠠ ᠶᠢᠨ 11 ᠤ | ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠳ᠋ᠢᠶᠣᠣ ᠢᠦᠢ ᠲᠠᠢ ᠳᠠᠬᠢ | ᠲᠥᠷᠥ ᠶᠢᠨ ᠵᠣᠴᠢᠳ ᠤᠨ ᠪᠠᠭᠤᠳᠠᠯ ᠳᠤ ᠳᠤᠮᠳᠠᠳᠤ ᠤᠯᠤᠰ ᠲᠤ ᠠᠶᠢᠯᠴᠢᠯᠠᠬᠤ ᠪᠠᠷ ᠢᠷᠡᠭᠰᠡᠨ ᠢᠰᠫᠠᠨᠢ ᠶᠢᠨ | ᠲᠡᠷᠢᠭᠦᠨ ᠰᠠᠶᠢᠳ ᠰᠠᠩᠴᠢᠶᠧᠰ ᠲᠠᠢ ᠠᠭᠤᠯᠵᠠᠪᠠ᠃ | ᠰᠢ ᠶᠢᠨ ᠫᠢᠩ᠂ ᠣᠳᠣᠬᠠᠨ ᠳᠤ ᠳᠡᠯᠡᠬᠡᠢ ᠳ᠋ᠠᠬᠢᠨ ᠤ ᠵᠠᠭᠤᠨ ᠵᠢᠯ ᠳᠤ ᠲᠣᠬᠢᠶᠠᠯᠳᠤᠭ᠎ᠠ ᠦᠭᠡᠢ ᠬᠤᠪᠢᠰᠤᠯᠲᠠ | ᠲᠦᠷᠭᠡᠰᠦᠨ ᠤᠯᠠᠷᠢᠵᠤ᠂ ᠤᠯᠠᠨ ᠳᠠᠪᠬᠤᠷ ᠠᠶᠤᠯ ᠲᠦᠭᠰᠢᠭᠦᠷᠢ ᠪᠠ ᠥᠷᠢᠰᠦᠯᠳᠦᠭᠡᠨ ᠳᠠᠪᠬᠤᠴᠠᠵᠤ ᠪᠤᠢ᠂ ᠡᠯ᠎ᠡ | ᠤᠯᠤᠰ ᠪᠦᠯᠬᠦᠮᠳᠡᠨ ᠬᠠᠮᠵᠢᠯᠴᠠᠪᠠᠯ ᠰᠠᠶ᠋ᠢ ᠳᠡᠯᠡᠬᠡᠢ ᠶᠢᠨ ᠡᠩᠬᠡ ᠲᠠᠶᠢᠪᠤᠩ ᠲᠣᠭᠲᠠᠭᠤᠨ ᠢ ᠬᠠᠮᠠᠭᠠᠯᠠᠵᠤ᠂ ᠪᠦᠭᠦ | ᠪᠥᠮᠪᠥᠷᠴᠡᠭ ᠤᠨ ᠬᠥᠭᠵᠢᠯ ᠴᠡᠴᠡᠭᠯᠡᠯ ᠢ ᠠᠬᠢᠭᠤᠯᠵᠤ ᠴᠢᠳᠠᠨ᠎ᠠ᠃ ᠳᠡᠯᠡᠬᠡᠢ ᠶᠢᠨ ᠪᠠᠶᠢᠳᠠᠯ ᠰᠠᠮᠠᠭᠤᠷᠠᠨ ᠰᠣᠯᠪᠢᠴᠠᠬᠤ | ᠲᠤᠰᠤᠮ᠂ ᠳᠤᠮᠳᠠᠳᠤ ᠢᠰᠫᠠᠨᠢ ᠶᠢᠨ ᠬᠠᠷᠢᠯᠴᠠᠭ᠎ᠠ ᠶᠢᠨ ᠰᠠᠶᠢᠨ ᠰᠠᠶᠢᠬᠠᠨ ᠲᠣᠭᠲᠠᠭᠤᠨ ᠢᠶᠠᠷ ᠬᠥᠭᠵᠢᠬᠦ ᠶᠢᠨ | ᠴᠢᠬᠤᠯᠠ ᠴᠢᠨᠠᠷ ᠲᠡᠳᠦᠢ ᠲᠣᠪᠤᠶᠢᠮ᠎ᠠ ᠪᠣᠯᠣᠨ᠎ᠠ᠃ ᠡᠨᠡ ᠵᠢᠯ ᠪᠣᠯ ᠳᠤᠮᠳᠠᠳᠤ ᠤᠯᠤᠰ ᠪᠣᠯᠣᠨ ᠢᠰᠫᠠᠨᠢ ᠪᠦᠭᠦ | ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠪᠠᠶᠢᠭᠤᠯᠤᠭᠰᠠᠨ 20 ᠵᠢᠯ ᠤᠨ ᠤᠢ ᠪᠣᠯᠣᠨ᠎ᠠ᠂ | ᠳᠤᠮᠳᠠᠳᠤ ᠤᠯᠤᠰ ᠳᠤᠷᠠᠲᠠᠶ᠎ᠠ ᠢᠰᠫᠠᠨᠢ ᠯᠤᠭ᠎ᠠ ᠨᠡᠩ ᠢᠯᠡᠭᠦᠦ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ | ᠲᠠᠢ᠂ ᠨᠡᠩ ᠢᠯᠡᠭᠦᠦ ᠬᠥᠭᠵᠢᠯᠲᠡ ᠶᠢᠨ ᠠᠮᠢᠵᠢᠷᠠᠯ ᠤᠨ ᠬᠦᠴᠦᠨ ᠲᠠᠢ ᠪᠦᠭᠦ ᠲᠠᠯ᠎ᠠ ᠶᠢᠨ ᠪᠠᠶᠢᠯᠳᠤᠬᠤ | ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢ ᠪᠠᠶᠢᠭᠤᠯᠵᠤ᠂ ᠬᠤᠶᠠᠷ ᠤᠯᠤᠰ ᠤᠨ ᠠᠷᠠᠳ ᠲᠦᠮᠡᠨ ᠤ ᠠᠵᠠ | ᠵᠢᠷᠭᠠᠯ ᠢ ᠨᠡᠮᠡᠭᠳᠡᠭᠦᠯᠬᠦ᠂ ᠳᠤᠮᠳᠠᠳᠤ ᠡᠸᠦ᠋ᠷᠦᠫᠡ ᠶᠢᠨ ᠬᠠᠷᠢᠯᠴᠠᠭ᠎ᠠ ᠳᠤ ᠬᠥᠳᠡᠯᠭᠡᠬᠦ ᠬᠦᠴᠦᠨ ᠨᠡᠮᠡᠷᠢᠯᠡᠬᠦ ᠶᠢᠨ ᠬᠠᠮᠲᠤ | ᠳᠡᠯᠡᠬᠡᠢ ᠶᠢᠨ ᠡᠩᠬᠡ ᠲᠠᠶᠢᠪᠤᠩ᠂ ᠲᠣᠭᠲᠠᠭᠤᠨ᠂ ᠬᠥᠭᠵᠢᠯᠲᠡ ᠶᠢ ᠠᠬᠢᠭᠤᠯᠬᠤ ᠳᠤ ᠨᠡᠩ ᠶᠡᠭᠡ ᠬᠤᠪᠢ ᠨᠡᠮᠡᠷᠢ | ᠦᠵᠡᠭᠦᠯᠦᠨ᠎ᠡ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠠᠯᠢᠪᠠ ᠶᠢ ᠠᠵᠢᠭᠯᠠᠬᠤ ᠳᠤ ᠥᠷᠭᠡᠨ ᠬᠠᠷᠠᠭᠠᠰᠤ ᠠᠭᠤᠳᠠᠮ ᠪᠠᠭᠲᠠᠭᠠᠮᠵᠢ ᠬᠡᠷᠡᠭᠲᠡᠢ᠃ | ᠳᠤᠮᠳᠠᠳᠤ ᠢᠰᠫᠠᠨᠢ ᠶᠢᠨ ᠨᠥᠬᠦᠷᠯᠡᠯ ᠪᠣᠯ ᠬᠤᠶᠠᠷ ᠤᠯᠤᠰ ᠤᠨ ᠠᠷᠠᠳ ᠲᠦᠮᠡᠨ ᠤ ᠤᠯᠠᠮᠵᠢᠯᠠᠯᠲᠤ ᠨᠥᠬᠦᠷᠯᠡᠯ᠂ | ᠪᠣᠳᠠᠲᠤ ᠠᠬᠤᠢ ᠶᠢᠨ ᠬᠡᠷᠡᠭᠴᠡᠭᠡ᠂ ᠠᠯᠤᠰ ᠭᠡᠳᠦ ᠶᠢᠨ ᠠᠰᠢᠭ ᠲᠤᠰᠠ ᠳᠤ ᠰᠠᠭᠤᠷᠢᠯᠠᠵᠤ ᠲᠣᠭᠲᠠᠭᠠᠭᠰᠠᠨ ᠵᠥᠪ | ᠰᠣᠩᠭᠤᠯᠲᠠ ᠮᠥᠨ᠃ ᠬᠤᠶᠠᠷ ᠲᠠᠯ᠎ᠠ ᠪᠠᠷ ᠢᠶᠠᠨ ᠬᠠᠷᠢᠯᠴᠠᠨ ᠳᠡᠮᠵᠢᠬᠦ ᠤᠯᠤᠰ ᠲᠦᠷᠦ ᠶᠢᠨ ᠰᠠᠭᠤᠷᠢ ᠪᠠᠨ | ᠦᠷᠭᠦᠯᠵᠢᠯᠡᠨ ᠪᠠᠬᠢᠵᠢᠭᠦᠯᠵᠦ᠂ ᠬᠠᠷᠢᠯᠴᠠᠨ ᠢᠲᠡᠭᠡᠵᠦ᠂ ᠬᠠᠷᠢᠯᠴᠠᠨ ᠭᠦᠨᠳᠦᠳᠭᠡᠵᠦ᠂ ᠨᠦᠭᠦᠭᠡ ᠡᠲᠡᠭᠡᠳ ᠤᠨ ᠢᠶᠠᠨ | ᠭᠤᠣᠯᠯᠠᠭᠴᠢ ᠠᠰᠢᠭ ᠲᠤᠰᠠ ᠪᠣᠯᠣᠨ ᠠᠩᠬᠠᠷᠴᠤ ᠪᠠᠶᠢᠭ᠎ᠠ ᠴᠢᠬᠤᠯᠠ ᠶᠡᠭᠡ ᠠᠰᠠᠭᠤᠳᠠᠯ ᠤᠨ ᠲᠠᠯ᠎ᠠ ᠪᠠᠷ ᠬᠠᠷᠢᠯᠴᠠᠨ | ᠳᠡᠮᠵᠢᠵᠦ᠂ ᠢᠯᠠᠩᠭᠤᠶ᠎ᠠ ᠨᠦᠭᠦᠭᠡ ᠡᠲᠡᠭᠡᠳ ᠤᠨ ᠢᠶᠠᠨ ᠡᠷᠬᠡ ᠮᠡᠳᠡᠯ ᠪᠣᠯᠣᠨ ᠨᠤᠲᠤᠭ ᠳᠡᠪᠢᠰᠬᠡᠷ ᠤᠨ ᠪᠦᠷᠢᠨ | ᠪᠦᠲᠦᠨ ᠪᠠᠶᠢᠬᠤ ᠪᠠᠨ ᠬᠠᠮᠠᠭᠠᠯᠠᠬᠤ ᠶᠢ ᠳᠡᠮᠵᠢᠶ᠎ᠡ᠃ ᠳᠤᠮᠳᠠᠳᠤ ᠤᠯᠤᠰ ᠤᠨ 14 