ᠴᠡᠪᠡᠷᠯᠡᠬᠦ᠄ ᠬᠠᠪᠤᠷ ᠤᠨ ᠲᠠᠷᠢᠶᠠᠯᠠᠭ᠎ᠠ ᠠᠴᠠ ᠡᠮᠦᠨ᠎ᠡ ᠲᠠᠷᠢᠶᠠᠯᠠᠩ ᠤᠨ ᠮᠠᠰᠢᠨ ᠢ ᠲᠦᠢᠯᠪᠤᠷᠢᠲᠠᠢ ᠴᠡᠪᠡᠷᠯᠡᠵᠦ᠂ | ᠮᠠᠰᠢᠨ ᠤ ᠬᠤᠭ ᠲᠣᠭᠤᠰᠣ᠂ ᠰᠢᠪᠠᠷ ᠰᠢᠷᠣᠢ᠂ ᠲᠣᠰᠣᠨ ᠪᠣᠬᠢᠷ ᠵᠢᠴᠢ ᠬᠤᠷᠢᠶᠠᠯᠲᠠ ᠶᠢᠨ ᠤᠯᠠᠷᠢᠯ ᠤᠨ ᠦᠯᠡᠳᠡᠭᠳᠡᠯ | ᠲᠠᠷᠢᠮᠠᠯ ᠤᠨ ᠰᠢᠭᠠᠷᠤ ᠵᠡᠷᠭᠡ ᠶᠢ ᠠᠷᠢᠯᠭᠠᠵᠤ᠂ ᠢᠳᠡᠭᠳᠡᠬᠦ ᠶᠢ ᠰᠡᠷᠭᠡᠶᠢᠯᠡᠨ᠂ ᠢᠯᠴᠢ ᠲᠠᠷᠬᠠᠭᠠᠬᠤ ᠪᠠ ᠠᠵᠢᠯᠯᠠᠬᠤ ᠶᠢ | ᠪᠠᠲᠤᠯᠠᠨ᠎ᠠ᠃ ᠤᠭᠰᠠᠷᠠᠭ᠎ᠠ ᠲᠣᠨᠤᠭ ᠢ ᠪᠠᠶᠢᠴᠠᠭᠠᠬᠤ᠄ ᠡᠯ᠎ᠡ ᠤᠭᠰᠠᠷᠠᠭ᠎ᠠ ᠲᠣᠨᠤᠭ ᠢ ᠪᠦᠬᠦ ᠲᠠᠯ᠎ᠠ ᠪᠠᠷ ᠪᠠᠶᠢᠴᠠᠭᠠᠨ᠎ᠠ᠂ | ᠵᠢᠱᠢᠶᠡᠯᠡᠪᠡᠯ ᠳᠤᠭᠤᠶᠢᠯᠠᠪᠤᠷᠢ ᠶᠢᠨ ᠡᠯᠡᠭᠳᠡᠯ᠂ ᠠᠭᠠᠷ ᠤᠨ ᠳᠠᠷᠤᠯᠲᠠ ᠨᠢ ᠬᠡᠪ ᠤᠨ ᠪᠠᠶᠢᠬᠤ ᠡᠰᠡᠬᠦ᠂ ᠡᠷᠭᠢ | ᠱᠤᠷᠠᠭ ᠨᠢ ᠰᠤᠯᠠᠷᠠᠭᠰᠠᠨ ᠡᠰᠡᠬᠦ᠂ ᠳᠠᠮᠵᠢᠯᠭ᠎ᠠ ᠶᠢᠨ ᠪᠦᠰᠡ ᠶᠢᠨ ᠰᠤᠯᠠ ᠴᠢᠩᠭ᠎ᠠ ᠬᠡᠮᠵᠢᠶ᠎ᠡ ᠨᠢ ᠲᠣᠬᠢᠷᠠᠮᠵᠢᠲᠠᠢ | ᠡᠰᠡᠬᠦ᠂ ᠬᠡᠯᠬᠢᠶ᠎ᠡ ᠶᠢᠨ ᠡᠯᠡᠭᠳᠡᠯ ᠤᠨ ᠪᠠᠶᠢᠳᠠᠯ ᠵᠡᠷᠭᠡ ᠶᠢ ᠴᠠᠭ ᠲᠤᠬᠠᠢ ᠳᠤᠨᠢ ᠰᠠᠶᠢᠳᠤᠷ ᠪᠠᠶᠢᠴᠠᠭᠠᠵᠤ᠂ | ᠡᠯᠡᠭᠳᠡᠭᠰᠡᠨ ᠢ ᠨᠢ ᠰᠣᠯᠢᠨ᠎ᠠ᠃ ᠬᠥᠳᠡᠯᠭᠡᠭᠦᠷ ᠮᠠᠰᠢᠨ ᠢ ᠠᠷᠠᠴᠢᠯᠠᠨ ᠬᠠᠮᠠᠭᠠᠯᠠᠬᠤ᠄ ᠮᠠᠰᠢᠨ ᠤ ᠲᠣᠰᠣ᠂ ᠬᠥᠷᠥᠭᠡᠬᠦ | ᠰᠢᠩᠭᠡᠨ ᠤ ᠪᠠᠶᠢᠷᠢ ᠪᠠ ᠶᠠᠰᠤ ᠴᠢᠨᠠᠷ ᠢ ᠪᠠᠶᠢᠴᠠᠭᠠᠵᠤ᠂ ᠴᠢᠬᠤᠯᠠ ᠲᠠᠢ ᠦᠶ᠎ᠡ ᠳᠤ ᠰᠣᠯᠢᠬᠤ ᠬᠡᠷᠡᠭᠲᠡᠢ᠃ ᠠᠭᠠᠷ ᠤᠨ | ᠱᠦᠭᠦᠭᠦᠷ ᠢ ᠴᠡᠪᠡᠷᠯᠡᠵᠦ᠂ ᠬᠡᠢ ᠣᠷᠣᠭᠤᠯᠬᠤ ᠶᠢᠨ ᠰᠠᠭᠠᠳ ᠦᠭᠡᠢ ᠪᠠᠶᠢᠬᠤ ᠶᠢ ᠦᠨᠡᠨᠬᠦ ᠪᠠᠲᠤᠯᠠᠬᠤ ᠪᠥᠭᠡᠳ | ᠭᠠᠯ ᠤᠨ ᠪᠥᠭᠯᠡᠭᠡ᠂ ᠲᠣᠰᠣ ᠰᠦᠷᠴᠢᠬᠦ ᠠᠮᠠ ᠶᠢ ᠪᠠᠶᠢᠴᠠᠭᠠᠵᠤ᠂ ᠬᠥᠳᠡᠯᠭᠡᠭᠦᠷ ᠮᠠᠰᠢᠨ ᠢ ᠬᠡᠪ ᠢᠶᠠᠷ ᠨᠢ ᠡᠬᠢᠯᠡᠭᠦᠯᠬᠦ | ᠪᠠ ᠠᠵᠢᠯᠯᠠᠭᠤᠯᠬᠤ ᠶᠢ ᠪᠠᠲᠤᠯᠠᠨ᠎ᠠ᠃ |