ᠪᠥᠬᠦ ᠠᠷᠠᠳ ᠤᠨ ᠤᠯᠤᠰ ᠤᠨ ᠠᠮᠤᠷ ᠲᠦᠪᠰᠢᠨ ᠤ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ | ᠤᠯᠤᠰ ᠤᠨ ᠠᠮᠤᠷ ᠲᠦᠪᠰᠢᠨ ᠤ ᠨᠡᠶᠢᠭᠡᠮ ᠤᠨ ᠰᠠᠭᠤᠷᠢ ᠶᠢ ᠪᠠᠬᠢᠵᠢᠭᠦᠯᠬᠦ ᠶᠢᠨ ᠲᠥᠯᠥᠭᠡ᠂ 4 ᠰᠠᠷ᠎ᠠ ᠶᠢᠨ 15 ᠤ | ᠡᠳᠦᠷ᠂ ᠡᠵᠡᠨ᠎ᠡ ᠬᠤᠰᠢᠭᠤᠨ ᠤ ᠡᠯ᠎ᠡ ᠨᠢᠭᠡᠴᠡ ᠴᠡᠷᠢᠭ ᠢ ᠬᠦᠷᠢᠶᠡᠯᠡᠬᠦ ᠠᠭᠤᠳᠠᠮ ᠲᠠᠯᠠᠪᠠᠶ ᠳᠤ ᠪᠥᠬᠦ ᠠᠷᠠᠳ ᠤᠨ | ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠤᠨ ᠲᠥᠪᠯᠡᠷᠡᠩᠭᠦᠶ ᠤᠬᠠᠭᠤᠯᠭ᠎ᠠ ᠶᠢᠨ ᠠᠵᠢᠯᠯᠠᠭ᠎ᠠ | ᠥᠷᠨᠢᠭᠦᠯᠪᠡ᠃ | ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠡᠯ᠎ᠡ ᠨᠢᠭᠡᠴᠡ ᠶᠢᠨ ᠠᠵᠢᠯᠲᠠᠳ ᠤᠬᠠᠭᠤᠯᠭ᠎ᠠ ᠶᠢᠨ ᠬᠠᠭᠤᠳᠠᠰᠤ | ᠡᠯᠭᠦᠬᠦ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠲᠤᠬᠠᠶ ᠶᠢᠨ ᠲᠠᠯᠠᠪᠠᠶ ᠳᠤ ᠠᠰᠠᠭᠤᠨ ᠯᠠᠪᠯᠠᠬᠤ ᠵᠡᠷᠭᠡ | ᠠᠷᠭ᠎ᠠ ᠮᠠᠶ᠋ᠢᠭ ᠢᠶᠠᠷ ᠳᠠᠮᠵᠢᠭᠤᠯᠤᠨ᠂ ᠤᠯᠤᠰ ᠤᠨ ᠠᠮᠤᠷ ᠲᠦᠪᠰᠢᠨ ᠤ ᠬᠤᠯᠪᠣᠭᠳᠠᠯ ᠪᠥᠬᠦᠶ ᠮᠡᠳᠡᠯᠭᠡ ᠪᠠ ᠬᠠᠤᠯᠢ | ᠴᠠᠭᠠᠵᠠ ᠶᠢ ᠲᠠᠶᠢᠯᠪᠤᠷᠢᠯᠠᠵᠤ᠂ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠤᠯᠤᠰ ᠤᠨ ᠠᠮᠤᠷ | ᠲᠦᠪᠰᠢᠨ ᠤ ᠵᠥᠪ ᠦᠵᠡᠯᠲᠡ ᠶᠢ ᠪᠣᠶ ᠪᠤᠯᠭᠠᠨ᠂ ︽ᠤᠯᠤᠰ ᠤᠨ ᠠᠮᠤᠷ ᠲᠦᠪᠰᠢᠨ᠂ ᠬᠥᠮᠦᠨ ᠪᠦᠬᠦᠨ | ᠬᠠᠷᠢᠭᠤᠴᠠᠯᠭ᠎ᠠ ᠲᠠᠢ ᠪᠠᠶᠢᠬᠤ︾ ᠤᠯᠤᠰ ᠢᠶᠠᠨ ᠬᠠᠶᠢᠷᠠᠯᠠᠵᠤ ᠬᠠᠤᠯᠢ ᠶᠢ ᠰᠠᠬᠢᠬᠤ ᠦᠵᠡᠯ ᠤᠬᠠᠮᠰᠠᠷ ᠢ ᠨᠢ | ᠴᠢᠩᠭᠠᠳᠬᠠᠨ᠎ᠠ᠃ ᠡᠭᠦᠨ ᠤ ᠬᠠᠮᠲᠤ᠂ ᠪᠠᠰᠠ ᠤᠯᠠᠨ ᠲᠦᠮᠡᠨ ᠳᠤ ᠰᠦᠯᠵᠢᠶᠡᠨ ᠤ ᠠᠮᠤᠷ ᠲᠦᠪᠰᠢᠨ᠂ ᠨᠢᠭᠤᠴᠠ | ᠨᠣᠮᠧᠷ ᠤᠨ ᠠᠮᠤᠷ ᠲᠦᠪᠰᠢᠨ᠂ ᠭᠠᠵᠢᠭᠤ ᠪᠤᠷᠤᠭᠤ ᠶᠢ ᠡᠰᠡᠷᠭᠦᠴᠡᠵᠦ ᠭᠠᠵᠢᠭᠤ ᠪᠤᠷᠤᠭᠤ ᠶᠢ ᠰᠡᠷᠭᠡᠶᠢᠯᠡᠬᠦ᠂ ᠵᠠᠬᠢᠳᠠᠯ | ᠰᠤᠷᠪᠤᠯᠵᠢᠯᠠᠭ᠎ᠠ ᠬᠢᠬᠦ ᠵᠡᠷᠭᠡ ᠮᠡᠳᠡᠯᠭᠡ ᠶᠢ ᠤᠬᠠᠭᠤᠯᠵᠤ᠂ ᠥᠷᠭᠡᠨ ᠤᠯᠠᠨ ᠠᠷᠠᠳ ᠲᠦᠮᠡᠨ ᠢ ᠬᠠᠪᠰᠤᠷᠤᠨ ᠬᠠᠤᠯᠢ | ᠴᠠᠭᠠᠵᠠ ᠶᠢᠨ ᠵᠡᠪᠰᠡᠭ ᠢ ᠬᠡᠷᠬᠢᠨ ᠠᠳᠬᠤᠵᠤ᠂ ᠲᠤᠰ ᠪᠡᠶ᠎ᠡ ᠶᠢᠨ ᠬᠠᠤᠯᠢ ᠶᠣᠰᠣᠨ ᠤ ᠡᠷᠬᠡ ᠠᠰᠢᠭ ᠢᠶᠠᠨ | ᠬᠠᠮᠠᠭᠠᠯᠠᠬᠤ᠂ ᠤᠯᠤᠰ ᠤᠨ ᠠᠮᠤᠷ ᠲᠦᠪᠰᠢᠨ ᠢ ᠬᠠᠮᠲᠤ ᠪᠠᠷ ᠬᠠᠮᠠᠭᠠᠯᠠᠬᠤ ᠶᠢ ᠰᠤᠷᠤᠯᠴᠠᠪᠠ᠃ | ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠪᠣᠯ ᠪᠦᠬᠦ ᠠᠷᠠᠳ ᠤᠨ | ᠤᠯᠤᠰ ᠤᠨ ᠠᠮᠤᠷ ᠲᠦᠪᠰᠢᠨ ᠤ ᠤᠬᠠᠮᠰᠠᠷ ᠢ ᠴᠢᠩᠭᠠᠳᠬᠠᠵᠤ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠶᠢᠨ | ᠲᠥᠯᠥᠭᠡ ᠪᠠᠶᠢᠭᠤᠯᠤᠭᠰᠠᠨ ᠪᠠᠶᠠᠷ ᠤᠨ ᠡᠳᠦᠷ ᠪᠣᠯᠤᠨ᠎ᠠ᠂ ᠡᠨᠡ ᠵᠢᠯ ᠤᠨ ᠪᠦᠬᠦ ᠠᠷᠠᠳ ᠤᠨ ᠤᠯᠤᠰ ᠤᠨ ᠠᠮᠤᠷ | ᠲᠦᠪᠰᠢᠨ ᠤ ᠬᠥᠮᠦᠵᠢᠯ ᠤᠨ ᠡᠳᠦᠷ ᠤᠨ ᠠᠵᠢᠯᠯᠠᠭ᠎ᠠ ᠨᠢ ︽ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ | ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠤᠭᠰᠠᠨ ᠠᠷᠪᠠᠨ ᠵᠢᠯ ᠤᠨ ᠤᠢ︾ ᠪᠠᠷ ᠭᠤᠣᠯ ᠰᠡᠳᠦᠪ | ᠪᠣᠯᠭᠠᠵᠠᠢ᠃ ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠤᠨ ᠲᠥᠪᠯᠡᠷᠡᠩᠭᠦᠢ | ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠬᠦ ᠨᠢ ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠤᠬᠠᠮᠰᠠᠷ ᠢ | ᠪᠦᠬᠦ ᠲᠠᠯ᠎ᠠ ᠪᠠᠷ ᠳᠡᠭᠡᠭᠰᠢᠯᠡᠭᠦᠯᠵᠦ᠂ ᠪᠦᠬᠦ ᠨᠡᠶᠢᠭᠡᠮ ᠢᠶᠠᠷ ᠢᠶᠠᠨ ᠠᠮᠤᠷ ᠲᠦᠪᠰᠢᠨ ᠤ ᠰᠡᠷᠭᠡᠶᠢᠯᠡᠯᠲᠡ ᠶᠢᠨ | ᠱᠤᠭᠤᠮ ᠢ ᠬᠠᠮᠲᠤ ᠪᠠᠷ ᠴᠣᠭᠴᠠᠯᠠᠬᠤ ᠬᠦᠴᠦᠷᠬᠡᠭ ᠶᠡᠭᠡ ᠬᠠᠮᠲᠤᠷᠠᠯ ᠬᠦᠴᠦᠨ ᠢ ᠨᠢᠭᠲᠠᠷᠠᠭᠤᠯᠵᠤ᠂ ᠤᠯᠤᠰ ᠤᠨ | ᠠᠮᠤᠷ ᠲᠦᠪᠰᠢᠨ ᠢ ᠬᠠᠮᠠᠭᠠᠯᠠᠬᠤ ᠰᠠᠶᠢᠨ ᠰᠠᠶᠢᠬᠠᠨ ᠨᠡᠶᠢᠭᠡᠮ ᠤᠨ ᠬᠡᠪ ᠰᠤᠷᠲᠠᠯ ᠢ ᠪᠤᠢ ᠪᠣᠯᠭᠠᠬᠤ ᠶᠢ | ᠠᠬᠢᠭᠤᠯᠬᠤ ᠳᠤ ᠠᠰᠢᠭᠲᠠᠢ ᠶᠤᠮ᠃ | | |