ᠣᠶᠢᠷ᠎ᠠ ᠶᠢᠨ ᠡᠳᠦᠷ᠂ ᠴᠡᠭᠡ ᠪᠣᠭᠤᠮᠲᠠ ᠶᠢᠨ ᠠᠵᠤ ᠠᠬᠤᠶ ᠶᠢᠨ ᠨᠡᠭᠡᠭᠡᠯᠲᠡ ᠶᠢᠨ ᠣᠷᠣᠨ ︽ᠬᠢᠯᠢ ᠠᠯᠤᠰᠯᠠᠨ | ᠬᠠᠤᠯᠢ ᠶᠢ ᠰᠠᠬᠢᠵᠤ ᠠᠮᠤᠷ ᠲᠦᠪᠰᠢᠨ ᠢ ᠪᠠᠲᠤᠯᠠᠨ ᠤᠯᠤᠰ ᠤᠨ ᠠᠮᠤᠷ ᠲᠦᠪᠰᠢᠨ ᠢ ᠬᠠᠮᠲᠤ ᠪᠠᠷ ᠬᠠᠮᠠᠭᠠᠯᠠᠬᠤ︾ | ᠭᠤᠤᠯ ᠰᠡᠳᠦᠪᠲᠦ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ | ᠠᠵᠢᠯᠯᠠᠭᠠᠨ ᠳᠤᠮᠳᠠ᠂ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠪᠣᠭᠤᠮᠲᠠ ᠶᠢᠨ ᠬᠠᠮᠢᠶᠠᠷᠤᠯᠲᠠ ᠶᠢᠨ | ᠵᠥᠪᠯᠡᠯ ᠤᠨ ᠣᠯᠠᠨ ᠰᠠᠯᠠᠭ᠎ᠠ ᠮᠥᠴᠢᠷ ᠲᠠᠢ ᠬᠠᠮᠲᠤᠷᠠᠨ᠂ ᠪᠣᠭᠤᠮᠲᠠ ᠶᠢᠨ ᠲᠣᠮᠣ ᠬᠡᠯᠪᠡᠷᠢ ᠶᠢᠨ ᠠᠵᠤ | ᠠᠬᠤᠶᠢᠯᠠᠯ ᠤᠨ ᠬᠢᠯᠢ ᠠᠯᠤᠰᠯᠠᠭᠰᠠᠨ ᠲᠤᠬᠠᠶᠢᠯᠠᠭᠰᠠᠨ ᠠᠵᠢᠯ ᠣᠯᠠᠨ᠂ ᠬᠥᠮᠦᠰ ᠤᠨ ᠰᠢᠯᠵᠢᠯᠲᠡ ᠣᠯᠠᠨ ᠪᠠᠶᠢᠬᠤ | ᠣᠨᠴᠠᠯᠢᠭ ᠲᠤ ᠴᠢᠭᠯᠡᠭᠦᠯᠦᠨ᠂ ︽ᠭᠠᠳᠠᠭᠠᠳᠤ ᠳᠤ ᠬᠤᠯᠪᠣᠭᠳᠠᠬᠤ ᠠᠯᠪᠠᠨ ᠭᠡᠷᠡᠴᠢᠯᠡᠭᠡ ᠪᠠᠷ ᠤᠯᠤᠰ ᠤᠨ ᠡᠭᠦᠳᠡ ᠶᠢ | ᠰᠠᠬᠢᠵᠤ᠂ ᠤᠯᠤᠰ ᠤᠨ ᠠᠮᠤᠷ ᠲᠦᠪᠰᠢᠨ ᠢ ᠬᠠᠮᠲᠤ ᠪᠠᠷ ᠬᠠᠮᠠᠭᠠᠯᠠᠬᠤ︾ ᠲᠤᠰᠬᠠᠶ ᠰᠡᠳᠦᠪᠲᠦ ᠤᠬᠠᠭᠤᠯᠤᠨ | ᠲᠠᠶᠢᠯᠪᠤᠷᠢᠯᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠪᠡ᠃ | ᠬᠢᠯᠢ ᠶᠢᠨ ᠪᠣᠭᠤᠮᠲᠠ ᠶᠢᠨ ᠨᠡᠶᠢᠭᠡᠮ ᠤᠨ ᠬᠡᠷᠡᠭ ᠶᠠᠪᠤᠳᠠᠯ ᠤᠨ ᠲᠣᠪᠴᠢᠶ᠎ᠠ ᠶᠢᠨ ᠠᠵᠢᠯᠲᠠᠨ ᠰᠡᠷᠭᠦᠯᠡᠩ᠄ ︽ᠡᠨᠡ | ᠤᠳᠠᠭᠠᠨ ᠤ ᠲᠠᠶᠢᠯᠤᠮᠵᠢ ᠨᠢ ᠮᠠᠰᠢ ᠴᠠᠭ ᠲᠠᠭᠠᠨ ᠶᠠᠪᠤᠭᠳᠠᠭᠰᠠᠨ ᠪᠠᠶᠢᠨ᠎ᠠ᠂ ᠪᠢᠳᠡ ᠭᠠᠳᠠᠭᠠᠳᠤ ᠳᠤ ᠬᠤᠯᠪᠣᠭᠳᠠᠬᠤ | ᠠᠯᠪᠠᠨ ᠭᠡᠷᠡᠴᠢᠯᠡᠭᠡ ᠶᠢᠨ ᠦᠢᠯᠡᠴᠢᠯᠡᠭᠡᠨ ᠤ ᠴᠢᠬᠤᠯᠠ ᠴᠢᠨᠠᠷ ᠪᠠ ᠵᠢᠷᠤᠮᠵᠢᠯᠳᠤ ᠴᠢᠨᠠᠷ ᠢ ᠨᠠᠩ ᠲᠣᠳᠣᠷᠬᠠᠶ | ᠣᠶᠢᠯᠠᠭᠠᠵᠠᠶ︾ ᠭᠡᠪᠡ᠃ | ᠶᠡᠭᠡ ᠨᠠᠷᠮᠠᠢ ᠠᠷᠠᠯᠵᠢᠶ᠎ᠠ ᠬᠤᠳᠠᠯᠳᠤᠭᠠᠨ ᠤ ᠬᠢᠵᠠᠭᠠᠷᠲᠤ ᠺᠣᠮᠫᠠᠨᠢ ᠶᠢᠨ ᠬᠠᠷᠢᠭᠤᠴᠠᠯᠭᠠᠲᠠᠨ | ᠬᠦᠬᠡ᠄ ︽ᠠᠵᠢᠯᠲᠠᠳ ᠣᠨᠴᠠᠭᠠᠢ ᠨᠠᠷᠢᠯᠢᠭ ᠶᠠᠷᠢᠵᠤ᠂ ᠤᠯᠤᠰ ᠤᠨ ᠠᠮᠤᠷ ᠲᠦᠪᠰᠢᠨ ᠪᠣᠯᠤᠨ ᠮᠠᠨ ᠤ ᠡᠳᠦᠷ | ᠲᠤᠳᠤᠮ ᠤᠨ ᠡᠵᠡᠩᠨᠡᠯᠲᠡ ᠨᠢᠭᠲᠠ ᠬᠤᠯᠪᠣᠭ᠎ᠠ ᠲᠠᠢ ᠭᠡᠳᠡᠭ ᠢ ᠨᠠᠳᠠ ᠳᠤ ᠤᠶᠢᠯᠠᠭᠠᠭᠤᠯᠤᠯ᠎ᠠ᠂ ᠬᠤᠵᠢᠮ ᠪᠢ ᠬᠠᠤᠯᠢ | ᠶᠣᠰᠣᠭᠠᠷ ᠡᠵᠡᠩᠨᠡᠵᠦ᠂ ᠳᠡᠷᠭᠡᠳᠡᠬᠢ ᠪᠠᠶᠢᠳᠠᠯ ᠢᠶᠠᠨ ᠢᠯᠡᠭᠦᠬᠡᠨ ᠠᠩᠬᠠᠷᠴᠤ᠂ ᠰᠡᠵᠢᠭ ᠲᠠᠢ ᠵᠦᠢᠯ ᠢ ᠣᠯᠵᠤ | ᠮᠡᠳᠡᠮᠡᠭᠴᠡ ᠬᠠᠮᠢᠶ᠎ᠠ ᠪᠦᠬᠦᠢ ᠰᠠᠯᠠᠭ᠎ᠠ ᠮᠥᠴᠢᠷ ᠲᠤ ᠮᠡᠳᠡᠭᠳᠡᠨ᠂ ᠥᠪᠡᠷ ᠤᠨ ᠬᠦᠴᠦ ᠪᠠᠨ ᠡᠷᠭᠦᠨ᠎ᠡ︾ ᠭᠡᠪᠡ᠃ | ᠲᠣᠰ ᠤᠳᠠᠭᠠᠨ ᠤ ᠠᠵᠢᠯᠯᠠᠭ᠎ᠠ ᠨᠢ ᠪᠠᠰᠠ ︽ᠬᠠᠤᠯᠢ ᠪᠠᠷ ᠵᠠᠰᠠᠬᠤ ᠳ᠋ᠧᠩ ᠤᠨ ᠣᠨᠢᠰᠤᠭ᠎ᠠ︾᠂ ᠤᠷᠠᠨ | ᠰᠠᠶᠢᠬᠠᠨ ᠤ ᠲᠣᠭᠯᠠᠯᠲᠠ ᠵᠡᠷᠭᠡ ᠬᠠᠤᠯᠢ ᠲᠦᠭᠡᠮᠡᠯᠵᠢᠭᠦᠯᠬᠦ ᠠᠷᠭ᠎ᠠ ᠬᠡᠯᠪᠡᠷᠢ ᠪᠠᠷ ᠪᠣᠭᠤᠮᠲᠠ ᠶᠢᠨ ᠰᠠᠭᠤᠭᠠᠯᠢ | ᠠᠷᠠᠳ ᠲᠤ ᠤᠯᠤᠰ ᠤᠨ ᠠᠮᠤᠷ ᠲᠦᠪᠰᠢᠨ ᠤ ᠬᠠᠤᠯᠢ ᠴᠠᠭᠠᠵᠠ ᠶᠢᠨ ᠮᠡᠳᠡᠯᠭᠡ ᠶᠢ ᠤᠬᠠᠭᠤᠯᠵᠤ᠂ ᠬᠠᠤᠯᠢ | ᠴᠠᠭᠠᠵᠠ ᠶᠢᠨ ᠵᠥᠪᠯᠡᠭᠴᠢ ᠪᠠ ᠡᠶᠡᠳᠡᠭᠦᠯᠦᠭᠴᠢ ᠶᠢ ᠠᠴᠢᠶᠠᠯᠠᠭᠰᠠᠨ ︽ᠲᠤᠤᠷᠠᠶ ᠶᠢᠨ ᠡᠶᠡᠳᠡᠭᠦᠯᠭᠡ ᠶᠢᠨ ᠨᠡᠭᠦᠳᠡᠯ | ᠲᠡᠷᠭᠡ︾ ᠴᠦ ᠠᠩᠬ᠎ᠠ ᠤᠳᠠᠭ᠎ᠠ ᠪᠠᠨ ᠪᠣᠭᠤᠮᠲᠠ ᠳᠤ ᠭᠠᠷᠴᠤ᠂ ᠲᠤᠬᠠᠶ ᠶᠢᠨ ᠲᠠᠯᠠᠪᠠᠶ ᠳᠤ ᠣᠯᠠᠨ ᠲᠦᠮᠡᠨ ᠳᠤ | ᠬᠠᠤᠯᠢ ᠴᠠᠭᠠᠵᠠ ᠶᠢᠨ ᠠᠰᠠᠭᠤᠳᠠᠯ ᠢ ᠲᠠᠶᠢᠯᠪᠤᠷᠢᠯᠠᠬᠤ ᠶᠢᠨ ᠬᠠᠮᠲᠤ ᠲᠡᠷᠡ ᠳᠠᠷᠤᠶ ᠳᠤᠨᠢ ᠡᠶᠡᠳᠡᠭᠦᠯᠬᠦ ᠦᠢᠯᠡᠴᠢᠯᠡᠭᠡ | ᠬᠠᠩᠭᠠᠪᠠ᠃ | ᠰᠠᠭᠤᠭᠠᠯᠢ ᠠᠷᠠᠳ ᠸᠠᠩ ᠶᠠ ᠯᠢ᠄ ︽ᠡᠶᠢᠮᠦᠷᠬᠦ ᠬᠡᠯᠪᠡᠷᠢ ᠶᠢᠨ ᠬᠠᠤᠯᠢ ᠲᠦᠭᠡᠮᠡᠯᠵᠢᠭᠦᠯᠬᠦ ᠠᠵᠢᠯᠯᠠᠭ᠎ᠠ ᠨᠢ | ᠰᠣᠨᠢᠷᠬᠠᠯᠲᠠᠶ ᠮᠥᠷᠲᠡᠭᠡᠨ ᠮᠡᠳᠡᠯᠭᠡ ᠨᠡᠮᠡᠭᠳᠡᠭᠦᠯᠵᠦ᠂ ᠪᠢᠳᠡᠨ ᠢ ᠪᠠᠶᠠᠷ ᠬᠥᠷ ᠲᠠᠢ ᠠᠭᠤᠷ ᠠᠮᠢᠰᠬᠤᠯ ᠤᠨ ᠳᠤᠮᠳᠠ | ᠤᠯᠤᠰ ᠤᠨ ᠠᠮᠤᠷ ᠲᠦᠪᠰᠢᠨ ᠤ ᠬᠠᠤᠯᠢ ᠴᠠᠭᠠᠵᠠ ᠶᠢᠨ ᠮᠡᠳᠡᠯᠭᠡ ᠶᠢ ᠰᠤᠷᠤᠯᠴᠠᠭᠤᠯᠪᠠ︾ ᠭᠡᠪᠡ᠃ | ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠶᠢᠨ ᠳᠡᠳ᠋ ᠳᠠᠷᠤᠭ᠎ᠠ ᠨᠠᠬᠢᠶ᠎ᠠ᠄ ︽ᠪᠢᠳᠡ | ᠦᠷᠭᠦᠯᠵᠢᠯᠡᠨ ︽ᠲᠤᠤᠷᠠᠶ ᠬᠠᠤᠯᠢ ᠶᠢᠨ ᠡᠭᠡᠰᠢᠭ︾ ᠬᠠᠤᠯᠢ ᠲᠦᠭᠡᠮᠡᠯᠵᠢᠭᠦᠯᠬᠦ ᠨᠠᠷᠠᠲᠤ ᠲᠡᠮᠳᠡᠭᠲᠦ ᠪᠠᠷ | ᠬᠥᠲᠥᠯᠦᠮᠵᠢ ᠪᠣᠯᠭᠠᠵᠤ᠂ ︽ᠬᠢᠯᠢ ᠶᠢᠨ ᠬᠠᠤᠯᠢ ᠲᠦᠭᠡᠮᠡᠯᠵᠢᠭᠦᠯᠬᠦ +︾ ᠵᠠᠭᠪᠤᠷ ᠢ ᠭᠦᠨᠵᠡᠭᠡᠶᠢᠷᠡᠭᠦᠯᠵᠦ᠂ ᠨᠠᠩ | ᠣᠯᠠᠨ ᠨᠡᠪᠴᠢᠮᠡᠯ ᠮᠠᠶ᠋ᠢᠭ ᠤᠨ ᠬᠠᠤᠯᠢ ᠲᠦᠭᠡᠮᠡᠯᠵᠢᠭᠦᠯᠬᠦ ᠥᠪᠡᠷᠮᠢᠴᠡ ᠣᠨᠴᠠᠯᠢᠭ ᠲᠠᠢ ᠠᠵᠢᠯᠯᠠᠭ᠎ᠠ ᠶᠢ ᠦᠷᠨᠢᠭᠦᠯᠦᠨ᠂ | ᠤᠯᠤᠰ ᠤᠨ ᠡᠭᠦᠳᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠬᠤ ᠳᠤ | ᠬᠠᠤᠯᠢᠵᠢᠯ ᠤᠨ ᠬᠥᠳᠡᠯᠭᠡᠬᠦ ᠬᠦᠴᠦᠨ ᠨᠡᠮᠡᠷᠢᠯᠡᠨ᠎ᠡ︾ ᠭᠡᠪᠡ᠃ |