ᠡᠵᠡᠨ᠎ᠡ ᠶᠢᠨ ᠵᠠᠭᠤᠨ ᠵᠠᠯᠠᠭᠤᠴᠤᠳ ᠪᠠᠭᠠᠴᠤᠳ ︽ᠵᠠᠯᠠᠭᠤᠴᠤᠳ ᠤᠨ ᠣᠶ︾᠎ ᠶᠢ ᠬᠠᠮᠲᠤ ᠪᠠᠷ ᠪᠥᠲᠥᠭᠡᠨ ᠪᠠᠶᠢᠭᠤᠯᠪᠠ
ᠨᠡᠶᠢᠲᠡᠯᠡᠭᠰᠡᠨ ᠴᠠᠭ᠄
2025/4/21
    ᠣᠶᠢᠷ᠎ᠠ ᠶᠢᠨ ᠡᠳᠦᠷ᠂ ᠡᠪ ᠬᠠᠮᠲᠤ ᠵᠠᠯᠠᠭᠤᠴᠤᠳ ᠤᠨ ᠡᠪᠯᠡᠯ ᠤᠨ ᠬᠤᠷᠢᠶ᠎ᠠ ᠶᠢᠨ ᠬᠢᠨ ᠬᠤᠰᠢᠭᠤᠨ ᠤ ᠤᠯᠤᠰ ᠤᠨ ᠥᠮᠴᠢᠯᠡᠯ ᠤᠨ ᠤᠢ ᠰᠢᠭᠤᠢ ᠶᠢᠨ ᠲᠠᠯᠠᠪᠠᠢ᠂ ᠬᠤᠰᠢᠭᠤᠨ ᠤ ᠪᠠᠭ᠎ᠠ ᠰᠤᠷᠭᠠᠭᠤᠯᠢ᠂ ᠬᠤᠰᠢᠭᠤᠨ ᠤ ᠡᠮᠡᠭᠲᠡᠶᠢᠴᠦᠳ ᠤᠨ ᠬᠤᠯᠪᠣᠭ᠎ᠠ ᠠᠴᠠ ᠵᠠᠯᠠᠭᠤ ᠰᠠᠶᠢᠨ ᠲᠤᠷᠠᠴᠤᠳ᠂ ᠪᠠᠭᠠᠴᠤᠳ ᠤᠨ ᠬᠤᠰᠢᠭᠤᠴᠢ ᠠᠩᠬᠢ ᠶᠢᠨ ᠭᠡᠰᠢᠭᠦᠨ ᠵᠡᠷᠭᠡ 100 ᠭᠠᠷᠤᠢ ᠬᠥᠮᠦᠨ ᠢ ᠵᠣᠬᠢᠶᠠᠨ ᠪᠠᠶᠢᠭᠤᠯᠵᠤ ︽ᠤᠮᠠᠷᠠᠲᠤ ᠶᠢᠨ ᠭᠤᠷᠪᠠᠨ ᠣᠷᠣᠨ ᠢ ᠨᠣᠭᠤᠭᠠᠷᠠᠭᠤᠯᠵᠤ᠂ ᠵᠠᠯᠠᠭᠤ ᠨᠠᠰᠤ ᠪᠠᠨ ᠬᠠᠮᠲᠤᠪᠠᠷ ᠴᠣᠭᠴᠠᠯᠠᠬᠤ︾ ᠵᠠᠯᠠᠭᠤᠴᠤᠳ ᠤᠨ ᠤᠢ ᠰᠢᠭᠤᠢ ᠶᠢᠨ ᠭᠤᠣᠯ ᠰᠡᠳᠦᠪᠲᠦ ᠮᠣᠳᠣ ᠲᠠᠷᠢᠬᠤ ᠠᠵᠢᠯᠯᠠᠭ᠎ᠠ ᠳᠤ ᠣᠷᠣᠯᠴᠠᠵᠤ᠂ ᠵᠠᠭ ᠢ ᠨᠡᠶᠢᠳᠡ 2000 ᠭᠠᠷᠤᠢ ᠲᠠᠷᠢᠵᠥ᠂ ᠪᠣᠳᠠᠲᠤ ᠠᠵᠢᠯᠯᠠᠭ᠎ᠠ ᠪᠠᠷ ᠢᠶᠠᠨ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠦᠢᠯᠡᠳᠦᠯᠭᠡᠵᠢᠭᠦᠯᠪᠡ᠃    ᠠᠵᠢᠯᠯᠠᠭ᠎ᠠ ᠨᠢ ᠥᠷᠭᠡᠨ ᠣᠯᠠᠨ ᠵᠠᠯᠠᠭᠤᠴᠤᠳ ᠢ ᠡᠵᠡᠨ᠎ᠡ ᠬᠤᠰᠢᠭᠤᠨ ᠤ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠳᠤ ᠢᠳᠡᠪᠬᠢᠲᠡᠶ ᠣᠷᠣᠯᠴᠠᠵᠤ᠂ ᠠᠮᠢ ᠠᠬᠤᠶ ᠶᠢᠨ ᠪᠣᠯᠪᠠᠰᠤᠨ ᠤ ᠬᠤᠰᠢᠭᠤᠴᠢ ᠪᠣᠯᠬᠤ ᠪᠠᠷ ᠴᠢᠷᠮᠠᠶᠢᠵᠤ᠂ ᠪᠣᠳᠠᠲᠤ ᠠᠵᠢᠯᠯᠠᠭ᠎ᠠ ᠪᠠᠷ ᠢᠶᠠᠨ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ︾ ᠭᠡᠬᠦ ᠣᠶᠢᠯᠠᠭᠠᠭᠳᠠᠬᠤᠨ ᠢ ᠦᠢᠯᠡᠳᠦᠯᠭᠡᠵᠢᠭᠦᠯᠦᠶ᠎ᠡ ᠭᠡᠵᠦ ᠤᠷᠢᠶᠠᠯᠠᠪᠠ᠃ ᠡᠭᠦᠨ ᠤ ᠬᠠᠮᠲᠤ᠂ ᠬᠤᠰᠢᠭᠤᠨ ᠤ ᠤᠯᠤᠰ ᠤᠨ ᠥᠮᠴᠢᠯᠡᠯ ᠤᠨ ᠣᠶ ᠰᠢᠭᠤᠶ ᠶᠢᠨ ᠲᠠᠯᠠᠪᠠᠶ ᠶᠢᠨ ᠮᠡᠷᠭᠡᠵᠢᠯ ᠤᠨ ᠲᠤᠰᠬᠠᠶ ᠮᠡᠷᠭᠡᠵᠢᠯᠲᠡᠨ ᠢ ᠤᠷᠢᠵᠤ ᠵᠠᠭ ᠮᠣᠳᠣ ᠳᠠᠷᠢᠵᠤ ᠤᠷᠭᠤᠭᠤᠯᠬᠤ ᠠᠷᠭ᠎ᠠ ᠲᠡᠮ ᠢ ᠲᠤᠬᠠᠶ ᠶᠢᠨ ᠲᠠᠯᠠᠪᠠᠶ ᠳᠤ ᠵᠢᠱᠢᠶ᠎ᠡ ᠦᠵᠡᠭᠦᠯᠦᠨ᠂ ᠪᠥᠬᠦ ᠤᠯᠤᠰ ᠤᠨ ᠴᠠᠭ ᠦᠶ᠎ᠡ ᠶᠢᠨ ᠵᠢᠱᠢᠶᠡᠴᠢ ᠰᠦᠬᠡ ᠨᠠᠰᠤᠲᠠᠨ ᠬᠠᠷ᠎ᠠ ᠬᠤᠲᠠ ᠶᠢᠨ ᠪᠠᠭᠤᠷᠢ ᠶᠢ ᠠᠷᠪᠠ ᠭᠠᠷᠤᠶ ᠵᠢᠯ ᠪᠠᠲᠤ ᠰᠠᠬᠢᠵᠤ᠂ 3 ᠲᠦᠮᠡᠨ ᠮᠥ ᠠᠮᠢ ᠠᠬᠤᠶ ᠶᠢᠨ ᠬᠠᠯᠬᠠᠪᠴᠢ ᠶᠢ ᠴᠣᠭᠴᠠᠯᠠᠭᠰᠠᠨ ᠰᠡᠳᠬᠢᠯ ᠬᠥᠳᠡᠯᠭᠡᠮ᠎ᠡ ᠦᠢᠯᠡ ᠠᠵᠢᠯᠯᠠᠭ᠎ᠠ ᠶᠢ ᠶᠠᠷᠢᠵᠤ᠂ ᠵᠠᠯᠠᠭᠤ ᠰᠠᠶᠢᠨ ᠳᠤᠷᠠᠴᠢᠳ ᠤᠨ ᠬᠠᠯᠠᠭᠤᠨ ᠠᠯᠠᠭ᠎ᠠ ᠲᠡᠰᠢᠯᠲᠡ ᠶᠢ ᠤᠯᠪᠠ᠃    ᠬᠤᠰᠢᠭᠤᠨ ᠤ ᠪᠠᠭ᠎ᠠ ᠰᠤᠷᠭᠠᠭᠤᠯᠢ ᠶᠢᠨ ᠵᠢᠷᠭᠤᠳᠤᠭᠠᠷ ᠤᠨ ᠤ ᠨᠢᠬᠡᠳᠦᠬᠡᠷ ᠠᠩᠬᠢ ᠶᠢᠨ ᠰᠤᠷᠤᠭᠴᠢ ᠵᠠᠩ ᠵᠢᠶᠠ ᠰᠢᠨ᠄ ︽ᠲᠣᠰ ᠤᠳᠠᠭᠠᠨ ᠤ ᠬᠥᠳᠡᠯᠭᠡᠭᠡᠨ ᠳᠤ ᠣᠷᠣᠯᠴᠠᠵᠤ᠂ ᠪᠢ ᠮᠣᠳᠣ ᠲᠠᠷᠢᠵᠤ ᠣᠶᠢᠵᠢᠭᠤᠯᠬᠤ ᠠᠮᠠᠷ ᠦᠭᠡᠢ ᠭᠡᠳᠡᠭ ᠢ ᠮᠡᠳᠡᠵᠡᠢ᠃ ᠡᠶᠢᠮᠦ ᠠᠴᠠ ᠰᠦᠬᠡ ᠨᠠᠰᠤᠲᠠᠨ ᠤ ᠲᠡᠶᠢᠮᠦ ᠶᠡᠭᠡ ᠨᠠᠰᠤᠨ ᠳᠠᠭᠠᠨ ᠶᠡᠭᠡ ᠰᠠᠯᠬᠢ ᠶᠢ ᠰᠦᠷᠦᠨ ᠮᠣᠳᠣ ᠲᠠᠷᠢᠨ ᠣᠶᠢᠵᠢᠭᠤᠯᠵᠤ᠂ ᠮᠠᠨ ᠤ ᠨᠤᠲᠤᠭ ᠤᠨ ᠢᠶᠠᠨ ᠠᠮᠢ ᠠᠬᠤᠢ ᠣᠷᠴᠢᠨ ᠲᠣᠭᠤᠷᠢᠨ ᠤ ᠲᠥᠯᠥᠭᠡ ᠥᠪᠡᠷ ᠤᠨ ᠬᠤᠪᠢ ᠨᠡᠮᠡᠷᠢ ᠪᠠᠨ ᠦᠵᠡᠬᠦᠯᠦᠭᠰᠡᠨ ᠢ ᠪᠤᠳᠤᠵᠤ ᠤᠯᠤᠯ᠎ᠠ᠃ ᠡᠶᠢᠮᠦ ᠠᠴᠠ᠂ ᠬᠤᠵᠢᠮ ᠬᠡᠷᠪᠡ ᠡᠶᠢᠮᠦ ᠬᠥᠳᠡᠯᠭᠡᠭᠡᠨ ᠪᠠᠶᠢᠪᠠᠯ᠂ ᠪᠢ ᠪᠠᠰᠠ ᠢᠯᠡᠭᠦᠦ ᠣᠷᠣᠯᠴᠠᠵᠤ᠂ ᠮᠠᠨ ᠤ ᠨᠤᠲᠤᠭ ᠢᠶᠠᠨ ᠭᠤᠶᠣᠯᠠᠬᠤ ᠳᠤ ᠨᠢᠭᠡ ᠬᠤᠪᠢ ᠬᠦᠴᠦ ᠪᠠᠨ ᠡᠷᠭᠦᠨ᠎ᠡ︾ ᠭᠡᠪᠡ᠃    ᠲᠤᠰᠬᠠᠶ ᠮᠡᠷᠭᠡᠵᠢᠯ ᠤᠨ ᠵᠢᠯᠣᠭᠤᠳᠣᠯᠭ᠎ᠠ ᠳᠤᠤᠷ᠎ᠠ᠂ ᠰᠠᠶᠢᠨ ᠲᠤᠷᠠᠴᠤᠳ ᠭᠤᠷᠪᠠᠭᠤᠯᠠ ᠲᠠᠪᠤᠭᠤᠯᠠ       ᠪᠦᠯᠦᠭᠯᠡᠨ᠂ ᠬᠦᠷᠵᠡ ᠡᠷᠭᠢᠭᠦᠯᠦᠨ ᠨᠦᠬᠡ ᠮᠠᠯᠲᠠᠵᠤ᠂ ᠰᠢᠷᠣᠶ ᠳᠠᠷᠤᠬᠤ ᠳᠤ ᠠᠷᠭ᠎ᠠ ᠪᠠᠷᠢᠯ ᠢ ᠬᠡᠷᠡᠭᠯᠡᠨ᠂ ᠤᠰᠤ ᠲᠠᠲᠠᠵᠤ ᠤᠰᠤᠯᠠᠬᠤ ᠳᠤ ᠤᠰᠤᠨ ᠤ ᠬᠡᠮᠵᠢᠶ᠎ᠡ ᠶᠢ ᠴᠢᠩᠭ᠎ᠠ ᠬᠢᠵᠠᠭᠠᠷᠯᠠᠨ᠎ᠠ᠃ 4 ᠴᠠᠭ ᠲᠠᠷᠢᠬᠤ ᠪᠠᠷ ᠲᠠᠮᠵᠢᠨ᠂ 2000 ᠭᠠᠷᠤᠢ ᠵᠠᠭ ᠤᠨ ᠴᠢᠬᠢ ᠤᠢ ᠳᠤ ᠦᠨᠳᠦᠰᠦᠯᠡᠵᠡᠢ᠃ ᠪᠦᠬᠦ ᠬᠥᠮᠦᠰ ᠤᠨ ᠭᠡᠷᠡᠴᠢᠯᠡᠭᠡ ᠪᠠᠷ᠂ ︽ᠡᠵᠡᠨ᠎ᠡ ᠬᠤᠰᠢᠭᠤᠨ ᠤ ᠵᠠᠯᠠᠭᠤᠴᠤᠳ ᠤᠨ ᠤᠢ︾ ᠫᠠᠶᠢᠰᠠ ᠰᠡᠬᠦᠵᠦ᠂ ᠡᠨᠡᠬᠦ ᠰᠢᠨ᠎ᠡ ᠨᠣᠭᠤᠭᠠᠨ ᠭᠠᠵᠠᠷ ᠨᠢ ᠠᠮᠢ ᠠᠬᠤᠢ ᠶᠢᠨ ᠬᠥᠮᠦᠵᠢᠯ ᠦᠢᠯᠡᠳᠦᠯᠭᠡ ᠶᠢᠨ ᠰᠠᠭᠤᠷᠢᠨ ᠪᠤᠯᠵᠤ᠂ ᠨᠣᠭᠤᠭᠠᠷᠠᠭᠤᠯᠤᠯᠲᠠ ᠶᠢᠨ ᠲᠠᠯᠠᠪᠠᠢ ᠶᠢ ᠦᠷᠭᠦᠯᠵᠢᠯᠡᠨ ᠥᠷᠭᠡᠳᠬᠡᠪᠡ᠃   ᠪᠠᠷᠠᠭᠤᠨ ᠣᠷᠣᠨ ᠤ ᠲᠥᠯᠥᠪᠯᠡᠭᠡ ᠶᠢᠨ ᠰᠠᠶᠢᠨ ᠳᠤᠷ᠎ᠠ ᠶᠢᠨ ᠠᠵᠢᠯᠯᠠᠭᠴᠢ ᠬᠤᠸᠠᠢ ᠴᠦᠨ ᠰᠢᠤᠸᠠᠢ᠄ ︽ᠠᠮᠢ ᠠᠬᠤᠶ ᠶᠢ ᠬᠠᠮᠠᠭᠠᠯᠠᠬᠤ ᠳᠤ ᠦᠨᠡᠨ ᠪᠣᠳᠠᠲᠠᠶ ᠠᠵᠢᠯᠯᠠᠭ᠎ᠠ ᠱᠠᠭᠠᠷᠳᠠᠭᠳᠠᠨ᠎ᠠ᠂ ᠡᠲᠡᠭᠡᠷ ᠵᠤᠯᠵᠠᠭ᠎ᠠ ᠮᠣᠳᠣ ᠥᠭᠡᠯᠡᠶ ᠪᠣᠯᠤᠭᠰᠠᠨ ᠤ ᠳᠠᠷᠠᠭ᠎ᠠ ᠰᠠᠯᠬᠢ ᠶᠢ ᠬᠠᠯᠬᠠᠯᠠᠨ ᠡᠯᠡᠰᠦ ᠶᠢ ᠲᠣᠭᠲᠠᠪᠤᠷᠢᠵᠢᠭᠤᠯᠵᠤ᠂ ᠬᠥᠷᠥᠰᠥ ᠰᠢᠷᠣᠶ ᠶᠢ ᠬᠠᠮᠠᠭᠠᠯᠠᠵᠤ᠂ ᠪᠦᠬᠦ᠋ᠢᠯᠡ ᠠᠮᠢ ᠠᠬᠤᠶ ᠶᠢᠨ ᠰᠢᠰᠲ᠋ᠧᠮ ᠤᠨ ᠲᠡᠩᠴᠡᠭᠦᠷᠢ ᠳᠤ ᠵᠠᠩᠭᠢᠯᠠᠭ᠎ᠠ ᠶᠢᠨ ᠴᠢᠨᠠᠷᠲᠠᠶ ᠦᠢᠯᠡᠳᠦᠯ ᠦᠵᠡᠭᠦᠯᠵᠦ᠂ ᠠᠮᠢ ᠠᠬᠤᠶ ᠶᠢ ᠬᠠᠮᠠᠭᠠᠯᠠᠬᠤ ᠳᠤ ᠦᠶ᠎ᠡ ᠦᠶ᠎ᠡ ᠶᠢᠨ ᠬᠥᠮᠦᠰ ᠤᠨ ᠴᠢᠷᠮᠠᠶᠢᠯᠭ᠎ᠠ ᠱᠠᠭᠠᠷᠳᠠᠭᠳᠠᠨ᠎ᠠ᠂ ᠮᠠᠨ ᠤ ᠵᠠᠯᠠᠭᠤᠴᠤᠳ ᠵᠠᠶᠢᠯᠠᠭᠤᠯᠵᠤ ᠪᠣᠯᠤᠰᠢ ᠥᠬᠡᠶ ᠬᠠᠷᠢᠭᠤᠴᠠᠯᠭ᠎ᠠ ᠲᠠᠢ ᠶᠤᠮ︾ ᠭᠡᠪᠡ᠃    ᠲᠠᠷᠠᠭᠠᠴᠢ ᠶᠢᠨ ᠠᠯᠬᠤᠮ ᠳᠤ᠂ ᠬᠤᠰᠢᠭᠤᠨ ᠤ ᠡᠪᠯᠡᠯ ᠤᠨ ᠬᠤᠷᠢᠶ᠎ᠠ ︽ᠵᠠᠯᠠᠭᠤ ᠨᠠᠰᠤ ᠨᠣᠭᠤᠭᠠᠨ ᠥᠩᠭᠡ ᠶᠢ ᠬᠠᠮᠠᠭᠠᠯᠠᠬᠤ︾ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠵᠠᠯᠠᠭᠤᠴᠤᠳ ᠤᠨ ᠭᠠᠪᠰᠢᠭᠠᠶ ᠠᠩᠭᠢ ᠶᠢ ᠵᠣᠬᠢᠶᠠᠨ ᠪᠠᠶᠢᠭᠤᠯᠵᠤ ᠴᠢᠬᠢ ᠮᠣᠳᠣ ᠶᠢ ᠬᠠᠮᠢᠶᠠᠷᠤᠨ ᠬᠠᠮᠠᠭᠠᠯᠠᠬᠤ᠂ ᠡᠯᠡᠰᠦ ᠶᠢ ᠰᠡᠷᠭᠡᠶᠢᠯᠡᠬᠦ ᠮᠡᠷᠭᠡᠵᠢᠯ ᠢ ᠳᠡᠯᠭᠡᠷᠡᠭᠦᠯᠬᠦ ᠵᠡᠷᠭᠡ ᠰᠠᠶᠢᠨ ᠳᠤᠷ᠎ᠠ ᠶᠢᠨ ᠦᠢᠯᠡᠴᠢᠯᠡᠭᠡ ᠥᠷᠨᠢᠭᠦᠯᠵᠦ᠂ ︽ᠡᠯᠡᠰᠦ ᠶᠢ ᠨᠣᠭᠤᠭᠠᠨ ᠪᠦᠷᠢᠳᠦ ᠪᠣᠯᠭᠠᠨ ᠬᠤᠪᠢᠷᠠᠭᠤᠯᠵᠤ᠂ ᠵᠠᠯᠠᠭᠤᠴᠤᠳ ᠢ ᠴᠡᠴᠡᠷᠯᠢᠭᠴᠢ ᠪᠣᠯᠭᠠᠨ ᠬᠤᠪᠢᠷᠠᠭᠤᠯᠬᠤ︾ ᠰᠡᠳᠬᠢᠯ ᠬᠥᠳᠡᠯᠭᠡᠮ᠎ᠡ ᠥᠯᠢᠭᠡᠷ ᠢ ᠡᠵᠡᠨ᠎ᠡ ᠬᠤᠰᠢᠭᠤᠨ ᠳᠤ ᠲᠠᠰᠤᠷᠠᠯᠲᠠ ᠥᠬᠡᠶ ᠪᠢᠴᠢᠭᠯᠡᠨ᠎ᠡ᠃
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号