ᠠᠩᠬ᠎ᠠ ᠲᠥᠯᠯᠡᠬᠦ ᠬᠤᠨᠢᠨ ᠤ ᠲᠥᠯᠯᠡᠬᠦ ᠠᠴᠠ ᠡᠮᠦᠨᠡᠬᠢ ᠠᠷᠠᠴᠢᠯᠠᠯᠲᠠ ᠬᠠᠮᠢᠶᠠᠷᠤᠯᠲᠠ
ᠨᠡᠶᠢᠲᠡᠯᠡᠭᠰᠡᠨ ᠴᠠᠭ᠄
2025/4/2
    ᠨᠢᠭᠡ ᠳᠤ᠂ ᠠᠩᠬ᠎ᠠ ᠲᠥᠯᠯᠡᠬᠦ ᠬᠤᠨᠢᠨ ᠤ ᠬᠥᠩᠭᠡᠵᠢᠯᠲᠡ ᠶᠢᠨ ᠵᠠᠮ ᠢᠪᠴᠤᠤ ᠪᠠᠶᠢᠬᠤ ᠪᠠᠶᠢᠳᠠᠯ ᠳᠤ ᠴᠢᠭᠯᠡᠭᠦᠯᠦᠨ᠂ ᠮᠡᠷᠭᠡᠵᠢᠯ ᠤᠨ ᠠᠵᠢᠯᠲᠠᠨ ᠪᠠ ᠬᠡᠷᠡᠭᠴᠡᠭᠡ ᠪᠦᠬᠦᠢ ᠡᠮ ᠤᠨ ᠪᠠᠭᠠᠵᠢ ᠬᠡᠷᠡᠭᠰᠡᠯ ᠢ ᠡᠷᠲᠡᠬᠡᠨ ᠪᠡᠯᠡᠳᠬᠡᠵᠦ᠂ ᠡᠯ᠎ᠡ ᠵᠦᠢᠯ ᠤᠨ ᠪᠡᠯᠡᠳᠬᠡᠯ ᠠᠵᠢᠯ ᠢ ᠰᠠᠶᠢᠲᠤᠷ ᠬᠢᠵᠦ᠂ ᠪᠡᠷᠬᠡ ᠬᠥᠩᠭᠡᠵᠢᠯᠲᠡ ᠭᠠᠷᠪᠠᠯ ᠴᠠᠭ ᠲᠤᠬᠠᠢ ᠳᠤᠨᠢ ᠬᠥᠮᠥᠨ ᠤ ᠬᠦᠴᠦ ᠪᠠᠷ ᠲᠥᠯᠯᠡᠭᠦᠯᠵᠦ᠂ ᠡᠮ᠎ᠡ ᠬᠤᠨᠢ ᠪᠠ ᠬᠤᠷᠠᠭ᠎ᠠ ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠡᠢ᠃ ᠬᠤᠶᠠᠷ ᠲᠤ᠂ ᠡᠮ᠎ᠡ ᠬᠤᠨᠢᠨ ᠤ ᠰᠦ ᠬᠦᠷᠦᠯᠴᠡᠬᠦ ᠦᠭᠡᠢ ᠪᠠᠶᠢᠳᠠᠯ ᠳᠤ ᠴᠢᠭᠯᠡᠭᠦᠯᠦᠨ᠂ ᠲᠥᠯᠯᠡᠬᠦ ᠠᠴᠠ ᠡᠮᠦᠨᠡᠬᠢ ᠬᠤᠭᠤᠴᠠᠭᠠᠨ ᠤ ᠠᠷᠠᠴᠢᠯᠠᠯᠲᠠ ᠬᠠᠮᠢᠶᠠᠷᠤᠯᠲᠠ ᠶᠢ ᠴᠢᠩᠭᠠᠳᠬᠠᠬᠤ ᠠᠴᠠ ᠭᠠᠳᠠᠨ᠎ᠠ᠂ ᠬᠤᠷᠠᠭᠠᠨ ᠳᠤ ᠭᠦᠢᠴᠡᠳ ᠬᠡᠮᠵᠢᠶᠡᠨ ᠤ ᠰᠦ ︵ᠦᠵᠦᠮ ᠤᠨ ᠰᠢᠬᠢᠷ ᠤᠨ ᠲᠠᠯᠬ᠎ᠠ᠂ ᠦᠨᠢᠶᠡᠨ ᠰᠦ᠂ ᠠᠰᠠᠷᠠᠭᠴᠢ︶ ᠪᠡᠯᠡᠳᠬᠡᠵᠦ᠂ ᠬᠤᠷᠠᠭᠠᠨ ᠤ ᠲᠣᠭᠲᠠᠭᠰᠠᠨ ᠴᠠᠭ ᠲᠠᠭᠠᠨ ᠤᠭᠤᠷᠠᠭ ᠰᠦ ᠢᠳᠡᠬᠦ ᠶᠢ ᠪᠠᠲᠤᠯᠠᠬᠤ ᠠᠴᠠ ᠭᠠᠳᠠᠨ᠎ᠠ᠂ ᠭᠦᠢᠴᠡᠳ ᠬᠡᠮᠵᠢᠶᠡᠨ ᠤ ᠰᠦ ᠨᠥᠬᠦᠪᠦᠷᠢᠯᠡᠵᠦ᠂ ᠬᠤᠷᠠᠭᠠᠨ ᠤ ᠥᠰᠦᠯᠲᠡ ᠪᠤᠶᠢᠵᠢᠯᠲᠠ ᠶᠢᠨ ᠱᠠᠭᠠᠷᠳᠠᠯᠭ᠎ᠠ ᠶᠢ ᠪᠠᠲᠤᠯᠠᠨ᠎ᠠ᠃ ᠭᠤᠷᠪᠠ ᠳᠤ᠂ ᠠᠩᠬ᠎ᠠ ᠲᠥᠯᠯᠡᠬᠦ ᠬᠤᠨᠢᠨ ᠤ ᠬᠤᠷᠠᠭ᠎ᠠ ᠪᠠᠨ ᠠᠪᠬᠤ ᠴᠢᠨᠠᠷ ᠨᠢ ᠨᠡᠶᠢᠳᠡᠮ ᠳᠡᠭᠡᠨ ᠠᠨᠠᠢ ᠪᠠᠶᠢᠬᠤ ᠪᠣᠳᠠᠲᠤ ᠪᠠᠶᠢᠳᠠᠯ ᠳᠤ ᠴᠢᠭᠯᠡᠭᠦᠯᠦᠨ᠂ ᠬᠠᠮᠢᠶ᠎ᠠ ᠪᠦᠬᠦᠢ ᠲᠥᠬᠦᠭᠡᠷᠦᠮᠵᠢ ᠶᠢ ᠰᠠᠶᠢᠲᠤᠷ ᠲᠣᠬᠢᠷᠠᠭᠤᠯᠵᠤ᠂ ᠲᠤᠰᠬᠠᠢ ᠬᠦᠷᠢᠶ᠎ᠡ ᠬᠠᠰᠢᠶ᠎ᠠ ᠶᠢ ᠰᠠᠶᠢᠲᠤᠷ ᠪᠡᠯᠡᠳᠬᠡᠵᠦ᠂ ᠡᠮ᠎ᠡ ᠬᠤᠨᠢ ᠪᠠ ᠬᠤᠷᠠᠭ᠎ᠠ ᠶᠢᠨ ᠬᠠᠮᠲᠤ ᠠᠮᠢᠳᠤᠷᠠᠬᠤ ᠳᠤ ᠲᠥᠬᠦᠮ ᠣᠷᠴᠢᠨ ᠲᠣᠭᠤᠷᠢᠨ ᠢ ᠪᠣᠶ ᠪᠣᠯᠭᠠᠵᠤ᠂ ᠡᠮ᠎ᠡ ᠬᠤᠨᠢᠨ ᠤ ᠬᠤᠷᠠᠭ᠎ᠠ ᠪᠠᠨ ᠠᠪᠬᠤ ᠪᠠᠶᠢᠳᠠᠯ ᠢ ᠬᠥᠭᠵᠢᠭᠡᠬᠦ ᠬᠡᠷᠡᠭᠲᠡᠢ᠃ ᠡᠭᠦᠨ ᠤ ᠬᠠᠮᠲᠤ ᠡᠮ᠎ᠡ ᠬᠤᠨᠢ ᠶᠢ ᠠᠷᠠᠴᠢᠯᠠᠵᠤ ᠬᠠᠮᠢᠶᠠᠷᠬᠤ ᠲᠠᠯ᠎ᠠ ᠪᠠᠷ ᠣᠨᠴᠠᠭᠠᠶ ᠬᠠᠷᠠᠭᠠᠯᠵᠠᠯ ᠦᠵᠡᠭᠦᠯᠵᠦ᠂ ᠣᠨᠴᠠᠭᠠᠶᠢᠯᠠᠨ ᠡᠪᠡᠰᠦ ᠪᠣᠷᠳᠤᠭ᠎ᠠ ᠶᠢᠨ ᠲᠠᠯ᠎ᠠ ᠪᠠᠷ ᠤᠭᠤᠷᠠᠭᠲᠤ ᠲᠡᠵᠢᠭᠡᠯ ᠪᠣᠷᠳᠤᠭ᠎ᠠ ᠪᠠ ᠰᠢᠭᠦᠰᠦᠯᠢᠭ ᠲᠡᠵᠢᠭᠡᠯ ᠪᠣᠷᠳᠤᠭ᠎ᠠ ᠶᠢ ᠵᠣᠬᠢᠴᠠᠭᠤᠯᠬᠤ ᠶᠢ ᠠᠩᠬᠠᠷᠴᠤ᠂ ᠡᠮ᠎ᠡ ᠬᠤᠨᠢᠨ ᠤ ᠰᠢᠮ᠎ᠡ ᠲᠡᠵᠢᠭᠡᠯ ᠤᠨ ᠬᠡᠷᠡᠭᠴᠡᠭᠡ ᠶᠢ ᠬᠠᠩᠭᠠᠬᠤ ᠬᠡᠷᠡᠭᠲᠡᠢ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号