ᠳᠠᠯᠠᠶᠢᠬᠦ᠋ᠪ ᠪᠠᠯᠭᠠᠰᠤ ᠪᠣᠯᠤᠨ ᠬᠤᠰᠢᠭᠤᠨ ᠤ ᠤᠯᠠᠭᠠᠨᠮᠥ᠋ᠴᠢᠷ ︽ᠤᠮᠠᠷᠠᠲᠤ ᠬᠢᠯᠢ ᠶᠢᠨ ᠰᠣᠶᠣᠯ ᠤᠨ ᠷᠢᠳᠢ ᠰᠢᠳᠢ ᠶᠢ ᠮᠡᠳᠡᠷᠡᠵᠦ ᠴᠠᠭ ᠦᠶ᠎ᠡ ᠶᠢᠨ ᠬᠥᠭᠵᠢᠯᠲᠡ ᠶᠢᠨ ᠰᠢᠨ᠎ᠡ ᠬᠠᠭᠤᠳᠠᠰᠤ ᠶᠢ ᠬᠠᠮᠲᠤ ᠪᠠᠷ      ᠵᠢᠷᠤᠭᠯᠠᠶ᠎ᠠ︾ ᠰᠢᠷᠢᠰ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/4/21
    ᠤᠮᠠᠷᠠᠲᠤ ᠬᠢᠯᠢ ᠶᠢᠨ ᠰᠣᠶᠣᠯ ᠢ ᠵᠤᠵᠠᠭᠠᠳᠬᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠤᠯᠠᠮ ᠨᠢᠭᠡ ᠠᠯᠬᠤᠮ ᠪᠠᠲᠤ ᠪᠣᠶ ᠪᠣᠯᠭᠠᠵᠤ᠂ ᠦᠨᠳᠦᠰᠦᠲᠡᠨ ᠤ ᠪᠦᠯᠬᠦᠮᠳᠡᠯ ᠤᠨ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠬᠤ ᠶᠢᠨ ᠲᠥᠯᠥᠭᠡ᠂ 4 ᠰᠠᠷ᠎ᠠ ᠶᠢᠨ 16᠎ ᠤ ᠡᠳᠦᠷ᠂ ᠳᠠᠯᠠᠶᠢᠬᠦ᠋ᠪ ᠪᠠᠯᠭᠠᠰᠤ ᠪᠣᠯᠤᠨ ᠬᠤᠰᠢᠭᠤᠨ ᠤ ᠤᠯᠠᠭᠠᠨᠮᠥ᠋ᠴᠢᠷ ︽ᠤᠮᠠᠷᠠᠲᠤ ᠬᠢᠯᠢ ᠶᠢᠨ ᠰᠣᠶᠣᠯ ᠤᠨ ᠷᠢᠳᠢ ᠰᠢᠳᠢ ᠶᠢ ᠮᠡᠳᠡᠷᠡᠵᠦ ᠴᠠᠭ ᠦᠶ᠎ᠡ ᠶᠢᠨ ᠬᠥᠭᠵᠢᠯᠲᠡ ᠶᠢᠨ ᠰᠢᠨ᠎ᠡ ᠬᠠᠭᠤᠳᠠᠰᠤ ᠶᠢ ᠬᠠᠮᠲᠤ ᠪᠠᠷ ᠵᠢᠷᠤᠭᠯᠠᠶ᠎ᠠ︾ ᠭᠡᠬᠦ ᠰᠢᠷᠢᠰ ᠠᠵᠢᠯᠯᠠᠭ᠎ᠠ ᠦᠷᠨᠢᠭᠦᠯᠪᠡ᠃    ᠠᠵᠢᠯᠯᠠᠭᠠᠨ ᠳᠤ ︽ᠬᠤᠪᠢᠰᠬᠠᠯ ᠤᠨ ᠰᠡᠳᠬᠢᠯ ᠢᠶᠠᠷ ᠨᠠᠮ ᠢᠶᠠᠨ ᠳᠠᠭᠠᠬᠤ︾᠂ ︽ᠳᠠᠭᠤᠷᠢᠶᠠᠯ ᠤᠨ         ᠬᠦᠴᠦᠨ︾᠂ ︽ᠰᠣᠶᠣᠯ ᠤᠨ ᠤᠯᠠᠮᠵᠢᠯᠠᠯ︾᠂ ︽ᠬᠡᠦᠬᠡᠳ ᠤᠨ ᠰᠡᠳᠬᠢᠯ ᠬᠦᠰᠡᠯ ᠢᠶᠠᠨ             ᠵᠢᠷᠤᠭᠯᠠᠬᠤ︾᠂ ︽ᠪᠢᠴᠢᠭ ᠤᠨ ᠦᠨᠦᠷ ᠢᠶᠠᠷ ᠠᠯᠤᠰ ᠢ ᠵᠣᠷᠢᠬᠤ︾ ᠭᠡᠬᠦ ᠲᠠᠪᠤᠨ ᠬᠡᠰᠡᠭ ᠢ ᠲᠤᠬᠢᠷᠠᠭᠤᠯᠤᠨ ᠶᠠᠪᠤᠭᠳᠠᠭᠤᠯᠪᠠ᠃ ᠬᠤᠰᠢᠭᠤᠨ ᠤ ᠤᠯᠠᠭᠠᠨᠮᠥ᠋ᠴᠢᠷ ᠤᠨ ᠭᠡᠰᠢᠭᠦᠳ ᠳᠠᠭᠤᠤ ᠪᠥᠵᠢᠭ᠂ ᠬᠥᠭᠵᠢᠮ ᠤᠨ ᠲᠣᠭᠯᠠᠯᠲᠠ ᠪᠠᠷ ᠢᠶᠠᠨ ᠮᠣᠩᠭᠤᠯ ᠦᠨᠳᠦᠰᠦᠲᠡᠨ ᠤ ᠣᠷᠳᠣ ᠶᠢᠨ ᠳᠠᠭᠤᠤ᠂ ᠰᠠᠪᠠᠷᠳᠠᠩ ᠪᠥᠵᠢᠭ ᠵᠡᠷᠭᠡ ᠪᠣᠳᠠᠰ ᠤᠨ ᠪᠤᠰᠤ ᠰᠣᠶᠣᠯ ᠤᠨ ᠥᠪ ᠢ ᠠᠭᠤᠰᠤᠯᠴᠠᠭᠤᠯᠵᠤ᠂ ᠰᠠᠭᠤᠭᠠᠯᠢ ᠠᠷᠠᠳ ᠲᠤ ᠭᠤᠶᠢᠳᠠ ᠰᠠᠶᠢᠬᠠᠨ᠂ ᠥᠪᠡᠷᠮᠢᠴᠡ ᠣᠨᠴᠠᠯᠢᠭ ᠲᠠᠢ ᠰᠣᠶᠣᠯ ᠤᠨ ᠦᠪᠡᠳᠡᠭᠰᠢ ᠨᠠᠶᠢᠷ ᠢ ᠠᠪᠴᠢᠷᠠᠵᠠᠶ᠃    ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠪᠠᠭᠰᠢ ᠨᠠᠷ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢᠨ ᠠᠭᠤᠯᠤᠭᠳᠠᠬᠤᠨ ᠢ ᠠᠮᠢᠳᠤᠯᠢᠭ ᠢᠶᠠᠷ ᠲᠠᠶᠢᠯᠪᠤᠷᠢᠯᠠᠵᠤ᠂ ᠨᠠᠮ ᠤᠨ ᠭᠡᠰᠢᠭᠦᠨ ᠣᠯᠠᠨ ᠲᠦᠮᠡᠨ ᠳᠤ ᠦᠵᠡᠯ ᠰᠠᠨᠠᠭᠠᠨ ᠤ ᠠᠮᠢᠵᠢᠷᠠᠯ ᠤᠨ ᠬᠦᠴᠦᠨ ᠨᠡᠮᠡᠷᠢᠯᠡᠪᠡ᠃ ᠤᠬᠠᠭᠤᠯᠤᠨ ᠲᠠᠶᠢᠯᠪᠤᠷᠢᠯᠠᠭᠴᠢ ᠠᠴᠠ ︽ᠳᠤᠮᠳᠠᠳᠤ ᠤᠯᠤᠰ ᠤᠨ ᠦᠨᠡᠨᠴᠢ ᠢᠲᠡᠭᠡᠮᠵᠢ ᠶᠢᠨ ᠤᠳᠤᠨ︾᠎ ᠤ ᠲᠡᠷᠢᠭᠦᠨ ᠤ ᠦᠢᠯᠡ ᠠᠵᠢᠯᠯᠠᠭ᠎ᠠ ᠶᠢ ᠶᠠᠷᠢᠵᠤ᠂ ᠦᠯᠢᠭᠡᠷ ᠳᠠᠭᠤᠷᠢᠶᠠᠯ ᠤᠨ ᠬᠦᠴᠦᠨ ᠢᠶᠠᠷ ᠤᠯᠠᠨ ᠲᠦᠮᠡᠨ ᠤ ᠦᠨᠡᠨᠴᠢ ᠢᠲᠡᠭᠡᠮᠵᠢ ᠶᠢᠨ ᠦᠢᠯᠡᠳᠦᠯᠭᠡ ᠳᠤ ᠣᠷᠣᠯᠴᠠᠬᠤ᠂ ᠦᠨᠡᠨᠴᠢ ᠢᠲᠡᠭᠡᠮᠵᠢᠲᠡᠢ ᠡᠷᠬᠢᠮ ᠰᠤᠷᠲᠠᠯ ᠢ ᠪᠠᠳᠠᠷᠠᠭᠤᠯᠬᠤ ᠬᠠᠯᠠᠭᠤᠨ ᠰᠡᠳᠬᠢᠯᠭᠡ ᠪᠣᠯᠤᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠤᠯᠠᠨ ᠢᠶᠠᠷ ᠢᠶᠠᠨ ᠨᠢᠵᠢᠭᠢᠨᠡᠲᠡᠯ᠎ᠡ ᠠᠯᠠᠭ᠎ᠠ ᠲᠠᠰᠢᠵᠠᠭᠠᠪᠠ᠃    ᠬᠤᠰᠢᠭᠤᠨ ᠤ ᠮᠣᠩᠭᠤᠯ ᠦᠨᠳᠦᠰᠦᠲᠡᠨ ᠤ ᠬᠡᠦᠬᠡᠳ ᠤᠨ ᠴᠡᠴᠡᠷᠯᠢᠭ ᠤᠨ ᠬᠡᠦᠬᠡᠳ ᠤᠳ ᠵᠢᠷᠤᠭᠲᠤ ᠳᠡᠪᠲᠡᠷ ᠤᠩᠰᠢᠵᠤ᠂ ᠵᠢᠷᠤᠭ ᠵᠢᠷᠤᠵᠤ᠂ ᠨᠤᠲᠤᠭ ᠢᠶᠠᠨ ᠵᠢᠷᠤᠭᠯᠠᠨ᠂ ᠢᠷᠡᠭᠡᠳᠦᠶ ᠪᠠᠨ ᠡᠷᠡᠮᠵᠢᠯᠡᠨ᠎ᠡ᠃ ᠲᠣᠰ ᠤᠳᠠᠭᠠᠨ ᠤ ᠠᠵᠢᠯᠯᠠᠭ᠎ᠠ ᠨᠢ ᠰᠠᠭᠤᠭᠠᠯᠢ ᠠᠷᠠᠳ ᠲᠤ ᠮᠠᠷᠲᠠᠭᠳᠠᠰᠢ ᠥᠬᠡᠶ ᠰᠣᠶᠣᠯ ᠤᠨ ᠣᠶᠢᠯᠠᠭᠠᠯᠲᠠ ᠶᠢ ᠣᠯᠭᠤᠭᠰᠠᠨ ᠢᠶᠠᠷ ᠪᠠᠷᠠᠬᠤ ᠥᠬᠡᠶ ᠪᠠᠰᠠ ᠦᠵᠡᠯ ᠰᠠᠨᠠᠭᠠᠨ ᠤ ᠵᠢᠯᠣᠭᠤᠳᠣᠯᠭ᠎ᠠ᠂ ᠰᠣᠶᠣᠯ ᠤᠨ ᠤᠯᠠᠮᠵᠢᠯᠠᠯ᠂ ᠬᠥᠮᠦᠵᠢᠯ ᠤᠨ ᠲᠠᠯ᠎ᠠ ᠪᠠᠷ ᠦᠷ᠎ᠡ ᠪᠦᠲᠦᠮᠵᠢ ᠣᠯᠵᠤ᠂ ᠡᠷᠡᠯᠬᠡᠭᠯᠡᠨ ᠤᠷᠤᠭᠰᠢᠯᠠᠬᠤ ᠬᠦᠴᠦᠨ ᠢ ᠨᠢᠭᠲᠠᠷᠠᠭᠤᠯᠪᠠ᠃   ᠳᠠᠯᠠᠶᠢᠬᠦ᠋ᠪ ᠪᠠᠯᠭᠠᠰᠤᠨ ᠤ ᠨᠠᠮ ᠤᠨ ᠬᠤᠷᠢᠶᠠᠨ ᠤ ᠭᠡᠰᠢᠭᠦᠨ᠂ ᠤᠬᠠᠭᠤᠯᠬᠤ ᠭᠡᠰᠢᠭᠦᠨ             ᠤᠷᠭᠤᠭ᠎ᠠ᠄ ︽ᠤᠮᠠᠷᠠᠲᠤ ᠬᠢᠯᠢ ᠶᠢᠨ ᠰᠣᠶᠣᠯ ᠨᠢ ᠳᠤᠮᠳᠠᠳᠤ ᠶᠢᠨ ᠪᠣᠯᠪᠠᠰᠤᠨ ᠤ ᠴᠢᠬᠤᠯᠠ ᠪᠦᠷᠢᠯᠳᠦᠬᠦᠨ ᠬᠡᠰᠡᠭ ᠪᠣᠯᠤᠭᠰᠠᠨ ᠤ ᠬᠤᠪᠢ ᠳᠤ᠂ ᠲᠣᠰ ᠤᠳᠠᠭᠠᠨ ᠤ ᠠᠵᠢᠯᠯᠠᠭᠠᠨ ᠳᠤ᠂ ᠪᠢᠳᠡ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠲᠠᠯ᠎ᠠ ᠨᠤᠲᠤᠭ ᠤᠨ ᠨᠣᠮ ᠤᠨ ᠥᠷᠥᠭᠡ ᠶᠢ ᠣᠯᠠᠨ ᠲᠦᠮᠡᠨ ᠤ ᠳᠡᠷᠭᠡᠳᠡ ᠨᠡᠭᠦᠯᠭᠡᠵᠦ᠂ ᠬᠤᠪᠢᠰᠬᠠᠯ ᠤᠨ ᠬᠥᠮᠦᠵᠢᠯ᠂ ᠰᠣᠶᠣᠯ ᠤᠷᠠᠯᠢᠭ᠂ ᠤᠯᠠᠮᠵᠢᠯᠠᠯᠲᠤ ᠵᠠᠩ ᠳᠠᠳᠬᠠᠯ ᠢ ᠣᠷᠭᠠᠨᠢᠭ ᠢᠶᠠᠷ ᠠᠭᠤᠰᠤᠯᠴᠠᠭᠤᠯᠤᠨ᠂ ᠲᠠᠪᠤᠨ ᠪᠦᠯᠦᠭ ᠬᠤᠪᠢᠶᠠᠨ ᠥᠷᠨᠢᠭᠦᠯᠵᠦ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠤᠮᠠᠷᠠᠲᠤ ᠬᠢᠯᠢ ᠶᠢᠨ ᠰᠣᠶᠣᠯ ᠤᠨ ᠤᠯᠠᠮᠵᠢᠯᠠᠯ ᠢ ᠪᠡᠶᠡᠯᠡᠭᠦᠯᠬᠦ ᠳᠤ ᠨᠠᠩ ᠴᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠢᠭᠴᠤ ᠰᠠᠬᠤᠯᠢᠭ ᠪᠣᠯᠭᠠᠬᠤ ᠬᠡᠷᠡᠭᠲᠡᠶ ᠪᠠᠶᠢᠨ᠎ᠠ᠃ ᠬᠤᠶᠢᠰᠢᠳᠠ᠂ ᠪᠢᠳᠡ ᠪᠠᠰᠠ ᠨᠡᠩ ᠤᠯᠠᠨ ᠠᠭᠤᠯᠭ᠎ᠠ ᠪᠠᠷ ᠪᠠᠶᠠᠯᠢᠭ᠂ ᠬᠡᠯᠪᠡᠷᠢ ᠨᠢ ᠤᠯᠠᠨ ᠶᠠᠩᠵᠤ ᠶᠢᠨ᠂ ᠤᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠢ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠰᠣᠶᠣᠯ ᠢᠶᠠᠷ ᠤᠯᠠᠨ ᠲᠦᠮᠡᠨ ᠳᠤ ᠨᠡᠩ ᠰᠠᠶᠢᠲᠤᠷ ᠦᠢᠯᠡᠴᠢᠯᠡᠭᠦᠯᠬᠦ ᠪᠣᠯᠤᠨ᠎ᠠ︾ ᠭᠡᠪᠡ᠃
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号