ᠣᠶᠢᠷ᠎ᠠ ᠶᠢᠨ ᠡᠳᠦᠷ᠂ ᠪᠥᠬᠦ ᠠᠶᠢᠮᠠᠭ ᠤᠨ ᠰᠤᠷᠭᠠᠨ ᠬᠥᠮᠦᠵᠢᠯ ᠤᠨ ᠠᠵᠢᠯ ᠤᠨ ᠬᠤᠷᠠᠯ ᠬᠤᠷᠠᠯᠳᠤᠪᠠ᠃ | ᠠᠶᠢᠮᠠᠭ ᠤᠨ ᠨᠠᠮ ᠤᠨ ᠬᠤᠷᠢᠶᠠᠨ ᠤ ᠱᠦᠵᠢ ᠬᠤᠸᠠᠩ ᠶᠠ ᠯᠢ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ | ᠶᠡᠷᠦᠩᠬᠡᠶ ᠱᠦᠵᠢ ᠰᠢ ᠶᠢᠨ ᠫᠢᠩ ᠤᠨ ᠰᠤᠷᠭᠠᠨ ᠬᠥᠮᠦᠵᠢᠯ ᠤᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ | ᠰᠤᠷᠤᠯᠴᠠᠨ ᠳᠣᠣᠱᠯᠠᠭᠤᠯᠵᠦ᠂ ᠪᠥᠬᠦ ᠤᠯᠤᠰ ᠤᠨ ᠰᠤᠷᠭᠠᠨ ᠬᠥᠮᠦᠵᠢᠯ ᠤᠨ ᠶᠡᠭᠡ ᠬᠤᠷᠠᠯ ᠪᠠ ᠪᠥᠬᠦ ᠣᠷᠣᠨ ᠤ | ᠰᠤᠷᠭᠠᠨ ᠬᠥᠮᠦᠵᠢᠯ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ | ᠦᠨᠡᠨ ᠬᠦ ᠠᠳᠬᠤᠨ ᠪᠣᠳᠠᠲᠠᠶ ᠠᠵᠢᠯᠯᠠᠵᠤ᠂ ᠴᠢᠳᠠᠮᠠᠭᠠᠶ ᠪᠠᠷ ᠬᠢᠵᠦ ᠴᠢᠳᠠᠮᠠᠭᠠᠶ ᠪᠠᠷ ᠪᠦᠲᠦᠭᠡᠵᠦ᠂ ᠪᠥᠬᠦ | ᠠᠶᠢᠮᠠᠭ ᠤᠨ ᠬᠦᠴᠦᠨ ᠢ ᠳᠠᠶᠢᠴᠢᠯᠠᠨ ᠰᠤᠷᠭᠠᠨ ᠬᠥᠮᠦᠵᠢᠯ ᠤᠨ ᠬᠦᠴᠦᠷᠭᠡᠭ ᠠᠶᠢᠮᠠᠭ ᠢ ᠲᠦᠷᠬᠡᠨ ᠪᠠᠶᠢᠭᠤᠯᠵᠤ᠂ | ᠠᠷᠠᠳ ᠲᠦᠮᠡᠨ ᠤ ᠰᠡᠳᠬᠢᠯ ᠬᠠᠨᠤᠮᠵᠢᠲᠠᠶ ᠰᠤᠷᠭᠠᠨ ᠬᠥᠮᠦᠵᠢᠯ ᠢ ᠰᠠᠶᠢᠲᠤᠷ ᠡᠷᠭᠢᠯᠡᠬᠦ ᠬᠡᠷᠡᠭᠲᠡᠶ ᠭᠡᠵᠦ | ᠴᠢᠬᠤᠯᠠᠴᠢᠯᠠᠪᠠ᠃ | ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠪᠠᠶ ᠬᠠᠶ ᠯᠢᠨ ᠬᠤᠷᠠᠯ ᠢ | ᠡᠷᠭᠢᠯᠡᠪᠡ᠃ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪᠯᠡᠯ ᠤᠨ | ᠡᠷᠬᠢᠯᠡᠭᠴᠢ ᠸᠠᠩ ᠸᠧᠶ ᠳ᠋ᠦᠩ᠂ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠯᠦ ᠯᠢ ᠮᠢᠩ᠂ | ᠠᠶᠢᠮᠠᠭ ᠤᠨ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪᠯᠡᠯ᠂ | ᠠᠶᠢᠮᠠᠭ ᠤᠨ ᠵᠠᠬᠢᠷᠭ᠎ᠠ᠂ ᠤᠯᠤᠰ ᠲᠥᠷᠥ ᠶᠢᠨ ᠵᠥᠪᠯᠡᠯᠭᠡᠨ ᠤ ᠬᠤᠯᠪᠣᠭᠳᠠᠯ ᠪᠥᠬᠦᠶ ᠣᠳᠣᠷᠢᠳᠣᠯᠭ᠎ᠠ ᠬᠤᠷᠠᠯ ᠳᠤ | ᠣᠷᠣᠯᠴᠠᠵᠠᠶ᠃ ᠬᠤᠷᠠᠯ ᠳᠤ ᠬᠤᠯᠪᠣᠭᠳᠠᠯ ᠪᠥᠬᠦᠶ ᠬᠤᠷᠠᠯ᠂ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ | ᠤᠯᠠᠮᠵᠢᠯᠠᠨ ᠲᠠᠶᠢᠯᠪᠤᠷᠢᠯᠠᠵᠤ᠂ ᠪᠥᠬᠦ ᠠᠶᠢᠮᠠᠭ ᠤᠨ ᠰᠤᠷᠭᠠᠨ ᠬᠥᠮᠦᠵᠢᠯ ᠤᠨ ᠰᠢᠰᠲ᠋ᠧᠮ ᠤᠨ ᠲᠡᠷᠢᠭᠦᠨ ᠤ ᠬᠠᠮᠲᠤ | ᠨᠡᠶᠢᠳᠡ ᠪᠠ ᠬᠤᠪᠢ ᠬᠥᠮᠦᠨ ᠢ ᠰᠠᠶᠢᠰᠢᠶᠠᠨ ᠬᠦᠬᠢᠬᠦᠯᠵᠦ᠂ ᠠᠯᠠᠱᠠ ᠠᠶᠢᠮᠠᠭ ᠤᠨ ᠰᠤᠷᠭᠠᠨ ᠬᠥᠮᠦᠵᠢᠯ ᠪᠡᠶ᠎ᠡ ᠶᠢᠨ | ᠲᠠᠮᠢᠷ ᠤᠨ ᠲᠣᠪᠴᠢᠶ᠎ᠠ᠂ ᠠᠯᠠᠱᠠ ᠵᠡᠭᠦᠨ ᠬᠤᠰᠢᠭᠤ᠂ ᠠᠯᠠᠱᠠ ᠳᠡᠭᠡᠳᠦ ᠰᠢᠨ᠎ᠡ ᠮᠡᠷᠭᠡᠵᠢᠯ ᠤᠨ ᠨᠡᠭᠡᠭᠡᠯᠳᠡ ᠶᠢᠨ | ᠣᠷᠣᠨ᠂ ᠠᠯᠠᠱᠠ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠥᠪᠥᠷ ᠮᠣᠩᠭᠤᠯ ᠤᠨ ᠪᠠᠭᠰᠢ ᠶᠢᠨ ᠶᠡᠭᠡ | ᠰᠤᠷᠭᠠᠭᠤᠯᠢ ᠶᠢᠨ ᠬᠠᠷᠢᠶᠠᠲᠤ ᠠᠯᠠᠱᠠ ᠳᠤᠮᠳᠠᠳᠤ ᠰᠤᠷᠭᠠᠭᠤᠯᠢ ᠶᠢᠨ ᠬᠤᠯᠪᠣᠭᠳᠠᠯ ᠪᠥᠬᠦᠶ ᠬᠠᠷᠢᠭᠤᠴᠠᠯᠭᠠᠲᠠᠨ | ᠪᠣᠯᠤᠨ ᠪᠥᠬᠦ ᠤᠯᠤᠰ ᠤᠨ ᠰᠢᠯᠢᠳᠡᠭ ᠪᠠᠭᠰᠢ ᠸᠠᠩ ᠵᠢᠶᠠᠨ ᠰᠢᠨ ᠰᠠᠨᠠᠯ ᠢᠶᠠᠨ ᠰᠣᠯᠢᠯᠴᠠᠬᠤ ᠦᠭᠡ ᠬᠡᠯᠡᠪᠡ᠃ | ᠬᠤᠸᠠᠩ ᠶᠠ ᠯᠢ᠂ ᠠᠶᠢᠯ ᠪᠣᠯᠭᠠᠨ ᠳᠤ ᠰᠣᠷᠣᠯᠭ᠎ᠠ ᠶᠢᠨ ᠠᠶᠠᠨ ᠢ ᠬᠦᠭᠡᠭᠡᠵᠦ ᠪᠠᠶᠢᠭ᠎ᠠ ᠰᠣᠷᠣᠭᠴᠢ ᠪᠣᠢ᠂ | ᠰᠤᠷᠭᠠᠨ ᠬᠥᠮᠦᠵᠢᠯ ᠪᠣᠯ ᠠᠷᠠᠳ ᠣᠯᠠᠨ ᠤ ᠬᠠᠮᠤᠭ ᠠᠴᠠ ᠠᠩᠬᠠᠷᠴᠤ ᠪᠠᠶᠢᠭ᠎ᠠ ᠠᠷᠠᠳ ᠤᠨ ᠠᠮᠢᠳᠤᠷᠠᠯ ᠤᠨ ᠶᠡᠭᠡ | ᠶᠠᠪᠤᠳᠠᠯ ᠮᠥᠨ᠂ ᠪᠥᠬᠦ ᠠᠶᠢᠮᠠᠭ ᠤᠨ ᠴᠢᠨᠠᠷ ᠰᠠᠶᠢᠲᠠᠶ ᠬᠥᠭᠵᠢᠯᠲᠡ ᠳᠤ ᠬᠤᠯᠪᠣᠭᠳᠠᠬᠤ ᠵᠠᠩᠭᠢᠯᠠᠭ᠎ᠠ ᠶᠢᠨ ᠴᠢᠬᠤᠯᠠ | ᠶᠠᠪᠤᠳᠠᠯ ᠮᠥᠨ᠃ ᠣᠶᠢᠷ᠎ᠠ ᠶᠢᠨ ᠬᠤᠶᠠᠷ ᠵᠢᠯ ᠳᠤ᠂ ᠪᠢᠳᠡ ᠶᠡᠭᠡ ᠬᠦᠴᠦ ᠣᠷᠣᠭᠤᠯᠤᠨ ᠰᠤᠷᠭᠠᠨ ᠬᠥᠮᠦᠵᠢᠯ ᠤᠨ | ᠥᠭᠡᠷᠡᠴᠢᠯᠡᠯᠲᠡ ᠬᠥᠭᠵᠢᠯᠲᠡ ᠶᠢ ᠠᠬᠢᠭᠤᠯᠵᠤ᠂ ᠪᠥᠬᠦ ᠠᠶᠢᠮᠠᠭ ᠤᠨ ᠰᠤᠷᠭᠠᠨ ᠬᠥᠮᠦᠵᠢᠯ ᠤᠨ ᠦᠢᠯᠡᠰ ᠢᠯᠡᠳᠲᠡ | ᠦᠷ᠎ᠡ ᠪᠦᠲᠦᠮᠵᠢ ᠣᠯᠵᠤ᠂ ᠣᠯᠠᠨ ᠲᠦᠮᠡᠨ ᠤ ᠰᠤᠷᠭᠠᠨ ᠬᠥᠮᠦᠵᠢᠯ ᠤᠨ ᠲᠠᠯ᠎ᠠ ᠪᠠᠷ ᠬᠢ ᠬᠠᠨᠤᠮᠵᠢ ᠶᠢᠨ ᠬᠡᠮᠵᠢᠶ᠎ᠡ | ᠢᠯᠡᠳᠲᠡ ᠳᠡᠭᠡᠭᠰᠢᠯᠡᠪᠡ᠃ ᠡᠯ᠎ᠡ ᠱᠠᠲᠤᠨ ᠤ ᠬᠢᠨ ᠡᠭᠦᠷᠭᠡ ᠬᠠᠷᠢᠭᠤᠴᠠᠯᠭ᠎ᠠ ᠪᠠᠨ ᠪᠠᠲᠤ ᠡᠭᠦᠷᠭᠡᠯᠡᠵᠦ᠂ ᠰᠤᠷᠭᠠᠨ | ᠬᠥᠮᠦᠵᠢᠯ ᠢᠶᠠᠷ ᠠᠶᠢᠮᠠᠭ ᠢᠶᠠᠨ ᠬᠦᠴᠦᠷᠬᠡᠭᠵᠢᠭᠦᠯᠬᠦ ᠢᠲᠡᠭᠡᠯ ᠵᠣᠷᠢᠭ ᠢ ᠪᠣᠶ ᠪᠣᠯᠭᠠᠵᠤ᠂ ᠬᠠᠷᠠᠭ᠎ᠠ ᠪᠠᠨ ᠰᠤᠷᠭᠠᠨ | ᠬᠥᠮᠦᠵᠢᠯ ᠤᠨ ᠬᠦᠷᠢᠶᠡᠨ ᠠᠴᠠ ᠳᠡᠯᠡᠵᠦ ᠰᠤᠷᠭᠠᠨ ᠬᠥᠮᠦᠵᠢᠯ ᠢ ᠦᠵᠡᠵᠦ᠂ ᠪᠥᠬᠦ ᠲᠠᠯ᠎ᠠ ᠳᠤ ᠰᠠᠭᠤᠷᠢᠯᠠᠨ ᠰᠤᠷᠭᠠᠨ | ᠬᠥᠮᠦᠵᠢᠯ ᠢ ᠠᠳᠬᠤᠵᠤ᠂ ᠠᠯᠤᠰ ᠬᠡᠲᠦ ᠶᠢ ᠪᠣᠳᠣᠯᠬᠢᠯᠠᠨ ᠰᠤᠷᠭᠠᠨ ᠬᠥᠮᠦᠵᠢᠯ ᠢ ᠡᠷᠭᠢᠯᠡᠵᠦ᠂ ᠠᠯᠠᠱᠠ ᠶᠢᠨ | ᠬᠡᠤᠬᠡᠳ ᠢ ᠴᠥᠮ ᠰᠠᠶᠢᠨ ᠰᠤᠷᠤᠯᠴᠠᠵᠤ᠂ ᠰᠠᠶᠢᠨ ᠢᠷᠡᠭᠡᠳᠦᠶ ᠲᠠᠢ ᠪᠣᠯᠭᠠᠬᠤ ᠬᠡᠷᠡᠭᠲᠡᠶ᠃ ᠰᠤᠷᠭᠠᠨ ᠬᠥᠮᠦᠵᠢᠯ ᠤᠨ | ᠬᠦᠴᠦᠷᠭᠡᠭ ᠠᠶᠢᠮᠠᠭ ᠢ ᠪᠠᠶᠢᠭᠤᠯᠬᠤ ᠳᠤ ᠭᠤᠣᠯᠳᠠᠯᠭ᠎ᠠ ᠨᠢ ︽ᠳᠦᠷᠪᠡᠨ ᠨᠡᠩ ᠰᠢᠯᠢᠳᠡᠭ︾ ᠢ ᠪᠡᠶᠡᠯᠡᠬᠦᠯᠬᠦ ᠳᠤ | ᠪᠠᠶᠢᠨ᠎ᠠ᠄ ᠰᠤᠷᠭᠠᠨ ᠬᠥᠮᠦᠵᠢᠯ ᠤᠨ ᠪᠠᠶᠢᠷᠢᠰᠢᠭᠤᠯᠤᠯᠲᠠ ᠶᠢ ᠨᠠᠩ ᠰᠢᠯᠢᠳᠡᠭᠵᠢᠭᠦᠯᠵᠦ᠂ ᠣᠶᠢᠷ᠎ᠠ ᠬᠠᠪᠢ ᠳᠤᠨᠢ᠂ | ᠳᠦᠪᠯᠡᠷᠡᠬᠦᠯᠬᠦ ᠵᠠᠷᠴᠢᠮ ᠢ ᠪᠠᠷᠢᠮᠲᠠᠯᠠᠨ᠂ ᠰᠤᠷᠭᠠᠨ ᠬᠥᠮᠦᠵᠢᠯ ᠤᠨ ᠴᠦᠬᠡᠨ ᠡᠬᠢ ᠪᠠᠶᠠᠯᠢᠭ ᠢ ᠳᠦᠪᠯᠡᠷᠡᠬᠦᠯᠵᠦ᠂ | ᠰᠣᠷᠭᠠᠭᠤᠯᠢ ᠶᠢ ᠰᠢᠨᠵᠢᠯᠡᠬᠦ ᠣᠬᠠᠭᠠᠨᠴᠢ ᠪᠠᠷ ᠪᠠᠶᠢᠷᠢᠰᠢᠭᠤᠯᠵᠦ᠂ ᠪᠠᠭᠰᠢ ᠶᠢ ᠨᠠᠷᠢᠯᠢᠭ ᠳᠣᠬᠢᠷᠠᠭᠤᠯᠬᠤ ᠬᠡᠷᠡᠭᠳᠡᠢ︔ | ᠰᠣᠷᠭᠠᠨ ᠬᠦᠮᠦᠵᠢᠯ ᠤᠨ ᠴᠢᠨᠠᠷ ᠴᠢᠨᠰᠠᠭ᠎ᠠ ᠶᠢ ᠨᠡᠩ ᠰᠢᠯᠢᠳᠡᠭᠵᠢᠬᠦᠯᠵᠦ᠂ ᠴᠢᠨᠠᠷ ᠴᠢᠨᠰᠠᠭ᠎ᠠ ᠪᠠᠷ ᠰᠤᠷᠭᠠᠨ | ᠬᠥᠮᠦᠵᠢᠯ ᠢ ᠬᠥᠭᠵᠢᠭᠦᠯᠬᠦ᠂ ᠴᠢᠨᠠᠷ ᠴᠢᠨᠰᠠᠭ᠎ᠠ ᠪᠠᠷ ᠰᠤᠷᠭᠠᠨ ᠬᠥᠮᠦᠵᠢᠯ ᠢ ᠬᠦᠴᠦᠷᠭᠡᠭᠵᠢᠬᠦᠯᠬᠦ ᠶᠢ ᠪᠠᠷᠢᠮᠲᠠᠯᠠᠵᠤ᠂ | ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠴᠢᠨᠠᠷ ᠰᠠᠶᠢᠲᠠᠶ ᠲᠦᠭᠡᠮᠡᠯ ᠬᠠᠷᠠᠭᠠᠯᠵᠠᠯ ᠬᠦᠷᠲᠡᠭᠡᠬᠦ᠂ | ᠠᠯᠪᠠᠨ ᠵᠢᠷᠤᠮ ᠤᠨ ᠰᠤᠷᠭᠠᠨ ᠬᠥᠮᠦᠵᠢᠯ ᠢ ᠴᠢᠨᠠᠷ ᠰᠠᠶᠢᠲᠠᠶ ᠲᠡᠩᠴᠡᠭᠦᠷᠢᠲᠡᠶ ᠪᠠᠶᠢᠯᠭᠠᠬᠤ᠂ ᠥᠨᠳᠥᠷ ᠵᠡᠷᠭᠡ ᠶᠢᠨ | ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠢ ᠴᠢᠨᠠᠷ ᠰᠠᠶᠢᠲᠠᠶ ᠪᠥᠭᠡᠳ ᠣᠨᠴᠠᠯᠢᠭ ᠲᠠᠢ ᠪᠠᠶᠢᠯᠭᠠᠬᠤ᠂ ᠠᠵᠢᠯ | ᠮᠡᠷᠭᠡᠵᠢᠯ ᠤᠨ ᠰᠤᠷᠭᠠᠨ ᠬᠥᠮᠦᠵᠢᠯ ᠢ ᠴᠢᠨᠠᠷ ᠰᠠᠶᠢᠲᠠᠶ ᠪᠥᠭᠡᠳ ᠣᠯᠠᠨ ᠡᠰᠢᠴᠢᠯᠡᠬᠦ ᠶᠢ ᠪᠠᠷᠢᠮᠲᠠᠯᠠᠵᠤ᠂ ᠬᠡᠤᠬᠡᠳ ᠢ | ᠬᠡᠷ ᠤᠨ ᠡᠭᠦᠳᠡᠨ ᠳᠤᠨᠢ ᠥᠨᠳᠥᠷ ᠬᠢᠷᠢ ᠲᠦᠪᠰᠢᠨ ᠪᠥᠬᠦᠶ ᠰᠤᠷᠭᠠᠨ ᠬᠥᠮᠦᠵᠢᠯ ᠬᠦᠷᠲᠡᠭᠡᠬᠦ ᠶᠢ ᠠᠬᠢᠭᠤᠯᠬᠤ | ᠬᠡᠷᠡᠭᠳᠡᠢ︔ ᠪᠠᠭᠰᠢ ᠶᠢᠨ ᠡᠩᠨᠡᠭᠡ ᠨᠢ ᠨᠠᠩ ᠰᠢᠯᠢᠳᠡᠭᠵᠢᠬᠦᠯᠵᠦ᠂ ᠭᠠᠳᠠᠨ᠎ᠠ ᠠᠴᠠ ᠣᠷᠢᠬᠤ ᠳᠣᠳᠣᠭᠠᠳᠣ ᠳᠠᠭᠠᠨ | ᠬᠥᠮᠥᠵᠢᠭᠦᠯᠬᠦ ᠶᠢ ᠵᠡᠷᠭᠡᠪᠡᠷ ᠠᠳᠬᠤᠵᠤ᠂ ᠪᠠᠭᠰᠢ ᠶᠢᠨ ᠮᠣᠷᠠᠯ ᠨᠢ ᠡᠷᠬᠢᠮ ᠳᠡᠭᠡᠳᠦ᠂ ᠲᠤᠬᠠᠶᠢᠯᠠᠭᠰᠠᠨ ᠠᠵᠢᠯ ᠳᠠᠭᠠᠨ | ᠴᠠᠭᠠᠷᠠᠭᠰᠠᠨ᠂ ᠪᠦᠲᠦᠴᠡ ᠨᠢ ᠵᠦᠶ ᠵᠣᠬᠢᠰᠲᠠᠶ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠥᠨᠳᠥᠷ ᠬᠡᠪ | ᠪᠣᠯᠪᠠᠰᠤᠷᠠᠯ ᠲᠠᠢ ᠲᠤᠰᠬᠠᠶᠢᠵᠢᠭᠰᠠᠨ ᠪᠠᠭᠰᠢ ᠶᠢᠨ ᠡᠩᠨᠡᠭᠡ ᠶᠢ ᠬᠦᠴᠦᠯᠡᠨ ᠪᠠᠶᠢᠭᠤᠯᠬᠤ ᠬᠡᠷᠡᠭᠲᠡᠶ︔ ᠰᠣᠷᠭᠠᠨ | ᠬᠦᠮᠦᠵᠢᠯ ᠤᠨ ᠣᠷᠴᠢᠨ ᠢ ᠨᠡᠩ ᠰᠢᠯᠢᠳᠡᠭᠵᠢᠬᠦᠯᠵᠦ᠂ ᠰᠣᠷᠭᠠᠨ ᠬᠦᠮᠦᠵᠢᠯ ᠢ ︽ᠡᠩ ᠲᠡᠷᠢᠬᠦᠨ ᠳᠤ ᠪᠠᠳᠣᠯᠠᠬᠤ︾ | ᠶᠢ ᠡᠷᠡᠰ ᠬᠦᠢᠴᠡᠳᠭᠡᠵᠦ᠂ ᠰᠤᠷᠭᠠᠨ ᠬᠥᠮᠦᠵᠢᠯ ᠤᠨ ᠬᠥᠭᠵᠢᠯᠲᠡ ᠶᠢ ᠡᠩ ᠲᠡᠷᠢᠭᠦᠨ ᠳᠤ ᠲᠥᠯᠥᠪᠵᠢᠭᠦᠯᠵᠦ᠂ | ᠰᠤᠷᠭᠠᠨ ᠬᠥᠮᠦᠵᠢᠯ ᠤᠨ ᠣᠷᠣᠭᠤᠯᠤᠯᠲᠠ ᠶᠢ ᠡᠩ ᠲᠡᠷᠢᠭᠦᠨ ᠳᠤ ᠳᠣᠭᠢᠷᠠᠭᠤᠯᠣᠨ᠂ ᠰᠤᠷᠭᠠᠨ ᠬᠥᠮᠦᠵᠢᠯ ᠤᠨ | ᠠᠰᠠᠭᠤᠳᠠᠯ ᠢ ᠤᠷᠢᠳᠠᠪᠠᠷ ᠰᠢᠢᠳᠪᠦᠷᠢᠯᠡᠵᠦ᠂ ᠰᠤᠷᠭᠠᠨ ᠬᠥᠮᠦᠵᠢᠯ ᠤᠨ ᠴᠢᠳᠠᠪᠤᠷᠢᠲᠠᠨ ᠢ ᠣᠷᠢᠳᠡᠪᠡᠷ ᠣᠷᠣᠭᠤᠯᠤᠨ | ᠠᠪᠴᠢᠷᠠᠵᠤ᠂ ᠰᠤᠷᠭᠠᠨ ᠬᠥᠮᠦᠵᠢᠯ ᠢ ᠴᠢᠬᠤᠯᠠᠴᠢᠯᠠᠬᠤ᠂ ᠰᠤᠷᠭᠠᠨ ᠬᠥᠮᠦᠵᠢᠯ ᠢ ᠳᠡᠮᠵᠢᠬᠦ᠂ ᠰᠤᠷᠭᠠᠨ ᠬᠥᠮᠦᠵᠢᠯ ᠢ | ᠬᠥᠭᠵᠢᠭᠦᠯᠬᠦ ᠰᠠᠶᠢᠨ ᠰᠠᠶᠢᠬᠠᠨ ᠣᠷᠴᠢᠨ ᠲᠣᠭᠤᠷᠢᠨ ᠢ ᠪᠣᠶ ᠪᠣᠯᠭᠠᠬᠤ ᠬᠡᠷᠡᠭᠳᠡᠢ ᠭᠡᠪᠡ᠃ | ᠬᠤᠸᠠᠩ ᠶᠠ ᠯᠢ᠂ ᠰᠤᠷᠭᠠᠨ ᠬᠥᠮᠦᠵᠢᠯ ᠤᠨ ᠬᠦᠴᠦᠷᠬᠡᠭ ᠠᠶᠢᠮᠠᠭ ᠢ ᠪᠠᠶᠢᠭᠤᠯᠬᠤ ᠳᠤ ᠵᠠᠩᠭᠢᠯᠠᠭ᠎ᠠ ᠨᠢ | ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠳᠤ ᠪᠠᠶᠢᠨ᠎ᠠ᠃ ᠶᠣᠰᠣ | ᠰᠤᠷᠲᠠᠬᠤᠨ ᠢ ᠪᠤᠢ ᠪᠣᠯᠭᠠᠵᠤ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ ᠨᠠᠷᠢᠨ ᠬᠢᠨᠠᠮᠠᠭᠠᠢ | ᠨᠠᠶᠢᠳᠠᠪᠤᠷᠢᠵᠢᠭᠤᠯᠵᠤ᠂ ᠬᠡᠦᠬᠡᠳ ᠠᠴᠠ ᠡᠬᠢᠯᠡᠨ ᠠᠳᠬᠤᠬᠤ᠂ ᠰᠤᠷᠭᠠᠭᠤᠯᠢ ᠠᠴᠠ ᠡᠬᠢᠯᠡᠨ ᠠᠳᠬᠤᠬᠤ ᠶᠢ | ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠣᠳᠬᠠᠬᠤ ᠶᠢ ᠪᠢᠴᠢᠭ | ᠵᠢᠭᠠᠵᠤ ᠬᠥᠮᠦᠨ ᠢ ᠬᠥᠮᠦᠵᠢᠭᠦᠯᠬᠦ ᠪᠦᠬᠦ ᠶᠠᠪᠤᠴᠠ ᠳᠤ ᠰᠠᠶᠢᠲᠤᠷ ᠠᠭᠤᠰᠤᠭᠤᠯᠵᠤ᠂ ᠦᠵᠡᠯ ᠰᠠᠨᠠᠭ᠎ᠠ ᠤᠯᠤᠰ | ᠲᠦᠷᠦ ᠶᠢᠨ ᠬᠢᠴᠢᠶᠡᠯ ᠢ ᠰᠠᠶᠢᠲᠤᠷ ᠨᠡᠭᠡᠭᠡᠵᠦ᠂ ︽ᠠᠮᠢᠳᠣᠯᠢᠭ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ︾ ᠢ | ᠬᠦᠴᠦᠯᠡᠨ ᠳᠣᠬᠢᠷᠠᠭᠤᠯᠵᠦ᠂ ᠰᠤᠷᠤᠭᠴᠢᠳ ᠤᠨ ᠬᠠᠷᠠᠬᠠᠨ ᠪᠠᠭ᠎ᠠ ᠠᠴᠠ ᠪᠠᠨ ᠬᠦᠰᠡᠯᠡᠩ ᠢᠲᠡᠭᠡᠯ ᠪᠢᠰᠢᠷᠡᠯ ᠢᠶᠠᠨ | ᠪᠠᠲᠤᠳᠬᠠᠵᠤ᠂ ᠨᠠᠮ ᠢᠶᠠᠨ ᠬᠠᠶᠢᠷᠠᠯᠠᠵᠤ ᠤᠯᠤᠰ ᠢᠶᠠᠨ ᠬᠠᠶᠢᠷᠠᠯᠠᠬᠤ ᠰᠡᠳᠬᠢᠯᠭᠡ ᠶᠢ ᠪᠤᠢ ᠪᠣᠯᠭᠠᠬᠤ ᠶᠢ | ᠬᠥᠮᠦᠵᠢᠭᠦᠯᠦᠨ ᠬᠦᠳᠦᠯᠦᠨ ᠵᠢᠯᠣᠭᠤᠳᠬᠤ ᠬᠡᠷᠡᠭᠲᠡᠢ᠃ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ | ᠪᠢᠴᠢᠭ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠪᠠᠭᠰᠢ ᠶᠢ | ᠨᠢᠭᠡᠳᠦᠯᠲᠡᠢ ᠲᠥᠯᠥᠪᠵᠢᠭᠦᠯᠬᠦ᠂ ᠲᠡᠩᠴᠡᠭᠦᠷᠢᠲᠡᠢ ᠲᠤᠬᠢᠷᠠᠭᠤᠯᠬᠤ ᠶᠢ ᠲᠦᠷᠭᠡᠳᠬᠡᠨ ᠠᠬᠢᠭᠤᠯᠵᠤ᠂ ᠣᠷᠣᠨ ᠲᠤᠭ᠎ᠠ | ᠶᠢ ᠳᠣᠬᠢᠷᠠᠭᠤᠯᠬᠤ᠂ ᠰᠣᠯᠢᠯᠴᠠᠬᠤ ᠠᠵᠢᠯ ᠤᠨ ᠪᠠᠶᠢᠷᠢ ᠳᠤ ᠡᠭᠡᠯᠵᠢᠯᠡᠬᠦ᠂ ᠰᠤᠷᠭᠠᠨ ᠬᠥᠮᠦᠵᠢᠯ ᠢ ᠳᠡᠮᠵᠢᠬᠦ᠂ | ᠪᠠᠭᠰᠢ ᠶᠢ ᠪᠣᠯᠪᠠᠰᠣᠷᠠᠭᠤᠯᠬᠤ ᠵᠡᠷᠭᠡ ᠡᠯ᠎ᠡ ᠵᠦᠢᠯ ᠤᠨ ᠠᠵᠢᠯ ᠢ ᠨᠠᠷᠢᠨ ᠨᠢᠭᠲᠠ ᠰᠠᠶᠢᠲᠤᠷ ᠬᠢᠵᠦ᠂ ᠡᠯ᠎ᠡ | ᠰᠤᠷᠭᠠᠭᠤᠯᠢ ᠶᠢ ᠨᠢᠭᠡᠳᠦᠯᠲᠡᠢ ᠬᠤᠪᠢᠶᠠᠷᠢᠯᠠᠬᠤ᠂ ᠤᠢᠢᠷ᠎ᠠ ᠬᠠᠪᠢ ᠳᠠᠭᠠᠨ ᠳᠦᠭᠦᠮ ᠢᠶᠠᠷ ᠰᠤᠷᠤᠭᠴᠢ ᠡᠯᠰᠡᠬᠦ ᠶᠢ | ᠠᠬᠢᠭᠤᠯᠵᠤ᠂ ᠡᠯ᠎ᠡ ᠦᠨᠳᠦᠰᠦᠲᠡᠨ ᠤ ᠰᠤᠷᠤᠭᠴᠢᠳ ᠨᠢᠬᠡ ᠰᠤᠷᠭᠠᠭᠤᠯᠢ ᠳᠤ ᠨᠢᠬᠡ ᠠᠩᠬᠢ ᠳᠤ ᠬᠠᠮᠳᠣ | ᠰᠤᠷᠤᠯᠴᠠᠬᠤ᠂ ᠬᠠᠷᠢᠯᠴᠠᠨ ᠰᠤᠷᠤᠯᠴᠠᠵᠤ ᠬᠠᠮᠲᠤ ᠪᠠᠷ ᠠᠭᠤᠰᠤᠯᠴᠠᠬᠤ ᠶᠢ ᠠᠬᠢᠭᠤᠯᠵᠤ᠂ ᠬᠡᠦᠬᠡᠳ ᠤᠳ ᠲᠤ | ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠨᠡᠩ ᠡᠷᠲᠡ ᠨᠡᠩ ᠰᠠᠶᠢᠲᠤᠷ ᠡᠵᠡᠮᠰᠢᠬᠦᠯᠵᠦ᠂ | ᠢᠷᠡᠭᠡᠳᠦᠢ ᠳᠤ ᠨᠡᠩ ᠥᠨᠳᠥᠷ ᠨᠡᠩ ᠬᠤᠯᠠ ᠳᠡᠪᠰᠢᠬᠦ ᠶᠢ ᠠᠬᠢᠭᠤᠯᠬᠤ ᠬᠡᠷᠡᠭᠲᠡᠢ᠃ ᠰᠤᠷᠬᠤ ᠨᠠᠰᠤᠨ ᠠᠴᠠ ᠡᠮᠦᠨᠡᠬᠢ | ᠰᠤᠷᠭᠠᠨ ᠬᠥᠮᠦᠵᠢᠯ ᠤᠨ ᠰᠢᠰᠲ᠋ᠧᠮ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ︽ᠨᠠᠶᠢᠳᠠᠨ ᠠᠰᠠᠷᠠᠭᠤᠯᠬᠤ︾ | ᠬᠡᠷᠡᠭᠴᠡᠭᠡ ᠶᠢ ᠬᠠᠩᠭᠠᠬᠤ ᠪᠠ ᠬᠡᠦᠬᠡᠳ ᠰᠠᠭᠠᠲᠠᠭᠤᠯᠬᠤ ᠬᠠᠩᠭᠠᠯᠭ᠎ᠠ ᠶᠢᠨ ᠴᠢᠨᠠᠷ ᠴᠢᠨᠰᠠᠭ᠎ᠠ ᠠᠨᠠᠢ ᠵᠡᠷᠭᠡ | ᠠᠰᠠᠭᠤᠳᠠᠯ ᠢ ᠰᠢᠢᠳᠪᠦᠷᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠨᠡᠶᠢᠭᠡᠮ ᠲᠣᠭᠤᠷᠢᠭ ᠤᠨ ᠬᠡᠦᠬᠡᠳ | ᠰᠠᠭᠠᠲᠠᠭᠤᠯᠬᠤ᠂ ᠬᠡᠤᠬᠡᠳ ᠰᠠᠭᠠᠲᠠᠭᠤᠯᠬᠤ ᠶᠢ ᠨᠢᠭᠡ ᠴᠤᠭᠴᠠᠵᠢᠭᠤᠯᠤᠭᠰᠠᠨ ᠦᠢᠯᠡᠴᠢᠯᠡᠭᠡ ᠶᠢ ᠶᠡᠭᠡ ᠪᠠᠷ | ᠬᠥᠭᠵᠢᠭᠦᠯᠵᠦ᠂ ᠪᠠᠶᠢᠷᠢᠰᠢᠯ ᠨᠢ ᠵᠦᠶ ᠵᠣᠬᠢᠰᠲᠠᠶ᠂ ᠭᠤᠤᠯ ᠴᠣᠭᠴᠠ ᠨᠢ ᠣᠯᠠᠨ ᠡᠰᠢᠵᠢᠭᠰᠡᠨ᠂ ᠬᠥᠭᠵᠢᠯᠲᠡ ᠨᠢ | ᠵᠢᠷᠤᠮᠵᠢᠭᠰᠠᠨ ᠬᠡᠤᠬᠡᠳ ᠰᠠᠭᠠᠲᠠᠭᠤᠯᠬᠤ ᠦᠢᠯᠡᠴᠢᠯᠡᠭᠡᠨ ᠤ ᠰᠢᠰᠲ᠋ᠧᠮ ᠢ ᠪᠠᠶᠢᠭᠤᠯᠬᠤ ᠬᠡᠷᠡᠭᠲᠡᠶ᠃ ᠠᠯᠪᠠᠨ | ᠵᠢᠷᠤᠮ ᠤᠨ ᠰᠤᠷᠭᠠᠨ ᠬᠥᠮᠦᠵᠢᠯ ᠤᠨ ᠬᠠᠩᠭᠠᠯᠭ᠎ᠠ ᠶᠢ ᠦᠷᠭᠦᠯᠵᠢᠯᠡᠨ ᠰᠢᠯᠢᠳᠡᠭᠵᠢᠭᠦᠯᠵᠦ᠂ ᠬᠠᠰᠤᠵᠤ ᠨᠡᠶᠢᠯᠡᠭᠦᠯᠬᠦ᠂ | ᠪᠠᠭᠲᠠᠭᠠᠮᠵᠢ ᠶᠢ ᠥᠷᠭᠡᠳᠬᠡᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ᠂ ᠪᠠᠭᠰᠢ ᠶᠢ ᠨᠢᠭᠡᠳᠦᠯᠲᠡᠶ ᠳᠣᠬᠢᠷᠠᠭᠤᠯᠬᠤ᠂ | ᠡᠷᠳᠡᠮ ᠤᠨ ᠴᠣᠯᠠ ᠶᠢ ᠨᠡᠮᠡᠨ ᠳᠣᠬᠢᠷᠠᠭᠤᠯᠬᠤ ᠵᠡᠷᠭᠡ ᠶᠡᠷᠦᠩᠬᠡᠶᠢᠯᠡᠭᠰᠡᠨ ᠠᠷᠭ᠎ᠠ ᠬᠡᠮᠵᠢᠶ᠎ᠡ ᠶᠢ ᠴᠢᠩᠭᠠᠷᠠᠭᠤᠯᠤᠨ᠂ | ᠪᠦᠯᠦᠭᠵᠢᠭᠦᠯᠦᠨ ᠰᠤᠷᠭᠠᠭᠤᠯᠢ ᠡᠷᠭᠢᠯᠡᠬᠦ᠂ ᠬᠤᠤᠰᠯᠠᠨ ᠬᠠᠮᠲᠤ ᠪᠠᠷ ᠪᠠᠶᠢᠭᠤᠯᠬᠤ᠂ ᠪᠠᠭᠰᠢ ᠶᠢ ᠰᠣᠯᠢᠯᠴᠠᠭᠤᠯᠬᠤ ᠪᠠ | ᠰᠢᠯᠢᠳᠡᠭ ᠰᠣᠷᠣᠭᠴᠢ ᠶᠢ ᠪᠤᠶᠢᠵᠢᠭᠤᠯᠬᠤ ᠡᠷᠴᠢᠮ ᠢ ᠴᠢᠩᠭᠠᠷᠠᠭᠤᠯᠵᠤ᠂ ︽ᠨᠢᠭᠡ ᠰᠤᠷᠭᠠᠭᠤᠯᠢ ᠳᠤ ᠨᠢᠭᠡ | ᠲᠥᠷᠥ ᠶᠢᠨ ᠪᠣᠳᠣᠯᠭ᠎ᠠ ᠠᠪᠬᠤ︾ ᠰᠤᠷᠭᠠᠭᠤᠯᠢ ᠡᠷᠭᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠂ ᠣᠷᠣᠨ ᠪᠦᠰᠡ᠂ | ᠬᠤᠲᠠ ᠬᠥᠳᠡᠭᠡ᠂ ᠰᠤᠷᠭᠠᠭᠤᠯᠢ ᠶᠢᠨ ᠬᠤᠭᠤᠷᠣᠨᠳᠣᠬᠢ ᠵᠢᠭᠠᠨ ᠰᠤᠷᠭᠠᠯᠲᠠ ᠶᠢᠨ ᠵᠥᠷᠢᠶ᠎ᠡ ᠶᠢ ᠪᠦᠲᠦᠮᠵᠢᠲᠡᠶ | ᠪᠠᠭᠠᠰᠬᠠᠬᠤ ᠬᠡᠷᠡᠭᠲᠡᠶ᠃ ᠦᠨᠳᠦᠷ ᠵᠡᠷᠬᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠦᠮᠦᠵᠢᠯ ᠤᠨ ᠴᠢᠨᠠᠷ | ᠴᠢᠨᠰᠠᠭ᠎ᠠ ᠶᠢ ᠪᠦᠬᠦ ᠬᠦᠴᠤᠨ ᠢᠶᠠᠷ ᠳᠡᠬᠡᠭᠰᠢᠯᠡᠬᠦᠯᠤᠨ᠂ ᠡᠯ᠎ᠡ ᠬᠤᠰᠢᠭᠤ ᠣᠷᠣᠨ ᠬᠦᠴᠤᠨ ᠢᠶᠠᠨ ᠲᠦᠪᠯᠡᠷᠡᠬᠦᠯᠤᠨ | ᠦᠨᠳᠦᠷ ᠵᠡᠷᠬᠡ ᠶᠢᠨ ᠳᠤᠮᠳᠠᠳᠤ ᠰᠤᠷᠭᠠᠭᠤᠯᠢ ᠶᠢ ᠰᠠᠶᠢᠳᠤᠷ ᠡᠷᠬᠢᠯᠡᠵᠤ᠂ ᠤᠷᠤᠨ ᠤ ᠳᠤᠳᠤᠨ᠎ᠠ ᠭᠠᠳᠠᠨᠠᠬᠢ ᠨᠡᠷᠡᠳᠤ | ᠰᠢᠯᠢᠳᠡᠭ ᠦᠨᠳᠦᠷ ᠵᠡᠷᠬᠡ ᠶᠢᠨ ᠳᠤᠮᠳᠠᠳᠤ ᠰᠤᠷᠭᠠᠭᠤᠯᠢ᠂ ᠰᠢᠯᠢᠳᠡᠭ ᠰᠤᠷᠭᠠᠨ ᠬᠦᠮᠤᠵᠢᠯ ᠤᠨ ᠪᠦᠯᠦᠭᠯᠡᠯ ᠯᠦᠭᠡ | ᠶᠢᠨ ᠬᠦᠨᠵᠡᠬᠡᠢ ᠬᠠᠮᠳᠤᠷᠠᠯᠴᠠᠭ᠎ᠠ ᠪᠠᠨ ᠴᠢᠩᠭᠠᠤᠨᠬᠠᠨ᠂ ᠨᠠᠩ ᠤᠯᠠᠨ ᠰᠢᠯᠢᠳᠡᠭ ᠰᠤᠷᠭᠠᠨ ᠬᠦᠮᠤᠵᠢᠯ ᠤᠨ ᠡᠬᠢ | ᠪᠠᠶᠠᠯᠢᠭ ᠢ ᠳᠠᠳᠠᠨ ᠤᠷᠤᠭᠤᠯᠵᠤ᠂ ᠦᠨᠳᠦᠷ ᠵᠡᠷᠬᠡ ᠶᠢᠨ ᠳᠤᠮᠳᠠᠳᠤ ᠰᠤᠷᠭᠠᠭᠤᠯᠢ ᠶᠢᠨ ᠵᠠᠬᠢᠷᠤᠯ ᠪᠠ ᠭᠤᠤᠯᠳᠠᠯᠭᠠᠳᠤ | ᠰᠢᠨᠵᠢᠯᠡᠬᠡᠨ ᠤ ᠭᠤᠤᠯᠯᠠᠭᠴᠢ ᠪᠠᠭᠰᠢ ᠶᠢ ᠳᠤᠬᠢᠷᠠᠭᠤᠯᠵᠤ᠂ ᠤᠶᠤᠨᠴᠢ ᠰᠤᠷᠭᠠᠨ ᠬᠦᠮᠤᠵᠢᠯ ᠤᠨ ᠲᠠᠪᠴᠠᠩ ᠢ | ᠬᠦᠢᠴᠡᠳ ᠰᠠᠶᠢᠳᠤᠷ ᠬᠡᠷᠡᠭᠯᠡᠵᠤ᠂ ᠶᠡᠭᠡ ᠳᠡᠭᠡᠳᠦ ᠰᠣᠷᠭᠠᠭᠤᠯᠢ ᠳᠤ ᠡᠯᠰᠡᠬᠦ ᠤᠯᠤᠰ ᠤᠨ ᠨᠢᠬᠡᠳᠤᠯᠳᠠᠢ | ᠰᠢᠯᠭᠠᠯᠳᠠ ᠳᠤ ᠪᠡᠯᠡᠳᠬᠡᠬᠦ ᠡᠯ᠎ᠡ ᠵᠦᠢᠯ ᠤᠨ ᠠᠵᠢᠯ ᠢ ᠨᠠᠷᠢᠯᠢᠭ ᠤᠨᠤᠪᠴᠢᠳᠠᠢ ᠪᠠᠷ ᠰᠠᠶᠢᠳᠤᠷ ᠬᠢᠵᠤ᠂ ᠰᠤᠷᠭᠠᠨ | ᠬᠦᠮᠤᠵᠢᠯ ᠵᠢᠭᠠᠨ ᠰᠤᠷᠭᠠᠯᠳᠠ ᠶᠢᠨ ᠲᠦᠪᠰᠢᠨ ᠢ ᠳᠠᠰᠤᠷᠠᠯᠳᠠ ᠦᠬᠡᠢ ᠳᠡᠬᠡᠭᠰᠢᠯᠡᠬᠦᠯᠬᠦ ᠬᠡᠷᠡᠭᠳᠠᠢ᠃ ᠠᠵᠢᠯ | ᠮᠡᠷᠭᠡᠵᠢᠯ ᠤᠨ ᠰᠤᠷᠭᠠᠨ ᠬᠥᠮᠦᠵᠢᠯ ᠤᠨ ᠠᠮᠢᠵᠢᠷᠠᠯ ᠤᠨ ᠬᠦᠴᠦᠨ ᠢ ᠦᠷᠭᠦᠯᠵᠢᠯᠡᠨ ᠬᠥᠭᠵᠢᠭᠡᠵᠦ᠂ ᠠᠵᠤ | ᠦᠢᠯᠡᠰ ᠤᠨ ᠲᠣᠭᠤᠷᠢᠨ ᠳᠤ ᠲᠤᠰᠬᠠᠶ ᠮᠡᠷᠭᠡᠵᠢᠯ ᠡᠷᠭᠢᠯᠡᠬᠦ᠂ ᠲᠤᠰᠬᠠᠶ ᠮᠡᠷᠭᠡᠵᠢᠯ ᠢ ᠰᠠᠶᠢᠲᠤᠷ ᠡᠷᠭᠢᠯᠡᠵᠦ ᠠᠵᠤ | ᠦᠢᠯᠡᠰ ᠢ ᠠᠬᠢᠭᠤᠯᠬᠤ ᠶᠢ ᠪᠠᠷᠢᠮᠲᠠᠯᠠᠵᠤ᠂ ᠨᠠᠩ ᠣᠯᠠᠨ ᠣᠨᠴᠠᠯᠢᠭᠲᠤ ᠳᠠᠪᠠᠭᠤᠯᠢᠭ ᠲᠤᠰᠬᠠᠶ ᠮᠡᠷᠭᠡᠵᠢᠯ ᠢ ᠪᠣᠶ | ᠪᠣᠯᠭᠠᠵᠤ᠂ ᠨᠠᠩ ᠣᠯᠠᠨ ᠬᠡᠷᠡᠭᠯᠡᠭᠡᠨ ᠤ ᠬᠡᠯᠪᠡᠷᠢ ᠶᠢᠨ ᠳᠡᠭᠡᠳᠦ ᠮᠡᠷᠭᠡᠵᠢᠯ ᠤᠨ ᠴᠢᠳᠠᠪᠤᠷᠢᠲᠠᠨ ᠢ ᠬᠥᠮᠦᠵᠢᠭᠦᠯᠵᠦ᠂ | ᠪᠥᠬᠦ ᠠᠶᠢᠮᠠᠭ ᠤᠨ ᠴᠢᠨᠠᠷ ᠰᠠᠶᠢᠲᠠᠶ ᠬᠥᠭᠵᠢᠯᠲᠡ ᠳᠤ ᠨᠠᠩ ᠰᠠᠶᠢᠲᠤᠷ ᠦᠢᠯᠡᠴᠢᠯᠡᠵᠦ᠂ ᠰᠤᠷᠤᠭᠴᠢᠳ ᠢ ᠲᠡᠭᠦᠰᠬᠡᠪᠡᠯ | ᠳᠠᠷᠤᠶ ᠠᠵᠢᠯ ᠣᠯᠭᠤᠬᠤ ᠪᠠᠷ ᠴᠢᠷᠮᠠᠶᠢᠬᠤ ᠬᠡᠷᠡᠭᠲᠡᠶ ᠭᠡᠪᠡ᠃ ᠬᠤᠸᠠᠩ ᠶᠠ ᠯᠢ᠂ ᠪᠠᠭᠰᠢ ᠶᠢᠨ ᠡᠩᠨᠡᠭᠡᠨ ᠤ | ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ ︽ᠤᠷᠢᠳᠠᠴᠢ | ᠠᠵᠢᠯ︾ ᠢ ᠰᠠᠶᠢᠲᠤᠷ ᠬᠢᠵᠦ᠂ ᠴᠢᠳᠠᠪᠤᠷᠢ ᠶᠢ ᠳᠡᠭᠡᠭᠰᠢᠯᠡᠭᠦᠯᠬᠦ ︽ᠰᠠᠨᠠᠭᠠᠴᠢᠯᠠᠭᠠᠲᠤ ᠳᠠᠶᠢᠯᠠᠯᠳᠤᠭᠠᠨ︾ ᠢ ᠰᠠᠶᠢᠲᠤᠷ | ᠬᠢᠵᠦ᠂ ᠴᠢᠩᠭ᠎ᠠ ᠬᠠᠮᠢᠶᠠᠷᠬᠤ ︽ᠬᠠᠮ ᠠᠷᠭ᠎ᠠ ᠬᠡᠮᠵᠢᠶ᠎ᠡ︾ ᠶᠢ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ | ᠰᠤᠷᠭᠠᠭᠤᠯᠢ ᠶᠢᠨ ᠱᠦᠵᠢ ᠪᠣᠯᠤᠨ ᠰᠤᠷᠭᠠᠭᠤᠯᠢ ᠶᠢᠨ ᠵᠠᠬᠢᠷᠣᠯ ︵ᠴᠡᠴᠡᠷᠯᠢᠭ ᠤᠨ ᠳᠠᠷᠤᠭ᠎ᠠ︶᠂ ᠪᠠᠭᠰᠢ᠂ | ᠵᠢᠭᠠᠬᠤ ᠶᠢ ᠰᠣᠳᠣᠯᠬᠤ᠂ ᠰᠤᠷᠭᠠᠨ ᠬᠥᠮᠦᠵᠢᠯ ᠤᠨ ᠬᠠᠮᠢᠶᠠᠷᠤᠯᠲᠠ ᠦᠢᠯᠡᠴᠢᠯᠡᠭᠡᠨ ᠤ ︽ᠲᠦᠷᠪᠡᠨ ᠡᠩᠨᠡᠭᠡ︾ ᠶᠢᠨ | ᠪᠠᠶᠢᠭᠤᠯᠤᠯᠲᠠ ᠶᠢ ᠲᠤᠪᠤᠶᠢᠮ᠎ᠠ ᠰᠠᠶᠢᠲᠤᠷ ᠠᠳᠬᠤᠵᠤ᠂ ᠰᠤᠷᠭᠠᠨ ᠬᠥᠮᠦᠵᠢᠯ ᠢᠶᠠᠷ ᠠᠶᠢᠮᠠᠭ ᠢᠶᠠᠨ | ᠬᠦᠴᠦᠷᠬᠡᠭᠵᠢᠭᠦᠯᠬᠦ ᠳᠤ ᠨᠡᠩ ᠰᠢᠯᠢᠳᠡᠭ᠂ ᠭᠦᠢᠴᠡᠳ᠂ ᠨᠠᠶᠢᠳᠠᠪᠤᠷᠢᠲᠠᠢ ᠪᠠᠭᠰᠢ ᠶᠢᠨ ᠪᠠᠲᠤᠯᠠᠭ᠎ᠠ ᠶᠢ ᠬᠠᠩᠭᠠᠬᠤ | ᠬᠡᠷᠡᠭᠲᠡᠢ᠃ ᠪᠠᠭᠰᠢ ᠶᠢ ᠬᠦᠨᠳᠦᠳᠬᠡᠵᠦ ᠰᠤᠷᠭᠠᠨ ᠬᠥᠮᠦᠵᠢᠯ ᠢ ᠴᠢᠬᠤᠯᠠᠴᠢᠯᠠᠬᠤ ᠥᠳᠬᠡᠨ ᠵᠤᠵᠠᠭᠠᠨ ᠠᠭᠤᠷ | ᠠᠮᠢᠰᠬᠤᠯ ᠢ ᠶᠡᠭᠡ ᠪᠠᠷ ᠪᠤᠢ ᠪᠣᠯᠭᠠᠵᠤ᠂ ᠪᠠᠭᠰᠢ ᠶᠢ ᠬᠦᠨᠳᠦᠳᠬᠡᠵᠦ ᠰᠤᠷᠭᠠᠨ ᠬᠥᠮᠦᠵᠢᠯ ᠢ ᠴᠢᠬᠤᠯᠠᠴᠢᠯᠠᠬᠤ | ᠰᠣᠶᠣᠯ ᠢ ᠶᠡᠭᠡ ᠪᠠᠷ ᠵᠤᠵᠠᠭᠠᠳᠬᠠᠵᠤ᠂ ᠪᠠᠭᠰᠢ ᠶᠢ ᠬᠦᠨᠳᠦᠳᠬᠡᠨ ᠰᠤᠷᠭᠠᠨ ᠬᠥᠮᠦᠵᠢᠯ ᠢ ᠴᠢᠬᠤᠯᠠᠴᠢᠯᠠᠬᠤ | ᠲᠦᠷᠦ ᠶᠢᠨ ᠪᠤᠳᠤᠯᠭ᠎ᠠ ᠶᠢᠨ ᠰᠢᠰᠲ᠋ᠧᠮ ᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠪᠠᠭᠰᠢ ᠶᠢᠨ ᠬᠠᠤᠯᠢ ᠶᠣᠰᠣᠨ ᠤ | ᠡᠷᠬᠡ ᠠᠰᠢᠭ ᠢ ᠰᠠᠶᠢᠲᠤᠷ ᠬᠠᠮᠠᠭᠠᠯᠠᠵᠤ᠂ ᠪᠠᠭᠰᠢ ᠶᠢᠨ ᠬᠠᠷᠠᠭᠠᠯᠵᠠᠯ ᠢ ᠪᠠᠲᠤᠯᠠᠬᠤ ᠪᠠ ᠳᠡᠭᠡᠭᠰᠢᠯᠡᠭᠦᠯᠬᠦ ᠲᠦᠷᠦ ᠶᠢᠨ | ᠪᠤᠳᠤᠯᠭ᠎ᠠ ᠠᠷᠭ᠎ᠠ ᠬᠡᠮᠵᠢᠶ᠎ᠡ ᠶᠢ ᠰᠤᠳᠤᠯᠤᠨ ᠨᠡᠶᠢᠲᠡᠯᠡᠵᠦ᠂ ᠪᠠᠭᠰᠢ ᠶᠢᠨ ᠣᠷᠣᠯᠭ᠎ᠠ᠂ ᠡᠮ ᠡᠮᠨᠡᠯᠭᠡ᠂ ᠨᠠᠰᠤᠵᠢᠯ ᠤᠨ | ᠠᠰᠠᠷᠠᠮᠵᠢ᠂ ᠣᠷᠣᠨ ᠰᠠᠭᠤᠴᠠ ᠵᠡᠷᠭᠡ ᠲᠠᠯ᠎ᠠ ᠶᠢᠨ ᠬᠠᠷᠠᠭᠠᠯᠵᠠᠯ ᠤᠨ ᠪᠠᠲᠤᠯᠠᠭ᠎ᠠ ᠶᠢ ᠴᠢᠩᠭᠠᠳᠬᠠᠵᠤ᠂ ᠪᠠᠭᠰᠢ ᠶᠢᠨ | ᠵᠢᠭᠠᠨ ᠰᠤᠷᠭᠠᠯᠲᠠ᠂ ᠰᠢᠨᠵᠢᠯᠡᠬᠦ ᠤᠬᠠᠭᠠᠨ ᠤ ᠰᠤᠳᠤᠯᠭᠠᠨ᠂ ᠠᠮᠢᠳᠤᠷᠠᠯ ᠳᠤᠮᠳᠠᠬᠢ ᠪᠣᠳᠠᠲᠠᠢ ᠠᠰᠠᠭᠤᠳᠠᠯ ᠢ ᠪᠦᠬᠦ | ᠬᠦᠴᠦᠨ ᠢᠶᠠᠷ ᠢᠶᠠᠨ ᠰᠠᠶᠢᠲᠤᠷ ᠰᠢᠢᠳᠪᠦᠷᠢᠯᠡᠵᠦ᠂ ᠲᠡᠳᠡᠨ ᠢ ᠰᠠᠨᠠᠭᠠᠰᠢᠷᠠᠬᠤ ᠦᠭᠡᠢ ᠪᠠᠶᠢᠯᠭᠠᠵᠦ᠂ ᠰᠡᠳᠬᠢᠯ ᠲᠠᠯᠪᠢᠨ | ᠬᠥᠮᠦᠨ ᠢ ᠬᠥᠮᠦᠵᠢᠭᠦᠯᠬᠦ ᠬᠡᠷᠡᠭᠲᠡᠢ ᠭᠡᠪᠡ᠃ ᠬᠤᠸᠠᠩ ᠶᠠ ᠯᠢ᠂ ᠰᠤᠷᠭᠠᠨ ᠬᠥᠮᠦᠵᠢᠯ ᠤᠨ ᠬᠦᠴᠦᠷᠭᠡᠭ ᠠᠶᠢᠮᠠᠭ ᠢ | ᠪᠠᠶᠢᠭᠤᠯᠬᠤ ᠪᠣᠯ ᠪᠦᠬᠦ ᠠᠶᠢᠮᠠᠭ ᠤᠨ ᠳᠡᠭᠡᠳᠦ ᠲᠤᠤᠷᠠᠳᠤ ᠱᠠᠲᠤᠨ ᠤ ᠬᠠᠮᠲᠤ ᠶᠢᠨ ᠬᠠᠷᠢᠭᠤᠴᠠᠯᠭ᠎ᠠ ᠮᠥᠨ᠂ ᠡᠯ᠎ᠡ | ᠱᠠᠲᠤᠨ ᠤ ᠨᠠᠮ ᠤᠨ ᠬᠤᠷᠢᠶ᠎ᠠ ᠶᠢᠨ ᠬᠢᠨ ᠨᠠᠮ ᠤᠨ ᠰᠤᠷᠭᠠᠨ ᠬᠥᠮᠦᠵᠢᠯ ᠤᠨ ᠠᠵᠢᠯ ᠳᠠᠬᠢ ᠤᠳᠤᠷᠢᠳᠤᠯᠭ᠎ᠠ ᠶᠢ ᠪᠦᠬᠦ | ᠲᠠᠯ᠎ᠠ ᠪᠠᠷ ᠴᠢᠩᠭᠠᠳᠬᠠᠵᠤ᠂ ᠠᠰᠠᠭᠤᠳᠠᠯ ᠢ ᠴᠠᠭ ᠲᠤᠬᠠᠢ ᠳᠤᠨᠢ ᠰᠤᠳᠤᠯᠤᠨ ᠰᠢᠢᠳᠪᠦᠷᠢᠯᠡᠵᠤ᠂ ᠡᠯ᠎ᠡ ᠱᠠᠲᠤ ᠡᠯ᠎ᠡ | ᠰᠠᠯᠠᠭ᠎ᠠ ᠮᠥᠴᠢᠷ ᠤᠨ ᠬᠢᠨ ᠡᠬᠢ ᠪᠠᠶᠠᠯᠢᠭ ᠤᠨ ᠬᠦᠴᠦᠨ ᠢ ᠨᠢᠭᠡᠳᠦᠯᠲᠡᠢ ᠲᠥᠯᠥᠪᠵᠢᠭᠦᠯᠵᠦ᠂ ᠡᠭᠦᠷᠭᠡ ᠪᠠᠨ | ᠣᠬᠠᠮᠰᠠᠷᠯᠠᠵᠦ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠤᠷᠳᠤ ᠬᠤᠭᠤᠴᠠᠭ᠎ᠠ ᠪᠠᠷ ᠴᠢᠷᠮᠠᠶᠢᠵᠤ᠂ ᠰᠤᠷᠭᠠᠨ | ᠬᠥᠮᠦᠵᠢᠯ ᠢᠶᠠᠷ ᠠᠶᠢᠮᠠᠭ ᠢ ᠬᠦᠴᠦᠷᠬᠡᠭᠵᠢᠭᠦᠯᠬᠦ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠪᠦᠬᠦ ᠬᠦᠴᠦᠨ ᠢᠶᠠᠷ ᠢᠶᠠᠨ | ᠰᠠᠶᠢᠲᠤᠷ ᠬᠢᠵᠦ᠂ ᠴᠢᠨᠠᠷ ᠰᠠᠶᠢᠲᠠᠢ ᠰᠤᠷᠭᠠᠨ ᠬᠥᠮᠦᠵᠢᠯ ᠢᠶᠠᠷ ᠴᠢᠨᠠᠷ ᠰᠠᠶᠢᠲᠠᠢ ᠬᠥᠭᠵᠢᠯᠲᠡ ᠳᠤ ᠴᠢᠳᠠᠪᠣᠷᠢ | ᠣᠯᠭᠤᠵᠤ᠂ ᠠᠯᠠᠱᠠ ᠶᠢᠨ ᠰᠠᠶᠢᠨ ᠰᠠᠶᠢᠬᠠᠨ ᠢᠷᠡᠭᠡᠳᠦᠢ ᠶᠢ ᠴᠣᠭᠴᠠᠯᠠᠬᠤ ᠬᠡᠷᠡᠭᠲᠡᠢ ᠭᠡᠪᠡ᠃ | ᠬᠤᠷᠠᠯ ᠢ ᠸᠢᠳᠢᠤ᠋ ᠬᠡᠯᠪᠡᠷᠢ ᠪᠠᠷ ᠬᠤᠷᠠᠯᠳᠤᠭᠤᠯᠵᠤ᠂ ᠠᠯᠠᠱᠠ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ | ᠠᠶᠢᠮᠠᠭ ᠤᠨ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ᠂ ᠰᠤᠷᠭᠠᠭᠤᠯᠢ᠂ ᠠᠵᠤ ᠠᠬᠤᠶᠢᠯᠠᠯ ᠤᠨ | ᠬᠠᠷᠢᠭᠤᠴᠠᠯᠭᠠᠲᠠᠨ᠂ ᠬᠦᠬᠢᠬᠦᠯᠦᠭᠳᠡᠭᠰᠡᠨ ᠰᠤᠷᠭᠠᠨ ᠬᠥᠮᠦᠵᠢᠯ ᠤᠨ ᠰᠢᠰᠲ᠋ᠧᠮ ᠤᠨ ᠲᠡᠷᠢᠭᠦᠨ ᠤ ᠬᠠᠮᠲᠤ ᠨᠡᠶᠢᠳᠡ ᠪᠠ | ᠬᠤᠪᠢ ᠬᠥᠮᠦᠨ ᠤ ᠲᠥᠯᠥᠭᠡᠯᠡᠭᠴᠢ ᠭᠤᠤᠯ ᠲᠠᠯᠠᠪᠠᠶ ᠳᠤ ᠬᠤᠷᠠᠯ ᠳᠤ ᠣᠷᠣᠯᠴᠠᠪᠠ᠃ ᠡᠯ᠎ᠠ ᠬᠤᠰᠢᠭᠤ ᠣᠷᠣᠨ ᠳᠤ | ᠬᠤᠪᠢᠶᠠᠷᠢ ᠲᠠᠯᠠᠪᠠᠢ ᠲᠤᠭᠢᠷᠠᠭᠤᠯᠪᠠ᠃ |