ᠣᠶᠢᠷ᠎ᠠ ᠶᠢᠨ ᠡᠳᠦᠷ᠂ ᠮᠣᠩᠭᠤᠯ ᠤᠯᠤᠰ ᠤᠨ ᠨᠡᠭᠦᠷᠡᠰᠦ ᠶᠢ ᠳᠦᠭᠦᠷᠲᠡᠯ᠎ᠡ ᠲᠡᠭᠡᠭᠡᠭᠰᠡᠨ ᠡᠴᠦᠰ ᠤᠨ ᠨᠢᠭᠡ | ᠠᠴᠢᠶᠠᠨ ᠤ ᠮᠠᠰᠢᠨ ᠬᠢᠨᠠᠯᠲᠠ ᠬᠠᠮᠢᠶᠠᠷᠤᠯᠲᠠ ᠶᠢᠨ ᠣᠷᠣᠨ ᠳᠤ ᠠᠯᠭᠤᠷ ᠢᠶᠠᠷ ᠣᠷᠣᠬᠤ ᠶᠢ ᠳᠠᠭᠠᠯᠳᠤᠨ᠂ ᠴᠡᠭᠡ | ᠪᠣᠭᠤᠮᠲᠠ 2025 ᠣᠨ ᠤ ᠠᠩᠬᠠᠨ ᠤ ᠤᠯᠠᠷᠢᠯ ᠤᠨ ︽ᠬᠢᠷᠢ ᠪᠦᠲᠦᠮᠵᠢ ᠶᠢᠨ ᠬᠠᠭᠤᠳᠠᠰᠤ︾ ᠨᠡᠶᠢᠲᠡᠯᠡᠭᠳᠡᠪᠡ᠃ | ᠡᠨᠡ ᠡᠳᠦᠷ ᠪᠣᠯᠲᠠᠯ᠎ᠠ᠂ ᠴᠡᠭᠡ ᠪᠣᠭᠤᠮᠲᠠ ᠪᠠᠷ ᠨᠡᠪᠲᠡᠷᠡᠭᠰᠡᠨ ᠪᠠᠷᠠᠭᠠᠨ ᠤ ᠬᠡᠮᠵᠢᠶ᠎ᠡ ᠨᠡᠶᠢᠲᠡ 501.12 ᠲᠦᠮᠡᠨ | ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2.7% ᠪᠠᠷ ᠨᠡᠮᠡᠭᠳᠡᠨ᠂ 500 ᠲᠦᠮᠡᠨ ᠲᠣᠨ ᠤ ᠶᠡᠭᠡ | ᠪᠣᠭᠤᠮᠲᠠ ᠶᠢ ᠰᠢᠪᠲᠤᠯᠪᠠ᠃ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠠᠷᠠᠯᠵᠢᠶᠠᠨ ᠤ ᠲᠤᠭ᠎ᠠ 20.19 | ᠳ᠋ᠦᠩᠰᠢᠭᠤᠷ ᠲᠥᠭᠦᠷᠢᠭ ᠲᠤ ᠬᠦᠷᠴᠦ᠂ ᠬᠢᠯᠢ ᠪᠠᠷ ᠭᠠᠷᠴᠤ ᠣᠷᠣᠬᠤ ᠲᠡᠷᠭᠡ 6.8 ᠲᠦᠮᠡᠨ ᠤᠳᠠᠭ᠎ᠠ᠂ 7.76 | ᠲᠦᠮᠡᠨ ᠬᠥᠮᠦᠨ ᠤᠳᠠᠭ᠎ᠠ ᠳᠤ ᠬᠦᠷᠴᠦ᠂ ᠡᠯ᠎ᠡ ᠵᠦᠢᠯ ᠤᠨ ᠲᠤᠭ᠎ᠠ ᠪᠠᠷᠢᠮᠲᠠ ᠴᠥᠮ ᠲᠣᠭᠲᠠᠭᠤᠨ ᠢᠶᠠᠷ ᠨᠡᠮᠡᠭᠳᠡᠬᠦ | ᠬᠠᠨᠳᠤᠰᠢ ᠲᠠᠢ ᠪᠣᠯᠵᠣ᠂ ᠪᠥᠬᠦ ᠵᠢᠯ ᠤᠨ ᠪᠣᠭᠤᠮᠲᠠ ᠶᠢᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠪᠠᠲᠤ | ᠪᠠᠬᠢ ᠰᠠᠭᠤᠷᠢ ᠶᠢ ᠲᠠᠯᠪᠢᠪᠠ᠃ | ᠳᠤᠮᠳᠠᠳᠤ ᠮᠣᠩᠭᠤᠯ ᠤᠨ ᠬᠢᠯᠢ ᠶᠢᠨ ᠴᠢᠬᠤᠯᠠ ᠬᠠᠭᠤᠷᠠᠶ ᠵᠠᠮ ᠤᠨ ᠪᠣᠭᠤᠮᠲᠠ ᠪᠣᠯᠤᠭᠰᠠᠨ ᠤ ᠬᠤᠪᠢ ᠳᠤ᠂ | ᠴᠡᠭᠡ ᠪᠣᠭᠤᠮᠲᠠ ᠨᠢ ᠣᠷᠣᠨ ᠪᠠᠶᠢᠷᠢ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ︽ᠪᠣᠭᠤᠮᠲᠠ ᠪᠠᠷ | ᠥᠩᠭᠡᠷᠡᠬᠦ ᠶᠢ ᠪᠠᠲᠤᠯᠠᠬᠤ᠂ ᠦᠷ᠎ᠡ ᠪᠦᠲᠦᠮᠵᠢ ᠶᠢ ᠳᠡᠭᠡᠭᠰᠢᠯᠡᠭᠦᠯᠬᠦ᠂ ᠨᠡᠮᠡᠭᠳᠡᠯ ᠤᠨ ᠬᠡᠮᠵᠢᠶ᠎ᠡ ᠶᠢ ᠥᠷᠭᠡᠳᠬᠡᠬᠦ︾ | ᠬᠠᠷᠠᠯᠲᠠ ᠶᠢᠨ ᠲᠣᠭᠤᠷᠢᠨ ᠳᠤ᠂ ᠪᠣᠭᠤᠮᠲᠠ᠂ ᠬᠢᠯᠢ ᠶᠢᠨ ᠪᠠᠶᠢᠴᠠᠭᠠᠯᠲᠠ ᠵᠢᠴᠢ ᠮᠣᠩᠭᠤᠯ ᠤᠨ ᠲᠠᠯ᠎ᠠ ᠶᠢᠨ | ᠬᠤᠯᠪᠣᠭᠠᠯᠠᠨ ᠪᠠᠶᠢᠴᠠᠭᠠᠬᠤ ᠨᠢᠭᠡᠴᠡ ᠲᠠᠢ ᠪᠠᠶᠢᠩᠭᠤᠵᠢᠭᠰᠠᠨ ᠬᠠᠮᠵᠢᠯᠴᠠᠬᠤ ᠲᠣᠭᠲᠠᠴᠠ ᠶᠢ ᠪᠠᠶᠢᠭᠤᠯᠤᠨ᠎ᠠ᠃ᠡᠨᠡ | ᠵᠢᠯ ᠠᠴᠠ ᠨᠠᠭᠠᠰᠢ᠂ ᠴᠡᠭᠡ ᠪᠣᠭᠤᠮᠲᠠ ︽ᠤᠷᠢᠳᠴᠢᠯᠠᠨ ᠭᠤᠶᠤᠴᠢᠯᠠᠨ ᠮᠡᠳᠡᠭᠦᠯᠬᠦ + ᠤᠷᠢᠳᠴᠢᠯᠠᠨ ᠪᠣᠯᠵᠣᠵᠤ | ᠪᠠᠶᠢᠴᠠᠭᠠᠨ ᠰᠢᠯᠭᠠᠬᠤ︾ ᠪᠣᠭᠤᠮᠲᠠ ᠪᠠᠷ ᠥᠩᠭᠡᠷᠡᠬᠦ ᠵᠠᠭᠪᠤᠷ ᠢ ᠰᠢᠨᠡᠴᠢᠯᠡᠨ ᠬᠡᠷᠡᠭᠵᠢᠭᠦᠯᠵᠦ᠂ ᠣᠯᠠᠨ ᠤᠯᠤᠰ ᠤᠨ | ᠠᠷᠠᠯᠵᠢᠶᠠᠨ ᠤ ︽ᠨᠢᠭᠡ ᠯᠡ ᠴᠤᠩᠬᠤᠪᠴᠢ︾ ᠳᠤ ᠲᠦᠰᠢᠭᠯᠡᠨ ᠪᠥᠬᠦ ᠴᠤᠪᠤᠷᠠᠯ ᠢᠶᠠᠷ ᠭᠦᠢᠴᠡᠳᠭᠡᠬᠦ ᠶᠢ | ᠪᠡᠶᠡᠯᠡᠭᠦᠯᠵᠦ᠂ ᠠᠵᠤ ᠠᠬᠤᠶᠢᠯᠠᠯ ᠤᠨ ᠭᠤᠶᠤᠴᠢᠯᠠᠨ ᠮᠡᠳᠡᠭᠦᠯᠬᠦ ᠴᠠᠭ ᠢ ᠪᠣᠭᠤᠨᠢᠰᠬᠠᠪᠠ᠃ ︽ᠦᠳᠡ ᠶᠢᠨ | ᠠᠮᠠᠷᠠᠯᠲᠠ ᠥᠬᠡᠶ ᠪᠠᠷ ᠪᠣᠭᠤᠮᠲᠠ ᠥᠩᠭᠡᠷᠡᠬᠦ︾᠂ ︽ᠪᠣᠭᠤᠮᠲᠠ ᠥᠩᠭᠡᠷᠡᠬᠦ ᠴᠠᠭ ᠢ ᠤᠷᠲᠤᠳᠬᠠᠬᠤ︾ ᠵᠡᠷᠭᠡ | ᠲᠥᠬᠦᠮ ᠦᠵᠡᠭᠦᠯᠬᠦ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ᠂ ᠨᠡᠭᠦᠷᠡᠰᠦᠨ ᠤ ᠪᠣᠭᠤᠮᠲᠠ ᠪᠠᠷ ᠥᠩᠭᠡᠷᠡᠬᠦ | ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠲᠡᠮᠦᠷ ᠵᠠᠮ ᠤᠨ ᠰᠠᠯᠠᠭ᠎ᠠ ᠮᠥᠴᠢᠷ ᠢ ᠵᠣᠬᠢᠴᠠᠭᠤᠯᠬᠤ ᠪᠠᠷ | ᠳᠠᠮᠵᠢᠭᠤᠯᠤᠨ ᠭᠠᠳᠠᠭᠰᠢ ᠲᠡᠭᠡᠭᠡᠪᠦᠷᠢᠯᠡᠬᠦ ᠲᠡᠷᠭᠡ ᠤᠳᠠᠭ᠎ᠠ ᠶᠢ ᠨᠡᠮᠡᠭᠳᠡᠭᠦᠯᠵᠦ᠂ ᠲᠡᠭᠡᠭᠡᠪᠦᠷᠢ ᠶᠢᠨ ᠵᠠᠷᠤᠳᠠᠯ ᠢ | ᠪᠠᠭᠤᠷᠠᠭᠤᠯᠤᠨ᠂ ᠠᠵᠤ ᠠᠬᠤᠶᠢᠯᠠᠯ ᠤᠨ ᠭᠠᠳᠠᠭᠠᠳᠤ ᠠᠴᠠ ᠨᠡᠭᠦᠷᠡᠰᠦ ᠣᠷᠣᠭᠤᠯᠬᠤ ᠢᠳᠡᠪᠬᠢᠵᠢᠯ ᠢ ᠪᠦᠲᠦᠮᠵᠢᠲᠡᠶ | ᠬᠥᠭᠵᠢᠭᠡᠵᠦ᠂ ᠨᠡᠭᠦᠷᠡᠰᠦ ᠣᠷᠣᠭᠤᠯᠬᠤ ᠬᠡᠮᠵᠢᠶ᠎ᠡ ᠶᠢᠨ ᠲᠣᠭᠲᠠᠭᠤᠨ ᠢᠶᠠᠷ ᠨᠡᠮᠡᠭᠳᠡᠬᠦ ᠶᠢ ᠠᠬᠢᠭᠤᠯᠤᠨ᠎ᠠ᠃ | ᠲᠤᠭ᠎ᠠ ᠪᠠᠷᠢᠮᠲᠠ ᠶᠢᠨ ᠨᠡᠮᠡᠭᠳᠡᠯ ᠤᠨ ᠠᠷᠤ ᠳᠤ᠂ ᠬᠢᠯᠢ ᠶᠢᠨ ᠪᠣᠭᠤᠮᠲᠠ ᠪᠠᠷ ᠥᠩᠭᠡᠷᠡᠬᠦ ᠦᠢᠯᠡᠳᠦᠯ ᠴᠢᠳᠠᠪᠤᠷᠢ | ᠪᠣᠯᠤᠨ ᠦᠢᠯᠡᠴᠢᠯᠡᠭᠡᠨ ᠤ ᠲᠦᠪᠰᠢᠨ ᠳᠠᠪᠬᠤᠷ ᠳᠡᠭᠡᠭᠰᠢᠯᠡᠭᠰᠡᠨ ᠪᠠᠶᠢᠨ᠎ᠠ᠃ ᠴᠡᠭᠡ ᠪᠣᠭᠤᠮᠲᠠ ᠶᠢᠨ ᠠᠵᠤ | ᠠᠬᠤᠢ ᠶᠢᠨ ᠨᠡᠬᠡᠬᠡᠯᠳᠡ ᠶᠢᠨ ᠣᠷᠣᠨ ᠨᠢ ᠡᠷᠬᠢᠨ ᠲᠣᠭᠤᠷᠢᠨ ᠤ ᠭᠠᠵᠠᠷ ᠣᠷᠣᠨ ᠯᠤᠭ᠎ᠠ ᠶᠢᠨ ᠵᠣᠬᠢᠴᠠᠭᠤᠯᠭ᠎ᠠ | ᠬᠠᠮᠲᠤᠷᠠᠯᠴᠠᠭ᠎ᠠ ᠪᠠᠨ ᠦᠷᠭᠦᠯᠵᠢᠯᠡᠨ ᠭᠦᠨᠵᠡᠭᠡᠶᠢᠷᠡᠭᠦᠯᠵᠦ᠂ ᠳᠤᠮᠳᠠᠳᠤ ᠮᠣᠩᠭᠤᠯ ᠬᠤᠶᠠᠷ ᠲᠠᠯ᠎ᠠ ᠶᠢᠨ ᠠᠷᠠᠯᠵᠢᠶᠠᠨ ᠤ | ᠬᠠᠮᠲᠤᠷᠠᠯᠴᠠᠭ᠎ᠠ ᠶᠢ ᠳᠥᠭᠦᠮᠴᠢᠯᠡᠬᠦ᠂ ᠥᠨᠳᠥᠷ ᠪᠦᠲᠦᠮᠵᠢᠲᠡᠢ ᠪᠣᠯᠭᠠᠬᠤ᠂ ᠤᠶᠤᠨᠴᠢᠯᠠᠬᠤ ᠲᠦᠪᠰᠢᠨ ᠢ ᠳᠠᠰᠤᠷᠠᠯᠳᠠ | ᠦᠬᠡᠢ ᠳᠡᠭᠡᠭᠰᠢᠯᠡᠭᠦᠯᠬᠦ ᠪᠠᠷ ᠴᠢᠷᠮᠠᠶᠢᠵᠤ᠂ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ | ᠭᠠᠷᠭᠠᠬᠤ ᠠᠷᠠᠯᠵᠢᠶᠠᠨ ᠤ ᠬᠡᠮᠵᠢᠶ᠎ᠡ ᠶᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠬᠦ ᠳᠤ ᠬᠦᠴᠦᠨ ᠨᠡᠮᠡᠷᠢᠯᠡᠵᠦ᠂ | ᠠᠯᠠᠱᠠ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠷᠬᠡᠭ ᠬᠥᠳᠡᠯᠭᠡᠬᠦ ᠬᠦᠴᠦᠨ ᠨᠡᠮᠡᠷᠢᠯᠡᠨ᠎ᠡ᠃ | ᠴᠡᠭᠡ ᠪᠣᠭᠤᠮᠲᠠ ᠶᠢᠨ ᠠᠵᠤ ᠠᠬᠤᠶ ᠶᠢᠨ ᠨᠡᠭᠡᠭᠡᠯᠲᠡ ᠶᠢᠨ ᠣᠷᠣᠨ ᠤ ᠪᠣᠭᠤᠮᠲᠠ ᠶᠢᠨ ᠬᠡᠷᠡᠭ ᠡᠷᠬᠢᠯᠡᠬᠦ | ᠲᠣᠪᠴᠢᠶᠠᠨ ᠤ ᠳᠡᠳ᠋ ᠳᠠᠷᠤᠭ᠎ᠠ ᠪᠠᠶᠢᠭᠠᠯᠢ᠄ ︽ᠲᠠᠷᠠᠭᠠᠴᠢ ᠶᠢᠨ ᠠᠯᠬᠤᠮ ᠳᠤ᠂ ᠴᠡᠭᠡ ᠬᠢᠯᠢ ᠶᠢᠨ ᠪᠣᠭᠤᠮᠲᠠ | ᠤᠮᠠᠷᠠᠰᠢ ᠨᠡᠭᠡᠭᠡᠯᠲᠡ ᠬᠢᠬᠦ ᠪᠠᠬᠢᠯᠡᠯᠲᠡ ᠶᠢᠨ ᠲᠤᠯᠬᠤ ᠴᠡᠭ ᠤᠨ ᠦᠢᠯᠡᠳᠦᠯ ᠢᠶᠠᠨ ᠦᠷᠭᠦᠯᠵᠢᠯᠡᠨ ᠪᠠᠳᠠᠷᠠᠭᠤᠯᠵᠤ᠂ | ᠣᠳᠣᠬᠢᠴᠢᠯᠠᠭᠰᠠᠨ᠂ ᠣᠶᠤᠨᠴᠢᠯᠠᠭᠰᠠᠨ ᠬᠢᠯᠢ ᠶᠢᠨ ᠪᠣᠭᠤᠮᠲᠠ ᠶᠢᠨ ᠪᠥᠲᠥᠭᠡᠨ ᠪᠠᠶᠢᠭᠤᠯᠤᠯᠲᠠ ᠶᠢᠨ ᠬᠠᠷᠠᠯᠲᠠ ᠶᠢ | ᠬᠠᠷᠠᠵᠤ᠂ ᠥᠨᠳᠥᠷ ᠲᠦᠪᠰᠢᠨ ᠪᠥᠬᠦᠶ ᠨᠡᠭᠡᠭᠡᠯᠲᠡ ᠪᠠ ᠴᠢᠨᠠᠷ ᠰᠠᠶᠢᠲᠠᠶ ᠬᠥᠭᠵᠢᠯᠲᠡ ᠶᠢᠨ ᠱᠠᠭᠠᠷᠳᠠᠯᠭ᠎ᠠ ᠪᠠᠷ᠂ | ᠪᠣᠭᠤᠮᠲᠠ ᠪᠠᠷ ᠥᠩᠭᠡᠷᠡᠬᠦ ᠶᠠᠪᠤᠴᠠ ᠪᠠᠨ ᠲᠠᠰᠤᠷᠠᠯᠲᠠ ᠥᠬᠡᠶ ᠰᠢᠯᠢᠳᠡᠭᠵᠢᠭᠦᠯᠵᠦ᠂ ᠦᠢᠯᠡᠴᠢᠯᠡᠭᠡᠨ ᠤ ᠦᠢᠯᠡᠳᠦᠯ | ᠴᠢᠳᠠᠪᠤᠷᠢ ᠪᠠᠨ ᠳᠡᠭᠡᠭᠰᠢᠯᠡᠭᠦᠯᠦᠨ᠂ ᠪᠥᠬᠦ ᠵᠢᠯ ᠤᠨ ᠪᠣᠭᠤᠮᠲᠠ ᠪᠠᠷ ᠥᠩᠭᠡᠷᠡᠬᠦ ᠪᠠᠷᠠᠭ᠎ᠠ ᠬᠡᠮᠵᠢᠶ᠎ᠡ ᠪᠠᠨ 260 | ᠲᠦᠮᠡᠨ ᠲᠣᠨ ᠠᠴᠠ ᠳᠠᠪᠠᠭᠤᠯᠬᠤ ᠪᠠᠷ ᠴᠢᠷᠮᠠᠶᠢᠵᠤ᠂ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ | ᠬᠥᠭᠦᠷᠭᠡᠨ ᠪᠠᠬᠢᠯᠡᠯᠲᠡ ᠶᠢ ᠪᠥᠲᠥᠭᠡᠨ ᠪᠠᠶᠢᠭᠤᠯᠬᠤ ᠳᠤ ᠴᠡᠭᠡ ᠶᠢᠨ ᠬᠦᠴᠦᠨ ᠴᠢᠳᠠᠯ ᠢᠶᠠᠨ ᠡᠷᠭᠦᠨ᠎ᠡ︾ ᠭᠡᠪᠡ᠃ | |