ᠥᠷᠭᠡᠨ ᠣᠯᠠᠨ ᠰᠠᠭᠤᠭᠠᠯᠢ ᠠᠷᠠᠳ ᠲᠤ ᠰᠠᠶᠢᠨ ᠰᠠᠶᠢᠬᠠᠨ ᠠᠮᠢᠳᠤᠷᠠᠯ ᠤᠨ ᠣᠷᠴᠢᠨ ᠲᠣᠭᠤᠷᠢᠨ ᠢ ᠪᠣᠶ | ᠪᠣᠯᠭᠠᠬᠤ ᠶᠢᠨ ᠲᠥᠯᠥᠭᠡ᠂ ᠡᠵᠡᠨ᠎ᠡ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ | ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠤ ᠵᠥᠪᠯᠡᠯ ᠤᠨ ᠠᠯᠪᠠᠨ ᠬᠡᠷ ᠣᠶᠢᠷ᠎ᠠ ᠳᠤ 2025 | ᠣᠨ ᠤ ᠬᠤᠤᠷᠲᠤ ᠠᠮᠢᠳᠤ ᠪᠣᠳᠠᠰ ᠢ ᠰᠡᠷᠭᠡᠶᠢᠯᠡᠨ ᠵᠠᠰᠠᠬᠤ ᠠᠵᠢᠯ ᠢ ᠡᠬᠢᠯᠡᠭᠦᠯᠵᠦ᠂ ᠲᠤᠰᠬᠠᠶ ᠠᠵᠢᠯᠲᠠᠨ ᠢ ᠵᠣᠬᠢᠶᠠᠨ | ᠪᠠᠶᠢᠭᠤᠯᠤᠨ ︽ᠳᠥᠷᠪᠡᠨ ᠬᠤᠤᠷᠲᠠᠨ︾ ᠢ ᠠᠷᠢᠯᠭᠠᠬᠤ ᠠᠵᠢᠯ ᠢ ᠥᠷᠨᠢᠭᠦᠯᠵᠦ᠂ ᠡᠪᠡᠳᠴᠢᠨ ᠤ ᠵᠠᠭᠤᠴᠢ ᠠᠮᠢᠳᠤ | ᠪᠣᠳᠠᠰ ᠤᠨ ᠬᠠᠯᠳᠠᠪᠤᠷᠢᠲᠤ ᠡᠪᠡᠳᠴᠢᠨ ᠤ ᠡᠭᠦᠰᠬᠦ ᠪᠠ ᠳᠡᠯᠭᠡᠷᠡᠬᠦ ᠶᠢ ᠪᠠᠭᠠᠰᠬᠠᠵᠤ᠂ ᠠᠷᠠᠳ ᠣᠯᠠᠨ ᠤ ᠪᠡᠶ᠎ᠡ | ᠮᠠᠬᠠᠪᠣᠳ ᠤᠨ ᠡᠷᠡᠭᠦᠯ ᠴᠢᠭᠢᠷᠠᠭ ᠢ ᠪᠠᠲᠤᠯᠠᠨ᠂ ᠠᠮᠢᠳᠤᠷᠠᠯ ᠤᠨ ᠵᠣᠯ ᠵᠢᠷᠭᠠᠯᠲᠤ ᠲᠥᠷᠥᠭᠳᠡᠯ ᠢ ᠨᠢ | ᠳᠡᠭᠡᠭᠰᠢᠯᠡᠭᠦᠯᠦᠨ᠎ᠡ᠃ | ᠬᠠᠪᠤᠷ ᠤᠨ ᠪᠤᠯᠵᠤ ᠲᠡᠭᠷᠢ ᠳᠤᠯᠠᠭᠠᠷᠠᠬᠤ ᠶᠢᠨ ᠳᠠᠭᠠᠯᠳᠤᠨ᠂ ᠪᠠᠲᠠᠭᠠᠨ᠎ᠠ᠂ ᠢᠯᠠᠭ᠎ᠠ᠂ ᠬᠤᠯᠤᠭᠠᠨ᠎ᠠ᠂ ᠵᠤᠤᠮ᠎ᠠ | ᠵᠡᠷᠭᠡ ᠬᠥᠨᠥᠭᠡᠯᠲᠦ ᠠᠮᠢᠳᠤ ᠪᠣᠳᠠᠰ ᠤᠨ ᠠᠵᠢᠯᠯᠠᠭ᠎ᠠ ᠣᠯᠠᠰᠢᠷᠠᠵᠤ᠂ ᠸᠢᠷᠦ᠋ᠰ ᠬᠠᠯᠳᠠᠪᠤᠷᠢᠯᠠᠨ᠂ ᠬᠥᠨᠥᠭᠡᠯᠲᠦ ᠴᠢᠨᠠᠷ | ᠨᠢ ᠠᠭᠠᠵᠢᠮ ᠢᠶᠠᠷ ᠶᠡᠬᠡᠰᠳᠡᠭ᠂ ᠬᠠᠮᠢᠶ᠎ᠠ ᠪᠥᠬᠦᠶ ᠰᠠᠯᠠᠭ᠎ᠠ ᠮᠥᠴᠢᠷ ᠬᠥᠨᠥᠭᠡᠯᠲᠦ ᠠᠮᠢᠳᠤ ᠪᠣᠳᠠᠰ ᠤᠨ ᠥᠪᠡᠷᠮᠢᠴᠡ | ᠴᠢᠨᠠᠷ ᠲᠠᠢ ᠤᠶᠠᠯᠳᠤᠭᠤᠯᠤᠨ᠂ ᠤᠷᠢᠳᠴᠢᠯᠠᠨ ᠪᠠᠶᠢᠷᠢᠯᠠᠭᠤᠯᠵᠤ᠂ ᠵᠠᠩᠭᠢᠯᠠᠭ᠎ᠠ ᠶᠢᠨ ᠴᠡᠭ ᠢ ᠠᠳᠬᠤᠨ᠂ ᠬᠥᠨᠥᠭᠡᠯᠲᠦ | ᠠᠮᠢᠳᠤ ᠪᠣᠳᠠᠰ ᠢ ᠰᠡᠷᠭᠡᠶᠢᠯᠡᠨ ᠵᠠᠰᠠᠬᠤ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ᠠᠵᠢᠯᠲᠠᠳ ᠬᠠᠮᠠᠭᠠᠯᠠᠯᠲᠠ ᠶᠢᠨ ᠬᠤᠪᠴᠠᠰᠤ ᠡᠮᠦᠰᠴᠦ᠂ ᠠᠷᠢᠭᠤᠳᠬᠠᠬᠤ ᠲᠥᠬᠦᠭᠡᠷᠦᠮᠵᠢ ᠪᠠ ᠡᠮ ᠤᠨ | ᠵᠦᠢᠯ ᠢᠶᠠᠨ ᠠᠪᠴᠤ ᠵᠡᠭᠡᠯᠢ ᠭᠤᠳᠤᠮᠵᠢ ᠪᠠᠷ ᠶᠠᠪᠤᠵᠤ᠂ ᠡᠯ᠎ᠡ ᠰᠠᠭᠤᠭᠠᠯᠢ ᠠᠷᠠᠳ ᠤᠨ ᠲᠣᠭᠤᠷᠢᠭ᠂ ᠨᠢᠭᠡᠴᠢ᠂ | ᠴᠡᠴᠡᠷᠯᠢᠭ ᠵᠡᠷᠭᠡ ᠣᠯᠠᠨ ᠨᠡᠶᠢᠲᠡ ᠶᠢᠨ ᠲᠠᠯᠠᠪᠤᠷ ᠲᠤ ᠣᠷᠣᠵᠤ᠂ ᠭᠠᠵᠠᠷ ᠳᠣᠣᠷᠠᠬᠢ ᠬᠤᠭᠤᠯᠠᠶ ᠶᠢᠨ ᠲᠣᠣᠷ ᠲᠠᠬᠢ | ᠡᠪᠦᠯᠵᠢᠬᠦ ᠢᠯᠠᠭ᠎ᠠ᠂ ᠬᠤᠯᠤᠭᠠᠨ᠎ᠠ ᠵᠡᠷᠭᠡ ᠶᠢ ᠬᠠᠯᠠᠭᠤᠨ ᠤᠲᠤᠭ᠎ᠠ ᠪᠠᠷ ᠤᠳᠤᠵᠤ ᠠᠯᠠᠬᠤ ᠪᠠ ᠡᠮ ᠲᠠᠯᠪᠢᠨ | ᠠᠯᠠᠵᠤ᠂ ᠪᠠᠰᠠ ᠬᠤᠯᠤᠭᠠᠨ᠎ᠠ ᠶᠢᠨ ᠥᠭᠶᠥᠭᠡ ᠶᠢ ᠲᠠᠯᠪᠢᠳᠠᠭ ᠪᠠᠶᠢᠨ᠎ᠠ᠃ | ᠬᠤᠰᠢᠭᠤᠨ ᠤ ᠬᠥᠨᠥᠭᠡᠯᠲᠡᠶ ᠠᠮᠢᠳᠤ ᠪᠣᠳᠠᠰ ᠢ ᠰᠡᠷᠭᠡᠶᠢᠯᠡᠨ ᠵᠠᠰᠠᠬᠤ ᠲᠦᠷᠦᠯ ᠵᠦᠢᠯ ᠤᠨ ᠬᠠᠷᠢᠭᠤᠴᠠᠯᠭᠠᠲᠠᠨ | ᠸᠠᠩ ᠬᠠᠶ ᠵᠢᠶᠦ᠋ᠨ᠄ ︽ᠬᠠᠪᠤᠷ ᠪᠣᠯ ᠬᠤᠯᠤᠭᠠᠨ᠎ᠠ ᠶᠢᠨ ᠬᠥᠳᠡᠯᠭᠡᠭᠡᠨ ᠣᠯᠠᠨ ᠡᠭᠦᠰᠬᠦ ᠬᠤᠭᠤᠴᠠᠭ᠎ᠠ᠂ ᠪᠢᠳᠡ | ᠬᠤᠯᠤᠭᠠᠨ᠎ᠠ ᠤᠰᠠᠳᠬᠠᠬᠤ ᠠᠵᠢᠯ ᠢ ᠲᠥᠪᠯᠡᠷᠡᠭᠦᠯᠦᠨ ᠬᠢᠵᠦ᠂ ᠬᠤᠯᠤᠭᠠᠨ᠎ᠠ ᠶᠢᠨ ᠬᠥᠨᠥᠭᠡᠯ ᠤᠨ ᠲᠠᠷᠬᠠᠬᠤ | ᠡᠪᠡᠳᠴᠢᠨ ᠢ ᠤᠯᠠᠮ ᠨᠢᠭᠡ ᠠᠯᠬᠤᠮ ᠪᠠᠭᠠᠰᠬᠠᠨ᠎ᠠ︾ ᠭᠡᠪᠡ᠃ | ᠣᠳᠣᠬᠠᠨ ᠳᠤ᠂ ᠨᠢᠭᠡᠨᠲᠡ ᠬᠤᠲᠠ ᠶᠢᠨ ᠲᠣᠭᠤᠷᠢᠭ ᠲᠠᠬᠢ 3000 ᠭᠠᠷᠤᠶ ᠬᠤᠳᠳᠤᠭ ᠲᠤ ᠬᠠᠯᠠᠭᠤᠨ | ᠣᠲᠤᠭ᠎ᠠ ᠤᠨᠢᠶᠠᠷᠲᠤᠯ ᠬᠢᠵᠦ᠂ ᠶᠡᠷᠦᠩᠬᠡᠶ ᠬᠡᠮᠵᠢᠶ᠎ᠡ ᠶᠢᠨ 50% ᠰᠢᠬᠠᠮ ᠢ ᠪᠡᠶᠡᠯᠡᠭᠦᠯᠦᠨ᠂ ᠠᠩᠬᠠᠨ ᠤ | ᠡᠭᠡᠯᠵᠢ ᠶᠢᠨ ᠰᠡᠷᠭᠡᠶᠢᠯᠡᠨ ᠵᠠᠰᠠᠵᠤ ᠠᠷᠢᠭᠤᠳᠬᠠᠬᠤ ᠠᠵᠢᠯ ᠪᠠᠰᠠ ᠡᠮᠬᠢ ᠵᠢᠷᠤᠮ ᠲᠠᠢ ᠶᠠᠪᠤᠭᠳᠠᠵᠤ ᠪᠠᠶᠢᠨ᠎ᠠ᠃ | ᠬᠤᠰᠢᠭᠤᠨ ᠤ ᠬᠥᠨᠥᠭᠡᠯᠲᠦ ᠠᠮᠢᠳᠤ ᠪᠣᠳᠠᠰ ᠢ ᠰᠡᠷᠭᠡᠶᠢᠯᠡᠨ ᠵᠠᠰᠠᠬᠤ ᠲᠥᠷᠥᠯ ᠵᠦᠢᠯ ᠤᠨ ᠬᠠᠷᠢᠭᠤᠴᠠᠯᠭᠠᠲᠠᠨ | ᠸᠠᠩ ᠬᠠᠶ ᠵᠢᠶᠦ᠋ᠨ᠄ ︽ᠨᠢᠭᠡᠳᠦᠭᠡᠷ ᠡᠭᠡᠯᠵᠢ ᠶᠢᠨ ᠠᠵᠢᠯ ᠢ 4 ᠰᠠᠷ᠎ᠠ ᠶᠢᠨ ᠰᠡᠭᠦᠯᠴᠢ ᠳᠤ ᠪᠡᠶᠡᠯᠡᠭᠦᠯᠬᠦ ᠪᠠᠷ ᠪᠣᠶ᠂ 5 | ᠰᠠᠷ᠎ᠠ ᠶᠢᠨ ᠡᠬᠢ ᠪᠣᠯᠬᠤ ᠳᠤ ᠪᠢᠳᠡ ᠳᠠᠬᠢᠨ ᠤᠰᠤᠨ ᠴᠣᠭᠴᠠ ᠶᠢᠨ ᠰᠢᠮᠠᠭᠤᠯ ᠪᠠᠲᠠᠭᠠᠨ᠎ᠠ ᠳᠤ ᠠᠮᠢᠳᠤ ᠪᠣᠳᠠᠰ ᠤᠨ | ᠨᠠᠶᠢᠷᠠᠯᠭ᠎ᠠ ᠶᠢᠨ ᠲᠣᠮᠣ ᠮᠥᠬᠦᠯᠢᠭᠲᠦ ᠡᠮ ᠲᠠᠯᠪᠢᠵᠤ᠂ ᠤᠰᠤᠨ ᠴᠣᠭᠴᠠ ᠶᠢᠨ ᠰᠢᠮᠠᠭᠤᠯ ᠢ ᠤᠰᠠᠳᠬᠠᠵᠤ᠂ | ᠰᠢᠮᠠᠭᠤᠯ ᠤᠨ ᠨᠢᠭᠲᠠᠴᠠ ᠶᠢ ᠪᠠᠭᠤᠷᠠᠭᠤᠯᠵᠤ᠂ ᠳᠠᠷᠠᠭ᠎ᠠ ᠨᠢ ᠡᠯ᠎ᠡ ᠬᠤᠲᠠ ᠶᠢᠨ ᠲᠣᠭᠤᠷᠢᠭ ᠵᠢᠴᠢ ᠡᠯ᠎ᠡ ᠰᠠᠭᠤᠭᠠᠯᠢ | ᠲᠣᠭᠤᠷᠢᠭ ᠤᠨ ᠡᠷᠬᠢᠨ ᠲᠣᠭᠤᠷᠢᠨ ᠳᠤ ᠮᠠᠨᠠᠨᠲᠤᠭᠤᠯᠬᠤ ᠮᠠᠰᠢᠨ ᠢᠶᠠᠷ ᠢᠯᠠᠭ᠎ᠠ ᠶᠢ ᠤᠰᠠᠳᠬᠠᠬᠤ ᠠᠵᠢᠯ ᠬᠢᠨ᠎ᠠ︾ | ᠭᠡᠪᠡ᠃ | ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠷᠠᠳ ᠤᠨ ᠠᠮᠢᠳᠤᠷᠠᠯ ᠤᠨ ᠠᠵᠢᠯ ᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠵᠤ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠪᠠ ᠠᠷᠠᠳ ᠣᠯᠠᠨ ᠤ ᠡᠷᠡᠭᠦᠯ ᠮᠡᠨᠳᠦ ᠳᠤ | ᠠᠩᠬᠠᠷᠤᠯ ᠢᠶᠠᠨ ᠲᠦᠪᠯᠡᠷᠡᠭᠦᠯᠦᠨ᠂ ᠡᠪᠡᠳᠴᠢᠨ ᠤ ᠵᠠᠭᠤᠴᠢ ᠠᠮᠢᠳᠤ ᠪᠣᠳᠠᠰ ᠢ ᠰᠡᠷᠭᠡᠶᠢᠯᠡᠨ ᠵᠠᠰᠠᠬᠤ ᠶᠢ ᠠᠷᠠᠳ ᠤᠨ | ᠠᠮᠢᠳᠤᠷᠠᠯ ᠤᠨ ᠴᠢᠬᠤᠯᠠ ᠢᠨᠵᠧᠨᠧᠷᠢᠩ ᠪᠣᠯᠭᠠᠨ ᠠᠳᠬᠤᠵᠤ᠂ ᠲᠥᠷᠥᠯ ᠵᠦᠢᠯ ᠤᠨ ᠲᠠᠯ᠎ᠠ ᠪᠠᠷ ᠳᠡᠮᠵᠢᠨ᠂ ᠪᠠᠯᠠ | ᠮᠥᠩᠭᠦ ᠶᠢᠨ ᠲᠠᠯ᠎ᠠ ᠪᠠᠷ ᠪᠠᠲᠤᠯᠠᠵᠤ᠂ ᠠᠷᠭ᠎ᠠ ᠬᠡᠮᠵᠢᠶ᠎ᠡ ᠶᠢᠨ ᠲᠠᠯ᠎ᠠ ᠪᠠᠷ ᠨᠠᠶᠢᠳᠠᠪᠤᠷᠢᠵᠢᠭᠤᠯᠵᠤ᠂ ᠠᠷᠠᠳ ᠣᠯᠠᠨ ᠤ | ᠠᠮᠢᠳᠤᠷᠠᠯ᠂ ᠣᠯᠠᠨ ᠲᠦᠮᠡᠨ ᠤ ᠠᠩᠬᠠᠷᠴᠤ ᠪᠠᠶᠢᠭ᠎ᠠ ᠬᠠᠯᠠᠭᠤᠨ ᠴᠡᠭ ᠤᠨ ᠠᠰᠠᠭᠤᠳᠠᠯ ᠢ ᠬᠦᠴᠦᠯᠡᠨ | ᠰᠢᠢᠳᠪᠦᠷᠢᠯᠡᠵᠦ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠠᠮᠤᠷ ᠲᠦᠪᠰᠢᠨ ᠢ ᠦᠨᠡᠨ ᠬᠦ ᠬᠠᠮᠠᠭᠠᠯᠠᠵᠤ᠂ | ᠡᠪᠡᠳᠴᠢᠨ ᠡᠮᠭᠡᠭ ᠬᠠᠯᠳᠠᠪᠤᠷᠢᠯᠠᠬᠤ ᠶᠢ ᠰᠡᠷᠭᠡᠶᠢᠯᠡᠨ᠂ ᠠᠷᠠᠳ ᠣᠯᠠᠨ ᠤ ᠠᠮᠢᠳᠤᠷᠠᠯ ᠤᠨ ᠵᠣᠯ ᠵᠢᠷᠭᠠᠯ ᠤᠨ | ᠲᠥᠷᠥᠭᠳᠡᠯ ᠢ ᠢᠯᠡᠳᠲᠡ ᠨᠡᠮᠡᠭᠳᠡᠭᠦᠯᠪᠡ᠃ | ᠬᠤᠰᠢᠭᠤᠨ ᠤ ᠬᠤᠤᠷᠲᠤ ᠠᠮᠢᠳᠤ ᠪᠣᠳᠠᠰ ᠢ ᠰᠡᠷᠭᠡᠶᠢᠯᠡᠨ ᠵᠠᠰᠠᠬᠤ ᠲᠥᠷᠥᠯ ᠵᠦᠢᠯ ᠤᠨ ᠬᠠᠷᠢᠭᠤᠴᠠᠯᠭᠠᠲᠠᠨ | ᠸᠠᠩ ᠬᠠᠶ ᠵᠢᠶᠦ᠋ᠨ᠄ ︽2025 ᠣᠨ ᠤ ᠡᠵᠡᠨ᠎ᠡ ᠬᠤᠰᠢᠭᠤᠨ ᠤ ᠡᠪᠡᠳᠴᠢᠨ ᠤ ᠵᠠᠭᠤᠴᠢ ᠶᠢᠨ ᠠᠮᠢᠳᠤ ᠪᠣᠳᠠᠰ ᠢ | ᠠᠷᠢᠭᠤᠳᠬᠠᠨ ᠠᠯᠠᠬᠤ ᠠᠵᠢᠯ ᠢ ᠨᠡᠶᠢᠲᠡ ᠵᠢᠷᠭᠤᠭᠠᠨ ᠡᠭᠡᠯᠵᠢ ᠬᠤᠪᠢᠶᠠᠵᠤ᠂ ᠨᠢᠭᠡᠳᠦᠭᠡᠷ ᠡᠭᠡᠯᠵᠢ ᠳᠤ ᠭᠤᠤᠯᠳᠠᠭᠤ | ᠪᠣᠬᠢᠷ ᠤᠰᠤᠨ ᠤ ᠬᠤᠳᠳᠤᠭ ᠤᠨ ᠪᠠᠲᠠᠭᠠᠨ᠎ᠠ ᠶᠢ ᠠᠷᠢᠭᠤᠳᠬᠠᠬᠤ ᠠᠵᠢᠯ ᠵᠢᠴᠢ ᠬᠤᠯᠤᠭᠠᠨ᠎ᠠ ᠶᠢ ᠤᠰᠠᠳᠬᠠᠬᠤ | ᠠᠵᠢᠯ ᠪᠣᠯᠤᠨ᠎ᠠ᠂ ᠬᠤᠶᠠᠳᠤᠭᠠᠷ ᠠᠴᠠ ᠲᠠᠪᠤᠳᠤᠭᠠᠷ ᠡᠭᠡᠯᠵᠢ ᠳᠤ ᠭᠤᠤᠯᠳᠠᠭᠤ ᠵᠣᠨ ᠤ ᠤᠯᠠᠷᠢᠯ ᠳᠤ ᠪᠠᠲᠠᠭᠠᠨ᠎ᠠ ᠶᠢ | ᠮᠠᠨᠠᠨᠲᠤᠭᠤᠯᠬᠤ ᠮᠠᠰᠢᠨ ᠢᠶᠠᠷ ᠠᠷᠢᠭᠤᠳᠬᠠᠨ ᠤᠰᠠᠳᠬᠠᠬᠤ ᠠᠵᠢᠯ ᠪᠣᠯᠤᠨ᠎ᠠ᠂ ᠵᠢᠷᠭᠤᠳᠤᠭᠠᠷ ᠡᠭᠡᠯᠵᠢ ᠨᠢ ᠨᠠᠮᠤᠷ᠂ | ᠡᠪᠦᠯ ᠤᠨ ᠬᠤᠯᠤᠭᠠᠨ᠎ᠠ ᠤᠰᠠᠳᠬᠠᠬᠤ ᠠᠵᠢᠯ ᠪᠣᠯᠤᠨ᠎ᠠ︾ ᠭᠡᠪᠡ᠃ | |