ᠦᠪᠡᠷᠳᠡᠬᠡᠨ ᠲᠡᠷᠭᠡ ᠵᠢᠯᠣᠭᠤᠳᠴᠤ ᠪᠣᠭᠤᠮᠲᠠ ᠪᠠᠷ ᠥᠩᠭᠡᠷᠡᠬᠦ ᠳᠤ ᠨᠠᠩ ᠳᠥᠭᠦᠮ ᠳᠥᠲᠡ ᠪᠣᠯᠵᠣ᠂ ᠴᠡᠭᠡ ᠪᠣᠭᠤᠮᠲᠠ 8 ᠰᠠᠭᠤᠳᠠᠯ ᠠᠴᠠ ᠳᠣᠷᠣᠭᠰᠢᠬᠢ ᠵᠢᠵᠢᠭ ᠬᠡᠯᠪᠡᠷᠢ ᠶᠢᠨ ᠮᠠᠰᠢᠨ ᠲᠡᠷᠭᠡ ᠪᠣᠭᠤᠮᠲᠠ ᠪᠠᠷ ᠥᠩᠭᠡᠷᠡᠬᠦ ᠶᠢ ᠲᠣᠭᠲᠠᠭᠤᠨ ᠢᠶᠠᠷ ᠳᠡᠭᠡᠭᠰᠢᠯᠡᠭᠦᠯᠪᠡ
ᠨᠡᠶᠢᠲᠡᠯᠡᠭᠰᠡᠨ ᠴᠠᠭ᠄
2025/4/15
    ᠰᠤᠷᠪᠤᠯᠵᠢᠯᠠᠭᠴᠢ ᠴᠡᠭᠡ ᠪᠣᠭᠤᠮᠲᠠ ᠶᠢᠨ ᠠᠵᠤ ᠠᠬᠤᠶ ᠶᠢᠨ ᠨᠡᠭᠡᠭᠡᠯᠲᠡ ᠶᠢᠨ ᠣᠷᠣᠨ ᠤ ᠪᠣᠭᠤᠮᠲᠠ ᠶᠢᠨ ᠬᠡᠷᠡᠭ ᠶᠠᠪᠤᠳᠠᠯ ᠤᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ 3 ᠰᠠᠷ᠎ᠠ ᠶᠢᠨ 31  ᠤ ᠡᠳᠦᠷ ᠪᠣᠯᠲᠠᠯ᠎ᠠ᠂ ᠴᠡᠭᠡ ᠪᠣᠭᠤᠮᠲᠠ 8 ᠰᠠᠭᠤᠳᠠᠯ ᠠᠴᠠ ᠳᠣᠷᠣᠭᠰᠢᠬᠢ ᠵᠢᠵᠢᠭ ᠬᠡᠯᠪᠡᠷᠢ ᠶᠢᠨ ᠮᠠᠰᠢᠨ ᠲᠡᠷᠭᠡ 1613ᠤᠳᠠᠭ᠎ᠠ 8696 ᠬᠥᠮᠦᠨ ᠤᠳᠠᠭ᠎ᠠ ᠪᠣᠭᠤᠮᠲᠠ ᠪᠠᠷ ᠥᠩᠭᠡᠷᠡᠵᠦ᠂ ᠣᠷᠣᠨ ᠪᠦᠰᠡ ᠶᠢᠨ ᠠᠵᠤ ᠠᠬᠤᠶ ᠪᠠ ᠵᠢᠭᠤᠯᠴᠢᠯᠠᠯ ᠤᠨ ᠬᠥᠭᠵᠢᠯᠲᠡ ᠳᠤ ᠠᠮᠢᠵᠢᠷᠠᠯ ᠤᠨ ᠬᠦᠴᠦᠨ ᠨᠡᠮᠡᠷᠢᠯᠡᠪᠡ᠃    2024 ᠣᠨ ᠤ 3 ᠰᠠᠷ᠎ᠠ ᠶᠢᠨ 20  ᠤ ᠡᠳᠦᠷ 8 ᠰᠠᠭᠤᠳᠠᠯ ᠠᠴᠠ ᠳᠣᠷᠣᠭᠰᠢᠬᠢ ᠪᠠᠭ᠎ᠠ ᠬᠡᠯᠪᠡᠷᠢ ᠶᠢᠨ ᠮᠠᠰᠢᠨ ᠲᠡᠷᠭᠡ ᠨᠡᠪᠲᠡᠷᠡᠭᠰᠡᠨ ᠠᠴᠠ ᠨᠠᠭᠠᠰᠢ᠂ ᠴᠡᠭᠡ ᠪᠣᠭᠤᠮᠲᠠ ᠪᠦᠬᠦ ᠵᠢᠯ ᠳᠤ 8 ᠰᠠᠭᠤᠳᠠᠯ ᠠᠴᠠ ᠳᠣᠷᠣᠭᠰᠢᠬᠢ ᠪᠠᠭ᠎ᠠ ᠬᠡᠯᠪᠡᠷᠢ ᠶᠢᠨ ᠮᠠᠰᠢᠨ ᠲᠡᠷᠭᠡ 4441 ᠤᠳᠠᠭ᠎ᠠ᠂ ᠬᠢᠯᠢ ᠶᠢᠨ ᠠᠷᠠᠳ ᠪᠣᠯᠤᠨ ᠠᠶᠠᠨᠴᠢᠳ 20873 ᠬᠥᠮᠦᠨ ᠤᠳᠠᠭ᠎ᠠ ᠶᠢ ᠥᠩᠭᠡᠷᠡᠭᠦᠯᠵᠡᠢ᠃    ᠪᠠᠭ᠎ᠠ ᠬᠡᠯᠪᠡᠷᠢ ᠶᠢᠨ ᠮᠠᠰᠢᠨ ᠲᠡᠷᠭᠡ ᠶᠢᠨ ᠪᠣᠭᠤᠮᠲᠠ ᠪᠠᠷ ᠰᠠᠭᠠᠳ ᠥᠬᠡᠶ ᠥᠩᠭᠡᠷᠡᠬᠦ ᠂ ᠬᠢᠯᠢ ᠶᠢᠨ ᠳᠣᠲᠣᠷ᠎ᠠ ᠨᠡᠪᠲᠡᠷᠡᠬᠦ ᠳᠤ ᠠᠮᠤᠷ ᠲᠦᠪᠰᠢᠨ ᠡᠮᠬᠢ ᠵᠢᠷᠤᠮ ᠲᠠᠢ ᠪᠠᠶᠢᠬᠤ ᠶᠢ ᠦᠨᠡᠨ ᠬᠦ ᠪᠠᠲᠤᠯᠠᠬᠤ ᠶᠢᠨ ᠲᠥᠯᠥᠭᠡ᠂ ᠴᠡᠭᠡ ᠪᠣᠭᠤᠮᠲᠠ ᠨᠢ ᠪᠣᠭᠤᠮᠲᠠ᠂ ᠬᠢᠯᠢ ᠶᠢᠨ ᠪᠠᠶᠢᠴᠠᠭᠠᠯᠲᠠ᠂ ᠳᠣᠲᠣᠭᠠᠳᠤ ᠶᠢ ᠬᠠᠮᠠᠭᠠᠯᠠᠬᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠬᠠᠤᠯᠢ ᠬᠡᠷᠡᠭᠵᠢᠭᠦᠯᠬᠦ ᠵᠡᠷᠭᠡ ᠰᠠᠯᠠᠭ᠎ᠠ ᠮᠥᠴᠢᠷ ᠯᠦᠭᠡ ᠬᠦᠴᠦ ᠪᠠᠨ ᠬᠠᠮᠲᠤᠳᠬᠠᠨ ᠬᠠᠮᠵᠢᠯᠴᠠᠬᠤ ᠶᠢ ᠦᠷᠭᠦᠯᠵᠢᠯᠡᠨ ᠴᠢᠩᠭᠠᠳᠬᠠᠵᠤ᠂ ᠮᠣᠩᠭᠤᠯ ᠤᠯᠤᠰ ᠤᠨ ᠰᠢᠪᠡᠭᠡ ᠬᠦᠷᠢᠶ᠎ᠡ ᠪᠣᠭᠤᠮᠲᠠ ᠶᠢᠨ ᠬᠠᠮᠢᠶ᠎ᠠ ᠪᠥᠬᠦᠶ ᠰᠠᠯᠠᠭ᠎ᠠ ᠮᠥᠴᠢᠷ ᠯᠦᠭᠡ ᠢᠳᠡᠪᠬᠢᠲᠡᠶ ᠪᠠᠷ ᠨᠡᠪᠲᠡᠷᠡᠯᠴᠡᠨ ᠵᠣᠬᠢᠴᠠᠭᠤᠯᠵᠤ᠂ ᠪᠣᠭᠤᠮᠲᠠ ᠪᠠᠷ ᠥᠩᠭᠡᠷᠡᠬᠦ ᠴᠤᠪᠤᠷᠠᠯ ᠢ ᠲᠠᠰᠤᠷᠠᠯᠲᠠ ᠥᠬᠡᠶ ᠰᠢᠯᠢᠳᠡᠭᠵᠢᠭᠦᠯᠦᠨ᠂ ᠬᠠᠮᠢᠶ᠎ᠠ ᠪᠥᠬᠦᠶ ᠭᠠᠷ ᠬᠦᠢᠴᠡᠳᠬᠡᠯ ᠢ ᠳᠥᠭᠦᠮᠴᠢᠯᠡᠪᠡ᠃ ᠵᠢᠵᠢᠭ ᠬᠡᠯᠪᠡᠷᠢ ᠶᠢᠨ ᠮᠠᠰᠢᠨ ᠲᠡᠷᠭᠡ ᠨᠡᠪᠲᠡᠷᠡᠭᠰᠡᠨ ᠨᠢ ᠳᠤᠮᠳᠠᠳᠤ ᠮᠣᠩᠭᠤᠯ ᠬᠤᠶᠠᠷ ᠲᠠᠯ᠎ᠠ ᠶᠢᠨ ᠲᠠᠸᠠᠷ ᠤᠨ ᠭᠦᠢᠯᠭᠡᠭᠡ ᠪᠠ ᠠᠷᠠᠯᠵᠢᠶᠠᠨ ᠤ ᠶᠠᠪᠤᠯᠴᠠᠭ᠎ᠠ ᠶᠢ ᠤᠯᠠᠮ ᠨᠢᠭᠡ ᠠᠯᠬᠤᠮ ᠠᠬᠢᠭᠤᠯᠵᠤ᠂ ᠬᠤᠶᠠᠷ ᠲᠠᠯ᠎ᠠ ᠶᠢᠨ ᠵᠢᠭᠤᠯᠴᠢᠯᠠᠯ᠂ ᠢᠳᠡᠭᠡᠨ ᠤᠮᠳᠠᠭᠠᠨ᠂ ᠬᠤᠨᠤᠭ ᠪᠠᠭᠤᠳᠠᠯ ᠵᠡᠷᠭᠡ ᠠᠵᠢᠯ ᠲᠥᠷᠥᠯ ᠤᠨ ᠬᠥᠭᠵᠢᠯᠲᠡ ᠶᠢ ᠬᠦᠴᠦᠲᠡᠶ ᠳᠠᠶᠢᠴᠢᠯᠠᠨ᠂ ᠬᠢᠯᠢ ᠶᠢᠨ ᠠᠷᠠᠳ ᠤᠨ ᠠᠮᠢᠳᠤᠷᠠᠯ ᠤᠨ ᠬᠢᠷᠢ ᠲᠦᠪᠰᠢᠨ ᠢᠯᠡᠳᠲᠡ ᠳᠡᠭᠡᠭᠰᠢᠯᠡᠪᠡ᠃
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号