ᠡᠵᠡᠨ᠎ᠡ ᠬᠤᠰᠢᠭᠤ ︽ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ︾᠎ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/4/21
    ᠪᠥᠬᠦ ᠠᠷᠠᠳ ᠤᠨ ᠤᠯᠤᠰ ᠤᠨ ᠠᠮᠤᠷ ᠲᠦᠪᠰᠢᠨ ᠤ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠤᠯᠤᠰ ᠤᠨ ᠠᠮᠤᠷ ᠲᠦᠪᠰᠢᠨ ᠤ ᠨᠡᠶᠢᠭᠡᠮ ᠤᠨ ᠰᠠᠭᠤᠷᠢ ᠶᠢ ᠪᠠᠬᠢᠵᠢᠭᠦᠯᠬᠦ ᠶᠢᠨ ᠲᠥᠯᠥᠭᠡ᠂ ᠣᠶᠢᠷ᠎ᠠ ᠶᠢᠨ ᠡᠳᠦᠷ᠂ ᠡᠵᠡᠨ᠎ᠡ ᠬᠤᠰᠢᠭᠤᠨ ᠤ ᠡᠯ᠎ᠡ ᠨᠢᠭᠡᠴᠡ ᠴᠡᠷᠢᠭ ᠢ ᠬᠦᠷᠢᠶᠡᠯᠡᠬᠦ ᠠᠭᠤᠳᠠᠮ ᠲᠠᠯᠠᠪᠠᠶ ᠳᠤ ᠪᠥᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠤᠨ ᠲᠥᠪᠯᠡᠷᠡᠩᠭᠦᠶ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃    ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠡᠯ᠎ᠡ ᠨᠢᠭᠡᠴᠡ ᠶᠢᠨ ᠠᠵᠢᠯᠲᠠᠳ ᠤᠬᠠᠭᠤᠯᠭ᠎ᠠ ᠶᠢᠨ ᠬᠠᠭᠤᠳᠠᠰᠤ ᠡᠯᠭᠦᠬᠦ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠲᠤᠬᠠᠶ ᠶᠢᠨ ᠲᠠᠯᠠᠪᠠᠶ ᠳᠤ ᠠᠰᠠᠭᠤᠨ ᠯᠠᠪᠯᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠤᠯᠤᠰ ᠤᠨ ᠠᠮᠤᠷ ᠲᠦᠪᠰᠢᠨ ᠤ ᠬᠤᠯᠪᠣᠭᠳᠠᠯ ᠪᠥᠬᠦᠶ ᠮᠡᠳᠡᠯᠭᠡ ᠪᠠ ᠬᠠᠤᠯᠢ ᠴᠠᠭᠠᠵᠠ ᠶᠢ ᠲᠠᠶᠢᠯᠪᠤᠷᠢᠯᠠᠵᠤ᠂ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠤᠯᠤᠰ ᠤᠨ ᠠᠮᠤᠷ ᠲᠦᠪᠰᠢᠨ ᠤ ᠵᠥᠪ ᠦᠵᠡᠯᠲᠡ ᠶᠢ ᠪᠣᠶ ᠪᠤᠯᠭᠠᠨ᠂ ︽ᠤᠯᠤᠰ ᠤᠨ ᠠᠮᠤᠷ ᠲᠦᠪᠰᠢᠨ᠂ ᠬᠥᠮᠦᠨ ᠪᠦᠬᠦᠨ ᠬᠠᠷᠢᠭᠤᠴᠠᠯᠭ᠎ᠠ ᠲᠠᠢ ᠪᠠᠶᠢᠬᠤ︾ ᠤᠯᠤᠰ ᠢᠶᠠᠨ ᠬᠠᠶᠢᠷᠠᠯᠠᠵᠤ ᠬᠠᠤᠯᠢ ᠶᠢ ᠰᠠᠬᠢᠬᠤ ᠦᠵᠡᠯ ᠤᠬᠠᠮᠰᠠᠷ ᠢ ᠨᠢ ᠴᠢᠩᠭᠠᠳᠬᠠᠨ᠎ᠠ᠃ ᠡᠭᠦᠨ ᠤ ᠬᠠᠮᠲᠤ᠂ ᠪᠠᠰᠠ ᠤᠯᠠᠨ ᠲᠦᠮᠡᠨ ᠳᠤ ᠰᠦᠯᠵᠢᠶᠡᠨ ᠤ ᠠᠮᠤᠷ ᠲᠦᠪᠰᠢᠨ᠂ ᠨᠢᠭᠤᠴᠠ ᠨᠣᠮᠧᠷ ᠤᠨ ᠠᠮᠤᠷ ᠲᠦᠪᠰᠢᠨ᠂ ᠭᠠᠵᠢᠭᠤ ᠪᠤᠷᠤᠭᠤ ᠶᠢ ᠡᠰᠡᠷᠭᠦᠴᠡᠵᠦ ᠭᠠᠵᠢᠭᠤ ᠪᠤᠷᠤᠭᠤ ᠶᠢ ᠰᠡᠷᠭᠡᠶᠢᠯᠡᠬᠦ᠂ ᠵᠠᠬᠢᠳᠠᠯ ᠰᠤᠷᠪᠤᠯᠵᠢᠯᠠᠭ᠎ᠠ ᠬᠢᠬᠦ ᠵᠡᠷᠭᠡ ᠮᠡᠳᠡᠯᠭᠡ ᠶᠢ ᠤᠬᠠᠭᠤᠯᠵᠤ᠂ ᠥᠷᠭᠡᠨ ᠤᠯᠠᠨ ᠠᠷᠠᠳ ᠲᠦᠮᠡᠨ ᠢ ᠬᠠᠪᠰᠤᠷᠤᠨ ᠬᠠᠤᠯᠢ ᠴᠠᠭᠠᠵᠠ ᠶᠢᠨ ᠵᠡᠪᠰᠡᠭ ᠢ ᠬᠡᠷᠬᠢᠨ ᠠᠳᠬᠤᠵᠤ᠂ ᠲᠤᠰ ᠪᠡᠶ᠎ᠡ ᠶᠢᠨ ᠬᠠᠤᠯᠢ ᠶᠣᠰᠣᠨ ᠤ ᠡᠷᠬᠡ ᠠᠰᠢᠭ ᠢᠶᠠᠨ ᠬᠠᠮᠠᠭᠠᠯᠠᠬᠤ᠂ ᠤᠯᠤᠰ ᠤᠨ ᠠᠮᠤᠷ ᠲᠦᠪᠰᠢᠨ ᠢ ᠬᠠᠮᠲᠤ ᠪᠠᠷ ᠬᠠᠮᠠᠭᠠᠯᠠᠬᠤ ᠶᠢ ᠰᠤᠷᠤᠯᠴᠠᠪᠠ᠃    ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠪᠣᠯ ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠤᠬᠠᠮᠰᠠᠷ ᠢ ᠴᠢᠩᠭᠠᠳᠬᠠᠵᠤ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠶᠢᠨ ᠲᠥᠯᠥᠭᠡ ᠪᠠᠶᠢᠭᠤᠯᠤᠭᠰᠠᠨ ᠪᠠᠶᠠᠷ ᠤᠨ ᠡᠳᠦᠷ ᠪᠣᠯᠤᠨ᠎ᠠ᠂ ᠡᠨᠡ ᠵᠢᠯ ᠤᠨ ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠤᠨ ᠠᠵᠢᠯᠯᠠᠭ᠎ᠠ ᠨᠢ ︽ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠤᠭᠰᠠᠨ ᠠᠷᠪᠠᠨ ᠵᠢᠯ ᠤᠨ ᠤᠢ︾᠎ ᠪᠠᠷ ᠭᠤᠣᠯ ᠰᠡᠳᠦᠪ       ᠪᠣᠯᠭᠠᠵᠠᠢ᠃ ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠤᠨ ᠲᠥᠪᠯᠡᠷᠡᠩᠭᠦᠢ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠬᠦ ᠨᠢ ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠤᠬᠠᠮᠰᠠᠷ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠪᠦᠬᠦ ᠨᠡᠶᠢᠭᠡᠮ ᠢᠶᠠᠷ ᠢᠶᠠᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠬᠠᠮᠲᠤ ᠪᠠᠷ ᠴᠣᠭᠴᠠᠯᠠᠬᠤ ᠬᠦᠴᠦᠷᠬᠡᠭ ᠶᠡᠭᠡ ᠬᠠᠮᠲᠤᠷᠠᠯ ᠬᠦᠴᠦᠨ ᠢ ᠨᠢᠭᠲᠠᠷᠠᠭᠤᠯᠵᠤ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠰᠠᠶᠢᠨ ᠰᠠᠶᠢᠬᠠᠨ ᠨᠡᠶᠢᠭᠡᠮ ᠤᠨ ᠬᠡᠪ ᠰᠤᠷᠲᠠᠯ ᠢ ᠪᠤᠢ ᠪᠣᠯᠭᠠᠬᠤ ᠶᠢ ᠠᠬᠢᠭᠤᠯᠬᠤ ᠳᠤ ᠠᠰᠢᠭᠲᠠᠢ ᠶᠤᠮ᠃
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号