ᠣᠶᠢᠷ᠎ᠠ ᠳᠤ᠂ ᠡᠵᠡᠨ᠎ᠡ ᠬᠤᠰᠢᠭᠤᠨ ᠤ ᠤᠯᠤᠰ ᠤᠨ ᠥᠮᠴᠢᠯᠡᠯᠲᠦ ᠣᠶ ᠰᠢᠭᠤᠶ ᠶᠢᠨ ᠲᠠᠯᠠᠪᠠᠶ ᠳᠤ 7 ᠴᠣ | ᠰᠢᠨ᠎ᠡ ᠮᠣᠳᠣᠨ ᠤ ᠲᠥᠷᠥᠯ ᠢ ᠠᠮᠵᠢᠯᠲᠠ ᠲᠠᠢ ᠲᠡᠳᠡᠨ ᠣᠷᠣᠭᠤᠯᠵᠤ᠂ ᠤᠷᠭᠤᠮᠠᠯ ᠤᠨ ᠣᠯᠠᠨ ᠶᠠᠩᠵᠤᠲᠤ ᠴᠢᠨᠠᠷ ᠢ | ᠨᠡᠮᠡᠭᠳᠡᠭᠦᠯᠬᠦ᠂ ᠨᠣᠭᠤᠭᠠᠷᠠᠭᠤᠯᠤᠯᠲᠠ ᠶᠢᠨ ᠦᠵᠡᠮᠵᠢ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠳᠤ ᠰᠢᠨ᠎ᠡ | ᠠᠮᠢᠵᠢᠷᠠᠯ ᠤᠨ ᠬᠦᠴᠦᠨ ᠨᠡᠮᠡᠷᠢᠯᠡᠪᠡ᠃ | ᠡᠵᠡᠨ᠎ᠡ ᠬᠤᠰᠢᠭᠤᠨ ᠤ ᠤᠯᠤᠰ ᠤᠨ ᠥᠮᠴᠢᠯᠡᠯᠲᠦ ᠣᠶ ᠰᠢᠭᠤᠶ ᠶᠢᠨ ᠲᠠᠯᠠᠪᠠᠶ ᠶᠢᠨ ᠴᠢᠬᠢ ᠮᠣᠳᠣ ᠪᠤᠶᠢᠵᠢᠭᠤᠯᠬᠤ | ᠭᠠᠵᠠᠷ ᠲᠤ᠂ ᠣᠶ ᠰᠢᠭᠤᠶ ᠶᠢᠨ ᠲᠠᠯᠠᠪᠠᠶ ᠶᠢᠨ ᠠᠵᠢᠯᠲᠠᠳ ᠶᠠᠭ ᠬᠥᠷ ᠬᠥᠭᠵᠢᠶᠡᠨᠲᠡᠶ ᠪᠠᠷ ᠦᠷ᠎ᠡ ᠪᠤᠶᠢᠵᠢᠭᠤᠯᠬᠤ | ᠠᠵᠢᠯ ᠬᠢᠵᠦ ᠪᠣᠶ᠂ 7 ᠰᠢᠨ᠎ᠡ ᠮᠣᠳᠣᠨ ᠤ ᠲᠥᠷᠥᠯ ᠨᠢ ᠬᠥᠮᠦᠰ ᠤᠨ ᠠᠩᠬᠠᠷᠤᠯ ᠢ ᠣᠨᠴᠠ ᠲᠠᠲᠠᠵᠤ᠂ ᠥᠪᠡᠷᠮᠢᠴᠡ | ᠣᠨᠴᠠᠯᠢᠭ ᠲᠠᠢ ᠮᠣᠳᠣᠨ ᠤ ᠡᠰᠢ ᠪᠣᠯᠤᠨ ᠪᠤᠯᠪᠠᠷᠠᠶ ᠴᠡᠴᠡᠭᠡᠰ ᠨᠢ ᠬᠥᠮᠦᠰ ᠲᠤ ᠬᠦᠷᠴᠦ ᠢᠷᠡᠭᠰᠡᠨ ᠢᠶᠠᠨ ᠶᠠᠷᠢᠵᠤ | ᠪᠠᠶᠢᠭ᠎ᠠ ᠰᠢᠭ᠋ ᠪᠠᠶᠢᠯ᠎ᠠ᠃ | ᠣᠶᠢᠯᠠᠭᠠᠭᠰᠠᠨ ᠢᠶᠠᠷ᠂ ᠲᠣᠰ ᠤᠳᠠᠭ᠎ᠠ ᠣᠷᠣᠭᠤᠯᠤᠭᠰᠠᠨ ᠮᠣᠳᠣᠨ ᠤ ᠲᠥᠷᠥᠯ ᠳᠤ ᠵᠢᠶᠣᠣ ᠳ᠋ᠦᠩ ᠤᠨ | ᠴᠠᠭᠠᠨ᠂ ᠠᠯᠲᠠᠨ ᠨᠠᠪᠴᠢᠲᠤ ᠬᠠᠶᠢᠯᠠᠰᠤ᠂ ᠰᠢ ᠹᠦ᠋ ᠬᠠᠶᠢᠲᠠᠩ᠂ ᠭᠤᠶᠣ ᠬᠠᠶᠢᠲᠠᠩ ᠵᠡᠷᠭᠡ ᠪᠠᠭᠲᠠᠨ᠎ᠠ᠃ ᠵᠢᠶᠣᠣ | ᠳ᠋ᠦᠩ ᠤᠨ ᠴᠠᠭᠠᠨ ᠪᠣᠯ ᠬᠠᠭᠠᠰ ᠮᠥᠩᠬᠡ ᠨᠣᠭᠤᠭᠠᠨ ᠪᠣᠳᠠ ᠮᠣᠳᠣ ᠪᠠᠶᠢᠵᠤ᠂ ᠰᠠᠭᠤᠷᠢ ᠬᠡᠰᠡᠭ ᠤᠨ ᠰᠠᠯᠠᠭ᠎ᠠ | ᠮᠥᠴᠢᠷ ᠨᠢ ᠭᠠᠵᠠᠷ ᠲᠤ ᠦᠨᠳᠦᠰᠦᠯᠡᠵᠦ᠂ ᠦᠨᠳᠦᠰᠦᠨ ᠰᠢᠰᠲ᠋ᠧᠮ ᠨᠢ ᠬᠥᠭᠵᠢᠩᠭᠦᠶ᠂ ᠬᠥᠷᠥᠰᠥ ᠶᠢ | ᠲᠣᠭᠲᠠᠪᠤᠷᠢᠵᠢᠭᠤᠯᠵᠤ᠂ ᠬᠥᠩᠭᠡᠨ᠂ ᠳᠤᠮᠳᠠ ᠵᠡᠷᠭᠡ ᠶᠢᠨ ᠬᠤᠵᠢᠷ ᠲᠤ ᠳᠠᠭᠠᠭᠠᠮᠠᠭᠠᠶ᠂ ᠲᠣᠭᠤᠰᠣ ᠶᠢ ᠰᠣᠷᠣᠵᠤ | ᠡᠯᠡᠰᠦ ᠶᠢ ᠰᠡᠷᠭᠡᠶᠢᠯᠡᠬᠦ ᠣᠶᠢᠷ᠎ᠠ ᠪᠦᠲᠦᠮᠵᠢ ᠨᠢ ᠢᠯᠡᠳᠲᠡ ᠪᠠᠶᠢᠵᠤ᠂ ᠨᠣᠭᠤᠭᠠᠷᠠᠭᠤᠯᠤᠯᠲᠠ ᠶᠢᠨ ᠥᠪᠡᠷ ᠤᠨ | ᠥᠷᠲᠡᠭ ᠨᠢ ᠳᠤᠤᠷ᠎ᠠ᠂ ᠣᠶᠢᠷ᠎ᠠ ᠪᠦᠲᠦᠮᠵᠢ ᠨᠢ ᠲᠦᠷᠭᠡᠨ᠂ ᠡᠳᠡᠭᠡᠷᠡᠯᠲᠡ ᠶᠢᠨ ᠨᠣᠷᠮ᠎ᠠ ᠨᠢ ᠥᠨᠳᠥᠷ ᠪᠠᠶᠢᠳᠠᠭ︔ | ᠠᠯᠲᠠᠨ ᠨᠠᠪᠴᠢᠲᠤ ᠬᠠᠶᠢᠯᠠᠰᠤ ᠪᠣᠯ ᠠᠯᠲᠠᠨ ᠰᠢᠷᠭᠠᠯ ᠥᠩᠭᠡᠲᠡᠶ᠂ ᠭᠢᠯᠲᠠᠭᠠᠨᠠᠮ᠎ᠠ᠂ ᠨᠠᠪᠴᠢᠨ ᠤ ᠰᠤᠳᠠᠰᠤ | ᠲᠣᠳᠣᠷᠬᠠᠶ᠂ ᠬᠠᠬᠢᠷ ᠬᠦᠢᠲᠡᠨ᠂ ᠭᠠᠩ ᠬᠠᠭᠤᠷᠠᠶ ᠠᠭᠤᠷ ᠠᠮᠢᠰᠬᠤᠯ ᠳᠤ ᠵᠣᠬᠢᠴᠠᠬᠤ ᠴᠢᠳᠠᠪᠤᠷᠢ ᠪᠠᠷ | ᠴᠢᠩᠭ᠎ᠠ᠂ ᠬᠤᠵᠢᠷ ᠢ ᠡᠰᠡᠷᠭᠦᠴᠡᠬᠦ ᠴᠢᠨᠠᠷ ᠢᠶᠠᠷ ᠭᠠᠷᠮᠠᠭᠠᠶ᠂ ᠥᠷᠭᠡᠨ ᠬᠡᠷᠡᠭᠯᠡᠭᠳᠡᠬᠦ ᠥᠩᠭᠡᠲᠦ ᠨᠠᠪᠴᠢᠲᠤ ᠮᠣᠳᠣᠨ ᠤ | ᠲᠥᠷᠥᠯ ᠪᠣᠯᠤᠨ᠎ᠠ︔ ᠰᠢ ᠹᠦ᠋ ᠬᠠᠶᠢᠲᠠᠩ ᠪᠣᠯᠤᠨ ᠭᠤᠶᠣ ᠬᠠᠶᠢᠲᠠᠩ ᠪᠣᠯ ᠪᠣᠳᠠ ᠮᠣᠳᠣ ᠪᠤᠶᠤ ᠵᠢᠵᠢᠭ ᠲᠣᠷᠤᠭ | ᠮᠣᠳᠣ ᠳᠤ ᠪᠠᠭᠲᠠᠳᠠᠭ ᠪᠥᠭᠡᠳ ᠦᠵᠡᠮᠦᠷᠢ ᠶᠢᠨ ᠠᠯᠳᠠᠷᠲᠤ ᠮᠣᠳᠣᠨ ᠤ ᠲᠥᠷᠥᠯ ᠪᠣᠯᠤᠨ᠎ᠠ᠂ ᠴᠡᠴᠡᠷᠯᠢᠭ ᠤᠨ | ᠮᠡᠷᠭᠡᠵᠢᠯ ᠤᠨ ᠬᠤᠪᠢᠷᠠᠯᠲᠠ ᠨᠢ ᠣᠯᠠᠨ ᠶᠠᠩᠵᠤ ᠶᠢᠨ ᠪᠠᠶᠢᠵᠤ᠂ ᠬᠦᠬᠦᠷ ᠤᠨ ᠳᠠᠪᠬᠤᠷ ᠢᠰᠦᠯ ᠢ ᠡᠰᠡᠷᠭᠦᠴᠡᠬᠦ | ᠴᠢᠨᠠᠷ ᠢᠶᠠᠷ ᠴᠢᠩᠭ᠎ᠠ᠂ ᠬᠤᠲᠠ ᠶᠢᠨ ᠵᠡᠭᠡᠯᠢ ᠭᠤᠳᠤᠮᠵᠢ ᠶᠢᠨ ᠨᠣᠭᠤᠭᠠᠨ ᠭᠠᠵᠠᠷ ᠪᠠ ᠠᠭᠤᠷᠬᠠᠶ ᠶᠢᠨ ᠣᠷᠣᠨ ᠤ | ᠨᠣᠭᠤᠭᠠᠷᠠᠭᠤᠯᠤᠯᠲᠠ ᠳᠤ ᠲᠣᠬᠢᠷᠠᠮᠵᠢᠲᠠᠶ ᠪᠠᠶᠢᠳᠠᠭ᠃ | ᠬᠤᠰᠢᠭᠤᠨ ᠤ ᠤᠯᠤᠰ ᠤᠨ ᠦᠮᠴᠢᠯᠡᠯᠳᠤ ᠣᠶ ᠰᠢᠭᠤᠶ ᠶᠢᠨ ᠲᠠᠯᠠᠪᠠᠶ ᠶᠢᠨ ᠳᠠᠷᠤᠭ᠎ᠠ ᠸᠧᠶ ᠰᠢᠨ | ᠴᠧᠩ᠄ ︽ᠰᠢᠨ᠎ᠡ ᠮᠣᠳᠣᠨ ᠤ ᠣᠶᠢᠷ᠎ᠠ ᠴᠢᠬᠢ ᠶᠢᠨ ᠬᠦᠷᠢᠶᠡᠯᠡᠩ ᠤᠨ ᠤᠷᠤᠭᠰᠢᠲᠠᠶ ᠦᠨᠳᠦᠰᠦ ᠬᠠᠳᠬᠤᠨ | ᠤᠷᠭᠤᠬᠤ ᠶᠢ ᠪᠠᠲᠤᠯᠠᠬᠤ ᠶᠢᠨ ᠲᠥᠯᠥᠭᠡ᠂ ᠪᠢᠳᠡ ᠠᠳᠠᠯᠢ ᠪᠤᠰᠤ ᠮᠣᠳᠣᠨ ᠤ ᠤᠷᠭᠤᠯᠲᠠ ᠶᠢᠨ ᠬᠡᠪᠰᠢᠯ ᠢ | ᠦᠨᠳᠦᠰᠦᠯᠡᠨ᠂ ᠲᠠᠷᠢᠬᠤ ᠣᠷᠣᠨ ᠪᠦᠰᠡ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠦᠨ᠎ᠡ᠃ ᠲᠠᠷᠢᠵᠤ | ᠤᠷᠭᠤᠭᠤᠯᠬᠤ ᠶᠠᠪᠤᠴᠠ ᠳᠤ᠂ ᠭᠤᠭᠴᠤᠭ᠎ᠠ ᠨᠢᠭᠡᠪᠦᠷᠢ ᠶᠢ ᠴᠢᠩᠭ᠎ᠠ ᠡᠵᠡᠮᠳᠡᠵᠦ᠂ ᠲᠠᠷᠢᠵᠤ ᠤᠷᠭᠤᠭᠤᠯᠬᠤ ᠳᠠᠭᠠᠨ | ᠰᠢᠨᠵᠢᠯᠡᠬᠦ ᠤᠬᠠᠭᠠᠨᠴᠢ ᠵᠢᠷᠤᠮᠵᠢᠯ ᠲᠠᠢ ᠠᠵᠢᠯᠯᠠᠬᠤ ᠶᠢ ᠵᠢᠷᠤᠮᠯᠠᠨ᠂ ᠰᠢᠨ᠎ᠡ ᠮᠣᠳᠣᠨ ᠤ ᠵᠦᠢᠯ ᠤᠨ ᠤᠷᠭᠤᠯᠲᠠ ᠶᠢᠨ | ᠪᠠᠶᠢᠳᠠᠯ ᠢ ᠦᠷᠭᠦᠯᠵᠢᠯᠡᠨ ᠠᠩᠬᠠᠷᠴᠤ᠂ ᠣᠶᠢᠷ᠎ᠠ ᠣᠷᠣᠭᠤᠯᠬᠤ᠂ ᠣᠶᠢᠵᠢᠭᠤᠯᠬᠤ ᠲᠤᠷᠰᠢᠯᠭ᠎ᠠ ᠪᠠᠨ ᠲᠠᠰᠤᠷᠠᠯᠲᠠ | ᠤᠢᠭᠡᠢ ᠳ᠋ᠦᠩᠨᠡᠵᠤ᠂ ᠪᠤᠰᠤᠳ ᠭᠠᠵᠠᠷ ᠣᠷᠣᠨ ᠤ ᠠᠮᠢ ᠠᠬᠤᠶ ᠶᠢᠨ ᠪᠦᠲᠦᠭᠡᠨ ᠪᠠᠶᠢᠭᠤᠯᠤᠯᠲᠠ ᠪᠣᠯᠤᠨ | ᠳᠦᠷᠰᠦ ᠶᠢᠨ ᠣᠯᠠᠨ ᠶᠠᠩᠵᠤᠲᠤ ᠴᠢᠨᠠᠷ ᠢ ᠬᠠᠮᠠᠭᠠᠯᠠᠬᠤ ᠳᠤ ᠠᠰᠢᠭᠲᠠᠶ ᠲᠤᠯᠢ ᠪᠤᠯᠭᠠᠬᠤ ᠬᠡᠷᠡᠭᠲᠡᠶ︾ ᠭᠡᠪᠡ᠃ | ᠰᠢᠨ᠎ᠡ ᠮᠣᠳᠣᠨ ᠤ ᠦᠨᠳᠦᠰᠦᠯᠡᠭᠰᠡᠨ ᠶᠠᠪᠤᠳᠠᠯ ᠨᠢ ᠡᠵᠡᠨ᠎ᠡ ᠬᠤᠰᠢᠭᠤᠨ ᠤ ᠤᠷᠭᠤᠮᠠᠯ ᠤᠨ ᠡᠬᠢ ᠪᠠᠶᠠᠯᠢᠭ ᠢ | ᠪᠠᠶᠠᠯᠢᠭᠵᠢᠭᠤᠯᠤᠭᠰᠠᠨ ᠢᠶᠠᠷ ᠪᠠᠷᠠᠬᠤ ᠦᠭᠡᠢ᠂ ᠨᠡᠩ ᠴᠤ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ | ᠰᠢᠨ᠎ᠡ ᠶᠢ ᠡᠭᠦᠳᠬᠦ ᠰᠡᠳᠬᠢᠮᠵᠢ ᠶᠢ ᠬᠠᠷᠠᠭᠤᠯᠤᠭᠰᠠᠨ ᠪᠠᠶᠢᠨ᠎ᠠ᠃ ᠡᠵᠡᠨ᠎ᠡ ᠬᠤᠰᠢᠭᠤ ᠪᠣᠬᠢᠷᠲᠤᠯ ᠦᠭᠡᠢ | ᠬᠥᠭᠵᠢᠯᠲᠡ ᠶᠢᠨ ᠤᠢᠢᠯᠠᠭᠠᠭᠳᠠᠬᠤᠨ ᠢ ᠦᠷᠭᠦᠯᠵᠢᠯᠡᠨ ᠪᠠᠷᠢᠮᠲᠠᠯᠠᠵᠤ᠂ ᠠᠮᠢ ᠠᠬᠤᠢ ᠶᠢ ᠰᠡᠷᠭᠦᠭᠡᠬᠦ ᠪᠠ ᠬᠠᠮᠠᠭᠠᠯᠠᠬᠤ | ᠰᠢᠨ᠎ᠡ ᠶᠢ ᠡᠭᠦᠳᠬᠦ ᠠᠷᠭ᠎ᠠ ᠵᠠᠮ ᠢ ᠢᠳᠡᠪᠬᠢᠲᠡᠢ ᠬᠠᠶᠢᠨ ᠰᠦᠪᠡᠭᠴᠢᠯᠡᠵᠦ᠂ ᠮᠠᠨ ᠤ ᠤᠯᠤᠰ ᠤᠨ ᠤᠮᠠᠷᠠᠲᠤ ᠶᠢᠨ | ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠠᠶᠠᠨ ᠳᠤ ᠡᠵᠡᠨ᠎ᠡ ᠶᠢᠨ | ᠬᠦᠴᠦᠨ ᠴᠢᠳᠠᠯ ᠢᠶᠠᠨ ᠡᠷᠭᠦᠨ᠎ᠡ᠃ |