2025 ᠣᠨ ᠤ ᠬᠠᠪᠤᠷ ᠤᠨ ᠤᠯᠠᠷᠢᠯ ᠤᠨ ᠡᠪᠡᠰᠦ ᠪᠡᠯᠴᠢᠭᠡᠷ ᠢ ᠨᠣᠭᠤᠭᠠᠷᠠᠭᠤᠯᠬᠤ ᠬᠤᠭᠤᠴᠠᠭᠠᠨ ᠳᠠᠬᠢ ᠪᠡᠯᠴᠢᠭᠡᠷᠯᠡᠭᠦᠯᠬᠦ ᠶᠢ ᠵᠣᠭᠰᠣᠭᠠᠬᠤ ᠠᠵᠢᠯ ᠢ ᠬᠡᠷᠡᠭᠵᠢᠭᠦᠯᠬᠦ ᠲᠤᠬᠠᠶ ᠡᠵᠡᠨ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠵᠠᠷ
ᠨᠡᠶᠢᠲᠡᠯᠡᠭᠰᠡᠨ ᠴᠠᠭ᠄
2025/4/17
      ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠨᠤᠲᠤᠭ ᠪᠡᠯᠴᠢᠭᠡᠷ ᠤᠨ ᠠᠮᠢ ᠠᠬᠤᠶ ᠶᠢᠨ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠵᠦᠶ ᠵᠣᠬᠢᠰᠲᠠᠶ ᠬᠠᠮᠠᠭᠠᠯᠠᠨ ᠠᠰᠢᠭᠯᠠᠵᠤ᠂ ᠮᠠᠯ ᠠᠵᠤ ᠠᠬᠤᠶ ᠪᠣᠯᠤᠨ ᠨᠤᠲᠤᠭ ᠪᠡᠯᠴᠢᠭᠡᠷ ᠤᠨ ᠠᠮᠢ ᠠᠬᠤᠶ ᠶᠢᠨ ᠵᠣᠬᠢᠴᠠᠩᠭᠤᠶ ᠬᠥᠭᠵᠢᠯᠲᠡ ᠶᠢ ᠪᠦᠬᠦ ᠲᠠᠯ᠎ᠠ ᠪᠠᠷ ᠠᠬᠢᠭᠤᠯᠵᠤ᠂ ᠠᠮᠢ ᠠᠬᠤᠶ ᠶᠢᠨ ᠪᠦᠲᠦᠭᠡᠨ ᠪᠠᠶᠢᠭᠤᠯᠤᠯᠲᠠ ᠵᠢᠴᠢ ᠨᠤᠲᠤᠭ ᠪᠡᠯᠴᠢᠭᠡᠷ ᠢ ᠲᠤᠰᠬᠠᠶ ᠴᠡᠭᠴᠡᠯᠡᠨ ᠵᠠᠰᠠᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠵᠣᠭᠰᠣᠭᠠᠵᠤ ᠪᠡᠯᠴᠢᠭᠡᠷᠯᠡᠭᠦᠯᠬᠦ ᠶᠢ ᠵᠣᠭᠰᠣᠭᠠᠬᠤ ᠲᠦᠷᠢᠮ︾ ︽ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠵᠣᠭᠰᠣᠭᠠᠵᠤ ᠪᠡᠯᠴᠢᠭᠡᠷᠯᠡᠭᠦᠯᠬᠦ ᠶᠢ ᠵᠣᠭᠰᠣᠭᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠵᠢᠯᠣᠭᠤᠳᠬᠤ ᠰᠠᠨᠠᠯ︾ ︵ᠥᠪᠥᠷ ᠵᠠᠰᠠᠭ ᠠᠯᠪᠠᠨ ᠲᠠᠷᠬᠠᠭᠠᠭᠰᠠᠨ ︹ 2022 ︺ 64 ᠳ᠋ᠦᠭᠡᠷ ᠲᠣᠭᠠᠲᠤ︶ ︽ᠡᠵᠡᠨ᠎ᠡ ᠬᠤᠰᠢᠭᠤᠨ ᠤ ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠱᠠᠩᠨᠠᠯ ᠤᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠲᠥᠰᠦᠯ ︵2021 — 2025 ᠣᠨ︶︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠪᠠ ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠮᠠᠨ ᠤ ᠬᠤᠰᠢᠭᠤᠨ ᠤ ᠪᠡᠯᠴᠢᠭᠡᠷ ᠤᠨ ᠲᠥᠷᠥᠯ ᠬᠡᠯᠪᠡᠷᠢ᠂ ᠪᠣᠷᠣᠭᠠᠨ ᠤ ᠬᠡᠮᠵᠢᠶ᠎ᠡ᠂ ᠠᠭᠠᠷ ᠤᠨ ᠳᠤᠯᠠᠭᠠᠨ ᠵᠢᠴᠢ ᠡᠪᠡᠰᠦ ᠪᠡᠯᠴᠢᠭᠡᠷ ᠤᠨ ᠨᠣᠭᠤᠭᠠᠷᠠᠭᠤᠯᠤᠯᠲᠠ ᠶᠢᠨ ᠬᠢᠨᠠᠨ ᠬᠡᠮᠵᠢᠯᠲᠡ ᠶᠢᠨ ᠪᠠᠶᠢᠳᠠᠯ ᠲᠠᠢ ᠤᠶᠠᠯᠳᠤᠭᠤᠯᠤᠨ᠂ ᠳᠣᠤᠷᠠᠬᠢ ᠮᠡᠲᠦ ᠠᠯᠪᠠᠨ ᠵᠠᠷ ᠢ ᠨᠡᠶᠢᠲᠡᠯᠡᠪᠡ᠄      ᠨᠢᠭᠡ᠂ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠪᠡᠯᠴᠢᠭᠡᠷᠯᠡᠭᠦᠯᠬᠦ ᠶᠢ ᠵᠣᠭᠰᠣᠭᠠᠬᠤ ᠪᠠ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠤᠬᠠᠭᠳᠠᠬᠤᠨ      ᠪᠡᠯᠴᠢᠭᠡᠷᠯᠡᠭᠦᠯᠬᠦ ᠶᠢ ᠴᠠᠭᠠᠵᠠᠯᠠᠬᠤ ᠭᠡᠳᠡᠭ ᠪᠣᠯ ᠬᠦᠨᠳᠦ ᠬᠡᠮᠵᠢᠶᠡᠨ ᠤ ᠲᠠᠴᠢᠷᠳᠠᠭᠰᠠᠨ᠂ ᠡᠯᠡᠰᠦᠷᠬᠡᠭᠵᠢᠭᠰᠡᠨ ᠨᠤᠲᠤᠭ ᠪᠡᠯᠴᠢᠭᠡᠷ᠂ ᠪᠡᠯᠴᠢᠭᠡᠷᠯᠡᠭᠦᠯᠦᠨ ᠠᠰᠢᠭᠯᠠᠬᠤ ᠳᠤ ᠳᠣᠭᠢᠷᠠᠬᠤ ᠥᠬᠡᠶ ᠳᠤᠮᠳᠠ ᠬᠡᠮᠵᠢᠶᠡᠨ ᠤ ᠲᠠᠴᠢᠷᠳᠠᠭᠰᠠᠨ᠂ ᠡᠯᠡᠰᠦᠷᠬᠡᠭᠵᠢᠭᠰᠡᠨ ᠨᠤᠲᠤᠭ ᠪᠡᠯᠴᠢᠭᠡᠷ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠪᠣᠯᠤᠨ ᠴᠢᠬᠤᠯᠠ ᠴᠢᠭᠢᠭᠯᠢᠭ ᠭᠠᠵᠠᠷ ᠤᠨ ᠨᠤᠲᠤᠭ ᠪᠡᠯᠴᠢᠭᠡᠷ ᠵᠢᠴᠢ ᠪᠡᠯᠴᠢᠭᠡᠷᠯᠡᠭᠦᠯᠬᠦ ᠶᠢ ᠴᠠᠭᠠᠵᠠᠯᠠᠬᠤ ᠴᠢᠬᠤᠯᠠᠲᠠᠶ ᠪᠤᠰᠤᠳ ᠨᠤᠲᠤᠭ ᠪᠡᠯᠴᠢᠭᠡᠷ ᠲᠤ ᠨᠢᠭᠡ ᠵᠢᠯ ᠠᠴᠠ ᠳᠡᠭᠡᠭᠰᠢ ᠪᠡᠯᠴᠢᠭᠡᠷᠯᠡᠭᠦᠯᠦᠨ ᠠᠰᠢᠭᠯᠠᠬᠤ ᠶᠢ ᠴᠠᠭᠠᠵᠠᠯᠠᠬᠤ ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠶᠢ ᠵᠢᠭᠠᠵᠤ ᠪᠣᠶ᠃ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠢ ᠲᠠᠪᠤᠨ ᠵᠢᠯ ᠳᠤ ᠨᠢᠭᠡ ᠤᠳᠠᠭ᠎ᠠ ᠬᠤᠪᠢᠶᠠᠷᠢᠯᠠᠨ ᠲᠣᠭᠲᠠᠭᠠᠨ᠎ᠠ᠃ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠤ ᠨᠤᠲᠤᠭ ᠪᠡᠯᠴᠢᠭᠡᠷ ᠲᠤ ᠡᠪᠡᠰᠦ ᠬᠠᠳᠤᠬᠤ ᠶᠢ ᠴᠢᠩᠭ᠎ᠠ ᠬᠢᠵᠠᠭᠠᠷᠯᠠᠵᠤ᠂ ᠤᠷᠭᠤᠮᠠᠯ ᠤᠨ ᠬᠤᠴᠢᠯᠭ᠎ᠠ ᠶᠢ ᠨᠡᠯᠢᠶᠡᠳ ᠰᠠᠶᠢᠨ ᠰᠡᠷᠭᠦᠭᠡᠭᠰᠡᠨ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠳᠤ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠦᠭᠰᠡᠨ ᠤ ᠲᠠᠷᠠᠭ᠎ᠠ᠂ ᠬᠠᠮᠠᠭᠠᠯᠠᠯᠲᠠ ᠶᠢᠨ ᠴᠢᠨᠠᠷᠲᠠᠶ ᠡᠪᠡᠰᠦ ᠬᠠᠳᠤᠵᠤ ᠪᠣᠯᠤᠨ᠎ᠠ᠃      ᠪᠡᠯᠴᠢᠭᠡᠷᠯᠡᠭᠦᠯᠬᠦ ᠶᠢ ᠵᠣᠭᠰᠣᠭᠠᠬᠤ ᠭᠡᠳᠡᠭ ᠨᠢ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠣᠷᠣᠨ ᠳᠤ ᠤᠯᠠᠷᠢᠯ ᠤᠨ ᠴᠢᠨᠠᠷᠲᠠᠶ ᠪᠡᠯᠴᠢᠭᠡᠷᠯᠡᠭᠦᠯᠬᠦ ᠶᠢ ᠴᠠᠭᠠᠵᠠᠯᠠᠬᠤ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠡᠵᠡᠨ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠲᠤᠬᠠᠶ ᠶᠢᠨ ᠭᠠᠵᠠᠷ ᠤᠨ ᠠᠭᠤᠷ ᠠᠮᠢᠰᠬᠤᠯ ᠤᠨ ᠨᠥᠬᠦᠴᠡᠯ ᠪᠠ ᠪᠡᠯᠴᠢᠭᠡᠷ ᠡᠪᠡᠰᠦᠨ ᠤ ᠤᠷᠭᠤᠯᠲᠠ ᠶᠢᠨ ᠵᠢᠮ᠎ᠡ ᠶᠣᠰᠣ ᠶᠢ ᠦᠨᠳᠦᠰᠦᠯᠡᠨ᠂ ᠵᠢᠯ ᠪᠦᠷᠢ ᠶᠢᠨ ᠪᠡᠯᠴᠢᠭᠡᠷ ᠡᠪᠡᠰᠦ ᠨᠣᠭᠤᠭᠠᠷᠠᠬᠤ ᠬᠤᠭᠤᠴᠠᠭᠠᠨ ᠳᠤ ᠪᠡᠯᠴᠢᠭᠡᠷᠯᠡᠭᠦᠯᠬᠦ ᠶᠢ ᠵᠣᠭᠰᠣᠭᠠᠬᠤ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠡᠯᠴᠢᠭᠡᠷᠯᠡᠭᠦᠯᠬᠦ ᠶᠢ ᠵᠣᠭᠰᠣᠭᠠᠬᠤ ᠬᠤᠭᠤᠴᠠᠭ᠎ᠠ ᠶᠢ ᠳᠥᠴᠢᠨ ᠲᠠᠪᠤᠨ ᠡᠳᠦᠷ ᠠᠴᠠ ᠳᠤᠲᠠᠭᠤ ᠪᠠᠶᠢᠯᠭᠠᠵᠤ ᠪᠣᠯᠬᠤ ᠥᠬᠡᠶ᠃      ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠭᠡᠳᠡᠭ ᠪᠣᠯ ᠨᠤᠲᠤᠭ ᠪᠡᠯᠴᠢᠭᠡᠷ ᠳᠡᠭᠡᠷ᠎ᠡ ᠦᠢᠯᠡᠳᠪᠦᠷᠢᠯᠡᠭᠰᠡᠨ᠂ ᠵᠦᠢ ᠵᠣᠬᠢᠰᠲᠠᠶ ᠠᠰᠢᠭᠯᠠᠵᠤ ᠪᠣᠯᠬᠤ ᠲᠡᠵᠢᠭᠡᠯ ᠡᠪᠡᠰᠦᠨ ᠤ ᠬᠡᠮᠵᠢᠶ᠎ᠡ ᠬᠢᠭᠡᠳ ᠮᠠᠯ ᠮᠠᠯᠵᠢᠬᠤ ᠳᠤ ᠬᠡᠷᠡᠭᠰᠡᠬᠦ ᠲᠡᠵᠢᠭᠡᠯ ᠡᠪᠡᠰᠦᠨ ᠤ ᠬᠡᠮᠵᠢᠶ᠎ᠡ ᠶᠢᠨ ᠬᠥᠳᠡᠯᠦᠩᠭᠦᠶ ᠲᠡᠩᠴᠡᠭᠦᠷᠢ ᠶᠢ ᠪᠠᠲᠤᠯᠠᠬᠤ ᠶᠢ ᠵᠢᠭᠠᠵᠤ ᠪᠠᠶᠢᠨ᠎ᠠ᠃ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠣᠷᠣᠨ ᠳᠤ ᠨᠤᠲᠤᠭ ᠪᠡᠯᠴᠢᠭᠡᠷ ᠤᠨ ᠳᠠᠭᠠᠭᠠᠴᠠ ᠶᠢᠨ ᠴᠢᠳᠠᠪᠤᠷᠢ ᠶᠢ ᠦᠨᠳᠦᠰᠦᠯᠡᠨ ᠲᠣᠬᠢᠷᠠᠮᠵᠢᠲᠠᠶ ᠪᠡᠯᠴᠢᠭᠡᠷ ᠤᠨ ᠳᠠᠭᠠᠭᠠᠴᠠ ᠶᠢᠨ ᠬᠡᠮᠵᠢᠶ᠎ᠡ ᠶᠢ ᠬᠢᠨᠠᠨ ᠲᠣᠭᠲᠠᠭᠠᠵᠤ᠂ ᠪᠡᠯᠴᠢᠭᠡᠷᠯᠡᠭᠦᠯᠬᠦ ᠶᠢ ᠵᠣᠭᠰᠣᠭᠠᠬᠤ ᠲᠦᠷᠢᠮ ᠢ ᠴᠢᠩᠭ᠎ᠠ ᠬᠡᠷᠡᠭᠵᠢᠭᠦᠯᠵᠦ᠂ ᠪᠡᠯᠴᠢᠭᠡᠷ ᠬᠤᠪᠢᠶᠠᠨ ᠰᠡᠯᠭᠦᠨ ᠮᠠᠯᠵᠢᠬᠤ ᠶᠢ ᠵᠣᠷᠢᠭᠵᠢᠭᠤᠯᠬᠤ ᠬᠡᠷᠡᠭᠲᠡᠶ᠃      ᠬᠤᠶᠠᠷ᠂ ᠪᠡᠯᠴᠢᠭᠡᠷᠯᠡᠭᠦᠯᠬᠦ ᠶᠢ ᠴᠠᠭᠠᠵᠠᠯᠠᠬᠤ ᠥᠨᠵᠢᠭᠦᠯᠦᠨ ᠮᠠᠯᠵᠢᠬᠤ ᠪᠠ ᠪᠡᠯᠴᠢᠭᠡᠷ ᠮᠠᠯ ᠢ ᠲᠡᠩᠴᠡᠭᠦᠷᠢ ᠲᠠᠢ ᠪᠠᠶᠢᠯᠭᠠᠬᠤ ᠠᠵᠢᠯ ᠤᠨ ᠲᠤᠬᠠᠶ      ︵ᠨᠢᠭᠡ︶ ᠪᠣᠶ ᠪᠥᠬᠦᠶ ᠣᠶᠢᠲᠤ ᠭᠠᠵᠠᠷ᠂ ᠴᠢᠭᠢᠭᠯᠢᠭ ᠭᠠᠵᠠᠷ ᠪᠠ ᠲᠣᠤᠷᠠᠶ ᠤᠯᠢᠶᠠᠰᠤᠨ ᠤ ᠣᠶᠢᠲᠤ ᠣᠷᠣᠨ ᠢ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠪᠣᠯᠭᠠᠵᠤ᠂ ᠪᠥᠬᠦ ᠵᠢᠯ ᠳᠤ ᠮᠠᠯ ᠬᠠᠷᠢᠭᠤᠯᠵᠤ ᠪᠣᠯᠬᠤ ᠥᠬᠡᠶ︔ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠣᠷᠣᠨ ᠪᠦᠰᠡ ᠪᠠᠷ ᠵᠠᠭᠠᠭᠯᠠᠨ ᠲᠣᠭᠲᠠᠭᠠᠭᠰᠠᠨ ᠪᠠᠶᠢᠪᠠᠯ᠂ 2025 ᠣᠨ ᠤ 4 ᠳ᠋ᠦᠭᠡᠷ ᠰᠠᠷ᠎ᠠ ᠶᠢᠨ 1 ᠤ ᠡᠳᠦᠷ ᠠᠴᠠ ᠡᠬᠢᠯᠡᠨ 5 ᠳ᠋ᠤᠭᠠᠷ ᠰᠠᠷ᠎ᠠ ᠶᠢᠨ 15 ᠤ ᠡᠳᠦᠷ ᠪᠣᠯᠲᠠᠯ᠎ᠠ ᠤᠯᠠᠷᠢᠯ ᠤᠨ ᠴᠢᠨᠠᠷᠲᠠᠶ ᠪᠡᠯᠴᠢᠭᠡᠷᠯᠡᠭᠦᠯᠬᠦ ᠶᠢ ᠵᠣᠭᠰᠣᠭᠠᠬᠤ ᠶᠢ ᠬᠡᠷᠡᠭᠵᠢᠭᠦᠯᠦᠨ᠎ᠡ᠃ ᠡᠯ᠎ᠡ ᠰᠤᠮᠤ ᠪᠠᠯᠭᠠᠰᠤ᠂ ᠭᠠᠴᠠᠭ᠎ᠠ᠂ ᠤᠯᠤᠰ ᠤᠨ ᠲᠠᠷᠢᠶᠠᠯᠠᠩ ᠮᠠᠯᠵᠢᠯ ᠤᠨ ᠲᠠᠯᠠᠪᠠᠶ ᠵᠢᠴᠢ ᠥᠷᠭᠡᠨ ᠣᠯᠠᠨ ᠮᠠᠯᠴᠢᠳ ᠤᠷᠢᠳᠴᠢᠯᠠᠨ ᠲᠥᠯᠥᠪᠵᠢᠭᠦᠯᠦᠨ ᠪᠡᠯᠡᠳᠬᠡᠵᠦ᠂ ᠮᠠᠯᠵᠢᠬᠤ ᠶᠢ ᠵᠣᠭᠰᠣᠭᠠᠬᠤ ᠬᠤᠭᠤᠴᠠᠭᠠᠨ ᠳᠠᠬᠢ ᠡᠪᠡᠰᠦ ᠪᠣᠷᠳᠤᠭ᠎ᠠ ᠶᠢ ᠳᠣᠭᠢᠷᠠᠭᠤᠯᠤᠨ ᠬᠤᠳᠠᠯᠳᠤᠨ ᠠᠪᠬᠤ᠂ ᠨᠥᠭᠡᠴᠡᠯᠡᠬᠦ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠮᠠᠯᠵᠢᠬᠤ ᠶᠢ ᠵᠣᠭᠰᠣᠭᠠᠵᠤ ᠮᠠᠯᠵᠢᠬᠤ ᠶᠢ ᠵᠣᠭᠰᠣᠭᠠᠬᠤ ᠬᠤᠭᠤᠴᠠᠭᠠᠨ ᠳᠠᠬᠢ ᠪᠣᠶ ᠪᠥᠬᠦᠶ ᠮᠠᠯ ᠢ ᠪᠦᠬᠦᠨ ᠢ ᠬᠠᠰᠢᠶᠠᠯᠠᠨ ᠲᠡᠵᠢᠭᠡᠵᠦ᠂ ᠨᠤᠲᠤᠭ ᠪᠡᠯᠴᠢᠭᠡᠷ ᠳᠡᠭᠡᠷ᠎ᠡ ᠮᠠᠯᠵᠢᠵᠤ ᠪᠣᠯᠬᠤ ᠥᠬᠡᠶ᠂ ᠬᠤᠯᠠᠭᠠᠶᠢᠯᠠᠨ ᠮᠠᠯᠵᠢᠬᠤ ᠦᠢᠯᠡ ᠠᠵᠢᠯᠯᠠᠭ᠎ᠠ ᠶᠢ ᠡᠷᠡᠰ ᠬᠤᠷᠢᠭᠯᠠᠬᠤ ᠬᠡᠷᠡᠭᠲᠡᠶ᠃      ︵ᠬᠤᠶᠠᠷ︶ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠪᠤᠶᠤ ᠥᠨᠵᠢᠭᠦᠯᠦᠨ ᠮᠠᠯᠵᠢᠬᠤ ᠬᠤᠭᠤᠴᠠᠭᠠᠨ ᠳᠤ ᠮᠠᠯ ᠬᠠᠷᠢᠭᠤᠯᠤᠭᠰᠠᠨ ᠢ ᠨᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ ᠥᠨᠵᠢᠭᠦᠯᠦᠨ ᠮᠠᠯᠵᠢᠬᠤ ᠲᠥᠷᠢᠮ︾ ᠤᠨ ᠭᠤᠴᠢᠨ ᠲᠠᠪᠤᠳᠤᠭᠠᠷ ᠵᠦᠢᠯ ᠤᠨ ᠲᠣᠭᠲᠠᠭᠠᠯ ᠢ ᠦᠨᠳᠦᠰᠦᠯᠡᠨ᠂ ᠬᠠᠷᠢᠶ᠎ᠠ ᠭᠠᠵᠠᠷ ᠤᠨ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠠᠴᠠ ᠵᠠᠷᠯᠢᠭᠳᠠᠨ ᠵᠠᠯᠠᠷᠠᠭᠤᠯᠤᠭᠤᠯᠵᠤ᠂ ᠬᠠᠤᠯᠢ ᠠᠴᠠ ᠵᠥᠷᠢᠴᠡᠨ ᠬᠤᠨᠢ ᠬᠠᠷᠢᠭᠤᠯᠵᠤ ᠪᠠᠶᠢᠭ᠎ᠠ ᠨᠢᠭᠡᠴᠡ ᠨᠢᠭᠡᠪᠦᠷᠢ ᠶᠢᠨ 120 ᠲᠥᠭᠦᠷᠢᠭ ᠤᠨ ᠵᠣᠭᠤᠰ ᠢᠶᠠᠷ ᠲᠣᠷᠭᠠᠬᠤ ᠪᠠᠷ ᠰᠢᠳᠬᠡᠨ᠎ᠡ᠃      ︵ᠭᠤᠷᠪᠠ︶ ᠪᠡᠯᠴᠢᠭᠡᠷ ᠮᠠᠯ ᠢ ᠲᠡᠩᠴᠡᠭᠦᠷᠢ ᠲᠠᠢ ᠪᠠᠶᠢᠯᠭᠠᠬᠤ ᠶᠢ ᠬᠡᠷᠡᠭᠵᠢᠭᠦᠯᠦᠭᠰᠡᠨ ᠨᠤᠲᠤᠭ ᠪᠡᠯᠴᠢᠭᠡᠷ ᠳᠡᠭᠡᠷ᠎ᠡ ᠳᠠᠭᠠᠭᠠᠴᠠ ᠠᠴᠠ ᠬᠡᠲᠦᠷᠡᠭᠦᠯᠦᠨ ᠪᠡᠯᠴᠢᠭᠡᠷᠯᠡᠭᠦᠯᠦᠭᠰᠡᠨ ᠪᠠᠶᠢᠪᠠᠯ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠯᠴᠢᠭᠡᠷ ᠮᠠᠯ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ ᠪᠡᠯᠴᠢᠭᠡᠷ ᠰᠡᠷᠭᠦᠭᠡᠬᠦ ᠲᠦᠷᠢᠮ︾ ᠤᠨ ᠭᠤᠴᠢᠨ ᠲᠠᠪᠤᠳᠤᠭᠠᠷ ᠵᠦᠢᠯ ᠤᠨ ᠲᠣᠭᠲᠠᠭᠠᠯ ᠢ ᠦᠨᠳᠦᠰᠦᠯᠡᠨ ᠬᠠᠷᠢᠶ᠎ᠠ ᠭᠠᠵᠠᠷ ᠤᠨ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠠᠴᠠ ᠵᠠᠷᠯᠢᠭᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠨ ᠵᠠᠯᠠᠷᠠᠭᠤᠯᠤᠨ᠎ᠠ︔ ᠬᠤᠭᠤᠴᠠᠭ᠎ᠠ ᠬᠡᠲᠦᠷᠡᠲᠡᠯ᠎ᠡ ᠵᠠᠯᠠᠷᠠᠭᠤᠯᠤᠭᠰᠠᠨ ᠦᠭᠡᠢ ᠪᠠᠶᠢᠪᠠᠯ᠂ ᠳᠠᠭᠠᠭᠠᠴᠠ ᠠᠴᠠ ᠬᠡᠲᠦᠷᠡᠭᠰᠡᠨ ᠬᠤᠨᠢᠨ ᠤ ᠨᠢᠭᠡᠴᠢ ᠪᠦᠷᠢ ᠶᠢ 100 ᠲᠥᠭᠦᠷᠢᠭ ᠢᠶᠠᠷ ᠲᠣᠷᠭᠠᠬᠤ ᠪᠠᠷ ᠰᠢᠳᠭᠡᠨ᠎ᠡ᠃ ᠵᠤᠯᠵᠠᠭ᠎ᠠ ᠮᠣᠳᠣᠨ ᠤ ᠣᠶᠢᠲᠤ ᠭᠠᠵᠠᠷ ᠲᠤ ᠮᠡᠯ ᠬᠠᠷᠢᠭᠤᠯᠤᠭᠰᠠᠨ ᠠᠴᠠ ᠪᠤᠯᠵᠦ ᠤᠢ ᠮᠣᠳᠣ ᠶᠢ ᠬᠤᠬᠢᠷᠠᠭᠤᠯᠤᠭᠰᠠᠨ ᠪᠠᠶᠢᠪᠠᠯ᠂ ᠤᠢ ᠰᠢᠭᠤᠶ ᠶᠢᠨ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠠᠴᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠢ ᠰᠢᠭᠤᠶ ᠶᠢᠨ ᠬᠠᠤᠯᠢ︾ ᠶᠢᠨ ᠲᠡᠯᠡᠠ ᠳᠥᠷᠪᠡᠳᠦᠭᠡᠷ ᠵᠦᠢᠯ ᠤᠨ ᠬᠤᠶᠠᠳᠤᠭᠠᠷ ᠪᠠᠳᠠᠭ ᠤᠨ ᠲᠣᠭᠲᠠᠭᠠᠯ ᠢ ᠦᠨᠳᠦᠰᠦᠯᠡᠨ᠂ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢ ᠨᠢ ᠵᠠᠷᠯᠢᠭᠳᠠᠨ ᠵᠣᠭᠰᠣᠭᠠᠵᠤ᠂ ᠬᠤᠬᠢᠷᠠᠭᠤᠯᠤᠭᠰᠠᠨ ᠮᠣᠳᠣᠨ ᠤ ᠲᠣᠭᠠᠨ ᠤ ᠬᠢᠨᠢ ᠨᠢᠭᠡ ᠲᠡᠬᠢᠠ ᠠᠴᠠ ᠳᠡᠭᠡᠭᠰᠢ ᠭᠤᠷᠪᠠᠨ ᠲᠡᠬᠢᠠ ᠠᠴᠠ ᠳᠣᠭᠤᠭᠰᠢ ᠲᠣᠭᠠᠨ ᠤ ᠲᠣᠭᠠᠨ ᠤ ᠬᠢᠨᠢ ᠨᠢᠭᠡ ᠲᠡᠬᠢᠠ ᠠᠴᠠ ᠳᠡᠭᠡᠭᠰᠢ ᠭᠤᠷᠪᠠᠨ ᠲᠡᠬᠢᠠ ᠠᠴᠠ ᠳᠣᠭᠤᠭᠰᠢ ᠲᠣᠭᠠᠨ ᠤ ᠮᠣᠳᠣ ᠶᠢ ᠬᠤᠭᠤᠴᠠᠭ᠎ᠠ ᠲᠣᠭᠲᠠᠭᠠᠨ ᠤᠬ ᠭᠠᠵᠠᠷ ᠲᠤᠨᠢ ᠪᠤᠶᠤ ᠣᠨᠳᠣᠣ ᠭᠠᠵᠠᠷ ᠲᠤ ᠨᠥᠬᠦᠵᠦ ᠳᠠᠷᠢᠭᠤᠯᠬᠤ ᠬᠡᠷᠡᠭᠲᠡᠶ᠃      ︵ᠳᠥᠷᠪᠡ︶ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠵᠣᠭᠰᠣᠭᠠᠵᠤ ᠪᠡᠯᠴᠢᠭᠡᠷᠯᠡᠭᠦᠯᠬᠦ ᠶᠢ ᠵᠣᠭᠰᠣᠭᠠᠬᠤ       ᠲᠦᠷᠢᠮ︾ ᠢ ᠦᠨᠳᠦᠰᠦᠯᠡᠨ᠂ ᠪᠡᠯᠴᠢᠭᠡᠷᠯᠡᠭᠦᠯᠬᠦ ᠶᠢ ᠵᠣᠭᠰᠣᠭᠠᠵᠤ ᠪᠡᠯᠴᠢᠭᠡᠷᠯᠡᠭᠦᠯᠬᠦ ᠶᠢ ᠵᠣᠭᠰᠣᠭᠠᠬᠤ ᠪᠠ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠲᠦᠷᠢᠮ ᠢ ᠨᠠᠶᠢᠳᠠᠪᠤᠷᠢᠵᠢᠭᠤᠯᠤᠭᠰᠠᠨ ᠥᠬᠡᠶ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠣᠷᠣᠨ ᠳᠤ ᠪᠡᠯᠴᠢᠭᠡᠷᠯᠡᠭᠦᠯᠬᠦ ᠶᠢᠨ ᠳᠠᠭᠠᠭᠠᠴᠠ ᠠᠴᠠ ᠬᠡᠲᠦᠷᠡᠭᠰᠡᠨ ᠨᠣᠷᠮ᠎ᠠ ᠨᠢ ᠵᠠᠭᠤᠨ ᠤ ᠠᠷᠪᠠ ᠠᠴᠠ ᠬᠡᠲᠦᠷᠡᠭᠰᠡᠨ ᠪᠤᠶᠤ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠳᠤ ᠬᠤᠶᠠᠷ ᠠᠴᠠ ᠳᠡᠭᠡᠭᠰᠢ ᠮᠠᠯᠵᠢᠭᠰᠠᠨ ᠪᠠᠶᠢᠪᠠᠯ᠂ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠱᠠᠩᠨᠠᠯ ᠤᠨ ᠪᠠᠯᠠ ᠮᠥᠩᠭᠦ ᠶᠢ ᠰᠠᠭᠤᠯᠭᠠᠨ ᠠᠪᠴᠤ ᠪᠣᠯᠤᠨ᠎ᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠭᠰᠠᠨ ᠠᠷᠭ᠎ᠠ ᠪᠠᠷ ᠦᠨᠳᠦᠰᠦᠯᠡᠯ ᠪᠣᠯᠭᠠᠨ᠎ᠠ᠃ ᠰᠠᠭᠤᠯᠭᠠᠨ ᠠᠪᠤᠭᠰᠠᠨ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠱᠠᠩᠨᠠᠯ ᠤᠨ ᠪᠠᠯᠠ ᠮᠥᠩᠭᠦ ᠶᠢ ᠡᠵᠡᠨ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠨᠢᠭᠡᠳᠦᠯᠲᠡᠶ ᠲᠥᠯᠥᠪᠯᠡᠨ ᠳᠣᠭᠢᠷᠠᠭᠤᠯᠵᠤ᠂ ᠨᠤᠲᠤᠭ ᠪᠡᠯᠴᠢᠭᠡᠷ ᠤᠨ ᠬᠠᠮᠠᠭᠠᠯᠠᠯᠲᠠ ᠶᠢᠨ ᠪᠥᠲᠥᠭᠡᠨ ᠪᠠᠶᠢᠭᠤᠯᠤᠯᠲᠠ ᠳᠤ ᠲᠤᠰᠬᠠᠶ ᠬᠡᠷᠡᠭᠯᠡᠨ᠎ᠡ᠃      ︵ᠲᠠᠪᠤ︶ ᠤᠯᠠᠨ ᠲᠦᠮᠡᠨ ᠢ ᠵᠣᠷᠢᠭᠤᠳᠠ ᠥᠳᠥᠭᠡᠵᠦ᠂ ᠬᠠᠤᠯᠢ ᠬᠡᠷᠡᠭᠵᠢᠭᠦᠯᠬᠦ ᠠᠵᠢᠯᠳᠠᠨ ᠤ ᠬᠠᠤᠯᠢ ᠶᠣᠰᠣᠭᠠᠷ ᠡᠭᠦᠷᠭᠡ ᠲᠤᠰᠢᠶᠠᠯ ᠢᠶᠠᠨ ᠭᠦᠢᠴᠡᠳᠬᠡᠬᠦ ᠶᠢ ᠬᠦᠴᠦᠷᠬᠡᠭᠯᠡᠯ᠂ ᠰᠦᠷᠳᠡᠭᠦᠯᠦᠯ ᠤᠨ ᠠᠷᠭ᠎ᠠ ᠮᠠᠶ᠋ᠢᠭ ᠢᠶᠠᠷ ᠬᠠᠷᠰᠢᠯᠠᠭᠠᠳ ᠶᠠᠯ᠎ᠠ ᠪᠤᠯᠵᠤ ᠪᠦᠷᠢᠯᠳᠦᠭᠰᠡᠨ ᠪᠠᠶᠢᠪᠠᠯ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠷᠡᠭᠦᠦ ᠶᠢᠨ ᠬᠠᠤᠯᠢ︾ ᠶᠢᠨ ᠬᠤᠶᠠᠷ ᠵᠠᠭᠤ ᠳᠠᠯᠠᠳᠤᠭᠠᠷ ᠵᠦᠢᠯ ᠤᠨ ᠲᠣᠭᠲᠠᠭᠠᠯ ᠶᠣᠰᠣᠭᠠᠷ᠂ ᠠᠯᠪᠠᠨ ᠠᠵᠢᠯ ᠢ ᠬᠠᠷᠰᠢᠯᠠᠭᠰᠠᠨ ᠶᠠᠯ᠎ᠠ ᠪᠠᠷ ᠴᠠᠭᠳᠠᠭ᠎ᠠ ᠶᠢ ᠲᠠᠭᠠᠷᠢᠵᠤ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃     ︵ᠵᠢᠷᠭᠤᠭ᠎ᠠ︶ ᠬᠠᠤᠯᠢ ᠶᠣᠰᠣᠭᠠᠷ ᠰᠢᠳᠭᠡᠬᠦ ᠲᠣᠭᠲᠠᠭᠠᠯ ᠭᠠᠷᠭᠠᠵᠤ᠂ ᠲᠤᠬᠠᠶ ᠶᠢᠨ ᠬᠥᠮᠦᠨ ᠬᠠᠤᠯᠢ ᠪᠠᠷ ᠲᠣᠭᠲᠠᠭᠠᠭᠰᠠᠨ ᠬᠤᠭᠤᠴᠠᠭᠠᠨ ᠳᠤ ᠳᠠᠬᠢᠨ ᠵᠥᠪᠯᠡᠭᠦᠯᠬᠦ ᠪᠠᠷ ᠭᠤᠶᠤᠴᠢᠯᠠᠬᠤ ᠥᠬᠡᠶ ᠪᠤᠶᠤ ᠵᠠᠷᠭᠤᠯᠳᠤᠬᠤ ᠥᠬᠡᠶ ᠮᠥᠷᠲᠡᠭᠡᠨ ᠭᠦᠢᠴᠡᠳᠭᠡᠬᠦ ᠶᠢ ᠲᠡᠪᠴᠢᠪᠡᠯ᠂ ᠰᠢᠳᠭᠡᠬᠦ ᠪᠠᠶᠢᠭᠤᠯᠭ᠎ᠠ ᠠᠴᠠ ᠬᠤᠰᠢᠭᠤᠨ ᠠᠷᠠᠳ ᠤᠨ ᠰᠢᠭᠦᠬᠦ ᠬᠤᠷᠢᠶᠠᠨ ᠳᠤ ᠠᠯᠪᠠᠳᠠᠯᠭ᠎ᠠ ᠪᠠᠷ ᠬᠡᠷᠡᠭᠵᠢᠭᠦᠯᠬᠦ ᠪᠠᠷ ᠭᠤᠶᠤᠴᠢᠯᠠᠨ᠎ᠠ᠃ ᠡᠭᠦᠨ ᠤ ᠬᠠᠮᠲᠤ᠂ ᠬᠠᠤᠯᠢ ᠴᠠᠭᠠᠵᠠ ᠰᠠᠬᠢᠯᠭ᠎ᠠ ᠪᠠᠲᠤ ᠶᠢ ᠥᠯᠥ ᠬᠠᠶᠢᠬᠤᠷᠤᠭᠰᠠᠨ᠂ ᠣᠯᠠᠨᠲᠠ ᠴᠠᠭᠠᠵᠠᠯᠠᠭᠰᠠᠨ ᠴᠤ ᠵᠣᠭᠰᠣᠬᠤ ᠥᠬᠡᠶ ᠮᠠᠯᠴᠢᠨ ᠲᠠᠷᠢᠶᠠᠴᠢᠨ ᠢ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠠᠴᠠ ᠬᠤᠰᠢᠭᠤᠨ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ ᠳᠤ ᠮᠡᠳᠡᠭᠦᠯᠵᠦ ᠬᠢᠨᠠᠨ ᠵᠥᠪᠰᠢᠶᠡᠷᠡᠭᠦᠯᠦᠭᠰᠡᠨ ᠤ ᠳᠠᠷᠠᠭ᠎ᠠ᠂ ᠲᠡᠳᠡᠨ ᠤ ᠬᠡᠰᠡᠭ ᠨᠤᠲᠤᠭ ᠪᠡᠯᠴᠢᠭᠡᠷ ᠤᠨ ᠠᠮᠢ ᠠᠬᠤᠶ ᠶᠢᠨ ᠨᠥᠬᠦᠪᠥᠷᠢ ᠱᠠᠩᠨᠠᠯ ᠤᠨ ᠪᠠᠯᠠ ᠮᠥᠩᠭᠦ ᠶᠢ ᠰᠠᠭᠤᠯᠭᠠᠨ ᠠᠪᠬᠤ ᠪᠤᠶᠤ       ᠵᠣᠭᠰᠣᠭᠠᠨ᠎ᠠ᠃     ᠭᠤᠷᠪᠠ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ     ︵ᠨᠢᠭᠡ︶ ᠡᠯ᠎ᠡ ᠰᠤᠮᠤ ᠪᠠᠯᠭᠠᠰᠤ᠂ ᠤᠯᠤᠰ ᠤᠨ ᠲᠠᠷᠢᠶᠠᠯᠠᠩ ᠮᠠᠯᠵᠢᠯ ᠤᠨ ᠲᠠᠯᠠᠪᠠᠶ ᠨᠤᠭᠤᠳ ᠲᠦᠷᠢᠮ ᠤᠨ ᠶᠣᠰᠣᠭᠠᠷ ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠨᠤᠲᠤᠭ ᠪᠡᠯᠴᠢᠭᠡᠷ ᠤᠨ ᠬᠠᠮᠠᠭᠠᠯᠠᠯᠲᠠ ᠬᠠᠮᠢᠶᠠᠷᠤᠯᠲᠠ ᠶᠢᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠪᠡᠯᠴᠢᠭᠡᠷᠯᠡᠭᠦᠯᠬᠦ ᠶᠢ ᠴᠠᠭᠠᠵᠠᠯᠠᠬᠤ᠂ ᠪᠡᠯᠴᠢᠭᠡᠷ ᠮᠠᠯ ᠢ ᠲᠡᠩᠴᠡᠭᠦᠷᠢ ᠲᠠᠢ ᠪᠠᠶᠢᠯᠭᠠᠬᠤ ᠬᠠᠮᠢᠶᠠᠷᠤᠯᠲᠠ ᠶᠢᠨ ᠲᠦᠷᠢᠮ ᠢ ᠴᠢᠩᠭ᠎ᠠ ᠬᠡᠷᠡᠭᠵᠢᠭᠦᠯᠦᠨ᠂ ᠬᠠᠤᠯᠢ ᠬᠡᠷᠡᠭᠵᠢᠭᠦᠯᠵᠦ ᠲᠣᠭᠤᠷᠢᠨ ᠪᠠᠶᠢᠴᠠᠭᠠᠬᠤ᠂ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ᠂ ᠤᠬᠠᠭᠤᠯᠭ᠎ᠠ ᠬᠥᠮᠦᠵᠢᠯ ᠢ ᠦᠨᠡᠨᠬᠦ ᠴᠢᠩᠭᠠᠳᠬᠠᠵᠤ᠂ ᠬᠤᠯᠠᠭᠠᠶᠢᠯᠠᠨ ᠮᠠᠯᠵᠢᠬᠤ᠂ ᠳᠠᠭᠠᠭᠠᠴᠠ ᠠᠴᠠ ᠬᠡᠲᠦᠷᠡᠭᠦᠯᠦᠨ ᠮᠠᠯᠵᠢᠬᠤ ᠵᠡᠷᠭᠡ ᠬᠠᠤᠯᠢ ᠠᠴᠠ ᠵᠥᠷᠢᠴᠡᠭᠰᠡᠨ ᠦᠢᠯᠡ‌ᠠᠵᠢᠯᠯᠠᠭ᠎ᠠ ᠶᠢ ᠴᠠᠭ ᠲᠤᠬᠠᠶ ᠳᠤᠨᠢ ᠵᠢᠭᠰᠠᠭᠠᠨ ᠪᠠᠶᠢᠴᠠᠭᠠᠵᠤ ᠬᠤᠷᠢᠭᠯᠠᠬᠤ ᠪᠠ ᠬᠠᠤᠯᠢ ᠶᠣᠰᠣᠭᠠᠷ ᠪᠠᠶᠢᠴᠠᠭᠠᠨ ᠰᠢᠢᠳᠪᠤᠷᠢᠯᠡᠬᠦ ᠬᠡᠷᠡᠭᠲᠡᠶ᠃     ︵ᠬᠤᠶᠠᠷ︶ ᠡᠯ᠎ᠡ ᠰᠤᠮᠤ ᠪᠠᠯᠭᠠᠰᠤ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠭᠠᠴᠠᠭᠠᠨ ᠤ ᠵᠥᠪᠯᠡᠯ ᠤᠳ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠮᠠᠯᠵᠢᠬᠤ ᠡᠷᠦᠬᠡ ᠶᠢᠨ ᠮᠠᠯ ᠢ ᠰᠢᠮᠳᠠᠭᠤᠯᠵᠤ ᠪᠠᠶᠢᠭᠠᠳ ᠵᠦᠶ ᠵᠣᠬᠢᠰᠲᠠᠶ ᠪᠠᠷ ᠬᠠᠰᠢᠶᠠᠯᠠᠨ ᠲᠡᠵᠢᠭᠡᠯᠭᠡᠬᠦ ᠬᠡᠷᠡᠭᠲᠡᠶ︔ ᠡᠵᠡᠨ᠎ᠡ ᠬᠤᠰᠢᠭᠤᠨ ᠤ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠮᠢᠶ᠎ᠠ ᠪᠥᠬᠦᠶ ᠪᠠᠲᠤᠯᠠᠬᠤ᠂ ᠵᠢᠯᠣᠭᠤᠳᠬᠤ ᠪᠠ ᠬᠢᠨᠠᠨ ᠬᠠᠮᠢᠶᠠᠷᠬᠤ ᠠᠵᠢᠯ ᠢ ᠰᠠᠶᠢᠲᠤᠷ ᠬᠢᠬᠦ ᠬᠡᠷᠡᠭᠲᠡᠶ᠃ ᠡᠵᠡᠨ᠎ᠡ ᠬᠤᠰᠢᠭᠤᠨ ᠤ ᠣᠶ ᠰᠢᠭᠤᠶ ᠡᠪᠡᠰᠦ ᠪᠡᠯᠴᠢᠭᠡᠷ ᠤᠨ ᠰᠠᠯᠠᠭ᠎ᠠ ᠮᠥᠴᠢᠷ ᠬᠢᠨᠠᠯᠲᠠ ᠲᠠᠯᠪᠢᠬᠤ ᠪᠠ ᠨᠤᠲᠤᠭ ᠪᠡᠯᠴᠢᠭᠡᠷ ᠤᠨ ᠠᠮᠢ ᠠᠬᠤᠶ ᠶᠢ ᠬᠢᠨᠠᠨ ᠬᠡᠮᠵᠢᠬᠦ ᠠᠵᠢᠯ ᠢ ᠬᠠᠷᠢᠭᠤᠴᠠᠨ᠎ᠠ︔ ᠡᠵᠡᠨ᠎ᠡ ᠬᠤᠰᠢᠭᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠪᠠᠯᠠ ᠮᠥᠩᠭᠦ ᠶᠢᠨ ᠬᠠᠮᠢᠶᠠᠷᠤᠯᠲᠠ ᠪᠠ ᠲᠠᠷᠬᠠᠭᠠᠬᠤ ᠠᠵᠢᠯ ᠢ ᠬᠠᠷᠢᠭᠤᠴᠠᠨ᠎ᠠ︔ ᠡᠵᠡᠨ᠎ᠡ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠨᠢ ᠡᠪᠡᠰᠦ ᠪᠣᠷᠳᠤᠭ᠎ᠠ ᠨᠥᠭᠡᠴᠡᠯᠡᠬᠦ᠂ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ᠂ ᠮᠡᠷᠭᠡᠵᠢᠯ ᠤᠨ ᠵᠢᠯᠣᠭᠤᠳᠣᠯᠭ᠎ᠠ ᠪᠠ ᠤᠬᠠᠭᠤᠯᠵᠤ ᠬᠥᠲᠥᠯᠦᠨ ᠵᠢᠯᠣᠭᠤᠳᠬᠤ ᠠᠵᠢᠯ ᠢ ᠨᠢᠭᠡᠳᠦᠯᠲᠡᠶ ᠲᠥᠯᠥᠪᠯᠡᠬᠦ ᠶᠢ ᠬᠠᠷᠢᠭᠤᠴᠠᠨ᠎ᠠ︔ ᠡᠯ᠎ᠡ ᠰᠤᠮᠤ ᠪᠠᠯᠭᠠᠰᠤᠨ ᠤ ᠬᠠᠷᠢᠶᠠᠨ ᠳᠠᠬᠢ ᠬᠠᠤᠯᠢ ᠬᠡᠷᠡᠭᠵᠢᠭᠦᠯᠬᠦ ᠠᠩᠭᠢ ᠶᠢᠨ ᠬᠢᠨ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠡᠷᠴᠢᠮ ᠢᠶᠠᠨ ᠴᠢᠩᠭᠠᠷᠠᠭᠤᠯᠵᠤ᠂ ᠬᠤᠯᠠᠭᠠᠶᠢᠯᠠᠨ ᠮᠠᠯᠵᠢᠬᠤ  ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠲᠣᠭᠲᠠᠭᠠᠯ ᠠᠴᠠ ᠵᠥᠷᠢᠴᠡᠨ ᠮᠠᠯᠵᠢᠬᠤ  ᠦᠢᠯᠡ‌ᠠᠵᠢᠯᠯᠠᠭ᠎ᠠ ᠶᠢ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠬᠠᠤᠯᠢ ᠶᠣᠰᠣᠭᠠᠷ ᠪᠠᠶᠢᠴᠠᠭᠠᠨ ᠰᠢᠢᠳᠪᠤᠷᠢᠯᠡᠨ᠎ᠡ᠃      ︵ᠭᠤᠷᠪᠠ︶ ᠡᠯ᠎ᠡ ᠭᠠᠴᠠᠭ᠎ᠠ ᠨᠢ ᠡᠯ᠎ᠡ ᠰᠤᠮᠤ ᠪᠠᠯᠭᠠᠰᠤ ᠯᠤᠭ᠎ᠠ ᠢᠳᠡᠪᠬᠢᠲᠡᠶ ᠪᠠᠷ ᠬᠠᠮᠵᠢᠯᠴᠠᠨ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠪᠡᠯᠴᠢᠭᠡᠷ ᠮᠠᠯ  ᠢ ᠲᠡᠩᠴᠡᠭᠦᠷᠢ ᠲᠠᠢ ᠪᠠᠶᠢᠯᠭᠠᠬᠤ ᠲᠥᠷᠥ ᠶᠢᠨ ᠪᠤᠳᠤᠯᠭ᠎ᠠ᠂ ᠲᠥᠷᠢᠮ‌‍ᠤᠨ‌ᠤᠬᠠᠭᠤᠯᠭ᠎ᠠ ᠶᠢ ᠰᠠᠶᠢᠲᠤᠷ ᠬᠢᠵᠦ᠂ ᠬᠠᠷᠢᠶ᠎ᠠ ᠣᠷᠣᠨ ᠤ ᠪᠠᠨ ᠳᠣᠲᠣᠷᠠᠬᠢ ᠬᠤᠯᠠᠭᠠᠶᠢᠯᠠᠨ ᠮᠠᠯᠵᠢᠬᠤ᠂ ᠳᠠᠭᠠᠭᠠᠴᠠ ᠠᠴᠠ ᠬᠡᠲᠦᠷᠡᠲᠡᠯ᠎ᠡ ᠮᠠᠯᠵᠢᠬᠤ ᠵᠡᠷᠭᠡ ᠬᠠᠤᠯᠢ ᠠᠴᠠ ᠵᠥᠷᠢᠴᠡᠭᠰᠡᠨ ᠥᠢᠯᠡ ᠠᠵᠢᠯᠯᠠᠭ᠎ᠠ ᠶᠢᠨ ᠡᠳᠦᠷ ᠲᠤᠳᠤᠮ ᠤᠨ ᠬᠢᠨᠠᠯᠲᠠ ᠬᠠᠮᠢᠶᠠᠷᠤᠯᠲᠠ ᠶᠢ ᠦᠨᠡᠨᠬᠦ ᠴᠢᠩᠭᠠᠳᠬᠠᠵᠤ᠂ ᠨᠤᠲᠤᠭ ᠪᠡᠯᠴᠢᠭᠡᠷ  ᠢ ᠡᠪᠳᠡᠭᠰᠡᠨ ᠬᠠᠤᠯᠢ ᠠᠴᠠ ᠵᠥᠷᠢᠴᠡᠭᠰᠡᠨ ᠥᠢᠯᠡ ᠠᠵᠢᠯᠯᠠᠭ᠎ᠠ ᠲᠠᠢ ᠪᠠᠶᠢᠬᠤ ᠶᠢ ᠣᠯᠵᠤ ᠮᠡᠳᠡᠪᠡᠯ᠂ ᠰᠤᠮᠤ ᠪᠠᠯᠭᠠᠰᠤ ᠶᠢᠨ      ᠠᠷᠠᠳ ᠤᠨ ᠵᠠᠰᠠᠭ ‍ᠤᠨ‌ᠣᠷᠳᠣᠨ ᠳᠤ ᠴᠠᠭ ᠲᠤᠬᠠᠶ ᠳᠤᠨᠢ ᠮᠡᠳᠡᠭᠦᠯᠬᠦ ᠬᠡᠷᠡᠭᠲᠡᠶ᠃ ᠪᠠᠶᠢᠳᠠᠯ ᠢ ᠮᠡᠳᠡᠵᠦ ᠪᠠᠶᠢᠭᠠᠳ ᠮᠡᠳᠡᠭᠦᠯᠬᠦ ᠦᠭᠡᠢ᠂ ᠥᠮᠥᠭᠯᠡᠵᠦ ᠨᠢᠭᠤᠭᠰᠠᠨ ᠪᠠᠶᠢᠪᠠᠯ᠂ ᠬᠠᠷᠢᠭᠤᠴᠠᠯᠭ᠎ᠠ ᠪᠠᠨ ᠠᠯᠳᠠᠭᠰᠠᠨ᠂ ᠲᠤᠰᠢᠶᠠᠯ ᠢᠶᠠᠨ ᠭᠤᠲᠤᠭᠠᠭᠰᠠᠨ ᠢᠶᠠᠷ ᠬᠠᠷᠢᠭᠤᠴᠠᠯᠭ᠎ᠠ ᠨᠡᠬᠡᠮᠵᠢᠯᠡᠨ᠎ᠡ᠃      ︵ᠲᠥᠷᠪᠡ︶ ᠥᠷᠭᠡᠨ ᠤᠯᠠᠨ ᠮᠠᠯᠴᠢᠳ ᠪᠡᠯᠴᠢᠭᠡᠷᠯᠡᠭᠦᠯᠬᠦ ᠶᠢ ᠴᠠᠭᠠᠵᠠᠯᠠᠵᠤ ᠥᠨᠵᠢᠭᠦᠯᠬᠦ᠂ ᠮᠠᠯ       ᠪᠡᠯᠴᠢᠭᠡᠷ  ᠢ ᠲᠡᠩᠴᠡᠭᠦᠷᠢ ᠲᠠᠢ ᠪᠠᠶᠢᠯᠭᠠᠬᠤ ᠲᠥᠷᠢᠮ  ᠢ ᠰᠠᠨᠠᠭᠠᠴᠢᠯᠠᠭ᠎ᠠ ᠠᠴᠠ ᠪᠠᠨ ᠬᠡᠷᠡᠭᠵᠢᠭᠦᠯᠵᠦ᠂ ᠨᠤᠲᠤᠭ ᠪᠡᠯᠴᠢᠭᠡᠷ ᠤᠨ ᠠᠮᠢ ᠠᠬᠤᠶ ᠶᠢᠨ ᠣᠷᠴᠢᠨ ᠲᠣᠭᠤᠷᠢᠨ  ᠢ ᠤᠬᠠᠮᠰᠠᠷ ᠠᠴᠠ ᠪᠠᠨ ᠬᠠᠮᠠᠭᠠᠯᠠᠬᠤ ᠪᠠ ᠰᠠᠶᠢᠵᠢᠷᠠᠭᠤᠯᠬᠤ ᠬᠡᠷᠡᠭᠲᠡᠶ᠃ ᠨᠤᠲᠤᠭ ᠪᠡᠯᠴᠢᠭᠡᠷ ᠤᠨ ᠠᠮᠢ ᠠᠬᠤᠶ ᠶᠢᠨ ᠲᠤᠰᠠᠯᠠᠵᠤ ᠱᠠᠩᠨᠠᠬᠤ ᠪᠠᠯᠠ ᠮᠥᠩᠭᠦ ᠶᠢ ᠠᠮᠢ ᠠᠬᠤᠶ ᠶᠢᠨ ᠬᠠᠮᠠᠭᠠᠯᠠᠯᠲᠠ ᠪᠠ ᠪᠡᠯᠴᠢᠭᠡᠷᠯᠡᠭᠦᠯᠬᠦ ᠶᠢ ᠵᠣᠭᠰᠣᠭᠠᠵᠤ ᠪᠡᠯᠴᠢᠭᠡᠷᠯᠡᠭᠦᠯᠬᠦ ᠶᠢ ᠵᠣᠭᠰᠣᠭᠠᠬᠤ ᠬᠤᠭᠤᠴᠠᠭᠠᠨ ᠳᠠᠬᠢ ᠡᠪᠡᠰᠦ ᠪᠣᠷᠳᠤᠭ᠎ᠠ ᠶᠢ ᠬᠤᠳᠠᠯᠳᠤᠨ ᠠᠪᠬᠤ ᠪᠠ ᠨᠥᠭᠡᠴᠡᠯᠡᠬᠦ ᠳᠡᠭᠡᠷ᠎ᠡ ᠦᠨᠡᠨᠬᠦ ᠬᠡᠷᠡᠭᠯᠡᠵᠦ᠂ ᠪᠡᠯᠴᠢᠭᠡᠷᠯᠡᠭᠦᠯᠬᠦ ᠶᠢ ᠵᠣᠭᠰᠣᠭᠠᠵᠤ ᠪᠡᠯᠴᠢᠭᠡᠷᠯᠡᠭᠦᠯᠬᠦ ᠶᠢ ᠵᠣᠭᠰᠣᠭᠠᠬᠤ ᠪᠠ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠠᠵᠢᠯ ᠤᠨ ᠤᠷᠤᠭᠰᠢᠲᠠᠶ ᠶᠠᠪᠤᠭᠳᠠᠬᠤ ᠶᠢ ᠦᠨᠡᠨᠬᠦ ᠪᠠᠲᠤᠯᠠᠬᠤ ᠬᠡᠷᠡᠭᠲᠡᠶ᠃      ︵ᠲᠠᠪᠤ︶ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠪᠡᠯᠴᠢᠭᠡᠷ ᠮᠠᠯ ᠢ ᠲᠡᠩᠴᠡᠭᠦᠷᠢ ᠲᠠᠢ ᠪᠠᠶᠢᠯᠭᠠᠬᠤ ᠠᠵᠢᠯ ᠳᠤ ᠢᠯᠡᠴᠢᠯᠡᠨ ᠮᠡᠳᠡᠭᠦᠯᠬᠦ ᠲᠦᠷᠢᠮ ᠢ ᠬᠡᠷᠡᠭᠵᠢᠭᠦᠯᠵᠦ᠂ ᠬᠠᠤᠯᠢ ᠬᠡᠷᠡᠭᠵᠢᠭᠦᠯᠬᠦ ᠳᠤ ᠬᠢᠨᠠᠯᠲᠠ ᠲᠠᠯᠪᠢᠬᠤ᠂ ᠨᠡᠶᠢᠭᠡᠮ ᠤᠨ ᠬᠢᠨᠠᠯᠲᠠ ᠲᠠᠯᠪᠢᠬᠤ᠂ ᠣᠯᠠᠨ ᠲᠦᠮᠡᠨ ᠤ ᠬᠢᠨᠠᠯᠲᠠ ᠲᠠᠯᠪᠢᠬᠤ ᠪᠠ ᠶᠠᠷᠢᠶ᠎ᠠ ᠬᠡᠯᠡᠯᠴᠡᠭᠡᠨ ᠤ ᠬᠢᠨᠠᠯᠲᠠ ᠲᠠᠯᠪᠢᠬᠤ ᠨᠡᠶᠢᠯᠡᠮᠡᠯ ᠬᠦᠴᠦᠨ ᠢ ᠪᠣᠶ ᠪᠣᠯᠭᠠᠵᠤ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠬᠢᠨᠠᠯᠲᠠ ᠲᠠᠯᠪᠢᠬᠤ ᠶᠢ ᠪᠠᠶᠠᠷᠯᠠᠨ ᠤᠭᠲᠤᠵᠤ᠂ ᠲᠣᠭᠲᠠᠭᠠᠯ ᠠᠴᠠ ᠵᠥᠷᠢᠴᠡᠨ ᠮᠠᠯᠵᠢᠬᠤ᠂ ᠳᠠᠭᠠᠭᠠᠴᠠ ᠠᠴᠠ ᠬᠡᠲᠦᠷᠡᠭᠦᠯᠦᠨ ᠮᠠᠯᠵᠢᠬᠤ  ᠦᠢᠯᠡ ᠠᠵᠢᠯᠯᠠᠭ᠎ᠠ ᠶᠢ ᠢᠳᠡᠪᠬᠢᠲᠡᠶ ᠪᠠᠷ ᠢᠯᠡᠴᠢᠯᠡᠨ ᠮᠡᠳᠡᠭᠦᠯᠦᠨ᠎ᠡ᠃    ᠪᠡᠯᠴᠢᠭᠡᠷᠯᠡᠭᠦᠯᠬᠦ ᠶᠢ ᠴᠠᠭᠠᠵᠠᠯᠠᠬᠤ ᠪᠡᠯᠴᠢᠭᠡᠷ ᠰᠡᠷᠭᠦᠭᠡᠬᠦ ᠪᠠ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠳᠤ       ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠤᠲᠠᠰᠤ᠄    ᠡᠵᠡᠨ᠎ᠡ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ    ᠬᠡᠷᠡᠭᠵᠢᠭᠦᠯᠬᠦ ᠶᠡᠭᠡ ᠠᠩᠭᠢ᠄    13948062966    ᠲᠠᠯᠠᠶᠢᠬᠦ᠋ᠪ ᠪᠠᠯᠭᠠᠰᠤᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠠᠩᠬᠢ᠄     13664833315    ᠳ᠋ᠦᠩ ᠹᠧᠩ ᠪᠠᠯᠭᠠᠰᠤᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠠᠩᠭᠢ᠄    18748315333    ᠬᠠᠷ᠎ᠠ  ᠪᠦᠷᠭᠦᠳ ᠤᠨ ᠠᠭᠤᠯᠠ ᠪᠠᠯᠭᠠᠰᠤᠨ ᠤ ᠶᠡᠷᠦᠩᠬᠡᠶᠢᠯᠡᠭᠰᠡᠨ    ᠬᠠᠤᠯᠢ ᠬᠡᠷᠡᠭᠵᠢᠭᠦᠯᠬᠦ ᠠᠩᠭᠢ᠄13804735444    ᠰᠤᠪᠨᠠᠭᠤᠷ  ᠰᠤᠮᠤ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠠᠩᠭᠢ᠄     18748303560    ᠰᠠᠶᠢᠬᠠᠨᠳᠤᠤᠷᠠᠢ ᠰᠤᠮᠤ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠠᠩᠭᠢ᠄  13948039284    ᠮᠠᠽᠦ᠋ᠩᠱᠠᠨ‌‍ᠰᠤᠮᠤ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠠᠩᠭᠢ᠄     18748313516    ᠦᠨᠳᠤᠭᠤᠤᠯ ᠰᠤᠮᠤ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠠᠩᠬᠢ᠄    18604839050    ᠪᠠᠶᠠᠨᠳᠤᠤᠷᠠᠢ ᠰᠤᠮᠤ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠠᠩᠭᠢ᠄    13948063544    ᠪᠠᠶᠠᠨᠲᠤᠬᠠᠢ ᠰᠤᠮᠤ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠠᠩᠬᠢ᠄     13948832500                                                    ᠣᠨᠴᠠᠭᠠᠶᠢᠯᠠᠨ ᠵᠠᠷᠯᠠᠪᠠ                                                2025 ᠣᠨ ᠤ 3 ᠰᠠᠷ᠎ᠠ ᠶᠢᠨ 20 ᠤ ᠡᠳᠦᠷ
 
ᠢᠷᠡᠯᠲᠡ᠄ ᠡᠵᠡᠨ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号