ᠪᠠᠶᠠᠨᠲᠣᠣᠷᠠᠢ ᠰᠤᠮᠤ ︽ᠲᠠᠯ᠎ᠠ ᠨᠤᠲᠤᠭ ᠤᠨ ᠵᠢᠭᠡᠯᠡᠨ ᠤᠩᠰᠢᠬᠤ +︾ ᠲᠠᠪᠴᠠᠩ ᠢ ᠢᠳᠡᠪᠬᠢᠲᠡᠶ ᠪᠠᠷ ᠳᠡᠯᠭᠡᠷᠡᠭᠦᠯᠵᠦ᠂ ᠮᠠᠯᠴᠢᠨ ᠲᠠᠷᠢᠶᠠᠴᠢᠨ ᠤ ᠣᠶᠤᠨ ᠤ ᠰᠣᠶᠣᠯ ᠢ ᠳᠡᠭᠡᠭᠰᠢᠯᠡᠭᠦᠯᠬᠦ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2025/4/17
      ᠲᠠᠯ᠎ᠠ ᠨᠤᠲᠤᠭ ᠤᠨ ᠨᠣᠮ ᠤᠨ ᠥᠷᠥᠭᠡ ᠶᠢᠨ ᠠᠵᠢᠯ ᠢ ᠭᠦᠨᠵᠡᠭᠡᠶ ᠳᠥᠯᠭᠢᠨ ᠠᠬᠢᠭᠤᠯᠵᠤ᠂ ᠮᠠᠯᠴᠢᠨ ᠲᠠᠷᠢᠶᠠᠴᠢᠨ ᠤ ᠣᠶᠤᠨ ᠤ ᠰᠣᠶᠣᠯ ᠤᠨ ᠬᠡᠷᠡᠭᠴᠡᠭᠡ ᠱᠠᠭᠠᠷᠳᠠᠯᠭ᠎ᠠ ᠶᠢ ᠨᠠᠷᠢᠯᠢᠭ ᠤᠨᠤᠪᠴᠢᠳᠠᠢ ᠪᠠᠷ ᠵᠣᠯᠭᠠᠭᠤᠯᠤᠨ᠂ ᠪᠦᠬᠦ ᠰᠣᠮᠣᠨ ᠤ ᠣᠷᠴᠢᠨ ᠳᠤ ᠨᠣᠮ ᠤᠩᠰᠢᠬᠤ ᠠᠭᠤᠷ ᠠᠮᠢᠰᠬᠤᠯ ᠢ ᠪᠥᠬᠦ ᠲᠠᠯ᠎ᠠ ᠪᠠᠷ ᠪᠣᠶ ᠪᠣᠯᠭᠠᠬᠤ ᠶᠢᠨ ᠲᠥᠯᠥᠭᠡ᠂ ᠪᠠᠶᠠᠨᠲᠣᠣᠷᠠᠢ ᠰᠤᠮᠤ ᠨᠢ ᠣᠯᠠᠨ ᠠᠷᠭ᠎ᠠ ᠬᠡᠮᠵᠢᠶ᠎ᠡ ᠶᠢ ᠢᠳᠡᠪᠬᠢᠲᠡᠶ ᠥᠷᠨᠢᠭᠦᠯᠵᠦ᠂ ︽ᠲᠠᠯ᠎ᠠ ᠨᠤᠲᠤᠭ ᠤᠨ ᠵᠢᠭᠡᠯᠡᠨ ᠤᠩᠰᠢᠬᠤ +︾ ᠵᠢᠵᠢᠭ ᠲᠠᠪᠴᠠᠩ ᠢ ᠶᠡᠭᠡ ᠪᠠᠷ ᠳᠡᠯᠭᠡᠷᠡᠭᠦᠯᠦᠨ᠂ ᠮᠠᠯᠴᠢᠨ ᠲᠠᠷᠢᠶᠠᠴᠢᠨ ᠤ ᠣᠶᠤᠨ ᠤ ᠰᠣᠶᠣᠯ ᠤᠨ ᠳᠡᠭᠡᠭᠰᠢᠯᠡᠯᠲᠡ ᠳᠤ ᠬᠦᠴᠦ ᠨᠡᠮᠡᠷᠢᠯᠡᠪᠡ᠃       ᠭᠤᠣᠯᠳᠠᠯᠭ᠎ᠠ ᠲᠠᠢ ᠬᠤᠷᠠᠯ ᠲᠡᠭᠡᠷ᠎ᠡ ᠪᠠᠶᠢᠷᠢᠯᠠᠭᠤᠯᠤᠯᠲᠠ ᠬᠢᠵᠣ᠂ ᠲᠠᠯ᠎ᠠ ᠨᠤᠲᠤᠭ ᠤᠨ ᠨᠣᠮ ᠤᠨ ᠥᠷᠥᠭᠡ ᠶᠢᠨ ᠦᠢᠯᠡᠴᠢᠯᠡᠭᠡᠨ ᠤ ᠴᠢᠳᠠᠮᠵᠢ ᠶᠢ ᠳᠡᠭᠡᠭᠰᠢᠯᠡᠭᠦᠯᠪᠡ᠃ ᠪᠠᠶᠠᠨᠲᠣᠣᠷᠠᠢ ᠰᠤᠮᠤ ᠲᠠᠯ᠎ᠠ ᠨᠤᠲᠤᠭ ᠤᠨ ᠨᠣᠮ ᠤᠨ ᠥᠷᠥᠭᠡ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠬᠤ ᠪᠠᠷ ᠳᠠᠮᠵᠢᠭᠤᠯᠤᠨ᠂ ᠲᠠᠯ᠎ᠠ ᠨᠤᠲᠤᠭ ᠤᠨ ᠨᠣᠮ ᠤᠨ ᠥᠷᠥᠭᠡ ᠶᠢᠨ ᠦᠢᠯᠡᠴᠢᠯᠡᠭᠡᠨ ᠤ ᠴᠢᠳᠠᠮᠵᠢ ᠶᠢ ᠳᠡᠭᠡᠭᠰᠢᠯᠡᠭᠦᠯᠬᠦ ᠳᠤ ᠪᠥᠬᠦ ᠲᠠᠯ᠎ᠠ ᠶᠢᠨ ᠲᠣᠬᠢᠷᠠᠭᠤᠯᠤᠯᠲᠠ ᠬᠢᠵᠦ᠂ ᠵᠣᠬᠢᠶᠠᠨ ᠪᠠᠶᠢᠭᠤᠯᠤᠯᠲᠠ ᠶᠢᠨ ᠲᠠᠯ᠎ᠠ ᠠᠴᠠ ᠡᠯ᠎ᠡ  ᠵᠦᠢᠯ ᠤᠨ ᠳᠡᠯᠭᠡᠷᠡᠭᠦᠯᠬᠦ ᠠᠵᠢᠯ ᠳᠤ ᠪᠠᠲᠤ ᠪᠠᠬᠢ ᠪᠠᠲᠤᠯᠠᠭ᠎ᠠ ᠬᠠᠩᠭᠠᠭᠰᠠᠨ ᠪᠠᠶᠢᠨ᠎ᠠ᠃ ᠬᠤᠷᠠᠯ ᠠᠴᠠ ᠠᠵᠢᠯ ᠤᠨ ᠬᠠᠷᠠᠯᠲᠠ ᠪᠠᠨ ᠲᠣᠳᠣᠷᠬᠠᠶ ᠲᠣᠭᠲᠠᠭᠠᠵᠤ᠂ ᠡᠯ᠎ᠡ ᠭᠠᠴᠠᠭ᠎ᠠ ᠶᠢ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠣᠯᠠᠨ ᠵᠦᠢᠯ ᠤᠨ ᠠᠷᠭ᠎ᠠ ᠵᠠᠮ ᠢᠶᠠᠷ ᠪᠠᠶᠠᠯᠢᠭ ᠰᠠᠶᠢᠬᠠᠨ ᠤᠩᠰᠢᠯᠭ᠎ᠠ ᠶᠢᠨ ᠠᠵᠢᠯᠯᠠᠭ᠎ᠠ ᠥᠷᠨᠢᠭᠦᠯᠵᠦ᠂ ᠨᠣᠮ ᠤᠩᠰᠢᠬᠤ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ ᠭᠡᠵᠦ ᠱᠠᠭᠠᠷᠳᠠᠪᠠ᠃ ᠡᠭᠦᠨ ᠤ ᠬᠠᠮᠲᠤ᠂ ︽ᠲᠠᠯ᠎ᠠ ᠨᠤᠲᠤᠭ ᠤᠨ ᠵᠢᠭᠡᠯᠡᠨ ᠤᠩᠰᠢᠬᠤ +︾ ᠵᠢᠵᠢᠭ ᠲᠠᠪᠴᠠᠩ ᠢ ᠳᠡᠯᠭᠡᠷᠡᠭᠦᠯᠬᠦ ᠠᠵᠢᠯ ᠢ ᠡᠮᠬᠢ ᠵᠢᠷᠤᠮ ᠲᠠᠢ ᠠᠬᠢᠭᠤᠯᠬᠤ ᠶᠢ ᠦᠨᠡᠨᠬᠦ ᠪᠠᠲᠤᠯᠠᠵᠤ᠂ ᠮᠠᠯᠴᠢᠨ ᠲᠠᠷᠢᠶᠠᠴᠢᠨ ᠤ ᠣᠶᠤᠨ ᠤ ᠪᠠ ᠰᠣᠶᠣᠯ ᠤᠨ ᠠᠮᠢᠳᠤᠷᠠᠯ ᠢ ᠤᠯᠠᠮ ᠨᠢᠭᠡ ᠠᠯᠬᠤᠮ ᠪᠠᠶᠠᠯᠢᠭᠵᠢᠭᠤᠯᠤᠨ᠎ᠠ᠃      ᠲᠥᠪᠯᠡᠷᠡᠭᠦᠯᠦᠨ ᠤᠬᠠᠭᠤᠯᠵᠤ ᠬᠥᠲᠥᠯᠦᠨ ᠵᠢᠯᠣᠭᠤᠳᠴᠣ᠂ ᠰᠦᠯᠵᠢᠶᠡᠨ ᠳᠡᠭᠡᠷᠡᠬᠢ ︽ᠲᠠᠯ᠎ᠠ ᠨᠤᠲᠤᠭ ᠤᠨ ᠵᠢᠭᠡᠯᠡᠨ ᠤᠩᠰᠢᠬᠤ +︾ ᠠᠵᠢᠯᠯᠠᠭ᠎ᠠ ᠶᠢ ᠲᠦᠯᠬᠢᠨ ᠠᠬᠢᠭᠤᠯᠪᠠ᠃ ᠬᠡᠰᠡᠭ ᠮᠠᠯᠴᠢᠨ ᠲᠠᠷᠢᠶᠠᠴᠢᠨ ᠤ ᠡᠯᠧᠺᠲᠷᠣᠨ ᠲᠥᠬᠦᠭᠡᠷᠦᠮᠵᠢ ᠶᠢᠨ ᠠᠵᠢᠯᠯᠠᠭ᠎ᠠ ᠳᠤ ᠲᠠᠨᠢᠯᠲᠠ ᠲᠤᠳᠠᠮᠠᠭ ᠪᠣᠯᠣᠯᠴᠠᠭ᠎ᠠ ᠶᠢ ᠪᠣᠳᠣᠯᠬᠢᠯᠠᠵᠣ᠂ ᠪᠠᠶᠠᠨᠲᠣᠣᠷᠠᠢ ᠰᠤᠮᠤ ᠨᠢ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢᠨ ᠬᠠᠮᠵᠢᠯᠴᠠᠨ ᠤᠬᠠᠭᠤᠯᠬᠤ ᠠᠷᠭ᠎ᠠ ᠪᠣᠳᠣᠯᠭ᠎ᠠ ᠶᠢ ᠠᠪᠴᠤ᠂ ᠡᠯ᠎ᠡ ᠭᠠᠴᠠᠭᠠᠨ ᠤ ᠮᠠᠯᠴᠢᠨ ᠲᠠᠷᠢᠶᠠᠴᠢᠨ ᠢ ᠵᠣᠬᠢᠶᠠᠨ ᠪᠠᠶᠢᠭᠤᠯᠵᠤ᠂ ︽ᠲᠠᠯ᠎ᠠ ᠨᠤᠲᠤᠭ ᠤᠨ ᠵᠢᠭᠡᠯᠡᠨ ᠤᠩᠰᠢᠬᠤ +︾ ᠵᠢᠵᠢᠭ ᠲᠠᠪᠴᠠᠩ ᠤᠨ ᠤᠬᠠᠭᠤᠯᠤᠨ ᠳᠡᠯᠭᠡᠷᠡᠭᠦᠯᠬᠦ ᠠᠵᠢᠯᠯᠠᠭ᠎ᠠ ᠶᠢ ᠲᠥᠪᠯᠡᠷᠡᠭᠦᠯᠦᠨ ᠦᠷᠨᠢᠭᠦᠯᠪᠡ᠃ ᠠᠵᠢᠯᠯᠠᠭ᠎ᠠ ᠶᠢᠨ ᠳᠤᠮᠳᠠ᠂ ᠰᠠᠶᠢᠨ ᠳᠤᠷ᠎ᠠ ᠶᠢᠨ ᠠᠵᠢᠯᠯᠠᠭᠴᠢᠳ ᠳᠥᠭᠦᠮ ᠣᠶᠢᠯᠠᠭᠠᠮᠵᠢᠲᠠᠶ ᠠᠷᠭ᠎ᠠ ᠬᠡᠯᠪᠡᠷᠢ ᠪᠠᠷ ᠭᠠᠷ ᠤᠲᠠᠰᠤ ᠪᠠᠷ ᠲᠡᠮᠳᠡᠭᠯᠡᠬᠦ᠂ ᠮᠠᠲ᠋ᠧᠷᠢᠶᠠᠯ ᠡᠷᠢᠬᠦ᠂ ᠳᠠᠩᠰᠠᠯᠠᠬᠤ᠂ ᠭᠦᠶᠦᠯᠭᠡᠨ ᠦᠵᠡᠬᠦ ᠵᠢᠴᠢ ᠪᠠᠭᠤᠯᠭᠠᠨ ᠠᠪᠬᠤ ᠵᠡᠷᠭᠡ ᠠᠵᠢᠯᠯᠠᠭᠠᠨ ᠤ ᠶᠠᠪᠤᠴᠠ ᠶᠢᠨ ᠲᠠᠯ᠎ᠠ ᠪᠠᠷ ᠮᠠᠯᠴᠢᠨ ᠲᠠᠷᠢᠶᠠᠴᠢᠳ ᠲᠤ ᠨᠢᠭᠡ ᠨᠢᠭᠡ ᠪᠠᠷ ᠬᠦᠯᠢᠴᠡᠩᠭᠦᠶ ᠵᠢᠯᠣᠭᠤᠳᠣᠯᠭ᠎ᠠ ᠪᠠ ᠦᠵᠡᠭᠦᠯᠦᠯᠭᠡ ᠬᠢᠵᠦ ᠦᠭᠪᠡ᠃ ᠡᠭᠦᠨ ᠤ ᠵᠡᠷᠭᠡ ᠳᠤ᠂ ᠰᠠᠶᠢᠨ ᠳᠤᠷ᠎ᠠ ᠶᠢᠨ ᠠᠵᠢᠯᠯᠠᠭᠴᠢᠳ ᠮᠠᠯᠴᠢᠨ ᠲᠠᠷᠢᠶᠠᠴᠢᠨ ᠤ ᠬᠡᠷᠡᠭᠴᠡᠭᠡ ᠱᠠᠭᠠᠷᠳᠠᠯᠭ᠎ᠠ ᠶᠢ ᠬᠢᠨᠠᠮᠠᠭᠠᠶ ᠰᠣᠨᠣᠰᠴᠤ᠂ ᠲᠡᠳᠡᠨ ᠤ ᠳᠤᠷᠠᠳᠤᠭᠰᠠᠨ ᠲᠠᠪᠴᠠᠩ ᠢ ᠰᠢᠨᠡᠳᠬᠡᠬᠦ᠂ ᠪᠤᠳᠤᠬᠤ ᠠᠷᠭ᠎ᠠ ᠶᠢ ᠲᠠᠨᠢᠯᠴᠠᠭᠤᠯᠬᠤ ᠵᠡᠷᠭᠡ ᠮᠠᠳᠠᠭ ᠲᠠᠢ ᠠᠰᠠᠭᠤᠳᠠᠯ ᠳᠤ ᠴᠢᠭᠯᠡᠭᠦᠯᠦᠨ ᠨᠠᠷᠢᠨ ᠲᠣᠳᠣᠷᠬᠠᠶ ᠬᠠᠷᠢᠭᠤᠯᠲᠠ ᠥᠭᠬᠦ ᠶᠢᠨ ᠬᠠᠮᠲᠤ ᠬᠤᠯᠪᠣᠭᠳᠠᠯ ᠪᠥᠬᠦᠶ ᠬᠠᠷᠢᠭᠤ ᠲᠤᠰᠬᠠᠯ ᠢ ᠬᠤᠷᠢᠶᠠᠨ ᠴᠤᠭᠯᠠᠭᠤᠯᠵᠠᠶ᠃ ᠪᠠᠶᠠᠨᠲᠣᠣᠷᠠᠢ ᠰᠤᠮᠤ ᠨᠢ ᠸᠢᠴᠠᠲ ᠤᠨ ᠨᠡᠶᠢᠲᠡ ᠶᠢᠨ ᠳ᠋ᠤᠭᠠᠷ᠂ ᠬᠠᠷᠠᠭᠠᠨ ᠳᠠᠪᠲᠠᠮᠵᠢ ᠶᠢᠨ ᠳ᠋ᠤᠭᠠᠷ ᠵᠡᠷᠭᠡ ᠰᠢᠨ᠎ᠡ ᠵᠠᠭᠤᠴᠢᠯᠠᠭᠤᠷ ᠤᠨ ᠲᠠᠪᠴᠠᠩ ᠢ  ᠭᠦᠢᠴᠡᠳ ᠠᠰᠢᠭᠯᠠᠨ᠂ ᠲᠠᠪᠴᠠᠩ ᠬᠡᠷᠡᠭᠯᠡᠬᠦ ᠵᠦᠭᠯᠡᠭᠦᠷ ᠢ ᠥᠷᠭᠡᠨ ᠢᠶᠠᠷ ᠨᠡᠶᠢᠲᠡᠯᠡᠪᠡ᠃ ᠡᠨᠡ ᠬᠦ ᠠᠷᠭ᠎ᠠ ᠬᠡᠮᠵᠢᠶ᠎ᠡ ᠨᠢ ᠲᠠᠪᠴᠠᠩ ᠤᠨ ᠢᠯᠡᠴᠢᠯᠡᠬᠦ ᠨᠣᠷᠮ᠎ᠠ ᠶᠢ ᠲᠦᠢᠯ ᠤᠨ ᠶᠡᠭᠡ ᠪᠠᠷ ᠳᠡᠭᠡᠭᠰᠢᠯᠡᠭᠦᠯᠵᠦ᠂ ᠦᠶ ᠣᠯᠠᠨ ᠮᠠᠯᠴᠢᠨ ᠲᠠᠷᠢᠶᠠᠴᠢᠨ ᠤ ᠠᠩᠬᠠᠷᠤᠯ ᠢ ᠠᠮᠵᠢᠯᠲᠠ ᠲᠠᠢ ᠪᠠᠷ ᠲᠠᠲᠠᠭᠰᠠᠨ ᠪᠠᠶᠢᠨ᠎ᠠ᠃       ᠳᠡᠯᠭᠡᠷᠡᠭᠦᠯᠦᠯᠲᠡ ᠶᠢᠨ ᠦᠷ᠎ᠡ ᠪᠦᠲᠦᠮᠵᠢ ᠢᠯᠡᠳᠲᠡ ᠪᠠᠶᠢᠵᠤ᠂ ︽ᠲᠠᠯ᠎ᠠ ᠨᠤᠲᠤᠭ ᠤᠨ ᠵᠢᠭᠡᠯᠡᠨ ᠤᠩᠰᠢᠬᠤ +︾᠎ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ  ᠡᠨᠧᠷᠭᠢ ᠬᠠᠩᠭᠠᠪᠠ᠃ ᠳᠡᠯᠭᠡᠷᠡᠭᠦᠯᠬᠦ ᠠᠵᠢᠯ ᠤᠨ ᠯᠠᠪᠳᠠᠭᠤᠨ ᠢᠶᠠᠷ ᠠᠬᠢᠬᠤ ᠶᠢ ᠳᠠᠭᠠᠯᠳᠤᠨ᠂ ︽ᠲᠠᠯ᠎ᠠ ᠨᠤᠲᠤᠭ ᠤᠨ ᠵᠢᠭᠡᠯᠡᠨ ᠤᠩᠰᠢᠬᠤ +︾ ᠵᠢᠵᠢᠭ ᠲᠠᠪᠴᠠᠩ ᠨᠢ ᠢᠯᠡᠳᠲᠡ ᠦᠷ᠎ᠡ ᠪᠦᠲᠦᠮᠵᠢ ᠤᠯᠪᠠ᠃ ᠲᠠᠪᠴᠠᠩ ᠤᠨ ᠳᠠᠩᠰᠠᠯᠠᠭᠤᠯᠤᠭᠰᠠᠨ ᠬᠡᠷᠡᠭᠯᠡᠭᠴᠢ ᠶᠢᠨ ᠲᠤᠭ᠎ᠠ ᠲᠦᠷᠭᠡᠨ ᠢᠶᠠᠷ ᠨᠡᠮᠡᠭᠳᠡᠬᠦ ᠬᠠᠨᠳᠤᠰᠢ ᠲᠠᠢ ᠪᠣᠯᠵᠣ᠂ ᠡᠳᠦᠷ ᠳᠤᠮᠳᠠᠴᠢ ᠶᠢᠨ ᠬᠡᠷᠡᠭᠯᠡᠯᠲᠡ ᠶᠢᠨ ᠴᠠᠭ ᠤᠨ ᠣᠷᠳᠣ ᠨᠢ ᠴᠦ ᠶᠡᠭᠡ ᠪᠠᠷ ᠨᠡᠮᠡᠭᠳᠡᠵᠡᠶ᠃ ᠮᠠᠯᠴᠢᠨ ᠲᠠᠷᠢᠶᠠᠴᠢᠨ ᠤ ᠲᠠᠪᠴᠠᠩ ᠤᠨ ᠲᠤᠬᠠᠶ ᠲᠠᠨᠢᠯᠲᠠ ᠲᠠᠰᠤᠷᠠᠯᠲᠠ ᠥᠬᠡᠶ ᠭᠦᠨᠵᠡᠭᠡᠶᠢᠷᠡᠵᠦ᠂ ᠲᠠᠪᠴᠠᠩ ᠢ ᠠᠰᠢᠭᠯᠠᠨ ᠮᠡᠳᠡᠯᠭᠡ ᠤᠯᠬᠤ᠂ ᠥᠪᠡᠷ ᠢ ᠪᠠᠨ ᠳᠡᠭᠡᠭᠰᠢᠯᠡᠭᠦᠯᠬᠦ ᠪᠡᠶᠡᠴᠢ ᠴᠢᠳᠠᠮᠠᠭᠠᠶ ᠴᠢᠨᠠᠷ ᠢ ᠦᠷᠭᠦᠯᠵᠢᠯᠡᠨ ᠳᠡᠭᠡᠭᠰᠢᠯᠡᠵᠦ᠂ ᠪᠦᠬᠦ ᠰᠣᠮᠣᠨ ᠤ ᠣᠷᠴᠢᠨ ᠳᠤ ᠤᠩᠰᠢᠯᠭ᠎ᠠ ᠶᠢᠨ ᠠᠭᠤᠷ ᠠᠮᠢᠰᠬᠤᠯ ᠢ ᠪᠣᠶ ᠪᠣᠯᠭᠠᠪᠠ᠃       ᠲᠠᠷᠠᠭᠠᠴᠢ ᠶᠢᠨ ᠠᠯᠬᠤᠮ ᠳᠤ᠂ ᠪᠠᠶᠠᠨᠲᠣᠣᠷᠠᠢ ᠰᠤᠮᠤ ᠨᠢ ︽ᠲᠠᠯ᠎ᠠ ᠨᠤᠲᠤᠭ ᠤᠨ ᠵᠢᠭᠡᠯᠡᠨ ᠤᠩᠰᠢᠬᠤ +︾ ᠵᠢᠵᠢᠭ ᠲᠠᠪᠴᠠᠩ ᠢ ᠳᠡᠯᠭᠡᠷᠡᠭᠦᠯᠬᠦ ᠠᠵᠢᠯ ᠢ ᠦᠷᠭᠦᠯᠵᠢᠯᠡᠨ ᠭᠦᠨᠵᠡᠭᠡᠶᠢᠷᠡᠭᠦᠯᠦᠨ᠎ᠡ᠃ ᠨᠢᠭᠡ ᠳᠤ᠂ ᠲᠠᠪᠴᠠᠩ ᠢᠶᠠᠷ ᠬᠠᠷᠢᠯᠴᠠᠨ ᠬᠥᠳᠡᠯᠦᠯᠴᠡᠬᠦ᠂ ᠨᠣᠮ ᠤᠩᠰᠢᠵᠤ ᠬᠠᠮᠲᠤᠪᠠᠷ ᠡᠳ᠋ᠯᠡᠬᠦ ᠵᠡᠷᠭᠡ ᠲᠠᠰ ᠳᠡᠪᠰᠢᠬᠦ ᠴᠢᠳᠠᠮᠵᠢ ᠶᠢᠨ ᠵᠢᠯᠣᠭᠤᠳᠣᠯᠭ᠎ᠠ ᠶᠢ ᠥᠷᠨᠢᠭᠦᠯᠵᠦ᠂ ᠮᠠᠯᠴᠢᠨ ᠲᠠᠷᠢᠶᠠᠴᠢᠨ ᠤ ᠬᠡᠷᠡᠭᠯᠡᠭᠡᠨ ᠤ ᠤᠷ᠎ᠠ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ︔ ᠬᠤᠶᠠᠷ ᠲᠤ᠂ ᠴᠤᠭᠯᠠᠭᠤᠯᠵᠤ ᠣᠯᠤᠭᠰᠠᠨ ᠬᠠᠷᠢᠭᠤ ᠲᠤᠰᠬᠠᠯ ᠢ ᠦᠨᠳᠦᠰᠦᠯᠡᠵᠦ᠂ ᠲᠠᠪᠴᠠᠩ ᠤᠨ ᠤᠯᠠᠨ ᠲᠦᠮᠡᠨ ᠤ ᠵᠠᠬᠢᠶᠠᠯᠠᠭ᠎ᠠ ᠶᠢᠨ ᠲᠦᠷᠦᠯ ᠵᠦᠢᠯ ᠳᠤ ᠲᠦᠰᠢᠭᠯᠡᠵᠦ᠂ ᠮᠠᠯ ᠠᠵᠤ ᠠᠬᠤᠢ ᠲᠠᠷᠢᠶᠠᠯᠠᠩ ᠤᠨ ᠦᠢᠯᠡᠳᠪᠦᠷᠢᠯᠡᠯ᠂ ᠬᠥᠳᠡᠭᠡ ᠲᠣᠰᠬᠤᠨ ᠤ ᠰᠣᠶᠣᠯ ᠵᠡᠷᠭᠡ ᠬᠡᠷᠡᠭᠯᠡᠭᠡᠨ ᠤ ᠡᠬᠢ ᠪᠠᠶᠠᠯᠢᠭ ᠢ ᠨᠡᠮᠡᠭᠳᠡᠭᠦᠯᠦᠨ᠎ᠡ︔ ᠭᠤᠷᠪᠠ ᠳᠤ᠂ ᠤᠩᠰᠢᠯᠭ᠎ᠠ ᠶᠢ ᠤᠷᠮᠠᠰᠢᠭᠤᠯᠬᠤ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠲᠠᠪᠴᠠᠩ ᠢ ᠢᠳᠡᠪᠬᠢᠲᠡᠶ ᠬᠡᠷᠡᠭᠯᠡᠭᠰᠡᠨ ᠪᠥᠭᠡᠳ ᠰᠤᠷᠤᠯᠭ᠎ᠠ ᠳᠠᠭᠠᠨ ᠠᠮᠵᠢᠯᠲᠠ ᠣᠯᠤᠭᠰᠠᠨ ᠮᠠᠯᠴᠢᠨ ᠲᠠᠷᠢᠶᠠᠴᠢᠨ ᠢ ᠱᠠᠩᠨᠠᠨ ᠬᠥᠬᠢᠭᠦᠯᠵᠦ᠂ ᠥᠷᠭᠡᠨ ᠣᠯᠠᠨ ᠮᠠᠯᠴᠢᠨ ᠲᠠᠷᠢᠶᠠᠴᠢᠨ ᠤ ᠤᠩᠰᠢᠯᠭ᠎ᠠ ᠶᠢᠨ ᠬᠠᠯᠠᠭᠤᠨ ᠰᠡᠳᠬᠢᠯᠭᠡ ᠶᠢ ᠬᠥᠭᠵᠢᠭᠡᠨ᠂ ︽ᠲᠠᠯ᠎ᠠ ᠨᠤᠲᠤᠭ ᠤᠨ ᠵᠢᠭᠡᠯᠡᠨ ᠤᠩᠰᠢᠬᠤ +︾ ᠵᠢᠵᠢᠭ ᠲᠠᠪᠴᠠᠩ ᠢ ᠮᠠᠯᠴᠢᠨ ᠲᠠᠷᠢᠶᠠᠴᠢᠨ ᠤ ᠠᠮᠢᠳᠤᠷᠠᠯ ᠳᠤ ᠨᠠᠩ ᠰᠠᠶᠢᠨ ᠠᠭᠤᠰᠤᠯᠴᠠᠭᠤᠯᠬᠤ ᠶᠢ ᠳᠥᠯᠭᠢᠨ ᠠᠬᠢᠭᠤᠯᠵᠤ᠂ ᠬᠥᠳᠡᠭᠡ ᠲᠣᠰᠬᠤᠨ ᠤ ᠰᠣᠶᠣᠯ ᠢ ᠬᠥᠭᠵᠢᠭᠦᠯᠦᠨ ᠮᠠᠨᠳᠤᠭᠤᠯᠬᠤ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠨ᠎ᠡ᠃
 
ᠢᠷᠡᠯᠲᠡ᠄ ᠪᠠᠶᠠᠨᠳᠤᠤᠷᠠᠢ ᠰᠤᠮᠤ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号