ᠳ᠋ᠦᠩᠰᠢᠭᠤᠷ ᠭᠠᠷᠤᠢ ᠬᠥᠮᠥᠨ | ᠠᠮᠠ ᠶᠢᠨ ᠬᠡᠷᠡᠭᠯᠡᠭᠡ ᠶᠢᠨ ᠲᠡᠰ ᠳᠡᠪᠰᠢᠬᠦ ᠬᠡᠷᠡᠭᠴᠡᠭᠡ ᠪᠣᠯᠣᠨ ᠠᠵᠤ ᠦᠢᠯᠡᠰ ᠤᠨ ᠭᠡᠯᠪᠡᠷᠢ ᠪᠠᠨ ᠬᠤᠪᠢᠷᠠᠭᠤᠯᠬᠤ | ᠲᠠᠯᠳᠠ ᠬᠦᠴᠦᠨ ᠨᠢ ᠳᠡᠯᠡᠬᠡᠢ ᠶᠢᠨ ᠠᠵᠤ ᠠᠬᠤᠢ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠬᠠᠩᠭᠠᠬᠤ | ᠪᠣᠯᠣᠨ᠎ᠠ᠃ ᠳᠤᠮᠳᠠᠳᠤ ᠤᠯᠤᠰ ᠳᠤᠷᠠᠲᠠᠶ᠎ᠠ ᠢᠰᠫᠠᠨᠢ ᠯᠤᠭ᠎ᠠ ᠬᠠᠷᠢᠯᠴᠠᠨ ᠠᠰᠢᠭᠲᠠᠢ ᠬᠠᠷᠢᠯᠴᠠᠨ ᠨᠥᠬᠦᠪᠦᠷᠢᠯᠡᠬᠦ | ᠬᠠᠮᠲᠤᠷᠠᠯᠴᠠᠭᠠᠨ ᠤ ᠳᠠᠪᠠᠭᠤᠯᠢᠭ ᠢᠶᠠᠨ ᠰᠠᠶᠢᠲᠤᠷ ᠠᠰᠢᠭᠯᠠᠵᠤ᠂ ᠠᠵᠤ ᠠᠬᠤᠢ ᠠᠷᠠᠯᠵᠢᠶ᠎ᠠ᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠬᠠᠮᠲᠤᠷᠠᠯᠴᠠᠭᠠᠨ ᠤ ᠲᠣᠭᠲᠠᠴᠠ ᠶᠢᠨ ᠦᠢᠯᠡᠳᠦᠯ ᠢᠶᠠᠨ ᠰᠠᠶᠢᠲᠤᠷ ᠪᠠᠳᠠᠷᠠᠭᠤᠯᠵᠤ᠂ ᠰᠢᠨ᠎ᠡ | ᠡᠨᠧᠷᠭᠢ᠂ ᠳᠡᠭᠡᠳᠦ ᠮᠡᠷᠭᠡᠵᠢᠯ ᠤᠨ ᠦᠢᠯᠡᠳᠬᠦ ᠦᠢᠯᠡᠰ᠂ ᠣᠶᠤᠨᠲᠤ ᠬᠤᠳᠠ ᠵᠡᠷᠭᠡ ᠬᠦᠷᠢᠶᠡᠨ ᠳᠠᠬᠢ | ᠬᠠᠮᠲᠤᠷᠠᠯᠴᠠᠭᠠᠨ ᠤ ᠳᠠᠯᠳᠠ ᠬᠦᠴᠦᠨ ᠢᠶᠠᠨ ᠭᠦᠨᠵᠡᠭᠡᠢ ᠠᠭᠤᠳᠠᠯᠵᠤ᠂ ᠨᠡᠩ ᠤᠯᠠᠨ ᠬᠠᠷᠢᠯᠴᠠᠨ ᠠᠰᠢᠭᠲᠠᠢ | ᠬᠠᠮᠲᠤᠷᠠᠯᠴᠠᠭᠠᠨ ᠤ ᠦᠷ᠎ᠡ ᠪᠦᠲᠦᠭᠡᠯ ᠢ ᠡᠭᠦᠳᠦᠨ᠎ᠡ᠃ ᠬᠠᠷᠢᠯᠴᠠᠨ ᠣᠶᠢᠯᠠᠭᠠᠯᠴᠠᠵᠤ ᠬᠠᠷᠢᠯᠴᠠᠨ ᠳᠣᠲᠣᠨᠣᠴᠢᠯᠠᠬᠤ | ᠨᠥᠬᠦᠷᠯᠡᠯ ᠤᠨ ᠤᠯᠠᠮᠵᠢᠯᠠᠯ ᠢᠶᠠᠨ ᠦᠷᠭᠦᠯᠵᠢᠯᠡᠭᠦᠯᠵᠦ᠂ ᠬᠤᠶᠠᠷ ᠤᠯᠤᠰ ᠤᠨ ᠠᠷᠠᠳ ᠲᠦᠮᠡᠨ ᠤ ︽ᠣᠯᠢᠮᠫᠢᠺ ᠤᠨ | ᠲᠠᠮᠢᠷ ᠤᠨ ᠴᠤᠭᠯᠠᠭᠠᠨ ᠤ ᠭᠦᠨ ᠵᠤᠵᠠᠭᠠᠨ ᠬᠠᠶᠢᠷ᠎ᠠ ᠰᠡᠳᠬᠢᠯᠭᠡ︾᠂ ︽ᠮᠠᠯᠤᠷ ᠦᠳᠡᠭᠡ ᠶᠢᠨ ᠬᠠᠶᠢᠷ᠎ᠠ | ᠰᠡᠳᠬᠢᠯᠭᠡ︾ ᠶᠢ ᠰᠠᠶᠢᠲᠤᠷ ᠤᠯᠠᠮᠵᠢᠯᠠᠵᠤ᠂ ︽ᠪᠠᠶᠠᠰᠬᠤᠯᠠᠩᠲᠤ ᠴᠠᠭᠠᠨ ᠰᠠᠷ᠎ᠠ︾ ᠵᠡᠷᠭᠡ ᠰᠢᠨ᠎ᠡ ︽ᠠᠯᠳᠠᠨ | ᠱᠣᠰᠢᠭ᠎ᠠ︾ ᠶᠢ ᠡᠭᠦᠳᠴᠦ᠂ ᠬᠠᠷᠢᠯᠴᠠᠨ ᠭᠠᠳᠠᠭᠠᠳᠤ ᠳᠤ ᠰᠤᠷᠤᠯᠴᠠᠬᠤ ᠰᠤᠷᠤᠬᠴᠢ ᠲᠣᠮᠢᠯᠠᠬᠤ ᠬᠡᠪᠴᠢᠶ᠎ᠡ ᠪᠠᠨ | ᠥᠷᠭᠡᠳᠬᠡᠵᠦ᠂ ᠨᠡᠩ ᠤᠯᠠᠨ ᠵᠠᠯᠠᠭᠤᠴᠤᠳ ᠢ ᠳᠤᠮᠳᠠᠳᠤ ᠢᠰᠫᠠᠨᠢ ᠶᠢᠨ ᠨᠥᠬᠦᠷᠯᠡᠯ ᠤᠨ ᠰᠢᠨ᠎ᠡ ᠬᠦᠴᠦᠨ ᠪᠣᠯᠭᠠᠶ᠎ᠠ᠃ | ᠳᠤᠮᠳᠠᠳᠤ ᠢᠰᠫᠠᠨᠢ ᠪᠣᠯ ᠴᠥᠮ ᠤᠯᠠᠨ ᠲᠠᠯᠠᠲᠤ ᠦᠵᠡᠯ ᠪᠣᠯᠣᠨ ᠨᠡᠭᠡᠭᠡᠯᠲᠡᠲᠤ ᠬᠠᠮᠲᠤᠷᠠᠯᠴᠠᠭ᠎ᠠ ᠶᠢ ᠳᠡᠮᠵᠢᠬᠦ | ᠢᠳᠡᠪᠬᠢ ᠬᠦᠴᠦᠨ ᠮᠥᠨ᠂ ᠬᠤᠶᠠᠷ ᠲᠠᠯ᠎ᠠ ᠪᠠᠷ ᠢᠶᠠᠨ ᠲᠥᠪ ᠭᠤᠣᠯᠴᠢ ᠵᠦᠢ ᠵᠣᠬᠢᠰᠲᠠᠢ ᠪᠦᠭᠦ ᠪᠥᠮᠪᠥᠷᠴᠡᠭ ᠤᠨ | ᠵᠠᠰᠠᠯᠲᠠ ᠶᠢᠨ ᠰᠢᠰᠲ᠋ᠧᠮ ᠢ ᠪᠠᠶᠢᠭᠤᠯᠬᠤ ᠶᠢ ᠠᠬᠢᠭᠤᠯᠵᠤ᠂ ᠳᠡᠯᠡᠬᠡᠢ ᠶᠢᠨ ᠡᠩᠬᠡ ᠲᠠᠶᠢᠪᠤᠩ ᠪᠣᠯᠣᠨ ᠠᠮᠤᠷ | ᠲᠦᠪᠰᠢᠨ ᠢ ᠬᠠᠮᠠᠭᠠᠯᠠᠵᠤ᠂ ᠬᠠᠮᠲᠤ ᠶᠢᠨ ᠬᠥᠭᠵᠢᠯ ᠴᠡᠴᠡᠭᠯᠡᠯ ᠢ ᠠᠬᠢᠭᠤᠯᠤᠶ᠎ᠠ ᠭᠡᠵᠦ ᠴᠢᠬᠤᠯᠠᠴᠢᠯᠠᠪᠠ᠃ | ᠰᠢ ᠶᠢᠨ ᠫᠢᠩ᠂ ᠳᠤᠮᠳᠠᠳᠤ ᠤᠯᠤᠰ ᠢᠮᠠᠭᠲᠠ ᠡᠸᠦ᠋ᠷᠦᠫᠡ ᠲᠢᠪ ᠤᠨ ᠤᠯᠤᠰ ᠤᠳ ᠤᠨ ᠬᠤᠯᠪᠤᠭ᠎ᠠ ᠶᠢ ᠤᠯᠠᠨ | ᠲᠦᠢᠯᠵᠢᠯᠲᠡ ᠶᠢᠨ ᠳᠡᠯᠡᠬᠡᠢ ᠶᠢᠨ ᠴᠢᠬᠤᠯᠠ ᠨᠢᠭᠡ ᠲᠦᠢᠯ ᠢᠶᠠᠷ ᠦᠵᠡᠵᠦ᠂ ᠡᠸᠦ᠋ᠷᠦᠫᠡ ᠲᠢᠪ ᠤᠨ ᠤᠯᠤᠰ ᠤᠳ ᠤᠨ | ᠬᠤᠯᠪᠤᠭ᠎ᠠ ᠶᠢᠨ ᠪᠦᠯᠬᠦᠮᠳᠡᠨ ᠬᠥᠭᠵᠢᠨ ᠪᠤᠵᠠᠭᠠᠶᠢᠷᠠᠬᠤ ᠶᠢ ᠢᠯᠠ ᠲᠣᠳᠣᠷᠬᠠᠢ ᠪᠠᠷ ᠳᠡᠮᠵᠢᠬᠦ ᠭᠤᠣᠯ ᠪᠤᠯᠬᠤ ᠲᠣᠮᠣ | ᠤᠯᠤᠰ ᠪᠣᠯᠣᠨ᠎ᠠ᠃ ᠣᠳᠣᠬᠠᠨ ᠤ ᠪᠠᠶᠢᠳᠠᠯ ᠳᠣᠣᠷ᠎ᠠ᠂ ᠳᠤᠮᠳᠠᠳᠤ ᠡᠸᠦ᠋ᠷᠦᠫᠡ ᠶᠢᠨ ᠡᠩᠬᠡ ᠲᠠᠶᠢᠪᠤᠩ᠂ ᠨᠡᠮᠡᠭᠳᠡᠯ᠂ | ᠥᠭᠡᠷᠡᠴᠢᠯᠡᠯᠲᠡ᠂ ᠪᠣᠯᠪᠠᠰᠤᠨ ᠵᠡᠷᠭᠡ ᠳᠦᠷᠪᠡᠨ ᠶᠡᠭᠡ ᠬᠠᠨᠢᠲᠠᠨ ᠤ ᠬᠠᠷᠢᠯᠴᠠᠭ᠎ᠠ ᠶᠢ ᠬᠠᠮᠲᠤ ᠪᠠᠷ ᠪᠠᠶᠢᠭᠤᠯᠬᠤ ᠨᠢ | ᠴᠢᠬᠤᠯᠠ ᠠᠬᠤᠶᠢᠴᠢ ᠠᠴᠢ ᠬᠤᠯᠪᠣᠭᠳᠠᠯ ᠲᠠᠢ ᠶᠤᠮ᠃ ᠳᠤᠮᠳᠠᠳᠤ ᠡᠸᠦ᠋ᠷᠦᠫᠡ ᠬᠠᠨᠢᠲᠠᠨ ᠤ ᠪᠠᠶᠢᠷᠢ | ᠲᠣᠭᠲᠠᠭᠠᠯᠲᠠ ᠶᠢ ᠪᠠᠷᠢᠮᠲᠠᠯᠠᠵᠤ᠂ ᠨᠡᠭᠡᠭᠡᠯᠲᠡ ᠬᠢᠵᠦ ᠬᠠᠮᠲᠤᠷᠠᠯᠴᠠᠬᠤ ᠶᠢ ᠪᠠᠷᠢᠮᠲᠠᠯᠠᠪᠠᠯ ᠵᠣᠬᠢᠨ᠎ᠠ᠃ ᠳᠤᠮᠳᠠᠳᠤ | ᠤᠯᠤᠰ ᠳᠤᠷᠠᠲᠠᠶ᠎ᠠ ᠡᠸᠦ᠋ᠷᠦᠫᠡ ᠲᠢᠪ ᠤᠨ ᠬᠢᠨ ᠲᠠᠢ ᠬᠠᠮᠲᠤ ᠪᠠᠷ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 50 | ᠵᠢᠯ ᠢ ᠪᠡᠯᠭᠡᠯᠡᠵᠦ᠂ ᠳᠤᠮᠳᠠᠳᠤ ᠡᠸᠦ᠋ᠷᠦᠫᠡ ᠶᠢᠨ ᠬᠠᠷᠢᠯᠴᠠᠭ᠎ᠠ ᠶᠢᠨ ᠤᠷᠢᠳᠤᠬᠢ ᠶᠢ ᠵᠠᠯᠭᠠᠮᠵᠢᠯᠠᠨ ᠬᠤᠶᠢᠲᠤᠬᠢ ᠳᠤ | ᠵᠠᠮ ᠨᠡᠭᠡᠭᠡᠬᠦ᠂ ᠪᠠᠶᠢᠯᠳᠤᠬᠤ ᠪᠣᠳᠣᠯᠭ᠎ᠠ ᠶᠢᠨ ᠲᠣᠭᠲᠠᠭᠤᠨ ᠪᠣᠯᠣᠨ ᠬᠠᠷᠢᠯᠴᠠᠨ ᠠᠮᠵᠢᠯᠲᠠ ᠣᠯᠬᠤ ᠶᠢ ᠳᠡᠮᠵᠢᠬᠦ | ᠴᠢᠭᠯᠡᠯ ᠲᠡᠶᠢᠰᠢ ᠬᠥᠭᠵᠢᠬᠦ ᠶᠢ ᠠᠬᠢᠭᠤᠯᠵᠤ᠂ ᠳᠤᠮᠳᠠᠳᠤ ᠡᠸᠦ᠋ᠷᠦᠫᠡ ᠶᠢᠨ ᠠᠷᠠᠳ ᠲᠦᠮᠡᠨ ᠪᠣᠯᠣᠨ ᠳᠡᠯᠡᠬᠡᠢ | ᠨᠡᠶᠢᠭᠡᠮ ᠳᠤ ᠨᠡᠩ ᠰᠠᠶᠢᠲᠤᠷ ᠪᠤᠶᠠᠨ ᠦᠢᠯᠡᠳᠦᠨ᠎ᠡ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠪᠣᠭᠤᠮᠲᠠ ᠶᠢᠨ ᠭᠠᠶᠢᠯᠢ ᠶᠢᠨ ᠳᠠᠶᠢᠯᠠᠯᠳᠤᠭᠠᠨ ᠬᠢᠬᠦ ᠳᠤ ᠢᠯᠠᠭᠴᠢ ᠪᠠᠶᠢᠳᠠᠭ ᠦᠭᠡᠢ᠂ ᠳᠡᠯᠡᠬᠡᠢ | ᠳ᠋ᠠᠬᠢᠨ ᠲᠠᠢ ᠡᠰᠡᠷᠭᠦᠴᠡᠯᠳᠦᠪᠡᠯ ᠥᠪᠡᠷ ᠢ ᠪᠠᠨ ᠭᠠᠭᠴᠠᠭᠠᠷᠳᠠᠭᠤᠯᠬᠤ ᠪᠣᠯᠣᠨ᠎ᠠ᠃ 70 ᠭᠠᠷᠤᠢ ᠵᠢᠯ ᠤᠨ ᠲᠤᠷᠰᠢ᠂ | ᠳᠤᠮᠳᠠᠳᠤ ᠤᠯᠤᠰ ᠤᠨ ᠬᠥᠭᠵᠢᠯᠲᠡ ᠢᠮᠠᠭᠲᠠ ᠥᠪᠡᠷ ᠤᠨ ᠬᠦᠴᠦ ᠪᠠᠷ ᠢᠶᠠᠨ ᠳᠡᠭᠵᠢᠷᠡᠬᠦ᠂ ᠲᠡᠰᠪᠦᠷᠢ | ᠬᠠᠲᠠᠭᠤᠵᠢᠯᠲᠠᠢ ᠲᠡᠮᠡᠴᠡᠬᠦ ᠳᠤ ᠲᠦᠰᠢᠭᠯᠡᠵᠦ᠂ ᠶᠡᠷᠦ ᠠᠴᠠ ᠬᠡᠨ ᠨᠢᠭᠡᠨ ᠤ ᠬᠢᠨᠢ ᠥᠷᠥᠰᠢᠶᠡᠯ ᠰᠣᠶᠣᠷᠬᠠᠯ ᠳᠤ | ᠲᠦᠰᠢᠭᠯᠡᠭᠰᠡᠨ ᠪᠢᠰᠢ᠂ ᠨᠡᠩ ᠴᠤ ᠶᠠᠮᠠᠷᠪᠠ ᠶᠣᠰᠣ ᠪᠤᠰᠤ ᠳᠠᠷᠤᠯᠲᠠ ᠶᠢᠨ ᠡᠮᠦᠨ᠎ᠡ ᠰᠦᠷᠳᠡᠭᠰᠡᠨ ᠦᠭᠡᠢ ᠶᠤᠮ᠃ | ᠭᠠᠳᠠᠭᠠᠳᠤ ᠣᠷᠴᠢᠨ ᠶᠠᠭᠠᠬᠢᠵᠤ ᠬᠤᠪᠢᠷᠠᠭᠰᠠᠨ ᠴᠤ᠂ ᠳᠤᠮᠳᠠᠳᠤ ᠤᠯᠤᠰ ᠢᠲᠡᠭᠡᠯ ᠵᠣᠷᠢᠭ ᠢᠶᠠᠨ | ᠪᠠᠲᠤᠳᠬᠠᠵᠤ᠂ ᠲᠣᠭᠲᠠᠯ ᠬᠦᠴᠦᠨ ᠢᠶᠠᠨ ᠪᠠᠲᠤᠯᠠᠵᠤ᠂ ᠤᠶᠤᠨ ᠴᠢᠳᠠᠯ ᠢᠶᠠᠨ ᠲᠥᠪᠯᠡᠷᠡᠭᠦᠯᠦᠨ ᠥᠪᠡᠷ ᠤᠨ | ᠶᠠᠪᠤᠳᠠᠯ ᠢᠶᠠᠨ ᠰᠠᠶᠢᠲᠤᠷ ᠬᠢᠨ᠎ᠡ᠃ ᠳᠤᠮᠳᠠᠳᠤ ᠤᠯᠤᠰ ᠪᠣᠯᠣᠨ ᠡᠸᠦ᠋ᠷᠦᠫᠡ ᠲᠢᠪ ᠤᠨ ᠤᠯᠤᠰ ᠤᠳ ᠤᠨ ᠬᠤᠯᠪᠤᠭ᠎ᠠ | ᠪᠣᠯ ᠴᠥᠮ ᠳᠡᠯᠡᠬᠡᠢ ᠶᠢᠨ ᠭᠤᠣᠯ ᠪᠤᠯᠬᠤ ᠠᠵᠤ ᠠᠬᠤᠢ ᠶᠢᠨ ᠴᠣᠭᠴᠠ ᠮᠥᠨ᠂ ᠴᠥᠮ ᠠᠵᠤ ᠠᠬᠤᠢ ᠶᠢᠨ | ᠳᠡᠯᠡᠬᠡᠶᠢᠵᠢᠯᠲᠡ ᠪᠣᠯᠣᠨ ᠴᠢᠯᠦᠭᠡᠲᠦ ᠠᠷᠠᠯᠵᠢᠶᠠᠨ ᠤ ᠡᠷᠡᠰ ᠳᠡᠮᠵᠢᠭᠴᠢ ᠮᠥᠨ᠂ ᠬᠤᠶᠠᠷ ᠲᠠᠯ᠎ᠠ ᠶᠢᠨ ᠠᠵᠤ | ᠠᠬᠤᠢ ᠶᠢᠨ ᠶᠡᠷᠦᠩᠬᠡᠢ ᠬᠡᠮᠵᠢᠶ᠎ᠡ ᠳᠡᠯᠡᠬᠡᠢ ᠶᠢᠨ ᠠᠵᠤ ᠠᠬᠤᠢ ᠶᠢᠨ ᠶᠡᠷᠦᠩᠬᠡᠢ ᠬᠡᠮᠵᠢᠶᠡᠨ ᠤ ᠭᠤᠷᠪᠠᠨ ᠤ ᠨᠢᠭᠡ ᠶᠢ | ᠳᠠᠪᠠᠵᠤ᠂ ᠨᠢᠭᠡᠨᠲᠡ ᠠᠵᠤ ᠠᠬᠤᠢ ᠶᠢᠨ ᠬᠠᠮᠲᠤ ᠣᠷᠣᠰᠢᠬᠤ ᠨᠢᠭᠲᠠ ᠬᠠᠷᠢᠯᠴᠠᠭ᠎ᠠ ᠶᠢ ᠪᠦᠷᠢᠯᠳᠦᠭᠦᠯᠪᠡ᠃ | ᠳᠤᠮᠳᠠᠳᠤ ᠡᠸᠦ᠋ᠷᠦᠫᠡ ᠤᠯᠠᠨ ᠤᠯᠤᠰ ᠤᠨ ᠬᠠᠷᠢᠭᠤᠴᠠᠯᠭ᠎ᠠ ᠪᠠᠨ ᠭᠦᠢᠴᠡᠳᠬᠡᠵᠦ᠂ ᠠᠵᠤ ᠠᠬᠤᠢ ᠶᠢᠨ | ᠳᠡᠯᠡᠬᠡᠶᠢᠵᠢᠯᠲᠡ ᠶᠢᠨ ᠤᠷᠤᠰᠬᠠᠯ ᠪᠣᠯᠣᠨ ᠤᠯᠠᠨ ᠤᠯᠤᠰ ᠤᠨ ᠠᠷᠠᠯᠵᠢᠶᠠᠨ ᠤ ᠣᠷᠴᠢᠨ ᠢ ᠬᠠᠮᠲᠤ ᠪᠠᠷ ᠬᠠᠮᠠᠭᠠᠯᠠᠵᠤ᠂ | ᠭᠠᠭᠴᠠ ᠲᠠᠯ᠎ᠠ ᠶᠢᠨ ᠡᠵᠡᠷᠬᠡᠭ ᠠᠵᠢᠯᠯᠠᠭ᠎ᠠ ᠶᠢ ᠬᠠᠮᠲᠤ ᠪᠠᠷ ᠡᠰᠡᠷᠭᠦᠴᠡᠵᠦ᠂ ᠥᠪᠡᠷ ᠤᠨ ᠵᠦᠢ ᠶᠣᠰᠣᠨ ᠤ ᠡᠷᠬᠡ | ᠠᠰᠢᠭ ᠢᠶᠠᠨ ᠬᠠᠮᠠᠭᠠᠯᠠᠬᠤ ᠪᠠᠷ ᠪᠠᠷᠠᠬᠤ ᠦᠭᠡᠢ ᠪᠠᠰᠠ ᠤᠯᠠᠨ ᠤᠯᠤᠰ ᠤᠨ ᠲᠥᠪ ᠭᠤᠣᠯᠴᠢ ᠰᠢᠳᠤᠷᠭᠤ ᠶᠣᠰᠣ ᠶᠢ | ᠬᠠᠮᠠᠭᠠᠯᠠᠵᠤ᠂ ᠤᠯᠠᠨ ᠤᠯᠤᠰ ᠤᠨ ᠳᠦᠷᠢᠮ ᠪᠣᠯᠣᠨ ᠡᠮᠬᠢ ᠳᠢᠭᠯᠢᠮ ᠢ ᠬᠠᠮᠠᠭᠠᠯᠠᠪᠠᠯ ᠵᠣᠬᠢᠨ᠎ᠠ ᠭᠡᠵᠦ | ᠴᠢᠬᠤᠯᠠᠴᠢᠯᠠᠪᠠ᠃ | ᠰᠠᠩᠴᠢᠶᠧᠰ᠂ ᠢᠰᠫᠠᠨᠢ ᠪᠣᠯᠣᠨ ᠳᠤᠮᠳᠠᠳᠤ ᠤᠯᠤᠰ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ | ᠬᠠᠨᠢᠲᠠᠨ ᠤ ᠬᠠᠷᠢᠯᠴᠠᠭ᠎ᠠ ᠪᠠᠶᠢᠭᠤᠯᠤᠭᠰᠠᠨ 20 ᠵᠢᠯ ᠤᠨ ᠲᠤᠷᠰᠢ᠂ ᠢᠮᠠᠭᠲᠠ ᠬᠠᠷᠢᠯᠴᠠᠨ ᠭᠦᠨᠳᠦᠳᠭᠡᠵᠦ᠂ | ᠨᠥᠭᠦᠷᠰᠡᠭ ᠢᠶᠠᠷ ᠬᠠᠮᠲᠤᠷᠠᠯᠴᠠᠵᠤ᠂ ᠬᠤᠶᠠᠷ ᠤᠯᠤᠰ ᠤᠨ ᠬᠠᠷᠢᠯᠴᠠᠭ᠎ᠠ ᠲᠠᠰᠤᠷᠠᠯᠳᠠ ᠦᠭᠡᠢ ᠭᠦᠨᠵᠡᠭᠡᠶᠢᠷᠡᠨ | ᠬᠥᠭᠵᠢᠪᠡ᠃ ᠲᠡᠷᠢᠭᠦᠯᠡᠭᠴᠢ ᠰᠢ ᠶᠢᠨ ᠫᠢᠩ ᠤᠨ ᠤᠳᠤᠷᠢᠳᠤᠯᠭ᠎ᠠ ᠳᠣᠣᠷ᠎ᠠ᠂ ᠳᠤᠮᠳᠠᠳᠤ ᠤᠯᠤᠰ ᠬᠥᠭᠵᠢᠯᠲᠡ ᠶᠢᠨ | ᠲᠠᠯ᠎ᠠ ᠪᠠᠷ ᠭᠠᠷᠮᠠᠭᠠᠢ ᠠᠮᠵᠢᠯᠲᠠ ᠣᠯᠵᠤ᠂ ᠳᠡᠯᠡᠬᠡᠢ ᠶᠢᠨ ᠬᠥᠭᠵᠢᠯ ᠴᠡᠴᠡᠭᠯᠡᠯ ᠲᠣᠭᠲᠠᠭᠤᠨ ᠳᠤ ᠴᠢᠬᠤᠯᠠ ᠶᠡᠭᠡ | ᠬᠤᠪᠢ ᠨᠡᠮᠡᠷᠢ ᠦᠵᠡᠭᠦᠯᠪᠡ᠃ ᠢᠰᠫᠠᠨᠢ ᠳᠤᠮᠳᠠᠳᠤ ᠤᠯᠤᠰ ᠯᠤᠭ᠎ᠠ ᠶᠢᠨ ᠬᠠᠷᠢᠯᠴᠠᠭ᠎ᠠ ᠶᠢ ᠴᠢᠬᠤᠯᠠᠴᠢᠯᠠᠵᠤ᠂ ᠨᠢᠭᠡ | ᠳᠤᠮᠳᠠᠳᠤ ᠤᠯᠤᠰ ᠪᠠᠶᠢᠬᠤ ᠲᠦᠷᠦ ᠶᠢᠨ ᠪᠣᠳᠣᠯᠭ᠎ᠠ ᠶᠢ ᠡᠷᠡᠰ ᠭᠤᠶᠢᠪᠢᠰᠢ ᠦᠭᠡᠢ ᠬᠡᠷᠡᠭᠵᠢᠭᠦᠯᠵᠦ᠂ ᠳᠤᠷᠠᠲᠠᠶ᠎ᠠ | ᠳᠤᠮᠳᠠᠳᠤ ᠤᠯᠤᠰ ᠯᠤᠭ᠎ᠠ ᠳᠡᠭᠡᠳᠦ ᠳᠠᠪᠬᠤᠷᠭ᠎ᠠ ᠶᠢᠨ ᠶᠠᠪᠤᠯᠴᠠᠭ᠎ᠠ ᠪᠠᠨ ᠪᠠᠲᠤᠯᠠᠵᠤ᠂ ᠠᠷᠠᠯᠵᠢᠶ᠎ᠠ᠂ ᠪᠡᠯᠡ | ᠣᠷᠣᠭᠤᠯᠤᠯᠲᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ᠂ ᠪᠣᠬᠢᠷᠳᠤᠯ ᠦᠭᠡᠢ ᠡᠨᠧᠷᠭᠢ | ᠵᠡᠷᠭᠡ ᠬᠦᠷᠢᠶᠡᠨ ᠳᠠᠬᠢ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠰᠤᠷᠭᠠᠨ ᠬᠥᠮᠦᠵᠢᠯ᠂ | ᠰᠣᠶᠣᠯ᠂ ᠵᠢᠭᠤᠯᠴᠢᠯᠠᠯ ᠤᠨ ᠬᠦᠷᠢᠶᠡᠨ ᠳᠠᠬᠢ ᠰᠣᠯᠢᠯᠴᠠᠭ᠎ᠠ ᠪᠠᠨ ᠴᠢᠩᠭᠠᠳᠬᠠᠵᠤ᠂ ᠬᠤᠶᠠᠷ ᠤᠯᠤᠰ ᠤᠨ | ᠬᠠᠷᠢᠯᠴᠠᠭ᠎ᠠ ᠶᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠤᠨ᠎ᠠ᠃ ᠳᠤᠮᠳᠠᠳᠤ ᠤᠯᠤᠰ ᠪᠣᠯ ᠡᠸᠦ᠋ᠷᠦᠫᠡ ᠲᠢᠪ ᠤᠨ | ᠤᠯᠤᠰ ᠤᠳ ᠤᠨ ᠬᠤᠯᠪᠤᠭ᠎ᠠ ᠶᠢᠨ ᠴᠢᠬᠤᠯᠠ ᠬᠠᠮᠲᠤᠷᠠᠯᠴᠠᠭᠠᠨ ᠤ ᠬᠠᠨᠢᠲᠠᠨ ᠮᠥᠨ᠂ ᠢᠰᠫᠠᠨᠢ ᠢᠮᠠᠭᠲᠠ ᠡᠸᠦ᠋ᠷᠦᠫᠡ | ᠳᠤᠮᠳᠠᠳᠤ ᠶᠢᠨ ᠬᠠᠷᠢᠯᠴᠠᠭ᠎ᠠ ᠶᠢᠨ ᠲᠣᠭᠲᠠᠭᠤᠨ ᠬᠥᠭᠵᠢᠯᠲᠡ ᠶᠢ ᠳᠡᠮᠵᠢᠨ᠎ᠠ᠃ ᠡᠸᠦ᠋ᠷᠦᠫᠡ ᠲᠢᠪ ᠤᠨ | ᠤᠯᠤᠰ ᠤᠳ ᠤᠨ ᠬᠤᠯᠪᠤᠭ᠎ᠠ ᠶᠢᠨ ᠬᠢᠨ ᠨᠡᠭᠡᠭᠡᠯᠲᠡᠲᠤ ᠴᠢᠯᠦᠭᠡᠲᠦ ᠠᠷᠠᠯᠵᠢᠶ᠎ᠠ ᠶᠢ ᠪᠠᠷᠢᠮᠲᠠᠯᠠᠵᠤ᠂ ᠤᠯᠠᠨ ᠲᠠᠯᠠᠲᠤ | ᠦᠵᠡᠯ ᠢ ᠬᠠᠮᠠᠭᠠᠯᠠᠬᠤ ᠪᠠᠷ ᠴᠢᠷᠮᠠᠶᠢᠵᠤ᠂ ᠭᠠᠭᠴᠠ ᠲᠠᠯ᠎ᠠ ᠠᠴᠠ ᠪᠣᠭᠤᠮᠲᠠ ᠶᠢᠨ ᠭᠠᠶᠢᠯᠢ ᠨᠡᠮᠡᠵᠦ ᠲᠠᠲᠠᠪᠤᠷᠢᠯᠠᠬᠤ ᠶᠢ | ᠡᠰᠡᠷᠭᠦᠴᠡᠨ᠎ᠡ᠃ ᠠᠷᠠᠯᠵᠢᠶᠠᠨ ᠤ ᠳᠠᠶᠢᠨ ᠳᠤ ᠢᠯᠠᠭᠴᠢ ᠭᠡᠵᠦ ᠪᠠᠶᠢᠳᠠᠭ ᠦᠭᠡᠢ᠃ ᠨᠠᠷᠢᠨ ᠪᠤᠳᠤᠯᠢᠶᠠᠨᠲᠠᠢ ᠬᠦᠨᠳᠦ | ᠨᠣᠴᠢᠲᠠᠢ ᠳᠡᠯᠡᠬᠡᠢ ᠶᠢᠨ ᠪᠠᠶᠢᠳᠠᠯ ᠤᠨ ᠡᠮᠦᠨ᠎ᠡ᠂ ᠢᠰᠫᠠᠨᠢ ᠪᠣᠯᠣᠨ ᠡᠸᠦ᠋ᠷᠦᠫᠡ ᠲᠢᠪ ᠤᠨ ᠤᠯᠤᠰ ᠤᠳ ᠤᠨ | ᠬᠤᠯᠪᠤᠭ᠎ᠠ ᠳᠤᠷᠠᠲᠠᠶ᠎ᠠ ᠳᠤᠮᠳᠠᠳᠤ ᠤᠯᠤᠰ ᠯᠤᠭ᠎ᠠ ᠣᠯᠣᠯᠴᠠᠭ᠎ᠠ ᠬᠠᠮᠵᠢᠯᠴᠠᠭ᠎ᠠ ᠪᠠᠨ ᠴᠢᠩᠭᠠᠳᠬᠠᠵᠤ᠂ ᠤᠯᠠᠨ | ᠤᠯᠤᠰ ᠤᠨ ᠠᠷᠠᠯᠵᠢᠶᠠᠨ ᠤ ᠡᠮᠬᠢ ᠳᠢᠭᠯᠢᠮ ᠢ ᠬᠠᠮᠠᠭᠠᠯᠠᠵᠤ᠂ ᠠᠭᠤᠷ ᠠᠮᠢᠰᠬᠤᠯ ᠤᠨ ᠬᠤᠪᠢᠷᠠᠯᠲᠠ᠂ ᠶᠠᠳᠠᠭᠤ | ᠬᠦᠴᠢᠷᠳᠡᠯ ᠵᠡᠷᠭᠡ ᠥᠷᠢᠰᠦᠯᠳᠦᠭᠡᠨ ᠢ ᠭᠠᠷ ᠬᠤᠯᠪᠣᠯᠴᠠᠨ ᠠᠷᠭᠠᠴᠠᠭᠠᠵᠤ᠂ ᠳᠡᠯᠡᠬᠡᠢ ᠨᠡᠶᠢᠭᠡᠮ ᠤᠨ ᠬᠠᠮᠲᠤ ᠶᠢᠨ | ᠠᠰᠢᠭ ᠲᠤᠰᠠ ᠶᠢ ᠬᠠᠮᠠᠭᠠᠯᠠᠨ᠎ᠠ ᠭᠡᠵᠦ ᠢᠯᠡᠳᠬᠡᠪᠡ᠃ | ᠬᠤᠶᠠᠷ ᠲᠠᠯ᠎ᠠ ᠪᠠᠷ ᠢᠶᠠᠨ ᠪᠠᠰᠠ ᠦᠺᠷᠠᠶᠢᠨ ᠤ ᠬᠢᠮᠤᠷᠠᠯ ᠵᠡᠷᠭᠡ ᠠᠰᠠᠭᠤᠳᠠᠯ ᠤᠨ ᠲᠤᠬᠠᠢ ᠰᠠᠨᠠᠯ ᠢᠶᠠᠨ | ᠰᠣᠯᠢᠯᠴᠠᠪᠠ᠃ | ᠸᠠᠩ ᠢ ᠠᠭᠤᠯᠵᠠᠯᠲᠠ ᠳᠤ ᠣᠷᠣᠯᠴᠠᠵᠠᠢ᠃ |